ᠰᠢᠯᠢ ᠶᠢᠨ ᠭᠤᠤᠯ ᠠᠶᠢᠮᠠᠭ ᠤᠨ ᠬᠠᠮᠲᠤ ᠪᠠᠷ ᠬᠦᠷᠲᠡᠬᠦ ᠰᠣᠯᠢᠯᠴᠠᠭᠠᠨ ᠤ ᠲᠠᠪᠴᠠᠩ ᠨᠢ ᠥᠪᠡᠷᠲᠡᠭᠡᠨ ᠵᠠᠰᠠᠬᠤ ᠣᠷᠣᠨ ᠤ ᠲᠠᠪᠴᠠᠩ ᠯᠤᠭ᠎ᠠ ᠭᠦᠨ ᠳᠡᠰ ᠤᠨ ᠬᠤᠯᠪᠣᠭᠠᠯᠠᠨ ᠵᠣᠯᠭᠠᠭᠤᠯᠬᠤ ᠠᠵᠢᠯ ᠢ ᠠᠮᠵᠢᠯᠲᠠ ᠲᠠᠢ ᠪᠡᠶᠡᠯᠡᠭᠦᠯᠪᠡ
ᠨᠡᠶᠢᠲᠡᠯᠡᠭᠰᠡᠨ ᠴᠠᠭ᠄
2019/4/26
     ᠣᠶᠢᠷ᠎ᠠ ᠳᠤ᠂ ᠰᠢᠯᠢ ᠶᠢᠨ ᠭᠤᠤᠯ ᠠᠶᠢᠮᠠᠭ ᠤᠨ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠬᠠᠮᠲᠤ ᠪᠠᠷ ᠬᠦᠷᠲᠡᠬᠦ ᠰᠣᠯᠢᠯᠴᠠᠭᠠᠨ ᠤ ᠲᠠᠪᠴᠠᠩ ᠰᠢᠨ᠎ᠡ ᠠᠬᠢᠴᠠ ᠲᠠᠢ ᠪᠣᠯᠵᠤ᠂ ︽ᠥᠪᠡᠷᠲᠡᠭᠡᠨ ᠵᠠᠰᠠᠬᠤ ᠣᠷᠣᠨ ᠤ ᠠᠶᠢᠮᠠᠭ ᠬᠤᠲᠠ ᠶᠢᠨ ᠬᠠᠮᠲᠤ ᠪᠠᠷ ᠬᠦᠷᠲᠡᠬᠦ ᠲᠠᠪᠴᠠᠩ ᠤᠨ ᠭᠦᠨ ᠳᠡᠰ ᠤᠨ ᠬᠤᠯᠪᠣᠭᠠᠯᠠᠨ ᠵᠣᠯᠭᠠᠭᠤᠯᠬᠤ ᠠᠵᠢᠯ ᠢ ᠭᠦᠨᠵᠡᠭᠡᠶᠢᠷᠡᠭᠦᠯᠬᠦ ᠲᠥᠰᠦᠯ︾᠎ ᠤᠨ ᠱᠠᠭᠠᠷᠳᠠᠯᠭ᠎ᠠ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ ᠠᠶᠢᠮᠠᠭ ᠬᠤᠲᠠ ᠶᠢᠨ ᠬᠠᠮᠲᠤ ᠪᠠᠷ ᠬᠦᠷᠲᠡᠬᠦ ᠲᠠᠪᠴᠠᠩ ᠯᠤᠭ᠎ᠠ ᠶᠢᠨ ᠭᠦᠨ ᠳᠡᠰ ᠤᠨ ᠬᠤᠯᠪᠣᠭᠠᠯᠠᠨ ᠵᠣᠯᠭᠠᠭᠤᠯᠬᠤ ᠠᠵᠢᠯ ᠢ ᠠᠮᠵᠢᠯᠲᠠ ᠲᠠᠢ ᠪᠡᠶᠡᠯᠡᠭᠦᠯᠦᠭᠡᠳ᠂ ᠰᠢᠯᠢ ᠶᠢᠨ ᠭᠤᠤᠯ ᠠᠶᠢᠮᠠᠭ ᠤᠨ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ᠂ ᠬᠡᠷᠡᠭᠯᠡᠭᠡᠨ ᠤ ᠰᠢᠰᠲ᠋ᠧᠮ᠂ ᠮᠡᠳᠡᠭᠡ ᠵᠠᠩᠭᠢ ᠶᠢᠨ ᠡᠬᠢ ᠪᠠᠶᠠᠯᠢᠭ ᠤᠨ ᠭᠠᠷᠴᠠᠭ᠂ ᠡᠬᠢ ᠪᠠᠶᠠᠯᠢᠭ ᠢ ᠳᠡᠭᠡᠭᠰᠢ ᠮᠡᠳᠡᠭᠦᠯᠬᠦ ᠵᠢᠴᠢ ᠣᠷᠣᠨ ᠤ ᠲᠠᠪᠴᠠᠩ ᠤᠨ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠤᠨ ᠭᠠᠷᠴᠠᠭ᠂ ᠡᠬᠢ ᠪᠠᠶᠠᠯᠢᠭ ᠢ ᠬᠦᠯᠢᠶᠡᠨ ᠠᠪᠬᠤ ᠶᠢ ᠪᠡᠶᠡᠯᠡᠭᠦᠯᠪᠡ᠃      ᠲᠤᠰ ᠤᠳᠠᠭᠠᠨ ᠤ ᠭᠦᠨ ᠳᠡᠰ ᠤᠨ ᠬᠤᠯᠪᠣᠭᠠᠯᠠᠨ ᠵᠣᠯᠭᠠᠭᠤᠯᠬᠤ ᠠᠵᠢᠯ ᠢᠶᠠᠷ ᠳᠠᠮᠵᠢᠨ᠂ ᠣᠷᠣᠨ ᠠᠶᠢᠮᠠᠭ ᠬᠤᠶᠠᠷ ᠱᠠᠲᠤᠨ ᠤ ᠣᠷᠣᠨ ᠪᠦᠰᠡ ᠠᠯᠤᠰᠯᠠᠭᠰᠠᠨ᠂ ᠳᠡᠰ ᠳᠠᠪᠬᠤᠷᠭ᠎ᠠ ᠠᠯᠤᠰᠯᠠᠭᠰᠠᠨ᠂ ᠰᠠᠯᠠᠭ᠎ᠠ ᠮᠥᠴᠢᠷ ᠠᠯᠤᠰᠯᠠᠭᠰᠠᠨ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠬᠠᠮᠲᠤ ᠪᠠᠷ ᠬᠦᠷᠲᠡᠬᠦ ᠰᠣᠯᠢᠯᠴᠠᠭ᠎ᠠ ᠶᠢ ᠠᠩᠬ᠎ᠠ ᠠᠯᠬᠤᠮ ᠪᠡᠶᠡᠯᠡᠭᠦᠯᠵᠦ᠂ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠳᠠ ᠶᠢᠨ ᠬᠥᠨᠳᠡᠯᠡᠨ ᠢᠶᠠᠷ ᠬᠠᠮᠲᠤᠷᠠᠨ ᠬᠥᠳᠡᠯᠦᠯᠴᠡᠭᠰᠡᠨ᠂ ᠭᠤᠯᠳᠤ ᠪᠠᠷ ᠨᠡᠪᠲᠡᠷᠡᠭᠰᠡᠨ ᠲᠤᠭ᠎ᠠ ᠪᠠᠷᠢᠮᠲᠠ ᠰᠣᠯᠢᠯᠴᠠᠬᠤ ᠰᠢᠰᠲ᠋ᠧᠮᠵᠢ ᠶᠢ ᠪᠣᠶ ᠪᠣᠯᠭᠠᠬᠤ ᠳᠤ ᠪᠠᠲᠤ ᠪᠠᠬᠢ ᠰᠠᠭᠤᠷᠢ ᠲᠠᠯᠪᠢᠵᠤ ᠥᠭᠭᠦᠭᠰᠡᠨ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号