4 ᠳ᠋ᠦ᠋ᠭᠡᠷ ᠰᠠᠷ᠎ᠠ ᠶᠢᠨ 27 ᠤ ᠡᠳᠦᠷ᠂ ᠪᠠᠶᠠᠨᠨᠠᠭᠤᠷ ᠬᠤᠲᠠ ᠶᠢᠨ ᠣᠷᠣᠨ ᠰᠠᠭᠤᠴᠠ ᠶᠢᠨ ᠨᠡᠶᠢᠲᠡ ᠶᠢᠨ | ᠬᠤᠷᠠᠮᠳᠤᠭᠤᠯᠭ᠎ᠠ ᠶᠢᠨ ᠮᠥᠩᠭᠦ ᠶᠢᠨ ᠬᠠᠮᠢᠶᠠᠷᠤᠯᠲᠠ ᠶᠢᠨ ᠲᠥᠪ ᠳ᠋ᠠᠶᠢᠲ᠋ᠠ ᠶᠢᠨ ᠲᠠᠪᠴᠠᠩ ᠢ ᠵᠠᠯᠭᠠᠨ ᠣᠷᠣᠭᠤᠯᠬᠤ | ᠠᠵᠢᠯ ᠢ ᠤᠷᠤᠭᠰᠢᠲᠠᠶ ᠪᠡᠶᠡᠯᠡᠭᠦᠯᠵᠦ᠂ ᠪᠥᠬᠦ ᠣᠷᠣᠨ ᠳᠤ ᠬᠠᠮᠤᠭ ᠤᠨ ᠲᠦᠷᠦᠭᠦᠦ ᠣᠷᠣᠨ ᠰᠠᠭᠤᠴᠠ ᠶᠢᠨ | ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠳ᠋ᠠᠶᠢᠲ᠋ᠠ ᠶᠢᠨ ᠲᠠᠪᠴᠠᠩ ᠳᠤ ᠠᠮᠵᠢᠯᠲᠠᠲᠠᠶ ᠵᠠᠯᠭᠠᠨ ᠣᠷᠣᠭᠰᠠᠨ | ᠪᠠᠶᠢᠨ᠎ᠠ᠃ | ︽ᠪᠥᠬᠦ ᠤᠯᠤᠰ ᠤᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ | ᠳ᠋ᠠᠶᠢᠲ᠋ᠠ ᠶᠢ ᠵᠠᠯᠭᠠᠨ ᠣᠷᠣᠭᠤᠯᠬᠤ ᠠᠵᠢᠯ ᠢ ᠰᠠᠶᠢᠲᠤᠷ ᠬᠢᠬᠦ ᠲᠤᠬᠠᠢ ᠣᠷᠣᠨ ᠰᠠᠭᠤᠴᠠ ᠪᠠ ᠬᠤᠲᠠ ᠬᠥᠳᠡᠭᠡ ᠶᠢᠨ | ᠪᠦᠲᠦᠭᠡᠨ ᠪᠠᠶᠢᠭᠤᠯᠤᠯᠲᠠ ᠶᠢᠨ ᠶᠠᠮᠤᠨ ᠤ ᠠᠯᠪᠠᠨ ᠲᠢᠩᠬᠢᠮ ᠤᠨ ᠮᠡᠳᠡᠭᠳᠡᠯ︾ ᠤᠨ ᠵᠣᠷᠢᠭ ᠰᠠᠨᠠᠭ᠎ᠠ ᠶᠢ | ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠤᠰᠠᠳᠠ᠂ ᠪᠥᠬᠦ ᠣᠷᠣᠨ ᠤ ᠠᠩᠬᠠᠳᠠᠭᠴᠢ ᠰᠦᠯᠵᠢᠶᠡᠨ ᠳᠡᠭᠡᠷᠡᠬᠢ | ᠲᠥᠪ ᠪᠣᠯᠬᠤ ᠪᠠᠷ ᠦᠨᠡᠮᠰᠢᠭᠳᠡᠭᠰᠡᠨ ᠤ ᠬᠤᠪᠢ ᠳᠤ᠂ ᠬᠤᠲᠠ ᠶᠢᠨ ᠣᠷᠣᠨ ᠰᠠᠭᠤᠴᠠ ᠶᠢᠨ ᠨᠡᠶᠢᠲᠡ ᠶᠢᠨ | ᠬᠤᠷᠠᠮᠳᠤᠭᠤᠯᠭ᠎ᠠ ᠶᠢᠨ ᠮᠥᠩᠭᠦ ᠶᠢᠨ ᠬᠠᠮᠢᠶᠠᠷᠤᠯᠲᠠ ᠶᠢᠨ ᠲᠥᠪ ᠨᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ | ᠦᠵᠡᠵᠦ᠂ ᠬᠠᠮᠢᠶ᠎ᠠ ᠪᠦᠬᠦᠢ ᠰᠠᠯᠠᠭ᠎ᠠ ᠲᠠᠰᠤᠭ ᠢ ᠵᠣᠬᠢᠶᠠᠨ ᠪᠠᠶᠢᠭᠤᠯᠤᠨ ᠦᠳᠲᠡᠷ ᠲᠦᠷᠭᠡᠨ ᠬᠥᠳᠡᠯᠦᠯᠴᠡᠵᠦ᠂ | ᠪᠠᠶᠢᠷᠢᠯᠠᠭᠤᠯᠤᠨ ᠲᠣᠬᠢᠷᠠᠭᠤᠯᠪᠠ᠃ ᠥᠪᠡᠷᠲᠡᠭᠡᠨ ᠵᠠᠰᠠᠬᠤ ᠣᠷᠣᠨ ᠤ ᠬᠢᠨᠠᠨ ᠬᠠᠮᠢᠶᠠᠷᠬᠤ ᠭᠠᠵᠠᠷ ᠤᠨ ᠬᠦᠴᠦᠲᠡᠶ | ᠳᠡᠮᠵᠢᠯᠭᠡ ᠳᠣᠤᠷ᠎ᠠ᠂ ᠰᠢᠰᠲ᠋ᠧᠮ ᠤᠨ ᠨᠡᠭᠡᠭᠡᠨ ᠬᠥᠭᠵᠢᠭᠦᠯᠬᠦ ᠬᠤᠳᠠᠯᠳᠤᠭᠠᠴᠢᠨ ᠲᠠᠢ ᠬᠠᠮᠲᠤ ᠪᠠᠷ ᠴᠢᠷᠮᠠᠶᠢᠵᠤ᠂ | ᠮᠡᠷᠭᠡᠵᠢᠯ ᠤᠨ ᠵᠠᠳᠠᠯᠤᠯᠲᠠ᠂ ᠰᠢᠰᠲ᠋ᠧᠮ ᠤᠨ ᠨᠡᠭᠡᠭᠡᠨ ᠠᠰᠢᠭᠯᠠᠯᠲᠠ᠂ ᠵᠣᠬᠢᠶᠠᠨ ᠪᠠᠶᠢᠭᠤᠯᠤᠯᠲᠠ ᠶᠢᠨ ᠰᠢᠯᠭᠠᠯᠲᠠ ᠪᠠᠷ | ᠳᠠᠮᠵᠢᠨ᠂ ᠬᠤᠲᠠ ᠶᠢᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ | ᠬᠠᠮᠢᠶᠠᠷᠤᠯᠲᠠ ᠶᠢᠨ ᠲᠥᠪ ᠨᠢ ᠳ᠋ᠠᠶᠢᠲ᠋ᠠ ᠶᠢᠨ ᠲᠠᠪᠴᠠᠩ ᠢ ᠵᠠᠯᠭᠠᠨ ᠣᠷᠣᠭᠤᠯᠬᠤ ᠠᠵᠢᠯ ᠢ ᠤᠷᠤᠭᠰᠢᠲᠠᠶ | ᠪᠡᠶᠡᠯᠡᠭᠦᠯᠪᠡ᠃ | ᠬᠤᠲᠠ ᠶᠢᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠬᠠᠮᠢᠶᠠᠷᠤᠯᠲᠠ ᠶᠢᠨ | ᠲᠥᠪ ᠪᠥᠬᠦ ᠣᠷᠣᠨ ᠳᠤ ᠬᠠᠮᠤᠭ ᠤᠨ ᠲᠦᠷᠦᠭᠦᠦ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ | ᠮᠥᠩᠭᠦ ᠶᠢᠨ ᠳ᠋ᠠᠶᠢᠲ᠋ᠠ ᠶᠢᠨ ᠲᠠᠪᠴᠠᠩ ᠳᠤ ᠠᠮᠵᠢᠯᠲᠠᠲᠠᠶ ᠵᠠᠯᠭᠠᠨ ᠣᠷᠣᠭᠰᠠᠨ ᠶᠠᠪᠤᠳᠠᠯ ᠨᠢ᠂ ᠣᠷᠣᠨ ᠰᠠᠭᠤᠴᠠ ᠪᠠ | ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠨᠢ ᠲᠥᠷᠥ ᠶᠢᠨ ᠶᠠᠪᠤᠳᠠᠯ ᠤᠨ ᠬᠤᠷᠢᠶᠠᠨ ᠤ ᠬᠤᠪᠢ | ᠬᠥᠮᠦᠨ ᠤ ᠠᠰᠢᠭ ᠣᠷᠣᠯᠭ᠎ᠠ ᠶᠢᠨ ᠭᠠᠶᠢᠯᠢ ᠶᠢᠨ ᠥᠭᠡᠷᠡᠴᠢᠯᠡᠯᠲᠡ ᠶᠢ ᠨᠠᠶᠢᠳᠠᠪᠤᠷᠢᠵᠢᠭᠤᠯᠤᠨ᠂ ᠠᠷᠠᠳ ᠣᠯᠠᠨ ᠤ | ᠠᠮᠢᠳᠤᠷᠠᠯ ᠳᠤ ᠦᠢᠯᠡᠴᠢᠯᠡᠬᠦ ᠠᠵᠢᠯ ᠢ ᠦᠨᠡᠨ ᠬᠦ ᠰᠠᠶᠢᠲᠤᠷ ᠬᠢᠬᠦ ᠳᠤ ᠯᠠᠪᠳᠠᠭᠤᠨ ᠪᠠᠲᠤᠲᠠᠶ ᠨᠢᠭᠡ ᠠᠯᠬᠤᠮ ᠢ | ᠠᠯᠬᠤᠵᠤ᠂ ᠪᠥᠬᠦ ᠤᠯᠤᠰ ᠤᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ | ᠳ᠋ᠠᠶᠢᠲ᠋ᠠ ᠶᠢ ᠵᠠᠯᠭᠠᠨ ᠣᠷᠣᠭᠤᠯᠬᠤ ᠠᠵᠢᠯ ᠢ ᠨᠠᠶᠢᠳᠠᠪᠤᠷᠢᠵᠢᠭᠤᠯᠬᠤ ᠳᠤ ᠪᠦᠲᠦᠮᠵᠢᠲᠡᠢ ᠲᠤᠷᠰᠢᠯᠲᠠ ᠬᠢᠵᠦ᠂ ᠪᠥᠬᠦ | ᠣᠷᠣᠨ ᠤ 12 ᠠᠶᠢᠮᠠᠭ ᠬᠤᠲᠠ ᠶᠢᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ | ᠲᠥᠪ ᠤᠨ ᠳ᠋ᠠᠶᠢᠲ᠋ᠠ ᠶᠢ ᠵᠠᠯᠭᠠᠨ ᠣᠷᠣᠭᠤᠯᠬᠤ ᠲᠠᠪᠴᠠᠩ ᠤᠨ ᠠᠵᠢᠯ ᠳᠤ ᠰᠠᠶᠢᠨ ᠰᠠᠭᠤᠷᠢ ᠲᠠᠯᠪᠢᠵᠤ ᠥᠭᠴᠡᠶ᠃ |