ᠦᠬᠠᠢ ᠬᠤᠳᠠ ᠶᠢᠨ ᠬᠥᠮᠥᠨ ᠬᠡᠷᠡᠭᠯᠡᠬᠦ ᠨᠢᠭᠡᠴᠢ ᠶᠢᠨ ᠬᠥᠳᠡᠯᠮᠦᠷᠢ ᠶᠢᠨ ᠠᠵᠢᠯᠴᠢᠨ ᠬᠡᠷᠡᠭᠯᠡᠬᠦ ᠦᠨᠳᠦᠰᠦᠨ | ᠮᠡᠳᠡᠭᠡ ᠵᠠᠩᠭᠢ ᠶᠢᠨ ᠬᠥᠮᠥᠷᠭᠡ ᠶᠢ ᠠᠯᠬᠤᠮ ᠠᠯᠬᠤᠮ ᠢᠶᠠᠷ ᠪᠠᠢᠭᠤᠯᠵᠤ᠂ ᠬᠥᠳᠡᠯᠮᠦᠷᠢ ᠶᠢᠨ ᠠᠵᠢᠯᠴᠢᠨ ᠬᠡᠷᠡᠭᠯᠡᠬᠦ | ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠭᠤᠯᠤᠨ᠂ ᠬᠥᠮᠥᠨ ᠬᠡᠷᠡᠭᠯᠡᠬᠦ ᠨᠢᠭᠡᠴᠢ ᠶᠢᠨ ᠬᠠᠤᠯᠢ ᠶᠣᠰᠣᠭᠠᠷ | ᠠᠵᠢᠯᠴᠢᠨ ᠬᠡᠷᠡᠭᠯᠡᠬᠦ ᠦᠵᠡᠯ ᠤᠬᠠᠮᠰᠠᠷ ᠪᠠ ᠦᠢᠯᠡ ᠠᠵᠢᠯᠯᠠᠭ᠎ᠠ ᠶᠢ ᠴᠢᠩᠭᠠᠷᠠᠭᠤᠯᠵᠤ᠂ ᠡᠯ᠎ᠡ ᠱᠠᠲᠤᠨ ᠤ | ᠬᠥᠳᠡᠯᠮᠦᠷᠢ ᠶᠢᠨ ᠪᠠᠲᠤᠯᠠᠭ᠎ᠠ ᠶᠢᠨ ᠬᠢᠨᠠᠨ ᠪᠠᠶᠢᠴᠠᠭᠠᠬᠤ ᠰᠠᠯᠠᠭ᠎ᠠ ᠮᠥᠴᠢᠷ ᠤᠨ ᠬᠠᠤᠯᠢ ᠬᠡᠷᠡᠭᠵᠢᠭᠦᠯᠬᠦ ᠠᠵᠢᠯ ᠤᠨ | ᠦᠷ᠎ᠡ ᠪᠦᠲᠦᠮᠵᠢ ᠶᠢ ᠪᠦᠲᠦᠮᠵᠢᠲᠡᠢ ᠳᠡᠭᠡᠭᠰᠢᠯᠡᠭᠦᠯᠵᠦ᠂ ᠡᠯ᠎ᠡ ᠲᠥᠷᠥᠯ ᠤᠨ ᠬᠥᠮᠥᠨ ᠬᠡᠷᠡᠭᠯᠡᠬᠦ ᠨᠢᠭᠡᠴᠢ ᠶᠢᠨ | ᠬᠥᠳᠡᠯᠮᠦᠷᠢ ᠶᠢᠨ ᠠᠵᠢᠯᠴᠢᠨ ᠬᠡᠷᠡᠭᠯᠡᠬᠦ ᠣᠨ ᠤ ᠬᠢᠨᠠᠨ ᠬᠠᠷᠭᠤᠭᠤᠯᠬᠤ ᠪᠠ ᠡᠳᠦᠷ ᠲᠤᠲᠤᠮ ᠤᠨ ᠲᠣᠭᠤᠷᠢᠨ | ᠪᠠᠶᠢᠴᠠᠭᠠᠬᠤ ᠶᠢ ᠰᠦᠯᠵᠢᠶᠡᠨ ᠳᠡᠭᠡᠷ᠎ᠡ ᠰᠢᠢᠳᠪᠦᠷᠢᠯᠡᠬᠦ ᠶᠢ ᠪᠡᠶᠡᠯᠡᠭᠦᠯᠬᠦ ᠶᠢᠨ ᠲᠦᠯᠦᠭᠡ᠂ ᠥᠪᠡᠷᠲᠡᠭᠡᠨ ᠵᠠᠰᠠᠬᠤ | ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠢᠭᠡᠮ ᠤᠨ ᠪᠠᠲᠤᠯᠠᠭ᠎ᠠ ᠶᠢᠨ ᠲᠢᠩᠬᠢᠮ ᠤᠨ ︽ᠪᠥᠬᠦ ᠣᠷᠣᠨ | ᠤ ᠬᠥᠳᠡᠯᠮᠦᠷᠢ ᠶᠢᠨ ᠪᠠᠲᠤᠯᠠᠭ᠎ᠠ ᠶᠢᠨ ᠬᠢᠨᠠᠨ ᠪᠠᠶᠢᠴᠠᠭᠠᠯᠲᠠ ᠶᠢᠨ ︿ᠬᠤᠶᠠᠷ ᠰᠦᠯᠵᠢᠶᠡᠵᠢᠭᠰᠡᠨ﹀ ᠬᠠᠮᠢᠶᠠᠷᠤᠯᠲᠠ | ᠶᠢᠨ ᠦᠶᠯᠡᠴᠢᠯᠡᠭᠡᠨ ᠤ ᠲᠠᠪᠴᠠᠩ ᠢ ᠪᠠᠶᠢᠭᠤᠯᠬᠤ ᠲᠤᠬᠠᠢ ᠮᠡᠳᠡᠭᠳᠡᠯ︾ ︵ᠥᠪᠥᠷ ᠬᠥᠮᠦᠨ ᠨᠡᠶᠢᠭᠡᠮ ᠵᠠᠬᠢᠳᠠᠯ ﹇ | 2019﹈ 71 ᠳ᠋ᠦ᠋ᠭᠡᠷ ᠲᠣᠭᠠᠲᠤ︶ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ᠂ ᠦᠬᠠᠶ ᠬᠤᠲᠠ ᠶᠢᠨ | ᠬᠥᠳᠡᠯᠮᠦᠷᠢ ᠶᠢᠨ ᠪᠠᠲᠤᠯᠠᠭ᠎ᠠ ᠶᠢᠨ ᠬᠢᠨᠠᠨ ᠪᠠᠶᠢᠴᠠᠭᠠᠬᠤ ᠰᠠᠯᠠᠭ᠎ᠠ ᠮᠥᠴᠢᠷ ᠠᠵᠢᠯᠲᠠᠨ ᠬᠡᠷᠡᠭᠯᠡᠬᠦ ᠨᠢᠭᠡᠴᠢ ᠶᠢᠨ | ᠬᠦᠳᠡᠯᠮᠦᠷᠴᠢ ᠴᠠᠯᠢᠩ ᠢ ᠭᠠᠷᠳᠠᠨ ᠭᠦᠢᠴᠡᠳᠬᠡᠭᠴᠢ ᠶᠢ ᠰᠦᠯᠵᠢᠶᠡᠨ ᠭᠠᠳᠠᠨ᠎ᠠ ︽ᠳ᠋ᠢᠩ ᠳ᠋ᠢᠩ︾ ᠭᠠᠷ ᠤᠲᠠᠰᠤᠨ ᠤ | A P P ᠠᠴᠠ ᠪᠠᠭᠤᠯᠭᠠᠵᠤ ᠳᠠᠩᠰᠠᠯᠠᠭᠤᠯᠤᠨ ᠠᠮᠢᠯᠠᠭᠤᠯᠬᠤ ᠶᠢ ᠡᠷᠦᠬᠡ ᠪᠦᠷᠢ ᠳᠤ ᠮᠡᠳᠡᠭᠳᠡᠬᠦ ᠪᠠ ᠬᠦᠳᠡᠯᠮᠦᠷᠴᠢ | ᠴᠠᠯᠢᠩ ᠤᠨ ᠠᠵᠢᠯᠲᠠᠳ ᠢ ᠰᠦᠯᠵᠢᠶᠡᠨ ᠭᠠᠳᠠᠨ᠎ᠠ ᠪᠣᠯᠪᠠᠰᠤᠷᠠᠭᠤᠯᠤᠯ ᠬᠢᠬᠦ ᠪᠠᠷ ᠳᠠᠮᠵᠢᠭᠤᠯᠤᠨ᠂ ᠪᠣᠯᠪᠠᠰᠤᠷᠠᠭᠤᠯᠤᠯ | ᠳᠤ ᠣᠷᠣᠯᠴᠠᠭᠰᠠᠨ ᠬᠥᠮᠦᠰ ᠲᠤ ᠲᠤᠰ ᠰᠢᠰᠲ᠋ᠧᠮ ᠤᠨ ᠠᠵᠢᠯᠯᠠᠬᠤ ᠠᠷᠭ᠎ᠠ ᠶᠢ ᠡᠵᠡᠮᠰᠢᠭᠦᠯᠦᠭᠰᠡᠨ ᠪᠠᠶᠢᠨ᠎ᠠ᠃ | ᠣᠳᠣᠬᠠᠨ ᠪᠣᠯᠲᠠᠯ᠎ᠠ᠂ ᠭᠤᠷᠪᠠᠨ ᠲᠤᠭᠤᠷᠢᠭ ᠤᠨ ᠬᠥᠮᠥᠨ ᠬᠡᠷᠡᠭᠯᠡᠬᠦ ᠨᠢᠭᠡᠴᠢ ᠨᠦᠭᠦᠳ《 ᠳ᠋ᠢᠩ ᠳ᠋ᠢᠩ 》 ᠢ | ᠳᠠᠩᠰᠠᠯᠠᠭᠤᠯᠤᠨ ᠠᠮᠢᠯᠠᠭᠤᠯᠤᠭᠰᠠᠨ ᠨᠢ ᠨᠡᠶᠢᠲᠡ 36 ᠡᠷᠦᠬᠡ ᠪᠠᠶᠢᠨ᠎ᠠ᠃ ᠲᠠᠷᠠᠭᠠᠴᠢ ᠶᠢᠨ ᠠᠯᠬᠤᠮ ᠳᠤ ᠦᠬᠠᠶ | ᠬᠤᠲᠠ ᠶᠢᠨ ᠬᠥᠳᠡᠯᠮᠦᠷᠢ ᠶᠢᠨ ᠪᠠᠲᠤᠯᠠᠭ᠎ᠠ ᠶᠢᠨ ᠬᠢᠨᠠᠨ ᠪᠠᠢᠴᠠᠭᠠᠬᠤ ᠰᠠᠯᠠᠭ᠎ᠠ ᠮᠥᠴᠢᠷ ᠨᠢ ᠬᠥᠮᠥᠨ ᠬᠡᠷᠡᠭᠯᠡᠬᠦ | ᠨᠢᠭᠡᠴᠢ ᠳᠤ ᠬᠢᠨᠠᠨ ᠬᠠᠮᠢᠶᠠᠷᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠦᠬᠠᠶ ᠬᠤᠲᠠ ᠶᠢᠨ 6400 | ᠭᠠᠷᠤᠶ ᠬᠥᠮᠥᠨ ᠬᠡᠷᠡᠭᠯᠡᠬᠦ ᠨᠢᠭᠡᠴᠢ ᠶᠢᠨ ᠬᠦᠳᠡᠯᠮᠦᠷᠴᠢ ᠴᠠᠯᠢᠩ ᠤᠨ ᠠᠵᠢᠯᠲᠠᠳ ᠲᠤ ︽ᠳ᠋ᠢᠩ ᠳ᠋ᠢᠩ︾ ᠭᠠᠷ | ᠤᠲᠠᠰᠤᠨ ᠤ A P P ᠶᠢ ᠪᠠᠭᠤᠯᠭᠠᠵᠤ ᠳᠠᠩᠰᠠᠯᠠᠭᠤᠯᠤᠨ ᠠᠮᠢᠯᠠᠭᠤᠯᠬᠤ ᠶᠢ ᠱᠠᠭᠠᠷᠳᠠᠵᠤ᠂ ᠬᠥᠳᠡᠯᠮᠦᠷᠢ ᠶᠢᠨ | ᠪᠠᠲᠤᠯᠠᠭ᠎ᠠ ᠶᠢᠨ ᠬᠢᠨᠠᠨ ᠪᠠᠢᠴᠠᠭᠠᠬᠤ ᠡᠩᠨᠡᠭᠡ ᠶᠢᠨ ᠬᠠᠤᠯᠢ ᠬᠡᠷᠡᠭᠵᠢᠭᠦᠯᠬᠦ ᠪᠦᠬᠦᠯᠢ ᠴᠣᠭᠴᠠ ᠶᠢᠨ ᠦᠷ᠎ᠡ ᠪᠦᠲᠦᠮᠵᠢ | ᠶᠢ ᠳᠡᠭᠡᠭᠰᠢᠯᠡᠭᠦᠯᠬᠦ ᠪᠠᠷ ᠪᠠᠶᠢᠨ᠎ᠠ᠃ |