ᠮᠠᠨ ᠤ ᠤᠷᠤᠨ ᠤ ᠪᠠᠷᠠᠭᠤᠨ ᠤᠷᠤᠨ ᠤ ᠲᠦᠯᠤᠪᠯᠡᠭᠡ ᠳᠤ ᠦᠢᠯᠠᠴᠢᠯᠡᠬᠦ ᠰᠠᠶᠢᠨ ᠲᠤᠷᠠᠴᠤᠤᠯ ᠢ ᠡᠯᠰᠡᠬᠦ ᠠᠵᠢᠯ ᠡᠬᠢᠯᠠᠯ᠎ᠠ
ᠨᠡᠶᠢᠲᠡᠯᠡᠭᠰᠡᠨ ᠴᠠᠭ᠄
2019/4/3
     ᠰᠣᠷᠪᠣᠯᠵᠢᠯᠠᠭᠴᠢ ᠬᠠᠮᠢᠶ᠎ᠠ ᠪᠦᠬᠦᠢ ᠰᠠᠯᠠᠭ᠎ᠠ ᠮᠦᠴᠢᠷ ᠠᠴᠠ ᠣᠶᠢᠯᠠᠭᠠᠭᠰᠠᠨ ᠢᠶᠠᠷ᠂ ᠣᠶᠢᠷ᠎ᠠ ᠳᠤ ᠮᠠᠨ ᠤ ᠤᠷᠤᠨ ᠤ ᠡᠨᠡ ᠵᠢᠯ ᠤᠨ ᠪᠠᠷᠠᠭᠤᠨ ᠤᠷᠤᠨ ᠤ ᠲᠦᠯᠤᠪᠯᠡᠭᠡ ᠳᠤ ᠦᠢᠯᠠᠴᠢᠯᠡᠬᠦ ᠰᠠᠶᠢᠨ ᠲᠤᠷᠠᠴᠤᠤᠯ ᠢ ᠡᠯᠰᠡᠬᠦ ᠠᠵᠢᠯ ᠡᠬᠢᠯᠠᠪᠠ᠃      ᠳᠠᠨᠢᠯᠴᠠᠭᠤᠯᠣᠭᠰᠠᠨ ᠢ ᠦᠨᠳᠦᠰᠦᠯᠡᠪᠡᠯ᠂ ᠮᠠᠨ ᠤ ᠤᠷᠤᠨ ᠤ ᠪᠠᠷᠠᠭᠤᠨ ᠤᠷᠤᠨ ᠤ ᠲᠦᠯᠤᠪᠯᠡᠭᠡ ᠳᠤ ᠦᠢᠯᠡᠴᠢᠯᠡᠬᠦ ᠲᠦᠷᠦᠯ ᠵᠤᠶᠢᠯ ᠢ ᠪᠦᠬᠦ ᠤᠯᠤᠰ ᠤᠨ ᠲᠦᠷᠦᠯ ᠵᠤᠶᠢᠯ ᠪᠠ ᠤᠷᠤᠨ ᠨᠤᠲᠤᠭ ᠤᠨ ᠲᠦᠷᠦᠯ ᠵᠤᠶᠢᠯ ᠬᠡᠵᠤ ᠬᠤᠪᠢᠶᠠᠵᠤ᠂ ᠬᠦᠷᠳᠡᠬᠦ ᠲᠦᠷᠦ ᠶᠢᠨ ᠪᠤᠲᠤᠯᠭ᠎ᠠ ᠨᠢ ᠠᠲᠠᠯᠢ᠂ ᠠᠵᠢᠯᠯᠠᠬᠤ ᠭᠠᠵᠠᠷ ᠨᠢ ᠮᠠᠨ ᠤ ᠤᠷᠤᠨ ᠤ ᠪᠦᠬᠦᠶᠢᠯᠡ ᠠᠶᠢᠮᠠᠬ ᠬᠤᠲᠠ ᠳᠤ ᠲᠠᠷᠬᠠᠵᠤ ᠪᠤᠢ᠂ ᠭᠤᠤᠯᠲᠠᠭᠤ ᠬᠤᠰᠢᠭᠤ ᠰᠢᠶᠠᠨ ᠲᠤᠭᠤᠷᠢᠭ᠂ ᠰᠤᠮᠤ ᠪᠠᠯᠭᠠᠰᠤ ᠎ ᠶᠢᠨ ᠵᠠᠰᠠᠭ ᠵᠠᠬᠢᠷᠭ᠎ᠠ ᠠᠵᠢᠯ ᠦᠢᠯᠡᠰ ᠤᠨ ᠨᠢᠬᠡᠴᠢ ᠶᠢᠨ ᠦᠨᠲᠤᠰᠤᠨ ᠱᠠᠲᠤᠨ ᠤ ᠠᠵᠢᠯ ᠤᠨ ᠪᠠᠶᠢᠷᠢ ᠳᠤ ᠠᠵᠢᠯᠯᠠᠬᠤ ᠪᠣᠯᠣᠨ᠎ᠠ᠃ ᠦᠢᠯᠠᠴᠢᠯᠡᠬᠦ ᠬᠤᠭᠤᠴᠠᠭᠠᠨ ᠳᠤ ᠰᠠᠶᠢᠨ ᠲᠤᠷᠠᠴᠤᠤᠯ ᠳᠤ ᠰᠠᠷ᠎ᠠ ᠪᠦᠷᠢ 2500 ᠲᠦᠬᠦᠷᠢᠭ ᠤᠨ ᠠᠮᠢᠲᠤᠷᠠᠯ ᠤᠨ ᠨᠦᠬᠦᠪᠤᠷᠢ ᠤᠯᠭᠤᠬᠤ ᠶᠢᠨ ᠬᠠᠮᠲᠤ ᠲᠠᠪᠤᠨ ᠵᠤᠶᠢᠯ ᠤᠨ ᠲᠠᠭᠠᠳᠬᠠᠯ ᠪᠠ ᠢᠯᠡᠬᠦᠴᠠ ᠬᠤᠲᠠᠯᠲᠤᠭᠠᠨ ᠤ ᠲᠠᠭᠠᠳᠬᠠᠯ ᠲᠤᠰᠢᠶᠠᠠ ᠦᠭᠴᠤ᠂ ᠦᠢᠯᠠᠴᠢᠯᠡᠬᠦ ᠬᠤᠭᠤᠴᠠᠭ᠎ᠠ ᠨᠢ 6 ᠰᠠᠷ᠎ᠠ ᠬᠦᠢᠴᠡᠪᠡᠯ ᠨᠢᠬᠡ ᠯᠠ ᠤᠲᠠᠭ᠎ᠠ ᠳᠤ ᠤᠷᠤᠨ ᠰᠠᠭᠤᠴᠠ ᠶᠢᠨ ᠨᠦᠬᠦᠪᠤᠷᠢ 2000 ᠲᠦᠬᠦᠷᠢᠭ ᠣᠯᠭᠤᠨ᠎ᠠ᠃ ᠤᠷᠤᠨ ᠨᠤᠲᠤᠭ ᠤᠨ ᠲᠦᠷᠦᠯ ᠵᠤᠶᠢᠯ ᠳᠤ ᠰᠢᠯᠭᠠᠭᠤᠯᠤᠭᠰᠠᠳ 3 ᠳ᠋ᠤᠭᠠᠷ ᠰᠠᠷ᠎ᠠ ᠶᠢᠨ 29᠎ ᠤ ᠡᠳᠦᠷ — 5 ᠳ᠋ᠤᠭᠠᠷ ᠰᠠᠷ᠎ᠠ ᠶᠢᠨ 15᠎ ᠤ ᠡᠲᠤᠷ ᠪᠤᠯᠲᠠᠯ᠎ᠠ᠂ ︽ᠣᠮᠠᠷᠠᠳᠣ ᠬᠢᠵᠠᠭᠠᠷ ᠤᠨ ᠰᠠᠶᠢᠨ ᠲᠤᠷᠠᠴᠤᠤᠯ︾ ᠸᠢᠴᠠᠲ ᠤᠨ ᠤᠯᠠᠨ ᠨᠠᠶᠢᠲᠠ ᠶᠢᠨ ᠲᠠᠪᠴᠠᠩ ᠳᠤ ᠨᠠᠷ᠎ᠠ ᠮᠠᠲᠠᠬᠦᠯᠵᠤ᠂ ᠪᠦᠬᠦ ᠤᠯᠤᠰ ᠤᠨ ᠲᠦᠷᠦᠯ ᠵᠤᠶᠢᠯ ᠳᠤ ᠰᠢᠯᠭᠠᠭᠤᠯᠤᠭᠰᠠᠳ 4 ᠳ᠋ᠦ᠋ᠭᠡᠷ ᠰᠠᠷ᠎ᠠ ᠶᠢᠨ 25᠎ ᠤ ᠡᠲᠤᠷ ᠠᠴᠠ ᠬᠤᠶᠢᠰᠢ ᠪᠠᠷᠠᠭᠤᠨ ᠤᠷᠤᠨ ᠤ ᠲᠦᠯᠤᠪᠯᠡᠭᠡ ᠶᠢᠨ ᠠᠯᠪᠠᠨ ᠰᠦᠯᠵᠢᠶ᠎ᠠ ︵http://xibu.youth.cn︶ ᠳᠡᠭᠡᠷ᠎ᠡ ᠨᠠᠷ᠎ᠠ ᠪᠠᠨ ᠮᠡᠳᠡᠭᠦᠯᠦᠨ᠎ᠠ᠃      ᠤᠶᠤᠲᠠᠳ ᠤᠨ ᠰᠠᠶᠢᠨ ᠲᠤᠷᠠᠴᠤᠤᠯ ᠤᠨ ᠪᠠᠷᠠᠭᠤᠨ ᠤᠷᠤᠨ ᠳᠤ ᠦᠢᠯᠠᠴᠢᠯᠠᠬᠦ ᠲᠦᠯᠤᠪᠯᠡᠭᠡ ᠶᠢ ᠡᠪ ᠬᠠᠮᠲᠤ ᠵᠠᠯᠠᠭᠤᠴᠤᠳ ᠤᠨ ᠡᠪᠯᠡᠯ ᠤᠨ ᠲᠦᠪ ᠬᠤᠷᠢᠶ᠎ᠠ᠂ ᠰᠤᠷᠭᠠᠨ ᠬᠦᠮᠤᠵᠢᠯ ᠤᠨ ᠶᠠᠮᠤᠨ᠂ ᠡᠳ᠋ ᠤᠨ ᠵᠠᠰᠠᠭ ᠤᠨ ᠶᠠᠮᠤᠨ᠂ ᠬᠦᠮᠤᠨ ᠤ ᠬᠦᠴᠤᠨ ᠤ ᠡᠬᠢ ᠪᠠᠶᠠᠯᠢᠭ ᠪᠠ ᠨᠠᠶᠢᠬᠡᠮ ᠤᠨ ᠪᠠᠲᠤᠯᠠᠭ᠎ᠠ ᠶᠢᠨ ᠶᠠᠮᠤᠨ ᠬᠠᠮᠳᠣᠷᠠᠨ 2003 ᠣᠨ ᠠᠴᠠ ᠡᠬᠢᠯᠡᠨ ᠬᠡᠷᠡᠭᠵᠢᠬᠦᠯᠵᠠᠢ᠃ 2003 ᠣᠨ ᠠᠴᠠ ᠨᠠᠭᠠᠰᠢ᠂ ᠮᠠᠨ ᠤ ᠣᠷᠣᠨ ᠤ 7000 ᠰᠠᠶᠢᠨ ᠲᠤᠷᠠᠴᠤᠤᠯ ᠰᠢᠯᠭᠠᠯᠲᠠ ᠪᠠᠷ ᠲᠠᠮᠵᠢᠨ ᠡᠯᠰᠡᠭᠲᠠᠵᠤ᠂ ᠦᠢᠯᠠᠴᠢᠯᠡᠬᠦ ᠬᠤᠭᠤᠴᠠᠭ᠎ᠠ ᠨᠢ ᠬᠦᠢᠴᠡᠭᠰᠡᠨ 3000 ᠰᠢᠬᠠᠮ ᠰᠠᠶᠢᠨ ᠲᠤᠷᠠᠴᠤᠤᠯ ᠵᠢᠩᠬᠢᠨᠢ ᠪᠠᠷ ᠠᠵᠢᠯ ᠣᠯᠵᠣ᠂ ᠵᠠᠷᠢᠮ ᠨᠢ ᠨᠢᠬᠡᠨᠲᠠ ᠬᠤᠰᠢᠭᠤ ᠰᠢᠶᠠᠨ ᠲᠤᠭᠤᠷᠢᠭ᠂ ᠰᠤᠮᠤ ᠰᠢᠶᠠᠩ ᠪᠠᠯᠭᠠᠰᠤᠨ ᠤ ᠣᠳᠣᠷᠢᠳᠬᠤ ᠺᠠᠳ᠋ᠷ ᠪᠤᠯᠵᠠᠢ᠃ ᠡᠨᠡ ᠵᠢᠯ ᠮᠠᠨ ᠤ ᠤᠷᠤᠨ ᠦᠷᠬᠦᠯᠵᠢᠯᠠᠨ ᠤᠷᠤᠨ ᠤ ᠲᠤᠲᠤᠨ᠎ᠠ ᠭᠠᠲᠠᠨᠠᠬᠢ ᠶᠡᠭᠡ ᠰᠤᠷᠭᠠᠭᠤᠯᠢ ᠠᠴᠠ ᠲᠠᠬᠦᠰᠦᠭᠰᠡᠨ ᠰᠢᠯᠢᠳᠡᠭ ᠤᠶᠤᠲᠠᠨ ᠢ ᠰᠠᠶᠢᠨ ᠲᠤᠷᠠᠴᠤᠤᠯ ᠤᠨ ᠪᠠᠷᠠᠭᠤᠨ ᠤᠷᠤᠨ ᠳᠤ ᠦᠢᠯᠠᠴᠢᠯᠠᠬᠦ ᠲᠦᠯᠤᠪᠯᠡᠭᠡ ᠳᠤ ᠡᠯᠰᠡᠨ ᠦᠨᠳᠦᠰᠦᠨ ᠱᠠᠳᠣᠨ ᠳᠤ ᠠᠵᠢᠯᠯᠠᠭᠤᠯᠬᠤ ᠪᠠᠷ ᠪᠣᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号