ᠯᠢ ᠵᠢᠢ ᠾᠧᠩ ᠪᠤᠭᠤᠳᠤ ᠬᠤᠳᠠ ᠳᠤ ᠪᠠᠶᠢᠴᠠᠭᠠᠨ ᠰᠤᠳᠤᠯᠤᠯᠳᠠ ᠬᠢᠬᠦ ᠳᠤ ᠪᠠᠨ ᠴᠢᠬᠤᠯᠠᠴᠢᠯᠠᠬᠰᠠᠨ ᠨᠢ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠠᠷᠪᠠᠳᠤᠭᠠᠷ ᠬᠤᠭᠤᠴᠠᠭᠠᠨ ᠤ ᠶᠢᠰᠦᠳᠦᠬᠡᠷ ᠪᠦᠬᠦᠳᠡ ᠬᠤᠷᠠᠯ ᠤᠨ ᠪᠠᠶᠢᠷᠢᠯᠠᠭᠤᠯᠤᠯᠳᠠ ᠱᠠᠭᠠᠷᠳᠠᠯᠭ᠎ᠠ ᠶᠢ ᠬᠦᠨᠵᠡᠬᠡᠢ ᠰᠤᠷᠤᠯᠴᠠᠨ ᠳᠤᠭᠤᠰᠢᠯᠠᠭᠤᠯᠵᠥ ᠠᠮᠢ ᠠᠬᠤᠢ ᠶᠢ ᠤᠷᠢᠳ ᠢᠶᠠᠷ ᠪᠤᠳᠤᠯᠬᠢᠯᠠᠬᠤ ᠪᠤᠬᠢᠷᠳᠤᠯ ᠦᠬᠡᠢ ᠬᠦᠭᠵᠢᠯᠳᠡ ᠪᠠᠷ ᠤᠳᠤᠷᠢᠳᠤᠮᠵᠢ ᠪᠤᠯᠭᠠᠬᠰᠠᠨ ᠴᠢᠨᠠᠷ ᠰᠠᠶᠢᠳᠠᠢ ᠬᠦᠭᠵᠢᠯᠳᠡ ᠶᠢᠨ ᠰᠢᠨ᠎ᠠ ᠵᠠᠮ ᠢᠶᠠᠷ ᠡᠷᠡᠰ ᠭᠤᠶᠢᠪᠢᠰᠢ ᠦᠬᠡᠢ ᠵᠠᠮᠨᠠᠬᠤ ᠬᠡᠷᠡᠭᠳᠡᠢ ᠭᠡᠪᠡ
ᠨᠡᠶᠢᠲᠡᠯᠡᠭᠰᠡᠨ ᠴᠠᠭ᠄
2019/4/29
     4 ᠳ᠋ᠦ᠋ᠭᠡᠷ ᠰᠠᠷ᠎ᠠ ᠶᠢᠨ 28᠎ ᠤ ᠡᠳᠤᠷ᠂ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠳᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠯᠢ ᠵᠢᠢ ᠾᠧᠩ ᠪᠤᠭᠤᠳᠤ ᠬᠤᠳᠠ ᠶᠢᠨ ᠱᠧᠩ ᠲᠠᠢ ᠪᠦᠯᠦᠭᠯᠡᠯ ᠺᠤᠮᠫᠠᠨᠢ ᠶᠢᠨ ᠬᠦᠷᠲᠤᠨ ᠤ ᠬᠦᠢᠰᠦ ᠶᠢᠨ ᠦᠢᠯᠡᠳᠪᠦᠷᠢᠯᠡᠯ ᠡᠵᠡᠩᠨᠡᠯᠲᠡ ᠶᠢᠨ ᠪᠠᠶᠢᠳᠠᠯ ᠵᠢᠴᠢ ᠰᠡᠭᠦᠯᠴᠢ ᠶᠢᠨ ᠬᠤᠭᠤᠴᠠᠭᠠᠨ ᠤ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠎ ᠶᠢᠨ ᠪᠠᠶᠢᠳᠠᠯ ᠢ ᠪᠠᠶᠢᠴᠠᠭᠠᠨ ᠰᠤᠳᠤᠯᠪᠠ᠃     4 ᠳ᠋ᠦ᠋ᠭᠡᠷ ᠰᠠᠷ᠎ᠠ ᠶᠢᠨ 27᠎ ᠤ ᠡᠳᠤᠷ ᠠᠴᠠ 28᠎ ᠤ ᠡᠳᠤᠷ ᠪᠤᠯᠳᠠᠯ᠎ᠠ᠂ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠳᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠎ ᠤ ᠡᠷᠬᠢᠯᠡᠭᠴᠢ ᠯᠢ ᠵᠢᠢ ᠾᠧᠩ ᠪᠤᠭᠤᠳᠤ ᠬᠤᠳᠠ ᠶᠢᠨ ᠬᠤᠪᠤᠷ ᠰᠢᠷᠤᠢ ᠶᠢᠨ ᠳᠡᠬᠡᠳᠤ ᠰᠢᠨ᠎ᠠ ᠮᠡᠷᠬᠡᠵᠢᠯ ᠤᠨ ᠳᠤᠭᠤᠷᠢᠭ᠂ ᠴᠢᠩᠱᠠᠨ ᠳᠤᠭᠤᠷᠢᠭ᠂ ᠵᠢᠦ ᠶᠤᠸᠠᠨ ᠳᠤᠭᠤᠷᠢᠭ᠂ ᠬᠦᠨᠳᠡᠯᠡᠨ ᠳᠤᠭᠤᠷᠢᠭ ᠪᠤᠯᠤᠨ ᠳ᠋ᠦᠩ ᠾᠧ ᠳᠤᠭᠤᠷᠢᠭ ᠲᠤ ᠬᠦᠨᠵᠡᠬᠡᠶᠢᠷᠡᠵᠥ᠂ ᠠᠮᠢ ᠠᠬᠤᠢ ᠤᠷᠴᠢᠨ ᠳᠤᠭᠤᠷᠢᠨ ᠤ ᠬᠠᠮᠠᠭᠠᠯᠠᠯᠳᠠ ᠪᠤᠯᠤᠨ ᠠᠵᠥ ᠦᠢᠯᠡᠰ ᠤᠨ ᠳᠦᠷᠦᠯ ᠵᠦᠢᠯ ᠤᠨ ᠪᠦᠳᠦᠬᠡᠨ ᠪᠠᠶᠢᠭᠤᠯᠤᠯᠳᠠ ᠵᠡᠷᠬᠡ ᠠᠵᠢᠯ ᠤᠨ ᠲᠤᠬᠠᠢ ᠪᠠᠶᠢᠴᠠᠭᠠᠨ ᠰᠤᠳᠤᠯᠤᠯᠳᠠ ᠬᠢᠪᠡ᠃      ᠯᠢ ᠵᠢᠢ ᠾᠧᠩ ᠬᠠᠳᠤᠨ ᠭᠤᠤᠯ ᠤᠨ ᠨᠤᠭᠤ ᠭᠠᠵᠠᠷ ᠤᠨ ᠴᠡᠴᠡᠷᠯᠢᠭ ᠲᠤ ᠬᠦᠷᠴᠤ᠂ ᠬᠠᠳᠤᠨ ᠭᠤᠤᠯ ᠤᠨ ᠪᠤᠭᠤᠳᠤ ᠶᠢᠨ ᠬᠤᠪᠤᠷ ᠰᠢᠷᠤᠢ ᠶᠢᠨ ᠳᠡᠬᠡᠳᠤ ᠰᠢᠨ᠎ᠡ ᠮᠡᠷᠬᠡᠵᠢᠯ ᠤᠨ ᠳᠤᠭᠤᠷᠢᠭ ᠤᠨ ᠬᠡᠰᠡᠭ ᠤᠨ ᠠᠮᠢ ᠠᠬᠤᠢ ᠶᠢᠨ ᠵᠠᠰᠠᠯᠳᠠ ᠬᠠᠮᠠᠭᠠᠯᠠᠯᠳᠠ ᠶᠢᠨ ᠪᠠᠶᠢᠳᠠᠯ ᠤᠨ ᠬᠠᠷᠢᠭᠤ ᠮᠡᠳᠡᠬᠦᠯᠦᠯᠳᠡ ᠶᠢ ᠨᠠᠷᠢᠨ ᠬᠢᠨᠠᠮᠠᠭᠠᠢ ᠰᠤᠨᠤᠰᠤᠬᠰᠠᠨ ᠪᠦᠬᠡᠳ ᠬᠠᠳᠤᠨ ᠭᠤᠤᠯ ᠳᠠᠭᠠᠤ ᠶᠢᠨ ᠠᠮᠢ ᠠᠬᠤᠢ ᠶᠢᠨ ᠬᠤᠩᠬᠢᠯ ᠤᠨ ᠪᠦᠳᠦᠬᠡᠨ ᠪᠠᠶᠢᠭᠤᠯᠤᠯᠳᠠ ᠶᠢᠨ ᠳᠦᠷᠦᠯ ᠵᠦᠢᠯ ᠢ ᠬᠦᠨᠵᠡᠬᠡᠢ ᠰᠢᠨᠵᠢᠯᠡᠨ ᠪᠠᠶᠢᠴᠠᠭᠠᠪᠠ᠃ ᠳᠡᠷᠡ‌ᠵᠢᠭᠠᠭᠰᠠᠨ ᠨᠢ᠂ ᠨᠤᠭᠤᠭᠠᠨ ᠦᠩᠬᠡ ᠪᠤᠯ ᠦᠪᠦᠷ ᠮᠤᠩᠭᠤᠯ ᠤᠨ ᠳᠡᠪᠢᠰᠬᠡᠷ ᠦᠩᠬᠡ ᠪᠤᠯᠤᠨ᠎ᠡ᠂ ᠪᠤᠭᠤᠳᠤ ᠬᠤᠳᠠ ᠡᠷᠴᠢᠮ ᠢᠶᠠᠨ ᠴᠢᠩᠭᠠᠷᠠᠭᠤᠯᠵᠥ᠂ ᠦᠷᠬᠦᠯᠵᠢᠯᠡᠨ ᠬᠦᠴᠦᠯᠡᠵᠥ᠂ ᠬᠠᠳᠤᠨ ᠭᠤᠤᠯ ᠳᠠᠭᠠᠤ ᠶᠢᠨ ᠠᠮᠢ ᠠᠬᠤᠢ ᠶᠢ ᠰᠠᠶᠢᠳᠤᠷ ᠵᠠᠰᠠᠵᠥ ᠰᠠᠶᠢᠳᠤᠷ ᠬᠠᠮᠠᠭᠠᠯᠠᠵᠥ᠂ ᠮᠠᠨ ᠤ ᠤᠯᠤᠰ ᠤᠨ ᠤᠮᠠᠷᠠᠳᠤ ᠶᠢᠨ ᠴᠢᠬᠤᠯᠠ ᠠᠮᠢ ᠠᠬᠤᠢ ᠶᠢᠨ ᠠᠮᠤᠷ ᠳᠦᠪᠰᠢᠨ ᠤ ᠬᠠᠯᠬᠠᠪᠴᠢ ᠶᠢ ᠪᠦᠳᠦᠬᠡᠨ ᠪᠠᠶᠢᠭᠤᠯᠬᠤ ᠳᠤ ᠬᠤᠪᠢ ᠨᠡᠮᠡᠷᠢ ᠦᠵᠡᠬᠦᠯᠬᠦ ᠬᠡᠷᠡᠭᠳᠡᠢ ᠬᠡᠪᠠ᠃ ᠳᠠᠯᠠᠨ ᠬᠠᠷ᠎ᠠ ᠠᠭᠤᠯᠠ ᠶᠢᠨ ᠡᠮᠤᠨ᠎ᠡ ᠬᠦᠲᠦᠯ ᠤᠨ ᠠᠭᠤᠷᠬᠠᠢ ᠶᠢᠨ ᠤᠷᠤᠨ ᠤ ᠤᠷᠴᠢᠨ ᠳᠤᠭᠤᠷᠢᠨ ᠤ ᠵᠠᠰᠠᠯᠳᠠ ᠪᠤᠯᠤᠨ ᠠᠮᠢ ᠠᠬᠤᠢ ᠶᠢᠨ ᠰᠡᠷᠬᠦᠬᠡᠯᠳᠡ ᠶᠢᠨ ᠳᠦᠷᠦᠯ ᠵᠦᠢᠯ ᠤᠨ ᠠᠵᠢᠯ ᠤᠨ ᠠᠬᠤᠢ ᠳᠠᠯᠠᠪᠠᠢ ᠳᠤ᠂ ᠯᠢ ᠵᠢᠢ ᠾᠧᠩ ᠢᠨᠵᠧᠨᠧᠷᠢᠩ ᠢ ᠬᠡᠷᠡᠭᠵᠢᠬᠦᠯᠵᠥ ᠪᠠᠶᠢᠬᠤ ᠪᠠᠶᠢᠳᠠᠯ ᠢ ᠨᠠᠷᠢᠨ ᠦᠢᠯᠠᠭᠠᠵᠥ᠂ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠶᠢ ᠴᠢᠩᠭᠠᠳᠬᠠᠬᠤ ᠪᠠᠶᠢᠯᠳᠤᠬᠤ ᠪᠤᠳᠤᠯᠭ᠎ᠠ ᠶᠢᠨ ᠳᠤᠬᠳᠠᠯ ᠬᠦᠴᠦᠨ ᠢᠶᠠᠨ ᠢᠮᠠᠬᠳᠠ ᠪᠠᠳᠤᠯᠠᠵᠤ᠂ ᠠᠵᠢᠯ ᠢᠶᠠᠨ ᠴᠦᠬᠦᠷᠡᠰᠢ ᠦᠬᠡᠢ ᠰᠠᠶᠢᠳᠤᠷ ᠬᠢᠵᠥ᠂ ᠠᠮᠢ ᠠᠬᠤᠢ ᠤᠷᠴᠢᠨ ᠳᠤᠭᠤᠷᠢᠨ ᠤ ᠬᠠᠮᠠᠭᠠᠯᠠᠯᠳᠠ ᠪᠦᠳᠦᠬᠡᠨ ᠪᠠᠶᠢᠭᠤᠯᠤᠯᠳᠠ ᠶᠢᠨ ᠳᠠᠰᠤᠷᠠᠯᠳᠠ ᠦᠬᠡᠢ ᠰᠢᠨ᠎ᠡ ᠳᠡᠭᠳᠡᠷ ᠲᠤ ᠭᠠᠷᠬᠤ ᠶᠢ ᠠᠬᠢᠭᠤᠯᠬᠤ ᠬᠡᠷᠡᠭᠳᠡᠢ ᠬᠡᠵᠥ ᠴᠢᠬᠤᠯᠠᠴᠢᠯᠠᠪᠠ᠃      ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠠᠯᠠᠩ ᠤᠨ ᠪᠤᠭᠤᠳᠤ ᠶᠢᠨ ᠬᠤᠪᠤᠷ ᠰᠢᠷᠤᠢ ᠰᠤᠳᠤᠯᠤᠨ ᠨᠡᠬᠡᠬᠡᠬᠦ ᠳᠦᠪ ᠤᠨ ᠠᠵᠥ ᠦᠢᠯᠡᠰ ᠤᠨ ᠬᠦᠷᠢᠶᠡᠯᠡᠩ ᠪᠤᠯᠤᠨ ᠤᠮᠠᠷᠠᠳᠤ ᠶᠢᠨ ᠬᠦᠨᠳᠤ ᠬᠡᠯᠪᠡᠷᠢ ᠶᠢᠨ ᠮᠠᠰᠢᠨ ᠳᠡᠷᠬᠡ ᠶᠢᠨ ᠬᠢᠵᠠᠭᠠᠷᠳᠤ ᠺᠤᠮᠫᠠᠨᠢ᠂ ᠪᠤᠭᠤᠳᠤ ᠶᠢᠨ ᠬᠦᠩᠬᠡᠨᠴᠡᠭᠠᠨ ᠤ ᠪᠦᠯᠦᠭᠯᠡᠯ ᠺᠤᠮᠫᠠᠨᠢ᠂ ᠱᠧᠩ ᠲᠠᠢ ᠪᠦᠯᠦᠭᠯᠡᠯ ᠺᠤᠮᠫᠠᠨᠢ ᠵᠡᠷᠬᠡ ᠠᠵᠥ ᠠᠬᠤᠶᠢᠯᠠᠯ ᠳᠤ᠂ ᠯᠢ ᠵᠢᠢ ᠾᠧᠩ ᠦᠢᠯᠡᠳᠪᠦᠷᠢᠯᠡᠯ ᠡᠵᠡᠩᠨᠡᠯᠳᠡ ᠶᠢᠨ ᠪᠠᠶᠢᠳᠠᠯ ᠪᠤᠯᠤᠨ ᠤᠷᠤᠰᠢᠵᠥ ᠪᠠᠶᠢᠭ᠎ᠠ ᠬᠦᠴᠢᠷ ᠪᠡᠷᠬᠡᠰᠢᠶᠠᠯ ᠲᠠᠢ ᠠᠰᠠᠭᠤᠳᠠᠯ ᠢ ᠨᠢ ᠨᠠᠷᠢᠨ ᠤᠶᠢᠯᠠᠭᠠᠵᠤ᠂ ᠤᠯᠠᠮᠵᠢᠯᠠᠯᠳᠤ ᠠᠵᠥ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦᠯᠬᠦ ᠠᠯᠬᠤᠮ ᠢᠶᠠᠨ ᠳᠦᠷᠬᠡᠳᠬᠡᠵᠥ᠂ ᠦᠢᠯᠡᠳᠬᠦ ᠦᠢᠯᠡᠰ ᠤᠨ ᠴᠢᠨᠠᠷ ᠰᠠᠶᠢᠳᠠᠢ ᠬᠦᠭᠵᠢᠯᠳᠡ ᠶᠢ ᠬᠦᠴᠦᠯᠡᠨ ᠠᠬᠢᠭᠤᠯᠵᠥ᠂ ᠬᠤᠪᠤᠷ ᠰᠢᠷᠤᠢ ᠶᠢᠨ ᠠᠵᠥ ᠦᠢᠯᠡᠰ ᠎ ᠢᠶᠠᠨ ᠰᠠᠶᠢᠳᠤᠷ ᠡᠷᠬᠢᠯᠡᠵᠦ᠂ ᠨᠡᠮᠡᠭᠳᠡᠯ ᠢ ᠳᠤᠬᠳᠠᠭᠤᠨ ᠪᠠᠶᠢᠯᠭᠠᠬᠤ ᠳᠤ ᠬᠦᠴᠦᠨ ᠪᠦᠬᠦᠢ ᠳᠤᠯᠭᠠᠭᠤᠷᠢᠯᠠᠯ ᠬᠠᠩᠭᠠᠬᠤ ᠬᠡᠷᠡᠭᠳᠡᠢ ᠬᠡᠵᠥ ᠴᠢᠬᠤᠯᠠᠴᠢᠯᠠᠪᠠ᠃ ᠱᠠᠨ ᠱᠠᠨ᠂ ᠪᠸᠢ ᠹᠠᠩ ᠵᠢᠶᠠ ᠷᠦᠢ᠂ ᠫᠦ᠋ ᠵᠢᠩ᠂ ᠮᠸᠢ ᠺᠧ᠂ ᠫᠠᠨ ᠰᠢᠶᠦ᠋ᠨ ᠵᠡᠷᠬᠡ ᠠᠵᠥ ᠠᠬᠤᠶᠢᠯᠠᠯ ᠳᠤ᠂ ᠯᠢ ᠵᠢᠢ ᠾᠧᠩ ᠶᠠᠬ ᠪᠠᠴᠢᠮ ᠶᠠᠭᠠᠷᠠᠯᠳᠠᠢ ᠪᠦᠳᠦᠬᠡᠨ ᠪᠠᠶᠢᠭᠤᠯᠵᠥ᠂ ᠦᠢᠯᠡᠳᠪᠦᠷᠢᠯᠡᠵᠥ ᠪᠠᠶᠢᠭ᠎ᠠ ᠦᠢᠯᠡᠳᠪᠦᠷᠢ ᠶᠢᠨ ᠳᠠᠰᠤᠭ ᠲᠤ ᠬᠦᠷᠴᠤ᠂ ᠦᠢᠯᠡᠳᠬᠦᠨ ᠤ ᠤᠨᠴᠠᠯᠢᠭ᠂ ᠭᠠᠷ ᠤᠷᠠᠯᠠᠯ᠂ ᠮᠡᠳᠡᠯᠬᠡ ᠶᠢᠨ ᠦᠮᠴᠢᠯᠡᠯ ᠤᠨ ᠡᠷᠬᠡ ᠵᠡᠷᠬᠡ ᠪᠠᠶᠢᠳᠠᠯ ᠢ ᠨᠢ ᠬᠦᠨᠵᠡᠬᠡᠢ ᠦᠢᠯᠠᠭᠠᠵᠥ᠂ ᠠᠵᠥ ᠠᠬᠤᠶᠢᠯᠠᠯ ᠤᠨ ᠰᠢᠨᠵᠢᠯᠡᠬᠦ ᠤᠬᠠᠭᠠᠨ ᠲᠧᠭᠨᠢᠭ ᠮᠡᠷᠬᠡᠵᠢᠯ ᠤᠨ ᠰᠢᠨ᠎ᠡ ᠶᠢ ᠡᠬᠦᠳᠬᠦ ᠪᠠᠨ ᠴᠢᠩᠭᠠᠳᠬᠠᠵᠤ᠂ ᠠᠵᠥ ᠦᠢᠯᠡᠰ ᠤᠨ ᠬᠡᠯᠬᠢᠶ᠎ᠠ ᠪᠠᠨ ᠡᠴᠤᠰ ᠤᠨ ᠦᠢᠯᠡᠳᠬᠦᠨ ᠳᠡᠶᠢᠰᠢ ᠦᠷᠭᠡᠳᠭᠡᠵᠤ᠂ ᠥᠷᠲᠡᠭ ᠤᠨ ᠬᠡᠯᠬᠢᠶ᠎ᠠ ᠪᠠᠨ ᠲᠡᠷᠢᠭᠦᠨ ᠵᠡᠷᠭᠡ ᠎ ᠶᠢᠨ ᠳᠡᠶᠢᠰᠢ ᠤᠯᠠᠷᠢᠭᠤᠯᠤᠨ ᠬᠤᠪᠢᠷᠠᠭᠤᠯᠬᠤ ᠪᠠᠨ ᠠᠬᠢᠭᠤᠯᠵᠥ᠂ ᠠᠵᠥ ᠦᠢᠯᠡᠰ ᠤᠨ ᠳᠡᠰ ᠳᠠᠪᠬᠤᠷᠭ᠎ᠠ ᠪᠤᠯᠤᠨ ᠦᠷᠢᠰᠦᠯᠳᠦᠬᠦ ᠬᠦᠴᠦᠨ ᠢᠶᠠᠨ ᠳᠡᠭᠡᠭᠰᠢᠯᠡᠭᠦᠯᠵᠦ᠂ ᠤᠯᠠᠮ ᠨᠢᠬᠡ ᠠᠯᠬᠤᠮ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠶᠢ ᠨᠢ ᠵᠤᠷᠢᠬᠵᠢᠭᠤᠯᠪᠠ᠃      ᠯᠢ ᠵᠢᠢ ᠡᡁᠧᠩ ᠬᠡᠯᠡᠭᠰᠡᠨ ᠨᠢ᠂ ᠪᠤᠭᠤᠲᠤ ᠬᠤᠲᠠ ᠶᠢᠨ ᠡᠯ᠎ᠠ ᠱᠠᠲᠤᠨ ᠤ ᠺᠠᠳ᠋ᠷ ᠠᠵᠢᠯᠳᠠᠨ ᠠᠵᠢᠯ ᠬᠢᠵᠦ ᠦᠢᠯᠡᠰ ᠪᠤᠰᠬᠠᠬᠤ ᠰᠠᠶᠢᠨ ᠰᠠᠶᠢᠬᠠᠠ ᠠᠵᠢᠯᠯᠠᠬᠤ ᠡᠷᠴᠢᠮ ᠢᠶᠠᠨ ᠦᠷᠬᠦᠯᠵᠢᠯᠡᠡ ᠪᠠᠳᠤᠯᠠᠵᠤ᠂ ᠰᠢᠨ᠎ᠠ ᠬᠦᠭᠵᠢᠯᠲᠠ ᠎ ᠶᠢᠨ ᠣᠨᠣᠯᠵᠢᠬᠤᠨ ᠢ ᠬᠦᠨᠵᠡᠭᠡᠢ ᠦᠢᠯᠡᠲᠦᠯᠭᠡᠵᠢᠭᠦᠯᠵᠦ᠂ ᠬᠦᠭᠵᠢᠯᠳᠠ ᠶᠢ ᠡᠷᠢᠯᠬᠢᠯᠡᠵᠤ᠂ ᠬᠦᠭᠵᠢᠯᠲᠠ ᠶᠢ ᠠᠬᠢᠭᠤᠯᠬᠤ ᠪᠠᠷ ᠨᠡᠩ ᠢᠯᠡᠭᠦᠦ ᠬᠦᠴᠦᠯᠡᠨ ᠴᠢᠷᠮᠠᠶᠢᠵᠤ᠂ ᠠᠮᠢ ᠠᠬᠤᠢ ᠶᠢ ᠤᠷᠢᠤᠨ ᠢᠶᠠᠷ ᠪᠤᠲᠤᠯᠬᠢᠯᠠᠬᠤ ᠪᠤᠬᠢᠷᠲᠤᠯ ᠦᠭᠡᠢ ᠬᠦᠭᠵᠢᠯᠲᠠ ᠪᠠᠷ ᠤᠳᠤᠷᠢᠳᠤᠮᠵᠢ ᠪᠤᠯᠭᠠᠭᠰᠠᠠ ᠴᠢᠨᠠᠷ ᠰᠠᠶᠢᠲᠠᠢ ᠬᠦᠭᠵᠢᠯᠲᠠ ᠶᠢᠨ ᠰᠢᠨ᠎ᠠ ᠵᠠᠮ ᠢᠶᠠᠷ ᠦᠨᠡᠡ ᠬᠦ ᠰᠠᠶᠢᠲᠤᠷ ᠵᠠᠮᠨᠠᠠ᠂ ᠯᠠᠪᠲᠠᠭᠤᠨ ᠪᠠᠲᠤᠲᠠᠢ ᠪᠦᠲᠦᠮᠵᠢᠲᠠᠢ ᠠᠷᠭ᠎ᠠ ᠬᠡᠮᠵᠢᠶ᠎ᠠ ᠪᠠᠷ ᠦᠪᠡᠷᠲᠡᠭᠡᠡ ᠵᠠᠰᠠᠬᠤ ᠤᠷᠤᠨ ᠤ ᠨᠠᠮ ᠤᠨ ᠬᠤᠷᠢᠶᠠᠠ ᠤ ᠠᠷᠪᠠᠲᠤᠭᠠᠷ ᠬᠤᠭᠤᠴᠠᠭᠠᠠ ᠤ ᠶᠢᠰᠦᠲᠦᠭᠡᠷ ᠪᠦᠬᠦᠲᠠ ᠬᠤᠷᠠᠯ ᠤᠨ ᠵᠤᠷᠢᠭ ᠰᠠᠨᠠᠭ᠎ᠠ ᠶᠢ ᠪᠤᠲᠠᠲᠠᠢ ᠳᠤ ᠨᠠᠶᠢᠲᠠᠪᠤᠷᠢᠵᠢᠭᠤᠯᠬᠤ ᠶᠢ ᠠᠬᠢᠭᠤᠯᠬᠤ ᠭᠡᠷᠡᠭᠲᠡᠢ᠃ ᠤᠲᠤ ᠶᠢᠨ ᠪᠠᠶᠢᠭ᠎ᠠ ᠡᠬᠢ ᠪᠠᠶᠠᠯᠢᠭ ᠤᠨ ᠲᠠᠪᠠᠭᠤᠯᠢᠭ ᠪᠤᠯᠤᠨ ᠠᠵᠦ ᠦᠢᠯᠡᠰ ᠤᠨ ᠰᠠᠭᠤᠷᠢ ᠪᠠᠨ ᠦᠨᠳᠦᠰᠦᠯᠡᠵᠦ᠂ ᠠᠷᠠᠯᠵᠢᠶᠠᠴᠢᠨ ᠤᠷᠢᠵᠦ ᠪᠡᠯᠡ ᠮᠦᠩᠭᠦ ᠲᠠᠲᠠᠠ ᠠᠪᠴᠢᠷᠠᠬᠤ ᠡᠷᠴᠢᠮ ᠢᠶᠠᠨ ᠴᠢᠩᠭᠠᠷᠠᠭᠤᠯᠵᠦ᠂ ᠳᠡᠭᠡᠳᠦ ᠨᠠᠷᠢᠯᠢᠭ ᠦᠵᠦᠭᠦᠷᠯᠢᠭ ᠲᠦᠷᠦᠯ ᠵᠦᠢᠯ ᠢ ᠤᠨᠢᠯᠠᠠ ᠬᠦᠴᠦᠯᠡᠡ ᠴᠢᠷᠮᠠᠶᠢᠵᠦ᠂ ᠰᠢᠨ᠎ᠠ ᠪᠠᠷ ᠮᠠᠨᠳᠤᠭᠰᠠᠨ ᠠᠵᠦ ᠦᠢᠯᠡᠰ ᠤᠨ ᠰᠦᠷᠦᠭᠵᠢᠯ ᠢ ᠪᠤᠢ ᠪᠤᠯᠭᠠᠵᠦ᠂ ᠲᠦᠷᠦᠯ ᠵᠦᠢᠯ ᠨᠡᠩ ᠤᠯᠠᠠ᠂ ᠪᠦᠲᠦᠴᠡ ᠨᠡᠩ ᠰᠢᠯᠢᠲᠡᠭ᠂ ᠶᠠᠰᠤ ᠴᠢᠨᠠᠷ ᠨᠡᠩ ᠰᠠᠶᠢᠨ᠂ ᠠᠮᠢᠵᠢᠷᠠᠯ ᠤᠨ ᠬᠦᠴᠤᠨ ᠨᠡᠩ ᠬᠦᠢᠴᠡᠳ ᠬᠦᠭᠵᠢᠯᠲᠠ ᠶᠢᠨ ᠪᠠᠶᠢᠲᠠᠯ ᠪᠦᠷᠢᠯᠲᠦᠬᠦ ᠶᠢ ᠠᠬᠢᠭᠤᠯᠬᠤ ᠭᠡᠷᠡᠭᠲᠡᠢ᠃ ᠠᠵᠦ ᠠᠬᠤᠶᠢᠯᠠᠯ ᠢ ᠲᠡᠮᠵᠢᠬᠦ ᠡᠷᠴᠢᠮ ᠢᠶᠠᠨ ᠴᠢᠩᠭᠠᠷᠠᠭᠤᠯᠵᠤ᠂ ᠠᠷᠭ᠎ᠠ ᠪᠦᠬᠦᠨ ᠢ ᠰᠦᠪᠡᠭᠴᠢᠯᠡᠡ ᠪᠤᠲᠠᠲᠤ ᠬᠦᠴᠢᠷᠲᠠᠯ ᠢ ᠨᠢ ᠰᠢᠢᠳᠪᠦᠷᠢᠯᠡᠡ ᠦᠭᠴᠤ᠂ ᠴᠢᠬᠤᠯᠠ ᠬᠦᠴᠤᠨ ᠵᠦᠢᠯ ᠢᠶᠠᠨ ᠨᠢᠭᠡᠳᠬᠡᠵᠦ᠂ ᠬᠦᠴᠤᠠ ᠢᠶᠠᠨ ᠲᠦᠪᠯᠡᠷᠡᠭᠦᠯᠦᠨ ᠲᠤᠮᠤ ᠲᠦᠷᠦᠯ ᠵᠦᠢᠯ ᠰᠠᠶᠢᠨ ᠲᠦᠷᠦᠯ ᠵᠦᠢᠯ ᠤᠨ ᠪᠦᠲᠦᠭᠡᠡ ᠪᠠᠶᠢᠭᠤᠯᠤᠯᠲᠠ ᠶᠢ ᠲᠡᠮᠵᠢᠬᠦ ᠬᠡᠷᠡᠭᠲᠡᠢ᠃ ᠠᠶᠤᠯ ᠦᠭᠡᠢ ᠦᠢᠯᠡᠳᠪᠦᠷᠢᠯᠡᠯ ᠎ ᠤᠨ ᠠᠵᠢᠯ ᠢ ᠴᠠᠭ ᠢᠮᠠᠭᠲᠠ ᠪᠤᠲᠤᠯᠬᠢᠯᠠᠵᠤ᠂ ᠯᠠᠪᠲᠠᠭᠤᠠ ᠠᠳᠬᠤᠵᠦ᠂ ᠰᠡᠷᠡᠮᠵᠢ ᠶᠢᠨ ᠬᠤᠩᠬᠤ ᠶᠢ ᠪᠠᠶᠢᠩᠭᠤ ᠴᠣᠬᠢᠵᠤ᠂ ᠰᠤᠯᠠᠷᠠᠭᠤᠯᠤᠰᠢ ᠦᠭᠡᠢ ᠪᠠᠷ ᠪᠠᠶᠢᠩᠭᠤ ᠠᠳᠬᠤᠬᠤ ᠶᠢ ᠪᠡᠶᠡᠯᠡᠭᠦᠯᠬᠦ ᠭᠡᠷᠡᠭᠲᠡᠢ ᠭᠡᠪᠡ᠃      ᠪᠠᠶᠢᠴᠠᠭᠠᠠ ᠰᠤᠲᠤᠯᠤᠯᠲᠠ ᠬᠢᠬᠦ ᠬᠤᠭᠤᠴᠠᠭᠠᠠ ᠳᠤ᠂ ᠯᠢ ᠵᠢᠢ ᠡᡁᠧᠩ ᠪᠠᠰᠠ ᠪᠤᠭᠤᠲᠤ ᠬᠤᠲᠠ ᠶᠢᠨ ᠲᠤᠲᠤᠭᠠᠲᠤ ᠶᠢ ᠬᠠᠮᠠᠭᠠᠯᠠᠬᠤ ᠲᠤᠪᠴᠢᠶ᠎ᠠ ᠳᠤ ᠬᠦᠷᠴᠤ᠂ ᠪᠦᠬᠦ ᠬᠤᠲᠠ ᠶᠢᠨ ᠬᠠᠷ᠎ᠠ ᠪᠦᠯᠦᠭᠲᠡᠡ ᠬᠠᠷᠬᠢᠰ ᠬᠦᠴᠤᠨ ᠎ ᠢ ᠠᠷᠢᠯᠭᠠᠬᠤ ᠲᠤᠰᠬᠠᠢ ᠲᠡᠮᠡᠴᠡᠯ ᠤᠨ ᠠᠵᠢᠯᠯᠠᠭ᠎ᠠ ᠶᠢᠨ ᠪᠠᠶᠢᠲᠠᠯ ᠤᠨ ᠬᠠᠷᠢᠭᠤ ᠮᠡᠲᠡᠭᠦᠯᠦᠯᠲᠡ ᠶᠢ ᠰᠤᠨᠤᠰᠴᠠᠢ᠃ ᠲᠡᠷᠡ ᠴᠢᠬᠤᠯᠠᠴᠢᠯᠠᠭᠰᠠᠨ ᠨᠢ᠂ ᠬᠠᠷ᠎ᠠ ᠪᠦᠯᠦᠭᠲᠠᠠ ᠬᠠᠷᠬᠢᠰ ᠬᠦᠴᠤᠨ ᠢ ᠠᠷᠢᠯᠭᠠᠬᠤ ᠪᠤᠯ ᠴᠢᠬᠤᠯᠠ ᠶᠡᠭᠡ ᠶᠠᠪᠤᠳᠠᠯ᠂ ᠡᠬᠦᠷᠭᠡ ᠬᠦᠨᠲᠦ᠂ ᠪᠠᠶᠢᠲᠠᠯ ᠨᠠᠷᠢᠨ ᠪᠤᠲᠤᠯᠢᠶᠠᠠᠲᠠᠢ᠂ ᠡᠨᠡ ᠬᠦ ᠴᠢᠬᠤᠯᠠ ᠶᠡᠭᠡ ᠤᠯᠤᠰ ᠲᠦᠷᠦ ᠶᠢᠨ ᠡᠬᠦᠷᠭᠡ ᠪᠠᠨ ᠦᠨᠡᠡ ᠬᠦ ᠴᠢᠩᠭ᠎ᠠ ᠠᠳᠬᠤᠵᠤ ᠰᠠᠶᠢᠲᠤᠷ ᠠᠳᠬᠤᠵᠦ᠂ ᠦᠷᠬᠦᠯᠵᠢᠯᠡᠡ ᠦᠨᠲᠦᠷ ᠲᠠᠷᠤᠯᠲᠠᠲᠦ ᠪᠠᠶᠢᠲᠠᠯ ᠢᠶᠠᠨ ᠪᠠᠳᠤᠯᠠᠵᠤ᠂ ᠠᠮᠵᠢᠯᠲᠠ ᠪᠠᠨ ᠪᠠᠬᠢᠵᠢᠭᠦᠯᠵᠦ᠂ ᠠᠮᠵᠢᠯᠲᠠ ᠪᠠᠨ ᠦᠷᠭᠡᠳᠭᠡᠵᠦ᠂ ᠠᠷᠠᠳ ᠤᠯᠠᠨ ᠤ ᠬᠦᠷᠲᠡᠮᠵᠢ ᠶᠢᠨ ᠲᠦᠷᠦᠭᠲᠡᠯ᠂ ᠵᠤᠯ ᠵᠢᠷᠭᠠᠯᠲᠦ ᠲᠦᠷᠦᠭᠲᠡᠯ᠂ ᠠᠮᠤᠷ ᠲᠦᠪᠰᠢᠨ ᠤ ᠲᠦᠷᠦᠭᠲᠡᠯ ᠢ ᠨᠢ ᠲᠠᠰᠤᠷᠠᠯᠲᠠ ᠦᠭᠡᠢ ᠴᠢᠩᠭᠠᠳᠬᠠᠬᠤ ᠭᠡᠷᠡᠭᠲᠡᠢ ᠭᠡᠪᠠ᠃      ᠦᠪᠡᠷᠲᠡᠭᠡᠡ ᠵᠠᠰᠠᠬᠤ ᠤᠷᠤᠨ ᠤ ᠤᠲᠤᠷᠢᠲᠤᠯᠭ᠎ᠠ ᠵᠠᠩ ᠶᠤᠸᠠᠠ ᠵᠦᠩ᠂ ᠵᠠᠩ ᠱᠤᠤ ᠴᠦᠨ ᠵᠢᠴᠢ ᠬᠤᠯᠪᠤᠭᠲᠠᠯ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠲᠠᠠ ᠪᠠᠶᠢᠴᠠᠭᠠᠠ ᠰᠤᠲᠤᠯᠤᠯᠲᠠ ᠳᠤ ᠤᠷᠤᠯᠴᠠᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号