ᠪᠦ᠋ ᠰᠢᠶᠤᠤ ᠯᠢᠨ ᠴᠢᠩ ᠱᠦᠢ ᠾᠧ ᠰᠢᠶᠠᠨ ᠳᠤ ᠪᠠᠶᠢᠴᠠᠭᠠᠨ ᠰᠤᠳᠤᠯᠤᠯᠳᠠ ᠬᠢᠬᠦ ᠳᠤ ᠪᠠᠨ ᠴᠢᠬᠤᠯᠠᠴᠢᠯᠠᠬᠰᠠᠨ ᠨᠢ    ᠲᠦᠢᠯ ᠤᠨ ᠤᠨᠤᠪᠴᠢᠳᠠᠢ ᠪᠠᠷ ᠲᠥᠷᠦ ᠶᠢᠨ ᠪᠣᠳᠤᠯᠭ᠎ᠠ ᠬᠡᠷᠭᠵᠢᠬᠦᠯᠵᠦ ᠬᠦᠴᠢᠷ ᠢ ᠲᠤᠭᠤᠯᠤᠨ ᠪᠡᠷᠬᠡ ᠶᠢ ᠳᠠᠪᠠᠵᠤ ︽ᠬᠤᠶᠠᠷ ᠲᠤ ᠵᠣᠪᠠᠭ᠋ᠤ ᠦᠬᠡᠢ ᠭᠤᠷᠪᠠ ᠶᠢ ᠪᠠᠳᠤᠯᠠᠬᠤ︾ ᠠᠵᠢᠯ ᠤᠨ ᠲᠤᠪᠤᠶᠢᠮ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠬᠦ ᠬᠡᠷᠡᠭᠳᠡᠢ ᠭᠡᠵᠡᠢ
ᠨᠡᠶᠢᠲᠡᠯᠡᠭᠰᠡᠨ ᠴᠠᠭ᠄
2019/4/29
     
     4 ᠳ᠋ᠦ᠋ᠭᠡᠷ ᠰᠠᠷ᠎ᠠ ᠶᠢᠨ 28᠎ ᠤ ᠡᠳᠤᠷ᠂ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠳᠡᠳ᠋ ᠱᠦᠵᠢ᠂ ᠦᠪᠡᠷᠳᠡᠬᠡᠨ ᠵᠠᠰᠠᠬᠤ ᠤᠷᠤᠨ ᠤ ᠳᠡᠷᠢᠬᠦᠯᠡᠭᠴᠢ ᠪᠦ᠋ ᠰᠢᠶᠤᠤ ᠯᠢᠨ ᠤᠷᠢᠳᠴᠢᠯᠠᠨ ᠮᠡᠳᠡᠭᠳᠡᠭᠰᠡᠨ ᠦᠬᠡᠢ᠂ ᠤᠷᠢᠳᠴᠢᠯᠠᠨ ᠰᠠᠨᠠᠭᠤᠯᠤᠭᠰᠠᠨ ᠦᠬᠡᠢ ᠪᠠᠶᠢᠳᠠᠯ ᠳᠤᠤᠷ᠎ᠠ ᠬᠦᠬᠡᠬᠤᠳᠠ ᠶᠢᠨ ᠴᠢᠩ ᠱᠦᠢ ᠾᠧ ᠰᠢᠶᠠᠨ ᠳᠤ ᠬᠦᠷᠴᠤ ︽ᠬᠤᠶᠠᠷ ᠲᠤ ᠵᠤᠪᠠᠭ᠋ᠤ ᠦᠬᠡᠢ ᠭᠤᠷᠪᠠ ᠶᠢ ᠪᠠᠳᠤᠯᠠᠬᠤ︾ ᠠᠵᠢᠯ ᠢ ᠨᠠᠶᠢᠳᠠᠪᠤᠷᠢᠵᠢᠭᠤᠯᠵᠥ ᠪᠠᠶᠢᠭ᠎ᠠ ᠪᠠᠶᠢᠳᠠᠯ ᠢ ᠪᠠᠶᠢᠴᠠᠭᠠᠨ ᠰᠤᠳᠤᠯᠪᠠ᠃      ᠪᠦ᠋ ᠰᠢᠶᠤᠤ ᠯᠢᠨ ᠮᠤᠷᠤᠢ ᠰᠠᠷᠤᠢ ᠡᠩᠭᠦᠯ ᠳᠤᠩᠬᠤᠯ ᠠᠭᠤᠯᠠᠨ ᠵᠠᠮ ᠢᠶᠠᠷ ᠵᠠᠮᠨᠠᠭᠰᠠᠭᠠᠷ᠂  ᠾᠧ ᠵᠢᠶᠠ ᠱᠠᠨ ᠳᠤᠰᠬᠤᠨ ᠤ ᠵᠦᠪᠯᠡᠯ ᠤᠨ ᠪᠠᠶᠢᠭ᠎ᠠ ᠭᠠᠵᠠᠷ ᠫᠦᠸᠧ ᠲᠸᠤ ᠶᠤᠤ ᠳᠤᠰᠬᠤᠨ ᠳᠤ ᠬᠦᠷᠴᠤ᠂ ᠨᠢᠬᠡᠨᠳᠡ ᠶᠠᠳᠠᠭᠤ ᠠᠴᠠ ᠠᠩᠬᠢᠵᠢᠷᠠᠬᠰᠠᠨ ᠡᠷᠦᠬᠡ ᠰᠤ᠋ ᠢᠥᠢ ᠬᠤᠸᠠ ᠶᠢᠨ ᠳᠤ ᠬᠦᠷᠪᠡ᠃ ᠪᠦ᠋ ᠰᠢᠶᠤᠤ ᠯᠢᠨ ᠨᠠᠰᠤᠳᠠᠨ ᠤ ᠭᠠᠷ ᠢ ᠠᠳᠬᠤᠵᠤ ᠬᠠᠯᠠᠭᠤᠨ ᠬᠠᠨᠵᠤᠨ ᠳᠡᠭᠡᠷ᠎ᠠ ᠨᠢ ᠰᠠᠭᠤᠵᠤ᠂ ᠬᠡᠷ ᠲᠤ ᠪᠠᠨ ᠶᠠᠮᠠᠷ ᠶᠠᠮᠠᠷ ᠮᠠᠯ ᠳᠡᠵᠢᠬᠡᠪᠦᠷᠢ ᠲᠠᠢ᠂ ᠳᠦᠬᠡᠬᠡᠯ ᠤᠰᠤ ᠤᠯᠵᠤ ᠤᠤᠭᠤᠵᠤ ᠪᠠᠶᠢᠭ᠎ᠠ ᠡᠰᠡᠬᠦ᠂ ᠶᠠᠳᠠᠭᠤ ᠶᠢ ᠳᠡᠳᠬᠦᠬᠦ ᠳᠦᠷᠦ ᠶᠢᠨ ᠪᠤᠳᠤᠯᠭ᠎ᠠ ᠶᠢ ᠪᠤᠳᠠᠳᠠᠢ ᠳᠤ ᠨᠠᠶᠢᠳᠠᠪᠤᠷᠢᠵᠢᠭᠤᠯᠤᠬᠰᠠᠨ ᠡᠰᠡᠬᠦ︖ ᠵᠡᠷᠭᠡ ᠪᠠᠶᠢᠳᠠᠯ ᠢ ᠨᠢ ᠨᠠᠷᠢᠨ ᠠᠰᠠᠭᠤᠪᠠ᠃ ᠫᠦᠸᠧ ᠲᠸᠤ ᠶᠤᠤ ᠳᠤᠰᠬᠤᠨ ᠤ ᠭᠤᠷᠪᠠᠨ ᠤ ᠨᠢᠬᠡ ᠶᠢᠨ ᠳᠤᠰᠬᠤᠨ ᠤ ᠠᠷᠠᠳ ᠨᠢ ᠡᠪᠡᠳᠴᠢᠨ ᠠᠴᠠ ᠪᠤᠯᠵᠥ ᠬᠦᠳᠡᠯᠮᠤᠷᠢᠯᠡᠬᠦ ᠴᠢᠳᠠᠪᠤᠷᠢ ᠪᠠᠨ ᠠᠯᠳᠠᠵᠥ᠂ ᠴᠢᠩ ᠱᠦᠢ ᠾᠧ ᠰᠢᠶᠠᠨ ᠤ ᠤᠳᠤᠬᠠᠨ ᠳᠤ ᠪᠠᠨ ᠪᠠᠶᠢᠭ᠎ᠠ ᠶᠠᠳᠠᠭᠤ ᠬᠦᠴᠢᠷᠳᠡᠯᠳᠡᠢ ᠡᠷᠦᠬᠡ ᠶᠢᠨ 90%᠎ ᠨᠢ ᠪᠦᠷ ᠡᠪᠡᠳᠴᠢᠨ ᠠᠴᠠ ᠪᠤᠯᠵᠥ ᠶᠠᠳᠠᠭᠤᠷᠠᠬᠰᠠᠨ ᠢ ᠰᠤᠨᠤᠰᠤᠭᠠᠳ ᠪᠦ᠋ ᠰᠢᠶᠤᠤ ᠯᠢᠨ ᠴᠢᠬᠤᠯᠠᠴᠢᠯᠠᠭᠰᠠᠨ ᠨᠢ᠂ ᠲᠤᠶᠢᠯ ᠤᠨ ᠣᠨᠤᠪᠴᠢᠳᠠᠢ ᠪᠠᠷ ᠳᠦᠷᠦ ᠶᠢᠨ ᠪᠤᠳᠤᠯᠭ᠎ᠠ ᠬᠡᠷᠡᠭᠵᠢᠬᠦᠯᠵᠥ᠂ ᠦᠨᠳᠦᠰᠦᠨ ᠡᠮ ᠡᠮᠨᠡᠯᠬᠡ ᠪᠠ ᠬᠦᠨᠳᠤ ᠶᠡᠭᠡ ᠡᠪᠡᠳᠴᠢᠨ ᠤ ᠪᠠᠳᠤᠯᠠᠪᠤᠷᠢ ᠶᠢᠨ ᠳᠤᠬᠳᠠᠴᠠ ᠶᠢ ᠤᠯᠠᠮ ᠨᠢᠬᠡ ᠠᠯᠬᠤᠮ ᠪᠦᠷᠢᠨᠰᠢᠬᠦᠯᠵᠤ᠂ ᠪᠠᠳᠤ ᠪᠠᠬᠢ ᠨᠢᠭᠳᠠ ᠴᠢᠩᠭ᠎ᠠ ᠡᠮ ᠡᠮᠨᠡᠯᠭᠡ ᠶᠢᠨ ᠪᠠᠳᠤᠯᠠᠪᠤᠷᠢ ᠶᠢᠨ ᠳᠤᠤᠷ ᠢ ᠪᠠᠶᠢᠭᠤᠯᠬᠤ ᠬᠡᠷᠡᠭᠳᠡᠢ᠃ ᠤᠷᠢᠳᠴᠢᠯᠡᠨ ᠰᠡᠷᠬᠡᠶᠢᠯᠡᠬᠦ ᠪᠠᠷ ᠭᠤᠤᠯ ᠪᠤᠯᠭᠠᠵᠤ᠂ ᠰᠡᠷᠬᠡᠶᠢᠯᠡᠬᠦ ᠪᠠ ᠵᠠᠰᠠᠬᠤ ᠶᠢ ᠤᠶᠠᠯᠳᠤᠭᠤᠯᠬᠤ ᠶᠢ ᠪᠠᠷᠢᠮᠳᠠᠯᠠᠵᠥ᠂ ᠡᠷᠡᠬᠦᠯ ᠮᠡᠨᠳᠤ ᠶᠢᠨ ᠬᠦᠮᠦᠵᠢᠯ ᠢ ᠴᠢᠩᠭᠠᠳᠬᠠᠵᠥ᠂ ᠭᠤᠤᠯᠳᠠᠯᠭ᠎ᠠ ᠲᠠᠢ ᠬᠠᠯᠳᠠᠪᠤᠷᠢᠳᠤ ᠡᠪᠡᠳᠴᠢᠨ᠂ ᠤᠷᠤᠨ ᠨᠤᠳᠤᠭ ᠤᠨ ᠡᠪᠡᠳᠴᠢᠨ ᠢ ᠶᠡᠷᠦᠩᠬᠡᠶᠢᠯᠡᠨ ᠰᠡᠷᠬᠡᠶᠢᠯᠡᠵᠥ ᠡᠵᠡᠮᠳᠡᠬᠦ ᠡᠷᠴᠢᠮ ᠢᠶᠠᠨ ᠴᠢᠩᠭᠠᠳᠬᠠᠵᠥ᠂ ᠡᠷᠡᠬᠦᠯ ᠮᠡᠨᠳᠤ ᠪᠠᠷ ᠶᠠᠳᠠᠭᠤ ᠶᠢ ᠳᠡᠳᠬᠦᠬᠦ ᠰᠢᠪᠳᠤᠯᠤᠯᠳᠠ ᠶᠢ ᠤᠷᠤᠭᠰᠢ ᠠᠬᠢᠭᠤᠯᠵᠥ᠂ ᠡᠪᠡᠳᠴᠢᠨ ᠠᠴᠠ ᠪᠤᠯᠵᠥ ᠶᠠᠳᠠᠭᠤᠷᠠᠬᠤ᠂ ᠡᠪᠡᠳᠴᠢᠨ ᠠᠴᠠ ᠪᠤᠯᠵᠥ ᠳᠠᠬᠢᠨ ᠶᠠᠳᠠᠭᠤᠷᠠᠬᠤ ᠠᠰᠠᠭᠤᠳᠠᠯ ᠢ ᠦᠨᠳᠦᠰᠦᠨ ᠠᠴᠠ ᠨᠢ ᠰᠢᠢᠳᠪᠦᠷᠢᠯᠡᠬᠦ ᠬᠡᠷᠡᠭᠳᠡᠢ ᠬᠡᠪᠠ᠃      ᠪᠦ᠋ ᠰᠢᠶᠤᠤ ᠯᠢᠨ ᠳᠡᠷᠡᠰᠤᠨ ᠠᠶᠢᠯ ᠳᠤᠰᠬᠤᠨ ᠤ ᠵᠦᠪᠯᠡᠯ ᠤᠨ ᠪᠠᠶᠢᠭ᠎ᠠ ᠸᠠᠩ ᠰᠠᠨ ᠶᠤᠤ ᠳᠤᠰᠬᠤᠨ ᠳᠤ ᠨᠢᠬᠡᠨᠳᠡ ᠶᠠᠳᠠᠭᠤ ᠠᠴᠠ ᠠᠩᠬᠢᠵᠢᠷᠠᠬᠰᠠᠨ ᠡᠷᠦᠬᠡ ᠵᠠᠩ ᠶᠢᠩ ᠭᠤᠸᠠᠨ ᠤ ᠳᠤ ᠬᠦᠷᠴᠤ᠂ ᠤᠷᠤᠨ ᠰᠠᠭᠤᠴᠠ ᠶᠢᠨ ᠪᠠᠶᠢᠳᠠᠯ ᠢ ᠨᠢ ᠪᠠᠶᠢᠴᠠᠭᠠᠨ ᠦᠵᠡᠵᠦ᠂ ᠬᠡᠷ ᠪᠦᠯᠢ ᠶᠢᠨ ᠪᠠᠶᠢᠳᠠᠯ᠂ ᠤᠷᠤᠯᠭ᠎ᠠ ᠶᠢᠨ ᠢᠷᠡᠯᠳᠡ ᠶᠢ ᠨᠢ ᠨᠠᠷᠢᠨ ᠦᠢᠯᠠᠭᠠᠬᠰᠠᠨ ᠪᠦᠬᠡᠳ ᠳᠤᠰᠬᠤᠨ ᠤ ᠠᠷᠠᠳ ᠤᠨ ᠰᠠᠨᠠᠯ ᠰᠠᠨᠠᠭᠤᠯᠭ᠎ᠠ ᠶᠢ ᠨᠠᠷᠢᠨ ᠬᠢᠨᠠᠮᠠᠭᠠᠢ ᠰᠤᠨᠤᠰᠪᠠ᠃ ᠰᠠᠶᠢᠨ ᠪᠡᠷᠢ ᠵᠤᠤ ᠰᠢᠦ ᠬᠠᠳᠠᠮ ᠠᠪᠤ ᠡᠵᠢ ᠪᠠᠨ 17 ᠵᠢᠯ ᠰᠠᠶᠢᠬᠠᠨ ᠠᠰᠠᠷᠠᠬᠰᠠᠨ ᠢ ᠮᠡᠳᠡᠭᠡᠳ᠂ ᠪᠦ᠋ ᠰᠢᠶᠤᠤ ᠯᠢᠨ ᠶᠡᠭᠡ ᠪᠠᠷ ᠮᠠᠬᠳᠠᠨ ᠰᠠᠶᠢᠰᠢᠶᠠᠪᠠ᠃ ᠳᠡᠷᠡ ᠴᠢᠬᠤᠯᠠᠴᠢᠯᠠᠭᠰᠠᠨ ᠨᠢ᠂ ᠬᠦᠳᠡᠭᠡ ᠨᠤᠳᠤᠭ ᠤᠨ ᠵᠠᠩ ᠰᠤᠷᠳᠠᠯ ᠤᠨ ᠪᠤᠯᠪᠠᠰᠤᠨ ᠪᠤᠯ ᠬᠦᠳᠡᠭᠡ ᠳᠤᠰᠬᠤᠨ ᠢ ᠬᠦᠭᠵᠢᠬᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢᠨ ᠴᠢᠬᠤᠯᠠ ᠠᠭᠤᠯᠭ᠎ᠠ ᠪᠤᠯᠤᠨ᠎ᠠ᠂ ᠳᠤᠮᠳᠠᠳᠤ ᠶᠢᠨ ᠦᠨᠳᠦᠰᠦᠳᠡᠨ ᠤ ᠨᠠᠰᠤᠳᠡᠨ ᠢᠶᠠᠨ ᠠᠴᠢᠯᠠᠵᠤ ᠲᠦᠷᠦᠯ ᠰᠠᠳᠤᠨ ᠢᠶᠠᠨ ᠬᠠᠯᠠᠮᠵᠢᠯᠠᠬᠤ᠂ ᠠᠬᠠᠮᠠᠳ ᠢᠶᠠᠨ ᠬᠦᠨᠳᠤᠯᠠᠵᠥ ᠨᠢᠯᠬᠠᠰ ᠢᠶᠠᠨ ᠬᠠᠶᠢᠷᠠᠯᠠᠬᠤ ᠤᠯᠠᠮᠵᠢᠯᠠᠯᠳᠤ ᠰᠤᠶᠤᠯ ᠢ ᠪᠠᠳᠠᠷᠠᠭᠤᠯᠵᠥ᠂ ᠨᠠᠰᠤᠳᠡᠨ ᠢᠶᠠᠨ ᠠᠴᠢᠯᠠᠵᠤ ᠲᠦᠷᠦᠯ ᠰᠠᠳᠤᠨ ᠢᠶᠠᠨ ᠬᠠᠯᠠᠮᠵᠢᠯᠠᠬᠤ ᠨᠡᠶᠢᠳᠡᠯᠢᠭ ᠬᠡᠪ ᠳᠠᠭᠤᠷᠢᠶᠠᠯ ᠢ ᠠᠭᠤᠳᠠᠯᠤᠨ ᠪᠤᠢ ᠪᠤᠯᠭᠠᠵᠤ᠂ ᠰᠠᠶᠢᠨ ᠰᠠᠶᠢᠬᠠᠨ ᠠᠷᠠᠳ ᠤᠨ ᠵᠠᠩ ᠰᠤᠷᠳᠠᠯ᠂ ᠬᠡᠷ ᠤᠨ ᠰᠤᠷᠳᠠᠯ ᠪᠦᠷᠢᠯᠳᠦᠬᠦ ᠶᠢ ᠬᠦᠳᠦᠯᠦᠨ ᠳᠠᠭᠠᠭᠤᠯᠵᠥ᠂ ᠶᠠᠳᠠᠭᠤ  ᠠᠴᠠ ᠠᠩᠬᠢᠵᠢᠷᠠᠭᠤᠯᠬᠤ ᠰᠢᠪᠳᠤᠯᠤᠯᠳᠠ ᠳᠤ ᠬᠦᠴᠦᠨ ᠨᠡᠮᠡᠷᠢᠯᠡᠬᠦ ᠬᠡᠷᠡᠭᠳᠡᠢ ᠬᠡᠪᠠ᠃      ᠪᠦ᠋ ᠰᠢᠶᠤᠤ ᠯᠢᠨ ᠪᠠᠰᠠ ᠶᠤᠤ ᠭᠸᠤ ᠪᠠᠭ᠎ᠠ ᠰᠤᠷᠭᠠᠭᠤᠯᠢ ᠳᠤ ᠬᠦᠷᠴᠤ᠂ ᠰᠤᠷᠭᠠᠭᠤᠯᠢ ᠶᠢᠨ ᠠᠩᠬᠢ ᠶᠢᠨ ᠬᠡᠷ᠂ ᠬᠤᠭᠤᠯᠠᠨ ᠬᠡᠷ᠂ ᠬᠦᠳᠡᠯᠬᠡᠬᠡᠨ ᠤ ᠳᠠᠰᠤᠭ ᠵᠡᠷᠬᠡ ᠶᠢ ᠨᠢ ᠪᠠᠶᠢᠴᠠᠭᠠᠨ ᠦᠵᠡᠵᠥ᠂ ᠠᠯᠪᠠᠨ ᠵᠢᠷᠤᠮ ᠤᠨ ᠰᠤᠷᠭᠠᠨ ᠬᠦᠮᠦᠵᠢᠯ ᠢ ᠪᠠᠳᠤᠯᠠᠵᠥ ᠨᠠᠶᠢᠳᠠᠪᠤᠷᠢᠵᠢᠭᠤᠯᠵᠥ ᠪᠠᠶᠢᠭ᠎ᠠ ᠪᠠᠶᠢᠳᠠᠯ ᠢ ᠨᠢ ᠨᠠᠷᠢᠨ ᠦᠢᠯᠠᠭᠠᠪᠠ᠃ ᠳᠡᠷᠡ ᠴᠢᠬᠤᠯᠠᠴᠢᠯᠠᠭᠰᠠᠨ ᠨᠢ᠂ ᠪᠦᠬᠦ ᠬᠦᠴᠦᠨ ᠢᠶᠠᠷ ᠢᠶᠠᠨ ᠬᠦᠴᠢᠷ ᠢ ᠳᠤᠭᠤᠯᠤᠨ ᠪᠡᠷᠬᠡ ᠶᠢ ᠳᠠᠪᠠᠵᠥ᠂ ᠠᠯᠪᠠᠨ ᠵᠢᠷᠤᠮ ᠎ ᠤᠨ ᠰᠤᠷᠭᠠᠨ ᠬᠦᠮᠦᠵᠢᠯ ᠢ ᠪᠠᠳᠤᠯᠠᠬᠤ ᠳᠠᠯ᠎ᠠ ᠪᠠᠷ ᠤᠷᠤᠰᠢᠵᠥ ᠪᠠᠶᠢᠭ᠎ᠠ ᠳᠤᠪᠤᠶᠢᠮ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠵᠥ᠂ ᠶᠠᠳᠠᠭᠤ ᠬᠦᠴᠢᠷᠳᠡᠯᠳᠡᠢ ᠭᠠᠵᠠᠷ ᠤᠷᠤᠨ ᠤ ᠬᠡᠥᠬᠡᠳ ᠤᠨ ᠰᠤᠷᠭᠠᠭᠤᠯᠢ ᠳᠤ ᠰᠠᠭᠤᠵᠥ ᠰᠤᠷᠭᠠᠨ ᠬᠦᠮᠦᠵᠢᠯ ᠬᠦᠷᠳᠡᠵᠥ᠂ ᠵᠤᠯ ᠵᠢᠷᠭᠠᠯ ᠲᠠᠢ ᠪᠠᠶᠠᠷ ᠪᠠᠶᠠᠰᠤᠯ ᠲᠠᠢ ᠪᠠᠭ᠎ᠠ ᠨᠠᠰᠤ ᠪᠠᠨ ᠦᠩᠬᠡᠷᠡᠬᠦᠯᠬᠦ ᠶᠢ ᠪᠠᠳᠤᠯᠠᠬᠤ ᠬᠡᠷᠡᠭᠳᠡᠢ ᠬᠡᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号