ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠲᠦᠪ ᠤᠨ ᠤᠷᠴᠢᠨ ᠲᠤᠭᠤᠷᠢᠨ ᠤ ᠬᠠᠮᠠᠭᠠᠯᠠᠯᠳᠠ ᠎ ᠶᠢᠨ ᠰᠢᠮᠳᠠᠭᠤᠯᠤᠨ ᠪᠠᠶᠢᠴᠠᠭᠠᠯᠲᠠ ᠶᠢᠨ ᠪᠤᠴᠠᠵᠤ ᠪᠠᠶᠢᠴᠠᠭᠠᠨ ᠦᠵᠡᠬᠦ ᠵᠢᠴᠢ ᠨᠤᠳᠤᠭ ᠪᠡᠯᠴᠢᠬᠡᠷ ᠤᠨ ᠠᠮᠢ ᠠᠬᠤᠢ ᠤᠷᠴᠢᠨ ᠲᠤᠭᠤᠷᠢᠨ ᠤ ᠠᠰᠠᠭᠤᠳᠠᠯ ᠢ ᠲᠤᠰᠬᠠᠢ ᠰᠢᠮᠳᠠᠭᠤᠯᠤᠨ ᠪᠠᠶᠢᠴᠠᠭᠠᠵᠥ ᠬᠠᠷᠢᠭᠤ ᠲᠤᠰᠬᠠᠬᠰᠠᠨ ᠰᠠᠨᠠᠯ ᠢᠶᠠᠷ ᠴᠡᠭᠴᠡᠯᠡᠨ ᠰᠠᠶᠢᠵᠢᠷᠠᠭᠤᠯᠬᠤ ᠲᠤᠬᠠᠢ ᠲᠦᠰᠦᠯ ᠢᠶᠠᠨ ᠢᠯᠡ ᠨᠡᠶᠢᠳᠡᠯᠡᠪᠡ
ᠨᠡᠶᠢᠲᠡᠯᠡᠭᠰᠡᠨ ᠴᠠᠭ᠄
2019/4/3
     2018 ᠣᠨ ᠤ 6 ᠳ᠋ᠤᠭᠠᠷ ᠰᠠᠷ᠎ᠠ ᠶᠢᠨ 6᠎ ᠤ ᠡᠳᠤᠷ ᠠᠴᠠ 7 ᠳ᠋ᠤᠭᠠᠷ ᠰᠠᠷ᠎ᠠ ᠶᠢᠨ 6᠎ ᠤ ᠡᠳᠤᠷ ᠪᠤᠯᠳᠠᠯ᠎ᠠ᠂ ᠲᠦᠪ ᠤᠨ ᠤᠷᠴᠢᠨ ᠲᠤᠭᠤᠷᠢᠨ ᠤ ᠬᠠᠮᠠᠭᠠᠯᠠᠯᠳᠠ ᠶᠢᠨ ᠬᠤᠶᠠᠳᠤᠭᠠᠷ ᠰᠢᠮᠳᠠᠭᠤᠯᠤᠨ ᠪᠠᠶᠢᠴᠠᠭᠠᠬᠤ ᠲᠤᠭᠤᠢᠢᠯᠠᠩ ᠮᠠᠨ ᠤ ᠤᠷᠤᠨ ᠤ ᠨᠢᠬᠡᠳᠤᠭᠡᠷ ᠡᠬᠡᠯᠵᠢ ᠶᠢᠨ ᠲᠦᠪ ᠤᠨ ᠤᠷᠴᠢᠨ ᠲᠤᠭᠤᠷᠢᠨ ᠤ ᠬᠠᠮᠠᠭᠠᠯᠠᠯᠳᠠ ᠶᠢᠨ ᠰᠢᠮᠳᠠᠭᠤᠯᠤᠨ ᠪᠠᠶᠢᠴᠠᠭᠠᠵᠥ ᠴᠡᠭᠴᠡᠯᠡᠨ ᠰᠠᠶᠢᠵᠢᠷᠠᠭᠤᠯᠤᠭᠰᠠᠠ ᠠᠵᠢᠯ ᠳᠤ ᠪᠤᠴᠠᠵᠤ ᠪᠠᠶᠢᠴᠠᠭᠠᠨ ᠦᠵᠡᠬᠦ ᠠᠵᠢᠯ ᠦᠷᠨᠢᠬᠦᠯᠵᠥ᠂ ᠨᠤᠳᠤᠭ ᠪᠡᠯᠴᠢᠬᠡᠷ ᠤᠨ ᠠᠮᠢ ᠠᠬᠤᠢ ᠤᠷᠴᠢᠨ ᠲᠤᠭᠤᠷᠢᠨ ᠤ ᠠᠰᠠᠭᠤᠳᠠᠯ ᠳᠤ ᠴᠢᠭᠯᠡᠬᠦᠯᠥᠨ ᠨᠢᠬᠡᠳᠤᠯᠳᠡᠢ ᠪᠠᠷ ᠲᠤᠰᠬᠠᠢ ᠰᠢᠮᠳᠠᠭᠤᠯᠤᠨ ᠪᠠᠶᠢᠴᠠᠭᠠᠯᠳᠡ ᠬᠢᠪᠡ᠃ 10 ᠳ᠋ᠤᠭᠠᠷ ᠰᠠᠷ᠎ᠠ ᠶᠢᠨ 17᠎ ᠤ ᠡᠳᠤᠷ᠂ ᠰᠢᠮᠳᠠᠭᠤᠯᠤᠨ ᠪᠠᠶᠢᠴᠠᠭᠠᠬᠤ ᠲᠤᠭᠤᠢᠢᠯᠠᠩ ᠤᠨ ᠬᠢᠨ ᠮᠠᠨ ᠤ ᠤᠷᠤᠨ ᠳᠤ ᠰᠢᠮᠳᠠᠭᠤᠯᠤᠨ ᠪᠠᠶᠢᠴᠠᠭᠠᠭᠰᠠᠠ ᠰᠠᠨᠠᠯ ᠢᠶᠠᠨ ᠬᠠᠷᠢᠭᠤ ᠲᠤᠰᠬᠠᠵᠠᠢ᠃ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠲᠡᠬᠡᠳᠤ ᠬᠡᠮᠵᠢᠶ᠎ᠡ ᠪᠠᠷ ᠴᠢᠬᠤᠯᠠᠴᠢᠯᠠᠨ ᠦᠵᠡᠵᠥ᠂ ᠴᠢᠩ ᠦᠨᠡᠨᠴᠢ ᠪᠠᠷ ᠬᠦᠯᠢᠶᠡᠨ ᠠᠪᠴᠦ᠂ ᠲᠡᠷᠡ ᠴᠢᠭ ᠢᠶᠠᠷ ᠨᠢ ᠪᠦᠬᠦᠨ ᠢ ᠬᠦᠯᠢᠶᠡᠨ ᠠᠪᠴᠦ᠂ ᠴᠡᠭᠴᠡᠯᠡᠨ ᠰᠠᠶᠢᠵᠢᠷᠠᠭᠤᠯᠬᠤ ᠠᠵᠢᠯ ᠤᠨ ᠤᠳᠤᠷᠢᠳᠬᠤ ᠲᠤᠭᠤᠢᠢᠯᠠᠩ ᠪᠠᠶᠢᠭᠤᠯᠤᠨ᠂ ᠪᠦᠬᠦ ᠤᠷᠤᠨ ᠤ ᠰᠢᠮᠳᠠᠭᠤᠯᠤᠨ ᠪᠠᠶᠢᠴᠠᠭᠠᠵᠥ ᠴᠡᠭᠴᠡᠯᠡᠨ ᠰᠠᠶᠢᠵᠢᠷᠠᠭᠤᠯᠬᠤ ᠠᠵᠢᠯ ᠢ ᠨᠢᠬᠡᠳᠤᠯᠳᠡᠢ ᠲᠦᠯᠥᠪᠵᠢᠬᠦᠯᠥᠨ ᠠᠬᠢᠭᠤᠯᠪᠠ᠂ ᠯᠢ ᠵᠢᠢ ᠡᡁᠧᠩ ᠱᠦᠵᠢ ᠡᠯ᠎ᠡ ᠱᠠᠳᠤ ᠡᠯ᠎ᠡ ᠰᠠᠯᠠᠭ᠎ᠠ ᠮᠦᠴᠢᠷ ᠤᠳ ᠢ ︽ᠲᠦᠷᠪᠡᠨ ᠤᠬᠠᠮᠰᠠᠷ︾᠎ ᠢᠶᠠᠨ ᠴᠢᠨᠠᠬᠰᠢᠳᠠ ᠪᠠᠳᠤᠵᠢᠭᠤᠯᠵᠤ᠂ ︽ᠬᠤᠶᠠᠷ ᠢ ᠬᠠᠮᠠᠭᠠᠯᠠᠬᠤ︾᠎ ᠶᠢ ᠦᠢᠯᠡᠳᠦᠯᠬᠡᠵᠢᠬᠦᠯᠵᠤ᠂ ᠤᠯᠤᠰ ᠲᠦᠷᠦ ᠶᠢᠨ ᠰᠠᠬᠢᠯᠭ᠎ᠠ ᠪᠠᠳᠤ ᠪᠤᠯᠤᠨ ᠤᠯᠤᠰ ᠲᠦᠷᠦ ᠶᠢᠨ ᠶᠤᠰᠤ ᠲᠦᠷᠢᠮ ᠢ ᠵᠢᠷᠤᠮᠯᠠᠨ ᠰᠠᠬᠢᠬᠤ ᠦᠨᠳᠦᠷᠴᠡ ᠠᠴᠠ ᠰᠢᠮᠳᠠᠭᠤᠯᠤᠨ ᠪᠠᠶᠢᠴᠠᠭᠠᠵᠥ ᠴᠡᠭᠴᠡᠯᠡᠨ ᠰᠠᠶᠢᠵᠢᠷᠠᠭᠤᠯᠬᠤ ᠤᠬᠠᠮᠰᠠᠷ ᠢᠶᠠᠨ ᠴᠢᠨᠠᠬᠰᠢᠳᠠ ᠴᠢᠩᠭᠠᠳᠬᠠᠵᠥ᠂ ᠲᠦᠪ ᠤᠨ ᠤᠷᠴᠢᠨ ᠲᠤᠭᠤᠷᠢᠨ ᠤ ᠬᠠᠮᠠᠭᠠᠯᠠᠯᠳᠠ ᠶᠢᠨ ᠰᠢᠮᠳᠠᠭᠤᠯᠤᠨ ᠪᠠᠶᠢᠴᠠᠭᠠᠵᠥ ᠬᠠᠷᠢᠭᠤ ᠲᠤᠰᠬᠠᠭᠰᠠᠠ ᠰᠠᠨᠠᠯ ᠲᠠᠢ ᠪᠦᠬᠦ ᠲᠡᠯ᠎ᠡ ᠪᠠᠷ ᠬᠠᠷᠢᠴᠠᠭᠤᠯᠵᠤ᠂ ᠰᠢᠨ᠎ᠡ ᠬᠦᠭᠵᠢᠯᠳᠡ ᠶᠢᠨ ᠣᠨᠣᠯᠵᠢᠬᠤᠨ ᠢ ᠲᠣᠭᠤᠰᠢᠯᠠᠭᠤᠯᠤᠭᠰᠠᠨ ᠡᠷᠴᠢᠮ ᠪᠠ ᠦᠷ᠎ᠡ ᠪᠥᠲᠥᠮᠵᠢ ᠎ ᠶᠢ ᠬᠦᠨᠵᠡᠬᠡᠢ ᠰᠢᠯᠭᠠᠨ ᠦᠵᠡᠵᠥ᠂ ᠬᠦᠭᠵᠢᠯᠳᠡ ᠶᠢᠨ ᠣᠨᠣᠯᠵᠢᠬᠤᠨ᠂ ᠬᠦᠭᠵᠢᠯᠳᠡ ᠶᠢᠨ ᠠᠷᠭ᠎ᠠ ᠬᠡᠯᠪᠡᠷᠢ ᠶᠢᠨ ᠲᠡᠯ᠎ᠡ ᠪᠠᠷ ᠤᠷᠤᠰᠢᠵᠥ ᠪᠠᠶᠢᠭ᠎ᠠ ᠵᠦᠷᠢᠶ᠎ᠡ ᠪᠠ ᠬᠦᠷᠦᠯᠴᠡᠬᠦ ᠦᠭᠡᠢ ᠲᠡᠯ᠎ᠡ ᠪᠠᠨ ᠬᠦᠨᠵᠡᠬᠡᠢ ᠡᠷᠬᠢᠴᠡᠬᠦᠯᠥᠨ ᠪᠤᠳᠤᠵᠥ᠂ ᠦᠵᠡᠯ ᠰᠠᠨᠠᠭ᠎ᠠ ᠤᠪᠤᠷ ᠰᠤᠷᠳᠠᠯ᠂ ᠠᠵᠢᠯ ᠤᠨ ᠰᠤᠷᠳᠠᠯ ᠤᠨ ᠲᠡᠯ᠎ᠡ ᠪᠠᠷ ᠤᠷᠤᠰᠢᠵᠥ ᠪᠠᠶᠢᠭ᠎ᠠ ᠬᠡᠮ ᠠᠷᠬᠠᠭ ᠢᠶᠠᠨ ᠡᠷᠬᠢᠴᠡᠬᠦᠯᠥᠨ ᠪᠤᠳᠤᠵᠥ᠂ ᠰᠢᠮᠳᠠᠭᠤᠯᠤᠨ ᠪᠠᠶᠢᠴᠠᠭᠠᠵᠥ ᠴᠡᠭᠴᠡᠯᠡᠨ ᠰᠠᠶᠢᠵᠢᠷᠠᠭᠤᠯᠬᠤ ᠠᠵᠢᠯ ᠢ ᠦᠷᠬᠡᠵᠢᠬᠦᠯᠵᠤ ᠬᠦᠨᠵᠡᠬᠡᠶᠢᠷᠡᠬᠦᠯᠬᠦ ᠶᠢ ᠠᠬᠢᠭᠤᠯᠵᠥ᠂ ᠴᠡᠭᠴᠡᠯᠡᠨ ᠰᠠᠶᠢᠵᠢᠷᠠᠭᠤᠯᠬᠤ ᠠᠵᠢᠯ ᠢ ᠴᠢᠬᠤᠯᠠ ᠶᠡᠭᠡ ᠤᠯᠤᠰ ᠲᠦᠷᠦ ᠶᠢᠨ ᠡᠬᠦᠷᠬᠡ᠂ ᠠᠷᠠᠳ ᠤᠨ ᠠᠮᠢᠳᠤᠷᠠᠯ ᠤᠨ ᠢᠨᠵᠧᠨᠧᠷᠢᠩ ᠪᠤᠯᠤᠨ ᠬᠦᠭᠵᠢᠯᠳᠡ ᠶᠢᠨ ᠠᠵᠠ ᠲᠤᠬᠢᠶᠠᠯ ᠪᠤᠯᠭᠠᠨ᠂ ᠴᠡᠭᠴᠡᠯᠡᠨ ᠰᠠᠶᠢᠵᠢᠷᠠᠭᠤᠯᠵᠥ ᠨᠠᠶᠢᠳᠠᠪᠤᠷᠢᠵᠢᠭᠤᠯᠬᠤ ᠶᠢ ᠴᠢᠩᠭ᠎ᠠ ᠪᠤᠳᠠᠳᠠᠢ᠂ ᠪᠦᠬᠦ ᠰᠡᠳᠬᠢᠯ ᠪᠦᠬᠦ ᠬᠦᠴᠦ ᠪᠠᠷ ᠢᠶᠠᠨ ᠠᠬᠢᠭᠤᠯᠬᠤ ᠬᠡᠷᠡᠭᠳᠡᠢ ᠬᠡᠵᠥ ᠱᠠᠭᠠᠷᠳᠠᠪᠠ᠃ ᠤᠳᠤᠬᠠᠨ ᠳᠤ ︽ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠎ ᠤ ᠲᠦᠪ ᠤᠨ ᠤᠷᠴᠢᠨ ᠲᠤᠭᠤᠷᠢᠨ ᠤ ᠬᠠᠮᠠᠭᠠᠯᠠᠯᠳᠠ ᠶᠢᠨ ᠰᠢᠮᠳᠠᠭᠤᠯᠤᠨ ᠪᠠᠶᠢᠴᠠᠭᠠᠯᠲᠠ ᠶᠢᠨ ᠪᠤᠴᠠᠵᠤ ᠪᠠᠶᠢᠴᠠᠭᠠᠨ ᠦᠵᠡᠬᠦ ᠵᠢᠴᠢ ᠨᠤᠳᠤᠭ ᠪᠡᠯᠴᠢᠬᠡᠷ ᠤᠨ ᠠᠮᠢ ᠠᠬᠤᠢ ᠤᠷᠴᠢᠨ ᠲᠤᠭᠤᠷᠢᠨ ᠤ ᠠᠰᠠᠭᠤᠳᠠᠯ ᠢ ᠲᠤᠰᠬᠠᠢ ᠰᠢᠮᠳᠠᠭᠤᠯᠤᠨ ᠪᠠᠶᠢᠴᠠᠭᠠᠵᠥ ᠬᠠᠷᠢᠭᠤ ᠲᠤᠰᠬᠠᠭᠰᠠᠠ ᠰᠠᠨᠠᠯ ᠢᠶᠠᠷ ᠴᠡᠭᠴᠡᠯᠡᠨ ᠰᠠᠶᠢᠵᠢᠷᠠᠭᠤᠯᠬᠤ ᠲᠦᠰᠦᠯ︾ ︵ᠲᠤᠷᠤᠭᠰᠢ ︽ᠴᠡᠭᠴᠡᠯᠡᠨ ᠰᠠᠶᠢᠵᠢᠷᠠᠭᠤᠯᠬᠤ ᠲᠦᠰᠦᠯ︾ ᠬᠡᠵᠥ ᠲᠣᠪᠴᠢᠯᠠᠨ᠎ᠠ︶᠎ ᠢ ᠨᠠᠮ ᠤᠨ ᠲᠦᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠨᠢᠬᠡᠨᠳᠡ ᠬᠢᠨᠠᠨ ᠬᠠᠷᠭᠤᠭᠤᠯᠤᠨ ᠵᠦᠪᠰᠢᠶᠡᠷᠡᠵᠥ᠂ ᠪᠦᠬᠦ ᠠᠭᠤᠯᠭ᠎ᠠ ᠶᠢ ᠦᠪᠤᠷ ᠮᠤᠩᠭᠤᠯ ᠎ ᠤᠨ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠪᠤᠯᠤᠨ ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠮᠢ ᠠᠬᠤᠢ ᠤᠷᠴᠢᠨ ᠲᠤᠭᠤᠷᠢᠨ ᠤ ᠲᠢᠩᠬᠢᠮ ᠤᠨ ᠰᠦᠯᠵᠢᠶᠡᠨ ᠳᠤ ᠨᠡᠶᠢᠳᠡᠯᠡᠪᠡ᠃      ︽ᠴᠡᠭᠴᠡᠯᠡᠨ ᠰᠠᠶᠢᠵᠢᠷᠠᠭᠤᠯᠬᠤ ᠲᠦᠰᠦᠯ︾᠎ ᠳᠤ ᠲᠣᠲᠣᠷᠬᠠᠢ ᠱᠠᠭᠠᠷᠳᠠᠭᠰᠠᠨ ᠨᠢ᠂ ᠰᠢ ᠶᠢᠨ ᠫᠢᠩ ᠤᠨ ᠠᠮᠢ ᠠᠬᠤᠢ ᠶᠢᠨ ᠪᠤᠯᠪᠠᠰᠤᠨ ᠤ ᠦᠵᠡᠯ ᠰᠠᠨᠠᠭ᠎ᠠ ᠶᠢ ᠬᠦᠨᠵᠡᠬᠡᠢ ᠲᠤᠭᠤᠰᠢᠯᠠᠭᠤᠯᠵᠤ᠂ ᠶᠡᠷᠤᠩᠬᠡᠢ ᠱᠦᠵᠢ ᠰᠢ ᠶᠢᠨ ᠫᠢᠩ ᠤᠨ ᠦᠪᠤᠷ ᠮᠤᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠳᠤ ᠪᠠ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠥᠬᠡᠯᠡᠭᠴᠢᠳ ᠤᠨ ᠶᠡᠭᠡ ᠬᠤᠷᠡᠯ ᠤᠨ ᠠᠩᠬᠠᠳᠤᠭᠠᠷ ᠬᠤᠷᠡᠯ ᠤᠨ ᠦᠪᠤᠷ ᠮᠤᠩᠭᠤᠯ ᠤᠨ ᠲᠦᠯᠥᠬᠡᠯᠡᠭᠴᠢᠳ ᠤᠨ ᠪᠦᠯᠬᠦᠮ ᠤᠨ ᠬᠢᠨᠠᠨ ᠵᠦᠪᠯᠡᠬᠦ ᠳᠤ ᠤᠷᠤᠯᠴᠠᠬᠤ ᠦᠶ᠎ᠡ ᠳᠤ ᠬᠡᠯᠡᠭᠰᠡᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠪᠦᠬᠦ ᠲᠡᠯ᠎ᠡ ᠪᠠᠷ ᠨᠠᠶᠢᠳᠠᠪᠤᠷᠢᠵᠢᠭᠤᠯᠵᠥ᠂ ︽ᠲᠠᠪᠤ ᠶᠢ ᠨᠢᠬᠡ ᠴᠤᠭᠴᠠᠵᠢᠭᠤᠯᠬᠤ︾ ᠶᠡᠷᠤᠩᠬᠡᠢ ᠪᠠᠶᠢᠷᠢᠰᠢᠭᠤᠯᠤᠯᠳᠠ ᠶᠢ ᠨᠢᠬᠡᠳᠤᠯᠳᠡᠢ ᠲᠦᠯᠥᠪᠵᠢᠬᠦᠯᠥᠨ ᠠᠬᠢᠭᠤᠯᠬᠤ ᠪᠠ ︽ᠲᠦᠷᠪᠡᠨ ᠪᠦᠬᠦ ᠲᠡᠯ᠎ᠡ︾᠎ ᠶᠢᠨ ᠪᠠᠶᠢᠯᠳᠤᠬᠤ ᠪᠤᠳᠤᠯᠭ᠎ᠠ ᠶᠢᠨ ᠪᠠᠶᠢᠷᠢᠰᠢᠭᠤᠯᠤᠯᠳᠠ ᠶᠢ ᠵᠤᠬᠢᠴᠠᠭᠤᠯᠤᠨ ᠠᠬᠢᠭᠤᠯᠬᠤ ᠲᠤᠭᠤᠷᠢᠨ ᠳᠤ ᠰᠢᠨ᠎ᠡ ᠬᠦᠭᠵᠢᠯᠳᠡ ᠶᠢᠨ ᠣᠨᠣᠯᠵᠢᠬᠤᠨ ᠢ ᠪᠠᠳᠤ ᠪᠤᠢ ᠪᠤᠯᠭᠠᠵᠥ᠂ ᠬᠦᠭᠵᠢᠯᠲᠡ᠂ ᠠᠮᠢ ᠠᠬᠤᠢ ᠪᠠ ᠠᠷᠠᠳ ᠤᠨ ᠠᠮᠢᠳᠤᠷᠠᠯ ᠤᠨ ᠬᠤᠷᠢᠭ᠎ᠠ ᠱᠤᠭᠤᠮ ᠢ ᠪᠠᠲᠤ ᠰᠠᠬᠢᠨ᠂ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠲᠠ ᠪᠠ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠲᠠ ᠶᠢ ᠨᠡᠩ ᠳᠤᠪᠤᠶᠢᠮ᠎ᠠ ᠪᠠᠶᠢᠷᠢᠨ ᠳᠤ ᠲᠠᠯᠪᠢᠬᠤ ᠶᠢ ᠪᠠᠷᠢᠮᠲᠠᠯᠠᠵᠤ᠂ ᠪᠤᠬᠢᠷᠳᠤᠯ ᠢ ᠰᠡᠷᠭᠡᠶᠢᠯᠡᠨ ᠵᠠᠰᠠᠬᠤ ᠰᠢᠪᠲᠤᠯᠤᠯᠲᠠ ᠶᠢᠨ ᠳᠠᠶᠢᠯᠠᠯᠳᠤᠭᠠᠨ ᠢ ᠪᠦᠬᠦ ᠬᠦᠴᠦ ᠪᠠᠷ ᠢᠶᠠᠨ ᠰᠠᠶᠢᠳᠤᠷ ᠬᠢᠬᠦ ᠬᠡᠷᠡᠭᠳᠠᠢ᠃ ᠰᠢ ᠶᠢᠨ ᠫᠢᠩ ᠤᠨ ᠠᠮᠢ ᠠᠬᠤᠢ ᠶᠢᠨ ᠪᠤᠯᠪᠠᠰᠤᠨ ᠤ ᠦᠵᠡᠯ ᠰᠠᠨᠠᠭ᠎ᠠ ᠶᠢ ᠨᠡᠩ ᠡᠷᠡᠰ ᠪᠠᠲᠤ ᠤᠬᠠᠮᠰᠠᠷ ᠠᠴᠠ ᠪᠠᠨ ᠰᠠᠶᠢᠳᠤᠷ ᠰᠤᠷᠤᠯᠴᠠᠨ ᠤᠢᠢᠯᠠᠭᠠᠵᠤ᠂ ᠶᠡᠷᠦᠩᠬᠡᠢ ᠱᠦᠵᠢ ᠰᠢ ᠶᠢᠨ ᠫᠢᠩ ᠤᠨ ᠦᠪᠦᠷ ᠮᠤᠩᠭᠤᠯ ᠤᠨ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠲᠠ ᠶᠢᠨ ᠲᠤᠬᠠᠢ ᠴᠢᠩ ᠰᠡᠳᠬᠢᠯ ᠤᠨ ᠨᠠᠶᠢᠳᠠᠯᠭ᠎ᠠ ᠶᠢ ᠨᠡᠩ ᠯᠠᠪᠳᠠᠭᠤᠨ ᠪᠠᠲᠤᠲᠠᠢ ᠪᠦᠭᠡᠳ ᠬᠦᠴᠦᠲᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠷᠤᠨ‌‍ᠲ᠋ᠠᠶᠠᠭᠠᠷ ᠤᠨ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠲᠦᠪ ᠬᠤᠷᠢᠶᠠᠨ ᠤ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠲᠠ ᠶᠢᠨ ᠲᠤᠬᠠᠢ ᠰᠢᠢᠳᠪᠦᠷᠢᠲᠤ ᠪᠤᠳᠤᠯᠭ᠎ᠠ ᠶᠢᠨ ᠪᠠᠶᠢᠷᠢᠯᠠᠭᠤᠯᠤᠯᠲᠠ ᠳᠡᠭᠡᠷ᠎ᠡ ᠨᠢᠭᠡᠳᠬᠡᠬᠦ ᠶᠢ ᠳᠠᠶᠢᠴᠢᠯᠠᠬᠤ ᠬᠡᠷᠡᠭᠳᠡᠢ ᠬᠡᠵᠥ ᠲᠤᠳᠤᠷᠬᠠᠢ ᠱᠠᠭᠠᠷᠳᠠᠪᠠ᠃      ︽ᠴᠡᠭᠴᠡᠯᠡᠨ ᠰᠠᠶᠢᠵᠢᠷᠠᠭᠤᠯᠬᠤ ᠲᠦᠰᠦᠯ︾᠎ ᠨᠢ ᠬᠠᠷᠢᠭᠤᠴᠠᠯᠭ᠎ᠠ ᠶᠢ ᠪᠤᠲᠠᠲᠠᠶᠢᠵᠢᠭᠤᠯᠬᠤ᠂ ᠠᠰᠠᠭᠤᠳᠠᠯ ᠢ ᠰᠢᠢᠳᠪᠦᠷᠢᠯᠡᠬᠦ᠂ ᠯᠠᠪᠳᠠᠭᠤᠨ ᠲᠤᠬᠲᠠᠭᠤᠨ ᠢᠶᠠᠷ ᠠᠵᠢᠯᠯᠠᠬᠤ᠂ ᠦᠷ᠎ᠡ ᠪᠦᠳᠦᠮᠵᠢ ᠶᠢ ᠳᠤᠪᠤᠶᠢᠯᠭᠠᠬᠤ᠂ ᠤᠳᠤ ᠪᠠ ᠠᠯᠤᠰ ᠬᠤᠯᠠ ᠶᠢ ᠤᠶᠠᠯᠳᠤᠭᠤᠯᠬᠤ᠂ ᠦᠩᠭᠡᠨ ᠲᠠᠯ᠎ᠠ ᠪᠠ ᠡᠬᠢ ᠦᠨᠳᠦᠰᠦ ᠠᠴᠠ ᠨᠢ ᠬᠠᠮᠲᠤ ᠵᠠᠰᠠᠬᠤ ᠵᠠᠷᠴᠢᠮ ᠢ ᠪᠠᠷᠢᠮᠲᠠᠯᠠᠨ 3 ᠲᠠᠯ᠎ᠠ ᠶᠢᠨ ᠴᠡᠭᠴᠡᠯᠡᠨ ᠰᠠᠶᠢᠵᠢᠷᠠᠭᠤᠯᠬᠤ ᠬᠠᠷᠠᠯᠲᠠ ᠶᠢ ᠲᠤᠳᠤᠷᠬᠠᠢᠢᠯᠠᠵᠠᠢ᠃ ᠨᠢᠭᠡ ᠳᠤ᠂ ᠠᠮᠢ ᠠᠬᠤᠢ ᠤᠷᠴᠢᠨ ᠲᠤᠭᠤᠷᠢᠨ ᠤ ᠶᠠᠰᠤ ᠴᠢᠨᠠᠷ ᠢ ᠢᠯᠡᠳᠲᠡ ᠰᠠᠶᠢᠵᠢᠷᠠᠭᠤᠯᠤᠨ᠎ᠠ᠃ 2020 ᠣᠨ ᠪᠤᠯᠲᠠᠯ᠎ᠠ᠂ ᠭᠤᠤᠯ ᠪᠤᠯᠬᠤ ᠪᠤᠬᠢᠷᠳᠤᠯ ᠪᠤᠳᠠᠰ ᠭᠠᠳᠠᠬᠰᠢᠯᠠᠭᠤᠯᠬᠤ ᠶᠡᠷᠦᠩᠬᠡᠢ ᠬᠡᠮᠵᠢᠶ᠎ᠡ ᠶᠢ ᠶᠡᠭᠡ ᠪᠠᠷ ᠪᠠᠭᠠᠰᠬᠠᠵᠤ᠂ ᠤᠷᠴᠢᠨ ᠲᠤᠭᠤᠷᠢᠨ ᠤ ᠠᠶᠤᠯ ᠲᠦᠭᠰᠢᠭᠦᠷᠢ ᠶᠢ ᠪᠦᠲᠦᠮᠵᠢᠲᠡᠢ ᠪᠠᠷ ᠬᠠᠮᠢᠶᠠᠷᠤᠨ ᠬᠢᠵᠠᠭᠠᠷᠯᠠᠵᠤ᠂ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠲᠠ ᠶᠢᠨ ᠲᠦᠪᠰᠢᠨ ᠢ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠬᠠᠷᠠᠯᠲᠠ ᠲᠠᠢ ᠬᠠᠷᠢᠯᠴᠠᠨ ᠳᠤᠬᠢᠷᠠᠯᠴᠠᠭᠤᠯᠤᠨ᠎ᠠ᠃ ᠪᠦᠬᠦ ᠤᠷᠤᠨ ᠤ ᠠᠭᠠᠷ ᠤᠨ ᠶᠠᠰᠤ ᠴᠢᠨᠠᠷ ᠰᠢᠯᠢᠳᠡᠭ ᠰᠠᠶᠢᠨ ᠡᠳᠦᠷ ᠤᠨ ᠲᠤᠭ᠎ᠠ ᠶᠢᠨ ᠬᠠᠷᠢᠴᠠᠯ ᠢ 83.8%᠎ ᠠᠴᠠ ᠳᠡᠭᠡᠭᠰᠢ ᠬᠦᠷᠦᠭᠦᠯᠵᠦ᠂ ᠪᠠᠷᠢᠮᠵᠢᠶ᠎ᠠ ᠳᠤ ᠦᠯᠦ ᠬᠦᠷᠬᠦ ᠲᠤᠰᠬᠠᠢ ᠤᠷᠤᠨ ᠤ ᠲᠡᠰ ᠤᠨ ᠬᠤᠲᠠ ᠶᠢᠨ ᠵᠢᠵᠢᠭ ᠮᠦᠬᠦᠯᠢᠭᠳᠦ ᠪᠤᠳᠠᠰ ︵PM 2.5︶᠎ ᠤᠨ ᠦᠳᠬᠡᠴᠡ ᠶᠢ 2015 ᠣᠨ ᠤ ᠬᠢ ᠠᠴᠠ 12%᠎ ᠠᠴᠠ ᠳᠡᠭᠡᠭᠰᠢ ᠪᠠᠭᠤᠷᠠᠭᠤᠯᠤᠨ᠎ᠠ︔ ᠭᠠᠵᠠᠷ ᠳᠡᠭᠡᠷᠡᠬᠢ ᠤᠰᠤ ᠶᠢᠨⅠ — Ⅲ ᠲᠦᠷᠦᠯ ᠤᠨ ᠤᠰᠤᠨ ᠤ ᠬᠠᠷᠢᠴᠠᠯ ᠢ 59.6%᠎ ᠠᠴᠠ ᠳᠡᠭᠡᠭᠰᠢ ᠬᠦᠷᠦᠭᠦᠯᠵᠦ᠂ ᠠᠨᠠᠢ Ⅴ ᠲᠦᠷᠦᠯ ᠤᠨ ᠤᠰᠤᠨ ᠎ ᠤ ᠬᠠᠷᠢᠴᠠᠯ ᠢ 3.8%᠎ ᠶᠢᠨ ᠲᠤᠳᠤᠷ᠎ᠠ ᠡᠵᠡᠮᠳᠡᠨ᠂ ᠲᠤᠰᠬᠠᠢ ᠤᠷᠤᠨ ᠤ ᠲᠡᠰ ᠤᠨ ᠬᠤᠲᠠ ᠶᠢᠨ ᠲᠦᠪᠯᠡᠷᠡᠭᠰᠡᠨ ᠬᠡᠯᠪᠡᠷᠢ ᠶᠢᠨ ᠤᠤᠭᠤᠬᠤ ᠤᠰᠤᠨ ᠤ ᠡᠬᠢ ᠰᠤᠷᠪᠤᠯᠵᠢ ᠶᠢᠨ ᠤᠰᠤᠨ ᠤ ᠴᠢᠨᠠᠷ ᠰᠢᠯᠢᠳᠡᠭ ᠰᠠᠶᠢᠨ ᠪᠠᠶᠢᠬᠤ ᠬᠠᠷᠢᠴᠠᠯ ᠎ ᠢ 81%᠎ ᠠᠴᠠ ᠳᠡᠭᠡᠭᠰᠢ ᠬᠦᠷᠦᠭᠦᠯᠦᠨ᠎ᠡ︔ ᠤᠢ ᠰᠢᠭᠤᠢ ᠶᠢᠨ ᠪᠦᠷᠬᠦᠴᠡ ᠶᠢ 23%᠎ ᠳᠤ ᠬᠦᠷᠦᠭᠦᠯᠵᠦ᠂ ᠨᠤᠲᠤᠬ ᠪᠡᠯᠴᠢᠬᠡᠷ ᠤᠨ ᠤᠷᠭᠤᠮᠠᠯ ᠤᠨ ᠪᠦᠷᠬᠦᠴᠡ ᠶᠢᠨ ᠳᠤᠮᠳᠠᠴᠢ ᠬᠡᠮᠵᠢᠶ᠎ᠡ ᠶᠢ 45%᠎ ᠠᠴᠠ ᠳᠡᠭᠡᠭᠰᠢ ᠬᠦᠷᠦᠭᠦᠯᠵᠦ᠂ ᠭᠤᠤᠯ ᠪᠤᠯᠬᠤ ᠠᠮᠢ ᠠᠬᠤᠢ ᠶᠢᠨ ᠰᠢᠰᠲ᠋ᠧᠮ ᠢ ᠰᠠᠶᠢᠨ ᠡᠷᠬᠢᠯᠲᠡ ᠳᠤ ᠤᠷᠤᠭᠤᠯᠤᠨ᠎ᠠ᠃ ᠬᠤᠶᠠᠷ ᠲᠤ᠂ ᠰᠢᠮᠳᠠᠭᠤᠯᠤᠨ ᠪᠠᠶᠢᠴᠠᠭᠠᠵᠤ ᠲᠤᠰᠬᠠᠬᠰᠠᠨ ᠠᠰᠠᠭᠤᠳᠠᠯ ᠢ ᠲᠦᠢᠯᠪᠤᠷᠢᠲᠡᠢ ᠴᠡᠭᠴᠡᠯᠡᠨ ᠰᠠᠶᠢᠵᠢᠷᠠᠭᠤᠯᠤᠨ᠎ᠠ᠃ ᠲᠡᠮᠦᠷ ᠮᠡᠲᠤ ᠬᠠᠳᠠᠨ ᠵᠤᠷᠢᠬ᠂ ᠲᠡᠮᠦᠷ ᠮᠡᠲᠤ ᠬᠠᠳᠠᠭᠤ ᠠᠷᠭ᠎ᠠ᠂ ᠲᠡᠮᠦᠷ ᠮᠡᠲᠤ ᠴᠢᠩᠭ᠎ᠠ ᠰᠠᠬᠢᠯᠭ᠎ᠠ ᠪᠠᠷ ᠡᠷᠡᠰ ᠴᠡᠭᠴᠡᠯᠡᠨ ᠰᠠᠶᠢᠵᠢᠷᠠᠭᠤᠯᠵᠤ ᠲᠣᠭᠤᠰᠢᠲᠠᠢ ᠴᠡᠭᠴᠡᠯᠡᠨ ᠰᠠᠶᠢᠵᠢᠷᠠᠭᠤᠯᠵᠤ᠂ ᠠᠰᠠᠭᠤᠳᠠᠯ ᠢ ᠪᠠᠶᠢᠴᠠᠭᠠᠨ ᠲᠤᠳᠤᠯᠠᠬᠤ ᠦᠭᠡᠢ ᠪᠤᠯ ᠦᠩᠭᠡᠷᠡᠭᠦᠯᠬᠦ ᠦᠭᠡᠢ᠂ ᠲᠦᠢᠯᠪᠤᠷᠢᠲᠠᠢ ᠴᠡᠭᠴᠡᠯᠡᠨ ᠰᠠᠶᠢᠵᠢᠷᠠᠭᠤᠯᠬᠤ ᠦᠭᠡᠢ ᠪᠤᠯ ᠦᠩᠭᠡᠷᠡᠭᠦᠯᠬᠦ ᠦᠭᠡᠢ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠦᠭᠡᠢ ᠪᠤᠯ ᠦᠩᠬᠡᠷᠡᠭᠦᠯᠬᠦ ᠦᠭᠡᠢ᠂ ᠤᠯᠠᠨ ᠲᠦᠮᠡᠨ ᠰᠡᠳᠬᠢᠯ ᠬᠠᠨᠤᠮᠵᠢ ᠦᠭᠡᠢ ᠪᠤᠯ ᠦᠩᠭᠡᠷᠡᠭᠦᠯᠬᠦ ᠦᠭᠡᠢ ᠪᠠᠶᠢᠵᠤ᠂ ᠶᠠᠪᠤᠳᠠᠯ ᠪᠤᠯᠭᠠᠨ ᠳᠤ ᠬᠠᠷᠢᠭᠤᠯᠳᠠ ᠦᠭᠴᠦ ᠠᠰᠠᠭᠤᠳᠠᠯ ᠪᠤᠯᠭᠠᠨ ᠢ ᠲᠦᠢᠯᠪᠤᠷᠢᠲᠡᠢ ᠰᠠᠶᠢᠵᠢᠷᠠᠭᠤᠯᠬᠤ ᠶᠢ ᠪᠠᠲᠤᠯᠠᠨ᠎ᠠ᠃ ᠲᠦᠪ ᠤᠨ ᠤᠷᠴᠢᠨ ᠲᠤᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠯᠲᠠ ᠶᠢᠨ ᠪᠤᠴᠠᠵᠤ ᠪᠠᠶᠢᠴᠠᠭᠠᠨ ᠦᠵᠡᠬᠦ ᠪᠠ ᠨᠤᠲᠤᠭ ᠪᠡᠯᠴᠢᠭᠡᠷ ᠤᠨ ᠠᠮᠢ ᠠᠬᠤᠢ ᠶᠢ ᠲᠤᠰᠬᠠᠢ ᠰᠢᠮᠳᠠᠭᠤᠯᠤᠨ ᠪᠠᠶᠢᠴᠠᠭᠠᠵᠤ ᠬᠠᠷᠢᠭᠤ ᠲᠤᠰᠬᠠᠬᠰᠠᠨ ᠰᠠᠨᠠᠯ ᠳᠤ ᠡᠮᠬᠢᠯᠡᠨ ᠭᠠᠷᠭᠠᠭᠰᠠᠨ 100 ᠠᠰᠠᠭᠤᠳᠠᠯ ᠢ ᠳᠠᠷᠦ᠋ᠢᠬᠠᠨ ᠴᠡᠭᠴᠡᠯᠡᠨ ᠰᠠᠶᠢᠵᠢᠷᠠᠭᠤᠯᠵᠤ ᠳᠡᠶᠢᠯᠬᠦ ᠶᠢ ᠨᠢ ᠳᠠᠷᠤᠢ ᠳᠦᠷᠭᠡᠨ ᠬᠦᠳᠡᠯᠦᠯᠴᠡᠵᠦ ᠪᠠᠶᠢᠭᠠᠳ ᠴᠡᠭᠴᠡᠯᠡᠨ ᠰᠠᠶᠢᠵᠢᠷᠠᠭᠤᠯᠵᠤ᠂ ᠵᠤᠬᠢᠬᠤ ᠴᠠᠭ ᠤᠨ ᠬᠢᠵᠠᠭᠠᠷᠯᠠᠯ ᠤᠨ ᠳᠤᠲᠤᠷ᠎ᠠ ᠪᠡᠶᠡᠯᠡᠭᠦᠯᠬᠦ ᠴᠢᠬᠤᠯᠠ ᠲᠠᠢ ᠶᠢ ᠨᠢ ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠬᠤ ᠶᠢ ᠪᠡᠶᠡᠯᠡᠭᠦᠯᠵᠦ᠂ ᠠᠯᠢᠪᠠ ᠠᠰᠠᠭᠤᠳᠠᠯ ᠢ 2020 ᠣᠨ ᠪᠤᠯᠲᠠᠯ᠎ᠠ ᠴᠠᠭ ᠤᠨ ᠳᠠᠷᠠᠭᠠᠯᠠᠯ ᠤᠨ ᠠᠬᠢᠴᠠ ᠶᠤᠰᠤᠭᠠᠷ ᠴᠡᠭᠴᠡᠯᠡᠨ ᠰᠠᠶᠢᠵᠢᠷᠠᠭᠤᠯᠵᠤ ᠲᠠᠭᠤᠰᠬᠠᠬᠤ ᠶᠢ ᠪᠠᠲᠤᠯᠠᠨ᠎ᠠ᠃ ᠭᠤᠷᠪᠠ ᠳᠤ᠂ ᠠᠮᠢ ᠠᠬᠤᠢ ᠶᠢᠨ ᠪᠤᠯᠪᠠᠰᠤᠨ ᠤ ᠳᠦᠷᠢᠮ ᠢ ᠪᠦᠷᠢᠨᠰᠢᠭᠦᠯᠦᠨ ᠲᠡᠭᠦᠯᠳᠡᠷᠵᠢᠭᠦᠯᠦᠨ᠎ᠠ᠃ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠲᠠ ᠪᠤᠯᠤᠨ ᠪᠤᠬᠢᠷᠲᠤᠯ ᠦᠭᠡᠢ ᠬᠦᠭᠵᠢᠯᠲᠡ ᠶᠢᠨ ᠪᠤᠭᠤᠮᠢ ᠬᠦᠯᠢᠶᠡᠰᠦᠯᠡᠯ ᠳᠤ ᠴᠢᠭᠯᠡᠬᠦᠯᠵᠤ᠂ ᠪᠤᠳᠠᠲᠠᠢ ᠠᠰᠠᠭᠤᠳᠠᠯ ᠬᠢᠬᠡᠳ ᠨᠡᠶᠢᠲᠡᠴᠢ ᠴᠢᠨᠠᠷᠲᠠᠢ ᠠᠰᠠᠭᠤᠳᠠᠯ ᠢ ᠰᠢᠢᠳᠪᠦᠷᠢᠯᠡᠬᠦ᠂ ᠤᠳᠤᠬᠠᠨ ᠤ ᠠᠰᠠᠭᠤᠳᠠᠯ ᠬᠢᠬᠡᠳ ᠠᠯᠤᠰ ᠬᠤᠯᠠ ᠶᠢᠨ ᠠᠰᠠᠭᠤᠳᠠᠯ ᠢ ᠰᠢᠢᠳᠪᠦᠷᠢᠯᠡᠬᠦ ᠶᠢ ᠤᠷᠭᠠᠨᠢᠭ ᠢᠶᠠᠷ ᠤᠶᠠᠯᠳᠤᠭᠤᠯᠵᠤ᠂ ᠠᠮᠢ ᠠᠬᠤᠢ ᠤᠷᠴᠢᠨ ᠲᠤᠭᠤᠷᠢᠨ ᠤ ᠠᠰᠠᠭᠤᠳᠠᠯ ᠤᠨ ᠠᠷᠤ ᠳᠠᠬᠢ ᠭᠦᠨ ᠳᠠᠪᠬᠤᠷᠭ᠎ᠠ ᠶᠢᠨ ᠰᠢᠯᠲᠠᠭᠠᠨ ᠢ ᠭᠦᠨᠵᠡᠭᠡᠢ ᠠᠭᠤᠳᠠᠯᠵᠤ᠂ ᠠᠮᠢ ᠠᠬᠤᠢ ᠤᠷᠴᠢᠨ ᠲᠤᠭᠤᠷᠢᠨ ᠤ ᠳᠦᠷᠢᠮ ᠤᠨ ᠰᠢᠰᠲ᠋ᠧᠮᠵᠢ ᠪᠤᠯᠤᠨ ᠪᠤᠬᠢᠷᠲᠤᠯ ᠢ ᠰᠡᠷᠭᠡᠶᠢᠯᠡᠨ ᠵᠠᠰᠠᠬᠤ ᠤᠷᠲᠤ ᠬᠤᠭᠤᠴᠠᠭᠠᠨ ᠤ ᠪᠦᠲᠦᠮᠵᠢᠲᠡᠢ ᠲᠤᠬᠲᠠᠴᠠ ᠶᠢ ᠲᠠᠰᠤᠷᠠᠯᠲᠠ ᠦᠭᠡᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠲᠠ ᠶᠢᠨ ᠬᠠᠷᠢᠭᠤᠴᠠᠯᠭ᠎ᠠ ᠶᠢᠨ ᠰᠢᠰᠲ᠋ᠧᠮᠵᠢ ᠶᠢ ᠨᠠᠶᠢᠳᠠᠪᠤᠷᠢᠵᠢᠭᠤᠯᠤᠨ᠂ ᠠᠮᠢ ᠠᠬᠤᠢ ᠤᠷᠴᠢᠨ ᠲᠤᠭᠤᠷᠢᠨ ᠎ ᠤ ᠬᠠᠮᠠᠭᠠᠯᠠᠯᠲᠠ ᠶᠢᠨ ᠬᠠᠤᠯᠢ ᠲᠤᠬᠲᠠᠭᠠᠯ ᠲᠦᠷᠦ ᠶᠢᠨ ᠪᠤᠳᠤᠯᠭ᠎ᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠤᠨ ᠴᠢᠩᠭ᠎ᠠ ᠬᠡᠷᠡᠭᠵᠢᠭᠦᠯᠵᠦ᠂ ᠬᠠᠮᠤᠭ ᠤᠨ ᠲᠦᠪ ᠴᠢᠩᠭ᠎ᠠ ᠳᠦᠷᠢᠮ ᠪᠤᠯᠤᠨ ᠬᠠᠮᠤᠭ ᠤᠨ ᠨᠠᠷᠢᠨ ᠴᠢᠩᠭ᠎ᠠ ᠬᠠᠤᠯᠢᠵᠢᠯ ᠢᠶᠠᠷ ᠠᠮᠢ ᠠᠬᠤᠢ ᠤᠷᠴᠢᠨ‌‍ᠲ᠋ᠤᠭᠤᠷᠢᠨ ᠢ ᠬᠠᠮᠠᠭᠠᠯᠠᠵᠤ᠂ ᠠᠮᠢ ᠠᠬᠤᠢ ᠤᠷᠴᠢᠨ ᠲᠤᠭᠤᠷᠢᠨ ᠤ ᠵᠠᠰᠠᠯᠲᠠ ᠎ ᠶᠢᠨ ᠰᠢᠰᠲ᠋ᠧᠮᠵᠢ ᠪᠤᠯᠤᠨ ᠵᠠᠰᠠᠯᠲᠠ ᠶᠢᠨ ᠴᠢᠳᠠᠪᠤᠷᠢ ᠶᠢᠨ ᠤᠳᠤᠬᠢᠴᠢᠯᠠᠯᠲᠠ ᠶᠢ ᠠᠬᠢᠭᠤᠯᠤᠨ᠎ᠠ᠃      ︽ᠴᠡᠭᠴᠡᠯᠡᠨ ᠰᠠᠶᠢᠵᠢᠷᠠᠭᠤᠯᠬᠤ ᠲᠦᠰᠦᠯ︾᠎ ᠳᠤ ᠲᠦᠪ ᠤᠨ ᠤᠷᠴᠢᠨ ᠲᠤᠭᠤᠷᠢᠨ ᠤ ᠬᠠᠮᠠᠭᠠᠯᠠᠯᠲᠠ ᠶᠢ ᠰᠢᠮᠳᠠᠭᠤᠯᠤᠨ ᠪᠠᠶᠢᠴᠠᠭᠠᠯᠲᠠ ᠶᠢᠨ ᠪᠤᠴᠠᠵᠤ ᠪᠠᠶᠢᠴᠠᠭᠠᠨ ᠦᠵᠡᠬᠦ ᠪᠠ ᠨᠤᠲᠤᠭ ᠪᠡᠯᠴᠢᠭᠡᠷ ᠤᠨ ᠠᠮᠢ ᠠᠬᠤᠢ ᠤᠷᠴᠢᠨ ᠲᠤᠭᠤᠷᠢᠨ ᠢ ᠲᠤᠰᠬᠠᠢ ᠰᠢᠮᠳᠠᠭᠤᠯᠤᠨ ᠪᠠᠶᠢᠴᠠᠭᠠᠵᠤ ᠬᠠᠷᠢᠭᠤ ᠲᠤᠰᠬᠠᠬᠰᠠᠨ ᠰᠠᠨᠠᠯ ᠢ 100 ᠲᠦᠷᠦᠯ ᠤᠨ ᠴᠡᠭᠴᠡᠯᠡᠨ ᠰᠠᠶᠢᠵᠢᠷᠠᠭᠤᠯᠬᠤ ᠡᠭᠦᠷᠭᠡ ᠪᠤᠯᠭᠠᠨ ᠡᠮᠬᠢᠯᠡᠨ ᠨᠠᠷᠢᠯᠢᠭᠵᠢᠭᠤᠯᠵᠤ᠂ ᠲᠦᠷᠦᠯ ᠲᠠᠷᠠᠭᠠᠯᠠᠨ ᠬᠠᠷᠢᠭᠤᠴᠠᠯᠭ᠎ᠠ ᠎ ᠶᠢᠨ ᠨᠢᠭᠡᠴᠢ᠂ ᠬᠢᠨᠠᠨ ᠬᠠᠮᠢᠶᠠᠷᠬᠤ ᠨᠢᠭᠡᠴᠢ᠂ ᠴᠡᠭᠴᠡᠯᠡᠨ ᠰᠠᠶᠢᠵᠢᠷᠠᠭᠤᠯᠬᠤ ᠴᠠᠭ ᠤᠨ ᠬᠢᠵᠠᠭᠠᠷᠯᠠᠯ᠂ ᠴᠡᠭᠴᠡᠯᠡᠨ ᠰᠠᠶᠢᠵᠢᠷᠠᠭᠤᠯᠬᠤ ᠬᠠᠷᠠᠯᠲᠠ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠠ ᠪᠤᠯᠤᠨ ᠬᠢᠨᠠᠨ ᠬᠠᠮᠢᠶᠠᠷᠬᠤ ᠠᠷᠭ᠎ᠠ ᠬᠡᠮᠵᠢᠶ᠎ᠠ ᠶᠢ ᠲᠤᠲᠤᠷᠬᠠᠢᠢᠯᠠᠵᠤ᠂ 6 ᠲᠠᠯ᠎ᠠ ᠶᠢᠨ ᠭᠤᠤᠯᠳᠠᠯᠭᠠᠲᠤ ᠠᠷᠭ᠎ᠠ ᠬᠡᠮᠵᠢᠶ᠎ᠠ ᠶᠢ ᠲᠤᠬᠲᠠᠭᠠᠪᠠ᠄ ᠨᠢᠭᠡ ᠳᠤ᠂ ᠤᠯᠤᠰ ᠲᠦᠷᠦ ᠶᠢᠨ ᠵᠤᠬᠰᠤᠴᠡ ᠪᠠᠨ ᠳᠡᠭᠡᠭᠰᠢᠯᠡᠭᠦᠯᠵᠦ᠂ ᠰᠢ ᠶᠢᠨ ᠫᠢᠩ ᠤᠨ ᠠᠮᠢ ᠠᠬᠤᠢ ᠶᠢᠨ ᠪᠤᠯᠪᠠᠰᠤᠨ ᠤ ᠦᠵᠡᠯ ᠰᠠᠨᠠᠭ᠎ᠠ ᠶᠢ ᠡᠷᠡᠰ ᠭᠤᠶᠢᠪᠢᠰᠢ ᠦᠭᠡᠢ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠤᠨ᠎ᠠ᠃ ᠰᠢ ᠶᠢᠨ ᠫᠢᠩ ᠎ ᠤᠨ ᠠᠮᠢ ᠠᠬᠤᠢ ᠶᠢᠨ ᠪᠤᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠰᠢ ᠶᠢᠨ ᠫᠢᠩ ᠤᠨ ᠠᠮᠢ ᠠᠬᠤᠢ ᠶᠢᠨ ᠪᠤᠯᠪᠠᠰᠤᠨ ᠤ ᠦᠵᠡᠯ ᠰᠠᠨᠠᠭ᠎ᠠ ᠶᠢ ᠰᠤᠷᠤᠯᠴᠠᠠ ᠤᠬᠠᠭᠤᠯᠵᠤ  ᠲᠤᠭᠤᠰᠢᠯᠠᠭᠤᠯᠬᠤ ᠶᠢ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠤᠯᠭᠠᠨ᠂ ᠰᠢ ᠶᠢᠨ ᠫᠢᠩ ᠤᠨ ᠠᠮᠢ ᠠᠬᠤᠢ ᠶᠢᠨ ᠪᠤᠯᠪᠠᠰᠤᠨ ᠤ ᠦᠵᠡᠯ ᠰᠠᠨᠠᠭ᠎ᠠ ᠪᠠᠷ ᠦᠨᠡᠨ ᠬᠦ ᠣᠶᠣᠨ ᠰᠠᠨᠠᠭ᠎ᠠ ᠪᠠᠨ ᠵᠡᠪᠰᠡᠭᠯᠡᠨ ᠦᠢᠯᠡᠳᠦᠯᠭᠡ ᠪᠠᠨ ᠵᠢᠯᠤᠭᠤᠳᠤᠭᠤᠯᠵᠤ ᠠᠵᠢᠯ ᠢᠶᠠᠨ ᠠᠬᠢᠭᠤᠯᠤᠨ᠎ᠠ᠃ ᠰᠢᠨ᠎ᠠ ᠬᠦᠭᠵᠢᠯᠲᠡ ᠶᠢᠨ ᠣᠨᠣᠯᠵᠢᠬᠤᠨ ᠢ ᠡᠷᠡᠰ ᠭᠤᠶᠢᠪᠢᠰᠢ ᠦᠭᠡᠢ ᠪᠠᠷ ᠲᠤᠭᠤᠰᠢᠯᠠᠭᠤᠯᠵᠤ᠂ ᠰᠢᠨ᠎ᠠ ᠶᠢ ᠡᠭᠦᠳᠬᠦ᠂ ᠵᠤᠬᠢᠴᠠᠩᠭᠤᠢ᠂ ᠪᠤᠬᠢᠷᠲᠤᠯ ᠦᠭᠡᠢ᠂ ᠨᠡᠭᠡᠬᠡᠯᠲᠡᠳᠤ᠂ ᠬᠠᠮᠲᠤ ᠪᠠᠷ ᠡᠳ᠋ᠯᠡᠬᠦ ᠬᠦᠭᠵᠢᠯᠲᠡ ᠶᠢᠨ ᠣᠨᠣᠯᠵᠢᠬᠤᠨ ᠢ ᠡᠷᠡᠰ ᠲᠤᠭᠤᠰᠢᠯᠠᠭᠤᠯᠵᠤ᠂ ᠪᠤᠬᠢᠷᠲᠤᠯ ᠦᠭᠡᠢ ᠬᠦᠭᠵᠢᠯᠲᠡ ᠪᠠᠷ ᠠᠮᠢ ᠠᠬᠤᠢ ᠤᠷᠴᠢᠨ ᠲᠤᠭᠤᠷᠢᠨ ᠤ ᠠᠰᠠᠭᠤᠳᠠᠯ ᠢ ᠰᠢᠢᠳᠪᠦᠷᠢᠯᠡᠬᠦ ᠦᠨᠳᠦᠰᠦᠨ ᠠᠷᠭ᠎ᠠ ᠪᠤᠳᠤᠯᠭ᠎ᠠ ᠪᠠᠨ ᠪᠤᠯᠭᠠᠬᠤ ᠶᠢ ᠪᠠᠷᠢᠮᠲᠠᠯᠠᠨ᠂ ᠨᠤᠭᠤᠭᠠᠨ ᠦᠡᠭᠭᠡ ᠶᠢ ᠢᠮᠠᠬᠲᠠ ᠦᠪᠦᠷ ᠮᠤᠩᠭᠤᠯ ᠤᠨ ᠦᠪᠡᠷᠮᠢᠴᠡ ᠲᠠᠪᠠᠭᠤᠯᠢᠭ ᠪᠠ ᠦᠨ᠎ᠠ ᠦᠷᠲᠡᠭ ᠪᠤᠯᠭᠠᠨ᠎ᠠ᠃ ᠠᠵᠥ ᠠᠬᠤᠢ ᠶᠢᠨ ᠴᠢᠨᠠᠷ ᠰᠠᠶᠢᠳᠠᠢ ᠬᠦᠭᠵᠢᠯᠳᠡ ᠬᠢᠬᠡᠳ ᠠᠮᠢ ᠠᠬᠤᠢ ᠤᠷᠴᠢᠨ ᠳᠤᠭᠤᠷᠢᠨ ᠎ ᠤ ᠦᠨᠳᠦᠷ ᠳᠦᠪᠰᠢᠨ ᠪᠦᠬᠦᠢ ᠬᠠᠮᠠᠭᠠᠯᠠᠯᠳᠠ ᠶᠢ ᠵᠤᠬᠢᠴᠠᠭᠤᠯᠤᠨ ᠬᠦᠭᠵᠢᠬᠦᠯᠵᠤ᠂ ᠠᠵᠥ ᠠᠬᠤᠢ ᠶᠢᠨ ᠴᠢᠨᠠᠷ ᠰᠠᠶᠢᠳᠠᠢ ᠬᠦᠭᠵᠢᠯᠳᠡ ᠶᠢ ᠯᠠᠪᠳᠠᠭᠤᠨ ᠪᠠᠳᠤᠳᠠᠢ ᠠᠬᠢᠭᠤᠯᠤᠨ᠂ ᠬᠦᠭᠵᠢᠯᠳᠡ ᠶᠢᠨ ᠶᠠᠰᠤ ᠴᠢᠨᠠᠷ ᠪᠤᠯᠤᠨ ᠦᠷ᠎ᠡ ᠠᠰᠢᠬ ᠢ ᠨᠡᠮᠡᠭᠳᠡᠬᠦᠯᠵᠥ᠂ ᠠᠮᠢ ᠠᠬᠤᠢ ᠤᠷᠴᠢᠨ ᠳᠤᠭᠤᠷᠢᠨ ᠤ ᠠᠰᠠᠭᠤᠳᠠᠯ ᠢ ᠡᠬᠢ ᠥᠨᠲᠥᠰᠥ ᠠᠴᠠ ᠨᠢ ᠰᠢᠢᠳᠪᠦᠷᠢᠯᠡᠨ᠎ᠠ᠃ ᠦᠪᠡᠷᠳᠡᠬᠡᠨ ᠵᠠᠰᠠᠬᠤ ᠤᠷᠤᠨ ᠤ ᠠᠮᠢ ᠠᠬᠤᠢ ᠶᠢᠨ ᠬᠠᠮᠠᠭᠠᠯᠠᠯᠳᠠ ᠶᠢᠨ ᠤᠯᠠᠭᠠᠨ ᠱᠤᠭᠤᠮ ᠢ ᠳᠦᠷᠬᠡᠳᠬᠡᠨ ᠳᠤᠬᠳᠠᠭᠠᠵᠥ᠂ ︽ᠭᠤᠷᠪᠠᠨ ᠱᠤᠭᠤᠮ ᠨᠢᠬᠡ ᠳᠠᠩᠰᠠ︾᠎ ᠶᠢᠨ ᠬᠠᠳᠠᠭᠤ ᠬᠢᠵᠠᠭᠠᠷᠯᠠᠯ ᠢ ᠨᠠᠶᠢᠳᠠᠪᠤᠷᠢᠵᠢᠭᠤᠯᠵᠥ᠂ ᠠᠵᠥ ᠠᠬᠤᠢ ᠶᠢᠨ ᠪᠦᠳᠦᠴᠡ ᠶᠢᠨ ᠬᠡᠯᠪᠡᠷᠢ ᠶᠢ ᠬᠤᠪᠢᠷᠠᠭᠤᠯᠤᠨ ᠳᠡᠰ ᠳᠡᠪᠰᠢᠬᠦᠯᠬᠦ ᠪᠠ ᠰᠢᠨ᠎ᠡ ᠬᠠᠭᠤᠴᠢᠨ ᠬᠦᠳᠡᠯᠬᠡᠬᠦ ᠡᠨᠧᠷᠬᠢ ᠶᠢᠨ ᠦᠷᠬᠦᠯᠵᠢᠯᠡᠨ ᠰᠤᠯᠢᠭᠳᠠᠬᠤ ᠶᠢ ᠠᠬᠢᠭᠤᠯᠤᠨ᠎ᠠ᠃ ᠬᠤᠶᠠᠷ ᠲᠤ ︽ᠳᠦᠷᠪᠡᠨ ᠤᠬᠠᠮᠰᠠᠷ︾᠎ ᠢ ᠪᠠᠳᠤ ᠪᠤᠢ ᠪᠤᠯᠭᠠᠵᠥ᠂ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠪᠤᠯᠤᠨ ᠠᠮᠢ ᠠᠬᠤᠢ ᠤᠷᠴᠢᠨ ᠳᠤᠭᠤᠷᠢᠨ ᠤ ᠬᠠᠮᠠᠭᠠᠯᠠᠯᠳᠠ ᠶᠢᠨ ᠤᠯᠤᠰ ᠳᠦᠷᠦ ᠶᠢᠨ ᠡᠬᠦᠷᠬᠡ ᠶᠢ ᠦᠨᠡᠨ ᠬᠦ ᠡᠬᠦᠷᠬᠡᠯᠡᠨ᠎ᠠ᠃ ᠨᠠᠮ ᠤᠨ ᠳᠦᠪ ᠬᠤᠷᠢᠶ᠎ᠠ᠂ ᠳᠦᠷᠦ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠳᠤ ᠪᠤᠳᠤᠯᠭ᠎ᠠ ᠶᠢᠨ ᠪᠠᠶᠢᠷᠢᠯᠠᠭᠤᠯᠤᠯᠳᠠ ᠶᠢ ᠡᠷᠡᠰ ᠲᠣᠭᠤᠰᠢᠯᠠᠭᠤᠯᠵᠤ᠂ ︽ᠬᠤᠶᠠᠷ ᠢ ᠬᠠᠮᠠᠭᠠᠯᠠᠬᠤ︾᠎ ᠶᠢ ᠦᠢᠯᠡᠳᠦᠯᠬᠡᠵᠢᠬᠦᠯᠵᠤ ᠤᠯᠤᠰ ᠳᠦᠷᠦ ᠶᠢᠨ ᠰᠠᠬᠢᠯᠭ᠎ᠠ ᠪᠠᠳᠤ ᠪᠤᠯᠤᠨ ᠤᠯᠤᠰ ᠳᠦᠷᠦ ᠶᠢᠨ ᠶᠤᠰᠤ ᠳᠦᠷᠢᠮ ᠢ ᠵᠢᠷᠤᠮᠯᠠᠨ ᠰᠠᠬᠢᠬᠤ ᠦᠨᠳᠤᠷᠴᠡ ᠠᠴᠠ ᠶᠡᠷᠦᠩᠬᠡᠢ ᠱᠦᠵᠢ ᠰᠢ ᠶᠢᠨ ᠫᠢᠩ ᠤᠨ ︽ᠦᠪᠦᠷ ᠮᠤᠩᠭᠤᠯ ᠢ ᠮᠠᠨ ᠤ ᠤᠯᠤᠰ ᠤᠨ ᠤᠮᠠᠷᠠᠳᠤ ᠶᠢᠨ ᠴᠢᠬᠤᠯᠠ ᠠᠮᠢ ᠠᠬᠤᠢ ᠶᠢᠨ ᠠᠮᠤᠷ ᠳᠦᠪᠰᠢᠨ ᠤ ᠬᠠᠯᠬᠠᠪᠴᠢ ᠪᠤᠯᠭᠠᠨ ᠪᠦᠳᠦᠬᠡᠨ ᠪᠠᠶᠢᠭᠤᠯᠬᠤ ᠪᠠᠷ ᠴᠢᠷᠮᠠᠶᠢᠬᠤ ᠬᠡᠷᠡᠭᠳᠡᠢ︾᠂ ︽ᠡᠬᠡ ᠤᠯᠤᠰ ᠤᠨ ᠤᠮᠠᠷᠠᠳᠤ ᠶᠢᠨ ᠳᠦᠮᠡᠨ ᠭᠠᠵᠠᠷ ᠤᠨ ᠨᠤᠮᠢᠨ ᠨᠤᠭᠤᠭᠠᠨ ᠤᠷᠳᠤ ᠴᠠᠭᠠᠨ ᠬᠡᠷᠡᠮ ᠢ ᠴᠤᠬᠴᠠᠯᠠᠬᠤ ᠬᠡᠷᠡᠭᠳᠡᠢ︾ ᠬᠡᠰᠡᠨ ᠴᠢᠩ ᠰᠡᠳᠬᠢᠯ ᠤᠨ ᠨᠠᠶᠢᠳᠠᠯᠭ᠎ᠠ ᠶᠢ ᠨᠡᠩ ᠯᠠᠪᠳᠠᠭᠤᠨ ᠪᠠᠳᠤᠳᠠᠢ ᠪᠦᠬᠡᠳ ᠬᠦᠴᠤᠳᠠᠢ ᠲᠤᠭᠤᠰᠢᠯᠠᠭᠤᠯᠤᠨ᠎ᠠ᠃ ︽ᠨᠠᠮ ᠵᠠᠰᠠᠬ ᠬᠠᠮᠳᠤ ᠪᠠᠷ ᠬᠠᠷᠢᠭᠤᠴᠠᠯᠭ᠎ᠠ ᠡᠬᠦᠷᠬᠡᠯᠡᠬᠦ︾᠂ ︽ᠨᠢᠭᠡ ᠠᠵᠢᠯ ᠤᠨ ᠪᠠᠶᠢᠷᠢ ᠳᠤ  ᠬᠤᠶᠠᠷ ᠬᠠᠷᠢᠭᠤᠴᠠᠯᠭ᠎ᠠ ᠲᠠᠢ ᠪᠠᠶᠢᠬᠤ︾᠎ ᠶᠢ ᠴᠢᠩᠭ᠎ᠠ ᠨᠠᠶᠢᠳᠠᠪᠤᠷᠢᠵᠢᠭᠤᠯᠵᠥ᠂ ᠡᠯ᠎ᠡ ᠱᠠᠳᠤᠨ ᠤ ᠨᠠᠮ ᠤᠨ ᠬᠤᠷᠢᠶ᠎ᠠ᠂ ᠵᠠᠰᠠᠬ ᠤᠨ ᠤᠷᠳᠤᠨ ᠠᠴᠠ ᠳᠤᠰ ᠵᠠᠰᠠᠬ ᠵᠠᠬᠢᠷᠭᠠᠨ ᠤ ᠤᠷᠤᠨ ᠳᠠᠬᠢ ᠠᠮᠢ ᠠᠬᠤᠢ ᠤᠷᠴᠢᠨ ᠳᠤᠭᠤᠷᠢᠨ ᠤ ᠶᠠᠰᠤ ᠴᠢᠨᠠᠷ ᠲᠤ ᠶᠡᠷᠦᠩᠬᠡᠢ ᠬᠠᠷᠢᠭᠤᠴᠠᠯᠭ᠎ᠠ ᠶᠢ ᠡᠬᠦᠷᠬᠡᠯᠡᠵᠥ᠂ ︽ᠨᠠᠮ ᠵᠠᠰᠠᠬ ᠬᠠᠮᠳᠤ ᠪᠠᠷ ᠬᠠᠷᠢᠭᠤᠴᠠᠯᠭ᠎ᠠ ᠡᠬᠦᠷᠬᠡᠯᠡᠬᠦ᠂ ᠨᠢᠭᠡ ᠠᠵᠢᠯ ᠤᠨ ᠪᠠᠶᠢᠷᠢ ᠳᠤ ᠬᠤᠶᠠᠷ ᠬᠠᠷᠢᠭᠤᠴᠠᠯᠭ᠎ᠠ ᠲᠠᠢ ᠪᠠᠶᠢᠬᠤ᠂ ᠬᠠᠷᠢᠭᠤᠴᠠᠯᠭ᠎ᠠ ᠠᠯᠳᠠᠪᠠᠯ ᠨᠡᠬᠡᠮᠵᠢᠯᠡᠬᠦ︾᠎ ᠶᠢ ᠴᠢᠩᠭᠠᠳᠬᠠᠵᠥ᠂ ᠬᠦᠭᠵᠢᠯᠳᠡ ᠶᠢ ᠬᠠᠮᠢᠶᠠᠷᠬᠤ ᠳᠤ ᠡᠷᠬᠡᠪᠰᠢ ᠤᠷᠴᠢᠨ ᠳᠤᠭᠤᠷᠢᠨ ᠤ ᠬᠠᠮᠠᠭᠠᠯᠠᠯᠳᠠ ᠶᠢ ᠬᠠᠮᠢᠶᠠᠷᠬᠤ᠂ ᠦᠢᠯᠡᠳᠪᠦᠷᠢᠯᠡᠯ ᠢ ᠬᠠᠮᠢᠶᠠᠷᠬᠤ ᠳᠤ ᠡᠷᠬᠡᠪᠰᠢ ᠤᠷᠴᠢᠨ ᠳᠤᠭᠤᠷᠢᠨ ᠎ ᠤ ᠬᠠᠮᠠᠭᠠᠯᠠᠯᠳᠠ ᠶᠢ ᠬᠠᠮᠢᠶᠠᠷᠬᠤ᠂ ᠠᠵᠢᠯ ᠳᠦᠷᠦᠯ ᠢ ᠬᠠᠮᠢᠶᠠᠷᠬᠤ ᠳᠤ ᠡᠷᠬᠡᠪᠰᠢ ᠤᠷᠴᠢᠨ ᠳᠤᠭᠤᠷᠢᠨ ᠤ ᠬᠠᠮᠠᠭᠠᠯᠠᠯᠳᠠ ᠶᠢ ᠬᠠᠮᠢᠶᠠᠷᠬᠤ ᠠᠮᠢ ᠠᠬᠤᠢ ᠤᠷᠴᠢᠨ ᠳᠤᠭᠤᠷᠢᠨ ᠤ ᠬᠠᠮᠠᠭᠠᠯᠠᠯᠳᠠ ᠶᠢᠨ ᠠᠵᠢᠯ ᠤᠨ ᠬᠠᠷᠢᠭᠤᠴᠠᠯᠭ᠎ᠠ ᠶᠢᠨ ᠰᠢᠰᠲ᠋ᠧᠮᠵᠢ ᠶᠢ ᠳᠤᠬᠳᠠᠭᠠᠨ᠎ᠠ᠃ ᠰᠢᠮᠳᠠᠭᠤᠯᠤᠨ ᠪᠠᠶᠢᠴᠠᠭᠠᠵᠥ ᠴᠡᠭᠴᠡᠯᠡᠨ ᠰᠠᠶᠢᠵᠢᠷᠠᠭᠤᠯᠬᠤ ᠦᠵᠡᠯ ᠰᠠᠨᠠᠭᠠᠨ ᠤ ᠤᠬᠠᠮᠰᠠᠷ ᠪᠤᠯᠤᠨ ᠦᠢᠯᠡ ᠠᠵᠢᠯᠯᠠᠭ᠎ᠠ ᠶᠢᠨ ᠤᠬᠠᠮᠰᠠᠷ ᠢᠶᠠᠨ ᠦᠨᠡᠨ ᠬᠦ ᠴᠢᠩᠭᠠᠳᠬᠠᠵᠥ᠂ ᠴᠡᠭᠴᠡᠯᠡᠨ ᠰᠠᠶᠢᠵᠢᠷᠠᠭᠤᠯᠬᠤ ᠠᠵᠢᠯ ᠢ ᠢᠮᠠᠬᠳᠠ ᠴᠢᠬᠤᠯᠠ ᠶᠡᠭᠡ ᠤᠯᠤᠰ ᠳᠦᠷᠦ ᠶᠢᠨ ᠡᠬᠦᠷᠬᠡ᠂ ᠠᠷᠠᠳ ᠤᠨ ᠠᠮᠢᠳᠤᠷᠠᠯ ᠤᠨ ᠢᠨᠵᠧᠨᠧᠷᠢᠩ ᠪᠠ ᠬᠦᠭᠵᠢᠯᠳᠡ ᠶᠢᠨ ᠠᠵᠠ ᠳᠤᠬᠢᠶᠠᠯ ᠢᠶᠠᠨ ᠪᠤᠯᠭᠠᠨ᠂ ᠰᠢᠮᠳᠠᠭᠤᠯᠤᠨ ᠪᠠᠶᠢᠴᠠᠭᠠᠵᠥ ᠬᠠᠷᠢᠭᠤ ᠳᠤᠰᠬᠠᠬᠰᠠᠨ ᠰᠠᠨᠠᠯ ᠢ ᠠᠵᠢᠯ ᠢᠶᠠᠨ ᠰᠠᠶᠢᠵᠢᠷᠠᠭᠤᠯᠬᠤ ᠴᠢᠩᠭ᠎ᠠ ᠶᠡᠭᠡ ᠬᠦᠳᠡᠯᠬᠡᠬᠦ ᠬᠦᠴᠦᠨ ᠪᠤᠯᠭᠠᠨ ᠬᠤᠪᠢᠷᠠᠭᠤᠯᠵᠥ᠂ ᠠᠰᠠᠭᠤᠳᠠᠯ ᠢ ᠰᠢᠢᠳᠪᠦᠷᠢᠯᠡᠬᠦ ᠪᠦᠳᠦᠮᠵᠢᠳᠡᠢ ᠠᠷᠭ᠎ᠠ ᠪᠤᠳᠤᠯᠭ᠎ᠠ ᠪᠤᠯᠭᠠᠨ ᠬᠤᠪᠢᠷᠠᠭᠤᠯᠵᠥ᠂ ᠠᠮᠢ ᠠᠬᠤᠢ ᠤᠷᠴᠢᠨ ᠳᠤᠭᠤᠷᠢᠨ ᠤ ᠶᠠᠰᠤ ᠴᠢᠨᠠᠷ ᠢ ᠰᠠᠶᠢᠵᠢᠷᠠᠭᠤᠯᠬᠤ ᠪᠤᠳᠠᠳᠤ ᠦᠷ᠎ᠡ ᠪᠦᠳᠦᠮᠵᠢ ᠪᠤᠯᠭᠠᠨ ᠬᠤᠪᠢᠷᠠᠭᠤᠯᠵᠥ᠂ ᠰᠢᠮᠳᠠᠭᠤᠯᠤᠨ ᠪᠠᠶᠢᠴᠠᠭᠠᠵᠥ ᠴᠡᠭᠴᠡᠯᠡᠨ ᠰᠠᠶᠢᠵᠢᠷᠠᠭᠤᠯᠬᠤ ᠪᠤᠳᠠᠳᠠᠢ ᠠᠵᠢᠯᠯᠠᠭ᠎ᠠ ᠪᠠᠷ ᠢᠶᠠᠨ ᠤᠯᠤᠰ ᠳᠦᠷᠦ ᠶᠢᠨ ᠦᠨᠡᠨᠴᠢ ᠰᠢᠳᠤᠷᠭᠤ ᠪᠠᠨ ᠲᠤᠳᠤᠷᠠᠭᠤᠯᠤᠨ᠎ᠠ᠃ ᠭᠤᠷᠪᠠ ᠳᠤ᠂ ᠭᠤᠤᠯᠲᠠᠯᠭ᠎ᠠ ᠲᠠᠢ ᠪᠠ ᠲᠦᠪᠡᠭᠳᠡᠢ ᠠᠰᠠᠭᠤᠲᠠᠯ ᠳᠤ ᠴᠢᠭᠯᠡᠭᠦᠯᠵᠦ᠂ ᠠᠮᠢ ᠠᠬᠤᠢ ᠤᠷᠴᠢᠨ ᠲᠤᠭᠤᠷᠢᠨ ᠤ ᠲᠤᠪᠤᠶᠢᠮ᠎ᠠ ᠠᠰᠠᠭᠤᠲᠠᠯ ᠢ ᠲᠦᠷᠭᠡᠡ ᠰᠢᠢᠳᠪᠦᠷᠢᠯᠡᠨ᠎ᠠ᠃ ᠬᠦᠯᠦᠨ ᠨᠠᠭᠤᠷ᠂ ᠲᠠᠭ᠎ᠠ ᠶᠢᠨ ᠨᠠᠭᠤᠷ ᠪᠠ ᠤᠯᠠᠭᠠᠨᠰᠤᠬᠠᠢ ᠶᠢᠨ ᠠᠮᠢ ᠠᠬᠤᠢ ᠤᠷᠴᠢᠨ ᠲᠤᠭᠤᠷᠢᠨ ᠤ ᠶᠡᠷᠦᠩᠭᠡᠶᠢᠯᠡᠭᠰᠡᠨ ᠵᠠᠰᠠᠯᠲᠠ ᠶᠢ ᠲᠦᠷᠭᠡᠳᠬᠡᠨ ᠠᠬᠢᠭᠤᠯᠵᠦ᠂ ᠵᠠᠰᠠᠯᠲᠠ ᠶᠢᠨ ᠲᠦᠯᠦᠪᠵᠢᠭᠦᠯᠭᠡ ᠶᠢ ᠲᠦᠷᠭᠡᠡ ᠵᠠᠰᠠᠠ ᠨᠠᠶᠢᠷᠠᠭᠤᠯᠵᠦ᠂ ᠪᠡᠯᠡ ᠤᠷᠤᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠤᠨ᠂ ᠠᠮᠢ ᠠᠬᠤᠢ ᠪᠤᠯᠤᠨ ᠤᠷᠴᠢᠨ ᠲᠤᠭᠤᠷᠢᠨ ᠢ ᠶᠡᠷᠦᠩᠭᠡᠶᠢᠯᠡᠡ ᠵᠠᠰᠠᠬᠤ ᠢᠨᠵᠧᠨᠧᠷᠢᠩ ᠢ ᠲᠦᠷᠭᠡᠡ ᠭᠡᠷᠡᠭᠵᠢᠭᠦᠯᠦᠨ᠎ᠠ᠃ ᠨᠤᠭᠤ ᠭᠠᠵᠠᠷ ᠤᠨ ᠠᠮᠢ ᠠᠬᠤᠢ ᠶᠢ ᠰᠡᠷᠭᠦᠭᠡᠬᠦ ᠪᠠ ᠬᠠᠮᠠᠭᠠᠯᠠᠬᠤ ᠶᠢ ᠴᠢᠩᠭᠠᠳᠬᠠᠵᠦ᠂ ᠤᠤᠯ ᠤᠨ ᠨᠤᠭᠤ ᠭᠠᠵᠠᠷ ᠤᠨ ᠰᠢᠰᠲ᠋ᠧᠮ ᠪᠤᠶᠤ ᠰᠢᠨ᠎ᠠ ᠪᠠᠷ ᠨᠡᠮᠡᠭᠲᠡᠭᠰᠡᠡ ᠵᠤᠬᠢᠶᠠᠮᠠᠯ ᠨᠤᠭᠤ ᠭᠠᠵᠠᠷ ᠢ ᠠᠯᠬᠤᠮ ᠠᠯᠬᠤᠮ ᠢᠶᠠᠷ ᠰᠡᠷᠭᠦᠭᠡᠵᠦ᠂ ᠤᠷᠴᠢᠨ ᠲᠤᠭᠤᠷᠢᠨ ᠤ ᠪᠠᠭᠲᠠᠭᠠᠮᠵᠢ ᠶᠢᠨ ᠭᠡᠮᠵᠢᠶ᠎ᠠ ᠶᠢ ᠨᠢ ᠨᠡᠮᠡᠭᠲᠡᠭᠦᠯᠦᠨ᠎ᠠ᠃ ᠪᠠᠶᠢᠭᠠᠯᠢ ᠶᠢᠨ ᠬᠠᠮᠠᠭᠠᠯᠠᠯᠲᠠ ᠶᠢᠨ ᠤᠷᠤᠨ ᠤ ᠬᠢᠨᠠᠯᠲᠠ ᠬᠠᠮᠢᠶᠠᠷᠤᠯᠲᠠ ᠶᠢ ᠪᠦᠬᠦ ᠲᠠᠯ᠎ᠠ ᠪᠠᠷ ᠴᠢᠩᠭᠠᠳᠬᠠᠠ᠂ ᠪᠠᠶᠢᠭᠠᠯᠢ ᠶᠢᠨ ᠬᠠᠮᠠᠭᠠᠯᠠᠯᠲᠠ ᠶᠢᠨ ᠤᠷᠤᠨ ᠤ ᠲᠤᠲᠤᠷᠠᠬᠢ ᠦᠢᠯᠡᠳᠪᠦᠷᠢ ᠠᠭᠤᠷᠬᠠᠢ ᠠᠵᠦ ᠠᠬᠤᠢᠢᠯᠠᠯ ᠢ ᠤᠬᠤᠷᠢᠭᠤᠯᠤᠨ ᠭᠠᠷᠭᠠᠬᠤ ᠪᠠ ᠠᠭᠤᠷᠬᠠᠢ ᠎ ᠶᠢᠨ ᠭᠠᠵᠠᠷ ᠰᠢᠨᠵᠢᠯᠡᠭᠡᠡ ᠤ ᠤᠷᠴᠢᠨ ᠲᠤᠭᠤᠷᠢᠨ ᠢ ᠰᠡᠷᠭᠦᠭᠡᠠ ᠵᠠᠰᠠᠬᠤ ᠡᠬᠦᠷᠭᠡ ᠬᠠᠷᠠᠯᠲᠠ ᠶᠢ ᠲᠤᠭᠲᠠᠭᠰᠠᠠ ᠴᠠᠭ ᠲᠤ ᠪᠠᠨ ᠪᠡᠶᠡᠯᠡᠭᠦᠯᠵᠦ᠂ ᠤᠯᠤᠰ ᠤᠨ ᠴᠡᠴᠡᠷᠯᠢᠭ ᠢᠶᠠᠷ ᠭᠤᠤᠯ ᠴᠤᠭᠴᠠ ᠪᠤᠯᠭᠠᠭᠰᠠᠠ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠤᠨ ᠰᠢᠰᠲ᠋ᠧᠮᠵᠢ ᠶᠢᠨ ᠪᠠᠶᠢᠭᠤᠯᠤᠯᠲᠠ ᠶᠢ ᠠᠬᠢᠭᠤᠯᠵᠦ᠂ ᠪᠠᠶᠢᠭᠠᠯᠢ ᠶᠢᠨ ᠬᠠᠮᠠᠭᠠᠯᠠᠯᠲᠠ ᠎ ᠶᠢᠨ ᠭᠠᠵᠠᠷ ᠤᠨ ᠬᠤᠯᠪᠤᠭᠲᠠᠯ ᠪᠦᠬᠦᠢ ᠬᠠᠤᠯᠢ ᠲᠤᠭᠲᠠᠭᠠᠯ ᠪᠠ ᠬᠠᠮᠢᠶᠠᠷᠤᠯᠲᠠ ᠶᠢᠨ ᠲᠦᠷᠢᠮ ᠢ ᠪᠠᠶᠢᠭᠤᠯᠤᠨ ᠲᠡᠭᠦᠯᠲᠡᠷᠵᠢᠭᠦᠯᠦᠨ᠎ᠠ᠃ ᠤᠰᠤᠨ ᠤ ᠡᠬᠢ ᠪᠠᠶᠠᠯᠢᠭ ᠤᠨ ᠤᠷᠴᠢᠨ ᠲᠤᠭᠤᠷᠢᠨ ᠤ ᠬᠠᠮᠠᠭᠠᠯᠠᠯᠲᠠ ᠶᠢ ᠴᠢᠩᠭᠠᠳᠬᠠᠠ᠂ ᠭᠤᠤᠯ ᠤᠨ ᠲᠠᠷᠤᠭ᠎ᠠ ᠶᠢᠨ ᠲᠦᠷᠢᠮ᠂ ᠨᠠᠭᠤᠷ ᠤᠨ ᠲᠠᠷᠤᠭ᠎ᠠ ᠶᠢᠨ ᠲᠦᠷᠢᠮ ᠢ ᠪᠦᠬᠦ ᠲᠠᠯ᠎ᠠ ᠪᠠᠷ ᠨᠠᠶᠢᠲᠠᠪᠤᠷᠢᠵᠢᠭᠤᠯᠤᠨ᠂ ᠬᠠᠮᠤᠭ ᠤᠨ ᠴᠢᠩᠭ᠎ᠠ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢ ᠭᠡᠷᠡᠭᠵᠢᠭᠦᠯᠵᠦ᠂ ᠠᠵᠦ ᠦᠢᠯᠡᠳᠪᠦᠷᠢ ᠶᠢᠨ ᠠᠵᠦ ᠠᠬᠤᠢᠢᠯᠠᠯ ᠤᠨ ᠭᠠᠵᠠᠷ ᠲᠤᠤᠷᠠᠬᠢ ᠤᠰᠤ ᠶᠢ ᠲᠦᠷᠢᠮ ᠠᠴᠠ ᠵᠦᠷᠢᠴᠡᠡ ᠭᠡᠷᠡᠭᠯᠡᠬᠦ ᠎ ᠶᠢ ᠴᠠᠭᠠᠵᠠᠯᠠᠨ᠎ᠠ᠃ ᠪᠤᠵᠠᠷ ᠤᠰᠤ ᠬᠤᠷᠢᠶᠠᠬᠤ ᠨᠤᠷᠮ᠎ᠠ ᠪᠤᠯᠤᠨ ᠪᠤᠵᠠᠷ ᠤᠰᠤ ᠶᠢ ᠰᠢᠢᠳᠪᠦᠷᠢᠯᠡᠬᠦ ᠦᠢᠯᠡᠳᠪᠦᠷᠢ ᠎ ᠶᠢᠨ ᠡᠷᠬᠢᠯᠳᠡ ᠶᠢᠨ ᠲᠠᠭᠠᠭᠠᠴᠠ ᠶᠢ ᠪᠦᠬᠦ ᠲᠠᠯ᠎ᠠ ᠪᠠᠷ ᠲᠡᠭᠡᠭᠰᠢᠯᠡᠭᠦᠯᠵᠤ᠂ ᠰᠠᠭᠤᠭᠠᠯᠢ ᠠᠷᠠᠳ ᠤᠨ ᠬᠡᠷᠡᠭᠯᠡᠭᠰᠡᠨ ᠤ ᠲᠠᠷᠠᠭᠠᠬᠢ ᠬᠠᠶᠠᠭᠳᠠᠮᠠᠯ ᠪᠠ ᠪᠤᠬᠢᠷ ᠤᠰᠤ ᠶᠢ ᠲᠠᠬᠢᠨ ᠭᠡᠷᠡᠭᠯᠡᠬᠦ ᠨᠤᠷᠮ᠎ᠠ ᠶᠢ ᠠᠯᠬᠤᠮ ᠠᠯᠬᠤᠮ ᠢᠶᠠᠷ ᠲᠡᠭᠡᠭᠰᠢᠯᠡᠭᠦᠯᠦᠨ᠎ᠠ᠃ ᠠᠭᠠᠷ ᠮᠠᠠᠲᠠᠯ ᠤᠨ ᠪᠤᠬᠢᠷᠲᠤᠯ ᠢ ᠰᠡᠷᠭᠡᠶᠢᠯᠡᠡ ᠵᠠᠰᠠᠬᠤ ᠲᠤᠪᠤᠶᠢᠮ᠎ᠠ ᠠᠰᠠᠭᠤᠲᠠᠯ ᠢ ᠪᠦᠲᠦᠮᠵᠢᠲᠠᠢ ᠰᠢᠢᠳᠪᠦᠷᠢᠯᠡᠵᠤ᠂ ᠰᠢᠲᠠᠭᠠᠯᠭ᠎ᠠ ᠶᠢᠨ ᠨᠡᠭᠦᠷᠡᠰᠦᠨ ᠤ ᠪᠤᠬᠢᠷᠲᠤᠯ ᠢ ᠶᠠᠷᠦᠩᠬᠡᠶᠢᠯᠡᠨ ᠴᠡᠭᠴᠡᠯᠡᠡ ᠵᠠᠰᠠᠬᠤ ᠎ ᠶᠢ ᠠᠬᠢᠭᠤᠯᠵᠦ᠂ ᠬᠤᠲᠠ ᠶᠢᠨ ᠢᠯᠴᠢ ᠬᠠᠩᠭᠠᠯᠭ᠎ᠠ ᠶᠢᠨ ᠪᠦᠲᠦᠴᠡ ᠶᠢ ᠰᠢᠯᠢᠲᠡᠭᠵᠢᠬᠦᠯᠦᠨ᠂ ᠠᠵᠦ ᠦᠢᠯᠡᠳᠪᠦᠷᠢ ᠶᠢᠨ ᠠᠵᠦ ᠠᠬᠤᠢᠢᠯᠠᠯ ᠤᠨ ᠦᠯᠡᠭᠦᠴᠡ ᠢᠯᠴᠢ ᠶᠢ ᠠᠰᠢᠠᠠᠯᠠᠬᠤ ᠶᠢ ᠠᠬᠢᠭᠤᠯᠵᠦ᠂ ᠬᠤᠲᠠ ᠬᠦᠲᠡᠭᠡ ᠎ ᠶᠢᠨ ᠰᠢᠲᠠᠭᠠᠯᠭ᠎ᠠ ᠶᠢᠨ ᠨᠡᠭᠦᠷᠡᠰᠦᠨ ᠤ ᠦᠭᠡᠷᠡᠴᠢᠯᠡᠠ ᠪᠠᠶᠢᠭᠤᠯᠤᠯᠲᠠ ᠶᠢ ᠲᠦᠷᠭᠡᠳᠭᠡᠵᠦ᠂ ᠬᠤᠲᠠ ᠶᠢᠨ ᠪᠦᠲᠦᠭᠡᠡ ᠪᠠᠶᠢᠭᠤᠯᠤᠯᠲᠠ ᠶᠢᠨ ᠲᠤᠭᠤᠷᠢᠭ ᠲᠠᠬᠢ ᠴᠠᠭ ᠪᠦᠷᠢ ᠳᠤ 10 ᠠᠭᠤᠷᠰᠢᠯ ᠲᠤᠨ ᠵᠢᠴᠢ ᠡᠭᠦᠨ ᠠᠴᠠ ᠲᠤᠷᠤᠭᠰᠢᠬᠢ ᠨᠡᠭᠦᠷᠡᠰᠦ ᠰᠢᠲᠠᠭᠠᠬᠤ ᠬᠦᠸᠧᠯᠦ ᠶᠢ ᠪᠦᠬᠦ ᠲᠠᠯ᠎ᠠ ᠪᠠᠷ ᠰᠢᠭᠰᠢᠭᠲᠡᠭᠦᠯᠦᠨ᠂ ᠠᠭᠠᠷ ᠮᠠᠠᠲᠠᠯ ᠤᠨ ᠶᠠᠰᠤ ᠴᠢᠨᠠᠷ ᠢ ᠴᠢᠨᠠᠭᠰᠢᠲᠠ ᠰᠠᠶᠢᠵᠢᠷᠠᠭᠤᠯᠤᠨ᠎ᠠ᠃ ᠠᠵᠦ ᠦᠢᠯᠡᠳᠪᠦᠷᠢ ᠶᠢᠨ ᠬᠦᠷᠢᠶᠡᠯᠡᠩ ᠲᠤᠭᠤᠷᠢᠭ ᠤᠨ ᠤᠷᠴᠢᠨ ᠲᠤᠭᠤᠷᠢᠨ ᠤ ᠰᠠᠭᠤᠷᠢ ᠪᠡᠯᠡᠳᠬᠡᠮᠵᠢ ᠶᠢᠨ ᠲᠤᠲᠠᠭᠤᠲᠠᠯ ᠢᠶᠠᠨ ᠲᠦᠷᠭᠡᠡ ᠨᠦᠬᠦᠪᠦᠷᠢᠯᠡᠵᠦ᠂ ᠬᠦᠷᠢᠶᠡᠯᠡᠩ ᠲᠤᠭᠤᠷᠢᠭ ᠤᠨ ᠲᠦᠪᠯᠡᠷᠡᠩᠬᠦᠢ ᠬᠡᠯᠪᠡᠷᠢ ᠶᠢᠨ ᠪᠤᠵᠠᠷ ᠤᠰᠤ ᠰᠢᠢᠳᠪᠦᠷᠢᠯᠡᠬᠦ  ᠪᠡᠯᠡᠳᠬᠡᠮᠵᠢ᠂ ᠬᠠᠲᠠᠭᠤ ᠪᠡᠶᠡᠲᠦ ᠬᠠᠶ᠋ᠬᠠᠲᠠᠮᠠᠯ ᠪᠤᠲᠠᠰ ᠎ ᠤᠨ ᠲᠠᠯᠠᠪᠠᠢ ᠵᠡᠷᠭᠡ ᠤᠷᠴᠢᠨ ᠲᠤᠭᠤᠷᠢᠨ ᠤ ᠰᠠᠭᠤᠷᠢ ᠪᠡᠯᠡᠳᠬᠡᠮᠵᠢ ᠶᠢᠨ ᠪᠦᠲᠦᠭᠡᠡ ᠪᠠᠶᠢᠭᠤᠯᠤᠯᠲᠠ ᠶᠢ ᠲᠦᠷᠭᠡᠳᠭᠡᠵᠦ᠂ ᠦᠪᠡᠷᠲᠡᠭᠡᠡ ᠵᠠᠰᠬᠠᠤ ᠤᠷᠤᠨ ᠤ ᠲᠡᠰ ᠵᠢᠴᠢ ᠡᠭᠦᠨ ᠠᠴᠠ ᠲᠡᠭᠡᠭᠰᠢᠬᠢ ᠠᠵᠦ ᠦᠢᠯᠡᠳᠪᠦᠷᠢ ᠶᠢᠨ ᠬᠦᠷᠢᠶᠡᠯᠡᠩ ᠲᠤᠭᠤᠷᠢᠭ ᠤᠨ ᠲᠦᠪᠯᠡᠷᠡᠩᠬᠦᠢ ᠬᠡᠯᠪᠡᠷᠢ ᠶᠢᠨ ᠪᠤᠵᠠᠷ ᠤᠰᠤ ᠰᠢᠢᠳᠪᠦᠷᠢᠯᠡᠬᠦ ᠦᠢᠯᠡᠳᠪᠦᠷᠢ ᠪᠠ ᠬᠠᠶᠠᠭᠳᠠᠮᠠᠯ ᠪᠤᠲᠠᠰ ᠤᠨ ᠲᠠᠯᠠᠪᠠᠢ ᠶᠢᠨ ᠪᠦᠲᠦᠭᠡᠡ ᠪᠠᠶᠢᠭᠤᠯᠤᠯᠲᠠ ᠶᠢᠨ ᠡᠬᠦᠷᠭᠡ ᠶᠢ ᠪᠦᠬᠦ ᠲᠠᠯ᠎ᠠ ᠪᠠᠷ ᠪᠡᠶᠡᠯᠡᠭᠦᠯᠤᠨ᠎ᠠ᠃ ᠬᠠᠲᠠᠭᠤ ᠪᠡᠶᠡᠲᠦ ᠬᠠᠶ᠋ᠬᠠᠲᠠᠮᠠᠯ ᠪᠤᠲᠠᠰ ᠤᠨ ᠵᠢᠷᠤᠮᠵᠢᠭᠰᠠᠠ ᠬᠠᠮᠢᠶᠠᠷᠤᠯᠲᠠ ᠶᠢ ᠦᠨᠡᠡ ᠬᠦ ᠴᠢᠩᠭᠠᠳᠬᠠᠠ᠂ ᠠᠵᠦ ᠦᠢᠯᠡᠳᠪᠦᠷᠢ ᠶᠢᠨ ᠬᠠᠲᠠᠭᠤ ᠪᠡᠶᠡᠲᠦ ᠬᠠᠶ᠋ᠬᠠᠲᠠᠮᠠᠯ ᠪᠤᠲᠠᠰ ᠢ ᠡᠬᠢ ᠥᠨᠲᠥᠰᠥ ᠠᠴᠠ ᠨᠢ ᠪᠠᠭᠠᠰᠬᠠᠬᠤ ᠪᠠ ᠶᠡᠷᠦᠩᠭᠡᠶᠢᠯᠡᠡ ᠠᠰᠢᠠᠠᠯᠠᠬᠤ ᠶᠢ ᠴᠢᠩᠭᠠᠳᠬᠠᠵᠦ᠂ ᠠᠵᠦ ᠠᠬᠤᠢᠢᠯᠠᠯ ᠤᠨ ᠡᠷᠬᠢᠯᠲᠠᠳᠤ ᠦᠢᠯᠡᠳᠪᠦᠷᠢᠯᠡᠯ᠂ ᠬᠦᠷᠢᠶᠡᠯᠡᠩ ᠲᠤᠭᠤᠷᠢᠭ ᠤᠨ ᠡᠷᠬᠢᠯᠲᠠᠳᠤ ᠬᠦᠭᠵᠢᠯᠲᠠ᠂ ᠠᠵᠦ ᠦᠢᠯᠡᠰ ᠤᠨ ᠡᠷᠬᠢᠯᠲᠠᠳᠤ ᠬᠤᠯᠪᠤᠯᠳᠠ ᠶᠢ ᠠᠬᠢᠭᠤᠯᠵᠦ᠂ ᠬᠠᠲᠠᠭᠤ ᠪᠡᠶᠡᠲᠦ ᠬᠠᠶ᠋ᠬᠠᠲᠠᠮᠠᠯ ᠪᠤᠲᠠᠰ ᠢ ᠶᠡᠷᠦᠩᠭᠡᠶᠢᠯᠡᠡ ᠠᠰᠢᠠᠠᠯᠠᠬᠤ ᠲᠦᠪᠰᠢᠨ ᠢ ᠲᠡᠭᠡᠭᠰᠢᠯᠡᠭᠦᠯᠦᠨ᠎ᠠ᠃ ᠲᠦᠷᠪᠡ ᠳᠤ᠂ ᠴᠢᠩᠭ᠎ᠠ ᠪᠤᠳᠠᠳᠠᠢ ᠪᠠᠶᠢᠬᠤ ᠶᠢ ᠪᠠᠷᠢᠮᠳᠠᠯᠠᠵᠤ᠂ ᠰᠢᠮᠳᠠᠭᠤᠯᠤᠨ ᠪᠠᠶᠢᠴᠠᠭᠠᠵᠦ ᠴᠡᠭᠴᠡᠯᠡᠨ ᠰᠠᠶᠢᠵᠢᠷᠠᠭᠤᠯᠬᠤ ᠠᠵᠢᠯ ᠢ ᠪᠤᠳᠠᠳᠠᠢ ᠳᠤ ᠨᠠᠶᠢᠳᠠᠪᠤᠷᠢᠵᠢᠭᠤᠯᠵᠦ ᠦᠷ᠎ᠠ ᠪᠦᠲᠦᠮᠵᠢ ᠭᠠᠷᠭᠠᠬᠤ ᠶᠢ ᠪᠠᠳᠤᠯᠠᠨ᠎ᠠ᠃ ᠴᠡᠭᠴᠡᠯᠡᠨ ᠰᠠᠶᠢᠵᠢᠷᠠᠭᠤᠯᠬᠤ ᠪᠠᠷᠢᠮᠵᠢᠶ᠎ᠠ ᠶᠢ ᠴᠢᠩᠳᠠᠯᠠᠨ᠎ᠠ᠃ ᠴᠡᠭᠴᠡᠯᠡᠨ ᠰᠠᠶᠢᠵᠢᠷᠠᠭᠤᠯᠬᠤ ᠡᠬᠦᠷᠬᠡ ᠶᠢᠨ ᠨᠠᠷᠢᠨ ᠲᠠᠩᠰᠠ ᠲᠠᠢ ᠨᠠᠷᠢᠨ ᠬᠢᠨᠠᠮᠠᠭᠠᠢ ᠬᠠᠷᠢᠴᠠᠭᠤᠯᠵᠤ᠂ ᠴᠡᠭᠴᠡᠯᠡᠨ ᠰᠠᠶᠢᠵᠢᠷᠠᠭᠤᠯᠬᠤ ᠲᠠᠩᠰᠠ ᠵᠤᠬᠢᠶᠠᠨ᠂ ᠴᠡᠭᠴᠡᠯᠡᠨ ᠰᠠᠶᠢᠵᠢᠷᠠᠭᠤᠯᠬᠤ ᠡᠬᠦᠷᠬᠡ ᠶᠢᠨ ᠪᠢᠴᠢᠭ᠂ ᠬᠠᠷᠢᠭᠤᠴᠠᠯᠭ᠎ᠠ ᠶᠢᠨ ᠲᠦᠷᠢᠮ᠂ ᠴᠠᠬ ᠤᠨ ᠬᠦᠰᠦᠨᠦᠭ ᠢ ᠨᠢᠬᠡ ᠨᠢᠬᠡ ᠵᠤᠷᠪᠤᠰ ᠨᠢᠬᠡ ᠨᠢᠬᠡ ᠲᠦᠷᠦᠯ ᠢᠶᠠᠷ ᠲᠤᠳᠤᠷᠬᠠᠢᠢᠯᠠᠵᠤ᠂ ᠠᠰᠠᠭᠤᠳᠠᠯ ᠤᠨ ᠴᠡᠭᠴᠡᠯᠡᠨ ᠰᠠᠶᠢᠵᠢᠷᠠᠭᠤᠯᠤᠯᠳᠠ ᠨᠢ ᠬᠢᠨᠠᠨ ᠪᠠᠶᠢᠴᠠᠭᠠᠯᠳᠠ ᠶᠢ ᠲᠠᠭᠠᠭᠠᠵᠦ ᠲᠡᠶᠢᠯᠬᠦ᠂ ᠰᠢᠯᠭᠠᠨ ᠪᠠᠶᠢᠴᠠᠭᠠᠯᠳᠠ ᠶᠢ ᠲᠠᠭᠠᠭᠠᠵᠦ ᠲᠡᠶᠢᠯᠬᠦ ᠶᠢ ᠪᠠᠳᠤᠯᠠᠨ᠎ᠠ᠃ ᠴᠡᠭᠴᠡᠯᠡᠨ ᠰᠠᠶᠢᠵᠢᠷᠠᠭᠤᠯᠬᠤ ᠰᠠᠬᠢᠯᠭ᠎ᠠ ᠪᠠᠳᠤ ᠶᠢ ᠴᠢᠩᠳᠠᠯᠠᠨ ᠲᠤᠳᠤᠷᠬᠠᠢᠢᠯᠠᠵᠦ᠂ ᠰᠢᠮᠳᠠᠭᠤᠯᠤᠨ ᠪᠠᠶᠢᠴᠠᠭᠠᠵᠦ ᠴᠡᠭᠴᠡᠯᠡᠨ ᠰᠠᠶᠢᠵᠢᠷᠠᠭᠤᠯᠤᠬᠰᠠᠨ ᠨᠢ ᠬᠦᠴᠦᠳᠡᠢ ᠪᠢᠰᠢ᠂ ︽ᠦᠩᠬᠡᠨ ᠲᠠᠯ᠎ᠠ ᠲᠡᠭᠡᠷ᠎ᠠ ᠴᠡᠭᠴᠡᠯᠡᠨ ᠰᠠᠶᠢᠵᠢᠷᠠᠭᠤᠯᠬᠤ︾᠂ ︽ᠬᠠᠭᠤᠷᠮᠠᠬ ᠢᠶᠠᠷ ᠴᠡᠭᠴᠡᠯᠡᠨ ᠰᠠᠶᠢᠵᠢᠷᠠᠭᠤᠯᠬᠤ︾᠂ ︽ᠠᠷᠭᠠᠴᠠᠭᠠᠵᠦ ᠴᠡᠭᠴᠡᠯᠡᠨ ᠰᠠᠶᠢᠵᠢᠷᠠᠭᠤᠯᠬᠤ︾᠂ ︽ᠪᠠᠴᠢᠮ ᠲᠠᠪᠴᠢᠭᠤ ᠪᠠᠷ ᠴᠡᠭᠴᠡᠯᠡᠨ ᠰᠠᠶᠢᠵᠢᠷᠠᠭᠤᠯᠬᠤ︾ ᠵᠡᠷᠬᠡ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠳᠠ ᠶᠢᠨ ᠬᠦᠷᠢᠶ᠎ᠠ ᠴᠠᠷᠠᠭ᠎ᠠ ᠳᠠᠬᠢ ᠬᠡᠯᠪᠡᠷᠢᠴᠢ ᠦᠵᠡᠯ ᠪᠠ ᠨᠤᠶᠠᠨᠴᠢ ᠰᠤᠷᠳᠠᠯ ᠤᠨ ᠠᠰᠠᠭᠤᠳᠠᠯ ᠢ ᠡᠷᠡᠰ ᠴᠡᠭᠴᠡᠯᠡᠨ ᠵᠠᠰᠠᠵᠦ᠂ ᠬᠠᠤᠯᠢ ᠶᠤᠰᠤᠭᠠᠷ ᠬᠠᠮᠢᠶ᠎ᠠ ᠪᠦᠬᠦᠢ ᠬᠦᠮᠦᠨ ᠠᠴᠠ ᠬᠠᠷᠢᠭᠤᠴᠠᠯᠭ᠎ᠠ ᠶᠢ ᠴᠢᠩᠭ᠎ᠠ ᠨᠡᠬᠡᠮᠵᠢᠯᠡᠨ᠂ ᠬᠠᠷᠢᠭᠤᠴᠠᠯᠭ᠎ᠠ ᠲᠤᠯᠭᠠᠬᠤ ᠶᠢᠨ ᠵᠢᠷᠦᠬᠡᠰᠢᠶᠡᠬᠦᠯᠬᠦ ᠦᠢᠯᠡᠳᠦᠯ ᠪᠠ ᠲᠦᠷᠢᠮ ᠤᠨ ᠡᠬᠢ ᠦᠨᠳᠦᠰᠦ ᠠᠴᠠ ᠨᠢ ᠵᠠᠰᠠᠬᠤ ᠦᠢᠯᠡᠳᠦᠯ ᠢ ᠪᠠᠳᠠᠷᠠᠭᠤᠯᠤᠨ᠎ᠠ᠃ ︽ᠨᠢᠬᠡ ᠯᠡ ᠪᠠᠷᠢᠮᠵᠢᠶ᠎ᠠ ᠪᠠᠷ ᠪᠠᠷᠢᠮᠵᠢᠶᠠᠯᠠᠬᠤ︾᠂ ︽ᠪᠦᠬᠦᠨ ᠢ ᠬᠠᠭᠠᠵᠦ ᠵᠤᠬᠰᠤᠭᠠᠬᠤ︾᠎ ᠶᠢ ᠴᠢᠩᠭ᠎ᠠ ᠴᠠᠭᠠᠵᠠᠯᠠᠵᠤ᠂ ︽ᠤᠷᠢᠳ ᠢᠶᠠᠷ ᠵᠤᠬᠰᠤᠭᠠᠵᠦ ᠪᠠᠶᠢᠭᠠᠳ ᠮᠡᠳᠡᠬᠦ︾ ᠵᠡᠷᠬᠡ ᠠᠷᠭᠠᠴᠠᠭᠠᠬᠤ ᠬᠢᠳᠡᠯ ᠢ ᠴᠢᠩᠭ᠎ᠠ ᠴᠠᠭᠠᠵᠠᠯᠠᠨ᠂ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠳᠠ ᠪᠠᠷ ᠰᠢᠯᠳᠠᠬᠯᠠᠵᠦ ᠪᠠᠴᠢᠮ ᠶᠠᠭᠠᠷᠠᠯᠳᠠᠢ ᠪᠠᠷ ᠪᠠᠷᠢᠯᠭ᠎ᠠ ᠶᠢ ᠵᠤᠬᠰᠤᠭᠠᠬᠤ᠂ ᠠᠵᠢᠯ ᠢ ᠵᠤᠬᠰᠤᠭᠠᠬᠤ᠂ ᠦᠢᠯᠡᠳᠪᠦᠷᠢᠯᠡᠯ ᠢ ᠵᠤᠬᠰᠤᠭᠠᠬᠤ ᠵᠡᠷᠬᠡ ᠲᠦᠬᠦᠮ ᠪᠦᠳᠦᠬᠦᠯᠢᠭ ᠠᠵᠢᠯᠯᠠᠭ᠎ᠠ ᠬᠢᠬᠦ ᠠᠴᠠ ᠡᠷᠡᠰ ᠵᠠᠶᠢᠯᠠᠰᠬᠢᠵᠦ᠂ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠳᠠ ᠶᠢ ᠰᠢᠮᠳᠠᠭᠤᠯᠤᠨ ᠪᠠᠶᠢᠴᠠᠭᠠᠬᠤ ᠵᠡᠷᠬᠡ ᠨᠡᠷ᠎ᠠ ᠪᠠᠷ ᠬᠤᠳᠠᠯ ᠬᠠᠭᠤᠷᠮᠠᠭ ᠢᠶᠠᠷ ᠰᠢᠯᠳᠠᠬᠯᠠᠵᠦ ᠬᠠᠤᠯᠢ ᠲᠦᠷᠢᠮ ᠠᠴᠠ ᠵᠦᠷᠢᠴᠡᠭᠰᠡᠨ ᠠᠵᠢᠯᠯᠠᠭ᠎ᠠ ᠦᠷᠨᠢᠬᠦᠯᠬᠦ ᠶᠢ ᠡᠷᠡᠰ ᠬᠤᠷᠢᠬᠯᠠᠨ᠎ᠠ᠃ ᠲᠠᠪᠤ ᠳᠤ᠂ ᠵᠠᠰᠠᠯᠳᠠ ᠶᠢᠨ ᠡᠷᠴᠢᠮ ᠢᠶᠠᠨ ᠴᠢᠩᠭᠠᠷᠡᠭᠤᠯᠵᠤ᠂ ᠨᠤᠳᠤᠬ ᠪᠡᠯᠴᠢᠬᠡᠷ ᠤᠨ ᠠᠮᠢ ᠠᠬᠤᠢ ᠶᠢᠨ ᠬᠠᠮᠠᠭᠠᠯᠠᠯᠳᠠ ᠬᠢᠬᠡᠳ ᠪᠦᠲᠦᠬᠡᠨ ᠪᠠᠶᠢᠭᠤᠯᠤᠯᠳᠠ ᠶᠢ ᠬᠦᠨᠵᠡᠬᠡᠢ ᠦᠷᠨᠢᠬᠦᠯᠤᠨ᠎ᠠ᠃ ᠨᠤᠳᠤᠬ ᠪᠡᠯᠴᠢᠬᠡᠷ ᠎ ᠤᠨ ᠠᠮᠢ ᠠᠬᠤᠢ ᠶᠢᠨ ᠰᠢᠰᠲ᠋ᠧᠮ ᠢ ᠬᠠᠮᠠᠭᠠᠯᠠᠵᠤ ᠰᠡᠷᠬᠦᠬᠡᠬᠦ ᠶᠢ ᠴᠢᠩᠭᠠᠳᠬᠠᠨ᠂ ᠦᠨᠳᠦᠰᠦᠨ ᠨᠤᠳᠤᠬ ᠪᠡᠯᠴᠢᠬᠡᠷ ᠢ ᠬᠠᠮᠠᠭᠠᠯᠠᠬᠤ ᠲᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠦᠨᠳᠦᠰᠦᠨ ᠨᠤᠳᠤᠬ ᠪᠡᠯᠴᠢᠬᠡᠷ ᠤᠨ ᠲᠠᠯᠠᠪᠠᠢ ᠶᠢ ᠪᠠᠭᠠᠰᠬᠠᠬᠤ ᠦᠬᠡᠢ᠂ ᠬᠡᠷᠡᠭᠯᠡᠯᠳᠡ ᠶᠢ ᠬᠤᠪᠢᠷᠠᠭᠤᠯᠬᠤ ᠦᠬᠡᠢ᠂ ᠶᠠᠰᠤ ᠴᠢᠨᠠᠷ ᠢ ᠪᠠᠭᠤᠷᠠᠭᠤᠯᠬᠤ ᠦᠬᠡᠢ ᠪᠠᠶᠢᠬᠤ ᠶᠢ ᠪᠠᠳᠤᠯᠠᠨ᠎ᠠ᠃ ᠪᠡᠯᠴᠢᠬᠡᠷᠯᠡᠬᠦᠯᠬᠦ ᠶᠢ ᠵᠤᠬᠰᠤᠭᠠᠵᠦ ᠪᠡᠯᠴᠢᠬᠡᠷ ᠢ ᠰᠡᠷᠬᠦᠬᠡᠬᠦ ᠪᠠ ᠮᠠᠯ ᠪᠡᠯᠴᠢᠬᠡᠷ ᠤᠨ ᠲᠡᠩᠴᠡᠬᠦᠷᠢ ᠶᠢ ᠪᠠᠳᠤᠯᠠᠬᠤ ᠲᠦᠷᠢᠮ ᠢ ᠴᠢᠩᠭ᠎ᠠ ᠬᠡᠷᠡᠭᠵᠢᠬᠦᠯᠵᠤ᠂ ᠨᠤᠳᠤᠬ ᠪᠡᠯᠴᠢᠬᠡᠷ ᠤᠨ ᠡᠬᠢ ᠪᠠᠶᠠᠯᠢᠬ ᠢ ᠵᠦᠢ ᠵᠤᠬᠢᠰᠳᠠᠢ ᠪᠠᠷ ᠦᠷᠬᠦᠯᠵᠢᠯᠡᠨ ᠠᠰᠢᠬᠯᠠᠬᠤ᠂ ᠰᠡᠷᠬᠦᠬᠡᠨ ᠰᠠᠶᠢᠵᠢᠷᠠᠭᠤᠯᠬᠤ ᠶᠢ ᠪᠡᠶᠡᠯᠡᠬᠦᠯᠤᠨ᠎ᠠ᠃ ᠨᠤᠳᠤᠬ ᠪᠡᠯᠴᠢᠬᠡᠷ ᠢ ᠪᠦᠲᠦᠬᠡᠨ ᠪᠠᠶᠢᠭᠤᠯᠬᠤ ᠬᠢᠬᠡᠳ ᠰᠡᠷᠬᠦᠬᠡᠬᠦ ᠡᠷᠴᠢᠮ ᠢᠶᠠᠨ ᠴᠢᠩᠭᠠᠷᠠᠭᠤᠯᠵᠤ᠂ ᠲᠠᠴᠢᠷᠰᠢᠵᠦ ᠡᠯᠡᠰᠦᠷᠭᠡᠭᠵᠢᠭᠰᠡᠨ ᠨᠤᠳᠤᠬ ᠪᠡᠯᠴᠢᠬᠡᠷ ᠢ ᠵᠠᠰᠠᠨ᠎ᠠ᠃ ᠨᠤᠳᠤᠬ ᠪᠡᠯᠴᠢᠬᠡᠷ ᠤᠨ ᠠᠮᠢ ᠠᠬᠤᠢ ᠶᠢ ᠡᠪᠳᠡᠬᠦ ᠠᠵᠢᠯᠯᠠᠭ᠎ᠠ ᠳᠤ ᠴᠤᠬᠢᠯᠳᠠ ᠦᠭᠬᠦ ᠡᠷᠴᠢᠮ ᠢᠶᠠᠨ ᠴᠢᠩᠭᠠᠷᠠᠭᠤᠯᠵᠤ᠂ ᠨᠤᠳᠤᠬ ᠪᠡᠯᠴᠢᠬᠡᠷ ᠢ ᠲᠠᠳᠠᠪᠤᠷᠢᠯᠠᠨ ᠡᠵᠡᠯᠡᠵᠦ ᠬᠡᠷᠡᠭᠯᠡᠬᠦ ᠬᠠᠮᠢᠶᠠᠷᠤᠯᠳᠠ ᠶᠢᠨ ᠲᠦᠷᠢᠮ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠤᠨ᠂ ᠨᠤᠳᠤᠬ ᠪᠡᠯᠴᠢᠬᠡᠷ ᠢ ᠲᠠᠳᠠᠪᠤᠷᠢᠯᠠᠨ ᠡᠵᠡᠯᠡᠵᠦ ᠬᠡᠷᠡᠭᠯᠡᠬᠦ ᠶᠢ ᠬᠢᠨᠠᠨ ᠵᠦᠪᠰᠢᠶᠡᠷᠡᠬᠦ ᠲᠡᠰ ᠲᠠᠷᠠᠭᠠᠯᠠᠯ ᠢ ᠴᠢᠩᠳᠠᠯᠠᠵᠦ᠂ ᠨᠤᠳᠤᠬ ᠪᠡᠯᠴᠢᠬᠡᠷ ᠤᠨ ᠬᠠᠤᠯᠢ ᠬᠡᠷᠡᠭᠵᠢᠬᠦᠯᠦᠯᠳᠡ ᠶᠢᠨ ᠡᠷᠴᠢᠮ ᠢᠶᠠᠨ ᠴᠢᠩᠭᠠᠷᠠᠭᠤᠯᠵᠤ᠂ ᠤᠨᠴᠠᠭᠠᠢᠢᠯᠠᠨ ᠠᠮᠢ ᠠᠬᠤᠢ ᠶᠢᠨ ᠬᠦᠨᠳᠡᠬᠦᠷᠳᠤ ᠤᠷᠤᠨ ᠤ ᠨᠤᠳᠤᠬ ᠪᠡᠯᠴᠢᠬᠡᠷ ᠢ ᠲᠠᠳᠠᠪᠤᠷᠢᠯᠠᠨ ᠡᠵᠡᠯᠡᠵᠦ ᠬᠡᠷᠡᠭᠯᠡᠬᠦ ᠬᠠᠮᠢᠶᠠᠷᠤᠯᠳᠠ ᠶᠢ ᠴᠢᠩᠭᠠᠳᠬᠠᠨ᠂ ᠨᠤᠳᠤᠬ ᠪᠡᠯᠴᠢᠬᠡᠷ ᠢ ᠲᠤᠷ᠎ᠠ ᠪᠠᠷ ᠲᠠᠳᠠᠪᠤᠷᠢᠯᠠᠨ ᠡᠵᠡᠯᠡᠬᠦ ᠠᠵᠢᠯᠯᠠᠭ᠎ᠠ ᠶᠢ ᠡᠬᠢ ᠦᠨᠳᠤᠰᠤ ᠠᠴᠠ ᠨᠢ ᠡᠵᠡᠮᠳᠡᠵᠦ᠂ ᠨᠤᠳᠤᠬ ᠪᠡᠯᠴᠢᠬᠡᠷ ᠤᠨ ᠡᠬᠢ ᠪᠠᠶᠠᠯᠢᠬ ᠢ ᠪᠦᠲᠦᠮᠵᠢᠳᠡᠢ ᠬᠠᠮᠠᠭᠠᠯᠠᠬᠤ ᠪᠠ ᠠᠷᠪᠢᠳᠠᠢ ᠪᠠᠷ ᠬᠡᠷᠡᠭᠯᠡᠨ᠎ᠠ᠃ ᠵᠢᠭᠤᠯᠴᠢᠯᠠᠯ ᠳᠤ ᠡᠮᠬᠢ ᠵᠢᠷᠤᠮ ᠦᠬᠡᠢ ᠪᠠᠷ ᠨᠤᠳᠤᠬ ᠪᠡᠯᠴᠢᠬᠡᠷ ᠢ ᠨᠡᠬᠡᠬᠡᠨ ᠡᠵᠡᠯᠡᠬᠦ ᠠᠰᠠᠭᠤᠳᠠᠯ ᠢ ᠡᠷᠡᠰ ᠴᠡᠭᠴᠡᠯᠡᠨ ᠵᠠᠰᠠᠵᠦ᠂ ᠪᠦᠬᠦ ᠤᠷᠤᠨ ᠤ ᠵᠢᠭᠤᠯᠴᠢᠯᠠᠯ ᠤᠨ ᠨᠡᠬᠡᠬᠡᠨ ᠬᠦᠭᠵᠢᠬᠦᠯᠦᠯᠳᠡ ᠳᠤ ᠨᠤᠳᠤᠬ ᠪᠡᠯᠴᠢᠬᠡᠷ ᠢ ᠡᠪᠳᠡᠭᠰᠡᠨ ᠪᠠᠶᠢᠳᠠᠯ ᠢ ᠪᠦᠬᠦ ᠬᠦᠴᠦ ᠪᠠᠷ ᠢᠶᠠᠨ ᠪᠤᠳᠠᠳᠠᠢ ᠬᠠᠷᠭᠤᠭᠤᠯᠵᠦ᠂ ᠬᠦᠯᠦᠨ ᠪᠤᠶᠢᠷ ᠬᠤᠳᠠ᠂ ᠰᠢᠯᠢ ᠶᠢᠨ ᠭᠤᠤᠯ ᠠᠶᠢᠮᠠᠬ᠂ ᠤᠯᠠᠭᠠᠨᠬᠠᠳᠠ ᠬᠤᠳᠠ᠂ ᠤᠯᠠᠭᠠᠨᠴᠠᠪ ᠬᠤᠳᠠ ᠵᠡᠷᠬᠡ ᠠᠶᠢᠮᠠᠬ ᠬᠤᠳᠠ ᠨᠢ ᠨᠤᠳᠤᠬ ᠪᠡᠯᠴᠢᠬᠡᠷ ᠤᠨ ᠵᠢᠭᠤᠯᠴᠢᠯᠠᠯ ᠤᠨ ᠬᠦᠭᠵᠢᠬᠦᠯᠦᠯᠳᠡ ᠶᠢᠨ ᠲᠤᠰᠬᠠᠢ ᠲᠦᠷᠦᠯ ᠤᠨ ᠲᠦᠯᠦᠪᠵᠢᠬᠦᠯᠬᠡ ᠲᠤᠬᠳᠠᠭᠠᠵᠦ᠂ ᠨᠤᠳᠤᠬ ᠪᠡᠯᠴᠢᠬᠡᠷ ᠤᠨ ᠵᠢᠭᠤᠯᠴᠢᠯᠠᠯ ᠤᠨ ᠡᠷᠡᠬᠦᠯ᠂ ᠡᠮᠬᠢ ᠵᠢᠷᠤᠮ ᠲᠠᠢ ᠪᠠᠷ ᠬᠦᠭᠵᠢᠬᠦ ᠶᠢ ᠲᠦᠷᠢᠮᠵᠢᠬᠦᠯᠤᠨ᠎ᠠ᠃ ᠨᠤᠳᠤᠬ ᠪᠡᠯᠴᠢᠬᠡᠷ ᠲᠤ ᠬᠡᠲᠦᠷᠡᠳᠡᠯ᠎ᠠ ᠮᠠᠯ ᠮᠠᠯᠵᠢᠬᠰᠠᠨ ᠠᠰᠠᠭᠤᠳᠠᠯ ᠢ ᠦᠨᠡᠨ ᠬᠦ ᠰᠢᠢᠳᠪᠦᠷᠢᠯᠡᠵᠤ᠂ 33 ᠮᠠᠯᠵᠢᠬᠤ ᠬᠤᠰᠢᠭᠤ ᠰᠢᠶᠠᠨ ᠤ ᠪᠠᠶᠢᠭᠠᠯᠢ ᠶᠢᠨ ᠨᠤᠳᠤᠬ ᠪᠡᠯᠴᠢᠬᠡᠷ ᠤᠨ ᠬᠦᠢᠳᠡᠨ ᠲᠤᠯᠠᠭᠠᠨ ᠤᠯᠠᠷᠢᠯ ᠳᠠᠬᠢ ᠪᠡᠯᠴᠢᠬᠡᠷ ᠤᠨ ᠲᠠᠭᠠᠭᠠᠴᠠ ᠶᠢ ᠰᠢᠨᠵᠢᠯᠡᠬᠦ ᠤᠬᠠᠭᠠᠨᠴᠢ ᠪᠠᠷ ᠬᠠᠷᠭᠤᠭᠤᠯᠤᠨ ᠲᠤᠭᠳᠠᠭᠠᠵᠦ᠂ ᠪᠡᠯᠴᠢᠬᠡᠷ ᠤᠨ ᠲᠠᠷᠤᠭᠠᠰᠤ ᠶᠢ ᠪᠠᠭᠤᠷᠠᠭᠤᠯᠤᠨ ᠬᠡᠳᠦᠷᠡᠲᠡᠯ᠎ᠠ ᠮᠠᠯ ᠮᠠᠯᠵᠢᠬᠤ ᠪᠠᠶᠢᠳᠠᠯ ᠢ ᠪᠦᠲᠦᠮᠵᠢᠳᠡᠢ ᠬᠤᠷᠢᠬᠯᠠᠨ᠎ᠠ᠃ ᠪᠡᠯᠴᠢᠭᠡᠷᠯᠡᠬᠦᠯᠬᠦ ᠶᠢ ᠵᠤᠬᠰᠤᠭᠠᠬᠤ ᠤᠷᠤᠨ ᠳᠤ ᠪᠡᠯᠴᠢᠬᠡᠷᠯᠡᠬᠦᠯᠬᠦ ᠶᠢ ᠵᠤᠬᠰᠤᠭᠠᠬᠤ ᠶᠢ ᠴᠢᠩᠭ᠎ᠠ ᠬᠡᠷᠡᠭᠵᠢᠬᠦᠯᠵᠤ᠂ ᠪᠡᠯᠴᠢᠭᠡᠷᠯᠡᠬᠦᠯᠬᠦ ᠶᠢ ᠵᠤᠬᠰᠤᠭᠠᠬᠤ ᠤᠷᠤᠨ ᠳᠤ ᠮᠠᠯ ᠪᠡᠯᠴᠢᠭᠡᠷᠯᠡᠬᠦᠯᠬᠦ ᠪᠤᠶᠤ ᠮᠠᠯ ᠪᠡᠯᠴᠢᠬᠡᠷ ᠤᠨ ᠲᠡᠩᠴᠡᠬᠦᠷᠢ ᠶᠢ ᠪᠠᠳᠤᠯᠠᠬᠤ ᠲᠤᠬᠳᠠᠭᠠᠯ ᠠᠴᠠ ᠵᠦᠷᠢᠴᠡᠨ ᠬᠡᠲᠦᠷᠡᠳᠡᠯ᠎ᠠ ᠮᠠᠯ ᠮᠠᠯᠵᠢᠬᠤ ᠶᠢ ᠰᠢᠢᠳᠬᠡᠵᠦ ᠲᠤᠷᠭᠠᠬᠤ ᠡᠷᠴᠢᠮ ᠢ ᠴᠢᠩᠭᠠᠷᠠᠭᠤᠯᠤᠨ᠎ᠠ᠃ ᠵᠢᠷᠭᠤᠭ᠎ᠠ ᠳᠤ᠂ ᠦᠩᠬᠡᠨ ᠲᠠᠯ᠎ᠠ ᠪᠠ ᠡᠬᠢ ᠦᠨᠳᠦᠰᠤ ᠠᠴᠠ ᠨᠢ ᠵᠠᠰᠠᠬᠤ ᠶᠢ ᠴᠢᠩᠭᠠᠳᠬᠠᠵᠤ᠂ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠳᠠ ᠶᠢᠨ ᠤᠷᠳᠤ ᠬᠤᠭᠤᠴᠠᠭᠠᠨ ᠤ ᠪᠦᠲᠦᠮᠵᠢᠳᠠᠢ ᠲᠤᠬᠳᠠᠴᠠ ᠶᠢ ᠪᠠᠶᠢᠭᠤᠯᠤᠨ ᠪᠦᠷᠢᠨᠰᠢᠬᠦᠯᠤᠨ᠎ᠠ᠃ ᠠᠮᠢ ᠠᠬᠤᠢ ᠣᠷᠴᠢᠨ ᠲᠣᠭᠤᠷᠢᠨ ᠤ ᠬᠦᠷᠢᠶ᠎ᠡ ᠴᠠᠷᠠᠭᠠᠨ ᠳᠠᠬᠢ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠥᠪᠡᠷᠲᠡᠭᠡᠨ‌ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠪᠠᠶᠢᠭᠤᠯᠤᠮᠵᠢ ᠶᠢᠨ ᠬᠢᠨᠠᠨ ᠬᠡᠮᠵᠢᠯᠳᠠ ᠬᠢᠨᠠᠨ ᠪᠠᠶᠢᠴᠠᠭᠠᠯᠳᠠ ᠬᠠᠤᠯᠢ ᠬᠡᠷᠡᠭᠵᠢᠭᠦᠯᠦᠯᠳᠡ ᠶᠢᠨ ᠰᠢᠭᠤᠳ ᠬᠠᠮᠢᠶᠠᠷᠤᠯᠲᠠ ᠶᠢᠨ ᠳᠦᠷᠢᠮ ᠤᠨ ᠥᠭᠡᠷᠡᠴᠢᠯᠡᠯᠲᠡ ᠲᠠᠢ ᠤᠶᠠᠯᠳᠤᠭᠤᠯᠤᠨ᠂ ᠡᠯ᠎ᠡ ᠱᠠᠲᠤᠨ ᠤ ᠠᠮᠢ ᠠᠬᠤᠢ ᠣᠷᠴᠢᠨ ᠲᠣᠭᠤᠷᠢᠨ ᠤ ᠰᠠᠯᠠᠭ᠎ᠠ ᠮᠥᠴᠢᠷ ᠤᠨ ᠠᠵᠢᠯ ᠶᠠᠪᠤᠳᠠᠯ ᠎ ᠤᠨ ᠡᠷᠬᠡ ᠶᠢᠨ ᠬᠤᠪᠢᠶᠠᠷᠢᠯᠠᠯ ᠪᠠ ᠪᠠᠶᠢᠭᠤᠯᠤᠮᠵᠢ ᠶᠢᠨ ᠪᠠᠶᠢᠷᠢᠯᠠᠭᠤᠯᠤᠯᠲᠠ ᠶᠢ ᠲᠣᠬᠢᠷᠠᠭᠤᠯᠤᠨ ᠰᠢᠯᠢᠳᠡᠭᠵᠢᠭᠦᠯᠵᠦ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠤᠯᠳᠡ ᠶᠢᠨ ᠡᠩᠨᠡᠭᠡ ᠶᠢ ᠨᠡᠶᠢᠳᠭᠡᠨ ᠪᠠᠶᠢᠭᠤᠯᠵᠤ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠬᠤ ᠲᠣᠭᠲᠠᠴᠠ ᠶᠢ ᠴᠢᠨᠠᠭᠰᠢᠳᠠ ᠲᠡᠭᠦᠯᠳᠡᠷᠵᠢᠭᠦᠯᠤᠨ᠎ᠠ᠃ ᠠᠮᠢ ᠠᠬᠤᠢ ᠣᠷᠴᠢᠨ ᠲᠣᠭᠤᠷᠢᠨ ᠤ ᠵᠠᠰᠠᠯᠳᠠ ᠶᠢᠨ ᠰᠢᠰᠲ᠋ᠧᠮᠵᠢ ᠶᠢ ᠪᠦᠷᠢᠨᠰᠢᠭᠦᠯᠵᠦ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠳᠠ ᠶᠢᠨ ᠲᠠᠷᠠᠬᠠᠶ ᠪᠤᠲᠠᠷᠬᠠᠶ ᠡᠭᠦᠷᠭᠡ ᠬᠠᠷᠢᠭᠤᠴᠠᠯᠭ᠎ᠠ ᠶᠢ ᠨᠡᠶᠢᠳᠭᠡᠨ᠂ ᠠᠮᠢ ᠠᠬᠤᠢ ᠶᠢ ᠬᠠᠮᠠᠭᠠᠯᠠᠵᠤ ᠰᠡᠷᠭᠦᠭᠡᠬᠦ ᠪᠠ ᠪᠣᠬᠢᠷᠲᠤᠯ ᠢ ᠰᠡᠷᠭᠡᠶᠢᠯᠡᠨ ᠵᠠᠰᠠᠬᠤ ᠶᠢ ᠨᠢᠭᠡᠳᠦᠯᠲᠡᠢ ᠬᠢᠨᠠᠨ ᠬᠠᠮᠢᠶᠠᠷᠬᠤ ᠶᠢ ᠴᠢᠩᠭᠠᠳᠬᠠᠵᠤ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠳᠠ ᠶᠢᠨ ᠤᠳᠤᠷᠢᠳᠤᠯᠭ᠎ᠠ ᠪᠠ ᠬᠠᠮᠢᠶᠠᠷᠤᠯᠲᠠ ᠶᠢᠨ ᠪᠠᠶᠢᠭᠤᠯᠤᠮᠵᠢ᠂ ᠤᠷᠮᠠᠰᠢᠭᠤᠯᠤᠨ ᠵᠤᠷᠢᠬᠵᠢᠭᠤᠯᠬᠤ ᠪᠠ ᠬᠦᠯᠢᠶᠡᠰᠦᠯᠡᠭᠦ ᠶᠢ ᠵᠡᠷᠭᠡ ᠪᠠᠷ ᠠᠳᠬᠤᠬᠤ ᠳᠦᠷᠢᠮ ᠤᠨ ᠰᠢᠰᠲ᠋ᠧᠮᠵᠢ᠂ ᠵᠠᠰᠠᠭ ᠤᠨ ᠣᠷᠳᠣᠨ ᠠᠵᠤ ᠠᠬᠤᠢᠢᠯᠠᠯ ᠤᠯᠠᠨ ᠨᠡᠶᠢᠲᠡ ᠶᠢᠨ ᠬᠠᠮᠲᠤ ᠶᠢᠨ ᠵᠠᠰᠠᠯᠳᠠ ᠶᠢᠨ ᠰᠢᠰᠲ᠋ᠧᠮᠵᠢ ᠶᠢ ᠪᠠᠶᠢᠭᠤᠯᠤᠨ ᠪᠦᠷᠢᠨᠰᠢᠭᠦᠯᠦᠨ᠎ᠡ᠃ ᠰᠢᠮᠳᠠᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠳᠦᠮᠵᠢ ᠪᠠᠨ ᠪᠠᠬᠢᠵᠢᠭᠦᠯᠵᠤ ᠥᠷᠭᠡᠳᠬᠡᠨ᠂ ᠪᠣᠬᠢᠷᠲᠤᠯ ᠭᠠᠳᠠᠭᠰᠢᠯᠠᠭᠤᠯᠬᠤ ᠵᠥᠪᠰᠢᠶᠡᠷᠡᠯ ᠤᠨ ᠳᠦᠷᠢᠮ ᠢ ᠪᠦᠬᠦ ᠲᠠᠯ᠎ᠠ ᠪᠠᠷ ᠬᠡᠷᠡᠭᠵᠢᠭᠦᠯᠵᠦ᠂ ᠠᠮᠢ ᠠᠬᠤᠢ ᠶᠢᠨ ᠬᠤᠬᠢᠷᠠᠯ ᠢ ᠲᠥᠯᠥᠪᠦᠷᠢᠯᠡᠭᠦ ᠳᠦᠷᠢᠮ ᠢ ᠲᠤᠷᠰᠢᠨ ᠬᠡᠷᠡᠭᠵᠢᠭᠦᠯᠵᠦ᠂ ᠣᠷᠴᠢᠨ ᠲᠣᠭᠤᠷᠢᠨ ᠤ ᠦᠨᠡᠨᠴᠢ ᠢᠲᠡᠭᠡᠮᠵᠢ ᠶᠢ ᠰᠢᠯᠭᠠᠨ ᠦᠨᠡᠯᠡᠬᠦ᠂ ᠮᠡᠳᠡᠭᠡ ᠵᠠᠩᠭᠢ ᠶᠢ ᠠᠯᠪᠠᠳᠠᠯᠭ᠎ᠠ ᠶᠢᠨ ᠴᠢᠨᠠᠷᠲᠠᠢ ᠪᠠᠷ ᠵᠠᠷᠯᠠᠨ ᠨᠡᠶᠢᠳᠡᠯᠡᠬᠦ᠂ ᠴᠢᠩᠭ᠎ᠠ ᠰᠢᠢᠳᠬᠡᠵᠦ ᠬᠦᠨᠳᠦ ᠪᠠᠷ ᠲᠣᠷᠭᠠᠬᠤ ᠵᠡᠷᠭᠡ ᠳᠦᠷᠢᠮ ᠢ ᠪᠦᠷᠢᠨᠰᠢᠭᠦᠯᠵᠦ᠂ ᠰᠢᠮᠳᠠᠭᠤᠯᠤᠨ ᠪᠠᠶᠢᠴᠠᠭᠠᠬᠤ᠂ ᠲᠤᠰᠢᠶᠠᠨ ᠥᠭᠴᠦ ᠰᠢᠢᠳᠪᠦᠷᠢᠯᠡᠭᠦᠯᠬᠦ᠂ ᠲᠣᠭᠤᠷᠢᠨ ᠪᠠᠶᠢᠴᠠᠭᠠᠬᠤ᠂ ᠪᠣᠯᠵᠣᠨ ᠶᠠᠷᠢᠯᠴᠠᠬᠤ᠂ ᠲᠤᠰᠬᠠᠢ ᠵᠦᠢᠯ ᠢᠶᠠᠷ ᠰᠢᠮᠳᠠᠭᠤᠯᠤᠨ ᠪᠠᠶᠢᠴᠠᠭᠠᠬᠤ ᠠᠵᠢᠯ ᠤᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠤᠨ᠎ᠠ᠃      ᠴᠡᠭᠴᠡᠯᠡᠨ ᠰᠠᠶᠢᠵᠢᠷᠠᠭᠤᠯᠬᠤ ᠠᠵᠢᠯ ᠤᠨ ᠤᠷᠤᠭᠰᠢᠲᠠᠢ ᠶᠠᠪᠤᠭᠳᠠᠬᠤ ᠶᠢ ᠠᠬᠢᠭᠤᠯᠬᠤ ᠶᠢᠨ ᠲᠦᠯᠦᠬᠡ᠂ ︽ᠴᠡᠭᠴᠡᠯᠡᠨ ᠰᠠᠶᠢᠵᠢᠷᠠᠭᠤᠯᠬᠤ ᠲᠥᠰᠦᠯ︾᠎ ᠳᠤ 5 ᠲᠠᠯ᠎ᠠ ᠪᠠᠷ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠶᠢ ᠴᠢᠩᠭᠠᠳᠬᠠᠵᠠᠢ᠄ ᠨᠢᠭᠡ ᠳᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠪᠠ᠃ ᠥᠪᠡᠷᠲᠡᠭᠡᠨ ᠵᠠᠰᠠᠬᠤ ᠣᠷᠣᠨ ᠤ ᠴᠡᠭᠴᠡᠯᠡᠨ ᠰᠠᠶᠢᠵᠢᠷᠠᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠢ ᠲᠣᠬᠢᠷᠠᠭᠤᠯᠤᠨ ᠲᠡᠭᠦᠯᠳᠡᠷᠵᠢᠭᠦᠯᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠳᠤᠭᠤᠢᠢᠯᠠᠩ ᠤᠨ ᠳᠠᠷᠤᠭ᠎ᠠ ᠪᠣᠯᠵᠤ᠂ ᠵᠠᠰᠠᠭ ᠤᠨ ᠣᠷᠳᠣᠨ ᠤ ᠲᠡᠷᠢᠭᠦᠯᠡᠭᠴᠢ ᠳᠤᠭᠤᠢᠢᠯᠠᠩ ᠤᠨ ᠨᠢᠭᠡᠳᠦᠭᠡᠷ ᠳᠡᠳ᠋ ᠳᠠᠷᠤᠭ᠎ᠠ ᠪᠣᠯᠵᠤ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠤᠳᠤᠷᠢᠳᠬᠤ ᠨᠥᠬᠦᠳ ᠳᠤᠭᠤᠢᠢᠯᠠᠩ ᠤᠨ ᠳᠡᠳ᠋ ᠳᠠᠷᠤᠭ᠎ᠠ ᠪᠣᠯᠵᠤ᠂ ᠡᠭᠦᠷᠭᠡ ᠬᠤᠪᠢᠶᠠᠷᠢᠯᠠᠨ ᠬᠠᠷᠢᠭᠤᠴᠠᠵᠦ ᠠᠵᠢᠯ ᠡᠭᠦᠷᠭᠡ ᠪᠠᠨ ᠪᠠᠳᠤ ᠰᠠᠬᠢᠵᠤ᠂ ᠪᠥᠬᠦ ᠣᠷᠣᠨ ᠤ ᠰᠢᠮᠳᠠᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠨᠢᠭᠡᠳᠦᠯᠲᠡᠶ ᠲᠥᠯᠥᠪᠵᠢᠭᠦᠯᠦᠨ ᠠᠬᠢᠭᠤᠯᠤᠨ᠎ᠠ᠃ ᠡᠯ᠎ᠡ ᠱᠠᠲᠤ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠬᠠᠷᠢᠴᠠᠩᠭᠤᠢ ᠪᠦᠬᠦᠢ ᠤᠳᠤᠷᠢᠳᠬᠤ ᠪᠠᠶᠢᠭᠤᠯᠤᠮᠵᠢ ᠪᠠᠶᠢᠭᠤᠯᠵᠤ᠂ ᠭᠤᠣᠯ ᠬᠠᠷᠢᠭᠤᠴᠠᠯᠭᠠᠲᠠᠨ ᠨᠢ ᠨᠢᠭᠡᠳᠦᠭᠡᠷ ᠬᠠᠷᠢᠭᠤᠴᠠᠯᠭᠠᠲᠠᠨ ᠤ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠨ᠂ ᠪᠡᠶ᠎ᠡ ᠪᠠᠷ ᠢᠶᠠᠨ ᠤᠷᠤᠯᠴᠠᠵᠤ ᠡᠴᠦᠰ ᠲᠤ ᠨᠢ ᠲᠤᠯᠲᠠᠯ᠎ᠠ ᠠᠳᠬᠤᠨ᠎ᠠ᠃ ᠬᠤᠶᠠᠷ ᠲᠤ᠂ ᠴᠡᠭᠴᠡᠯᠡᠨ ᠰᠠᠶᠢᠵᠢᠷᠠᠭᠤᠯᠬᠤ ᠡᠭᠦᠷᠭᠡ ᠬᠠᠷᠢᠭᠤᠴᠠᠯᠭ᠎ᠠ ᠶᠢ ᠪᠣᠳᠠᠲᠠᠶᠢᠵᠢᠭᠤᠯᠪᠠ᠃ ᠡᠯ᠎ᠡ ᠠᠶᠢᠮᠠᠭ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠴᠡᠭᠴᠡᠯᠡᠨ ᠰᠠᠶᠢᠵᠢᠷᠠᠭᠤᠯᠬᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠡᠭᠦᠷᠭᠡᠯᠡᠵᠦ᠂ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠪᠠ ᠬᠠᠮᠵᠢᠯᠴᠠᠬᠤ ᠬᠠᠷᠢᠭᠤᠴᠠᠯᠭ᠎ᠠ ᠶᠢ ᠡᠭᠦᠷᠭᠡᠯᠡᠵᠦ᠂ ᠬᠠᠷᠢᠭᠤᠴᠠᠯᠭ᠎ᠠ ᠶᠢ ᠠᠵᠢᠯ ᠤᠨ ᠪᠠᠶᠢᠷᠢ ᠳᠤ ᠬᠦᠷᠳᠡᠯ᠎ᠡ ᠬᠥᠮᠦᠨ ᠳᠤ ᠬᠦᠷᠲᠡᠯ᠎ᠡ ᠰᠠᠯᠭᠠᠨ ᠡᠭᠦᠷᠭᠡᠯᠡᠭᠦᠯᠪᠡ᠃ ᠭᠤᠷᠪᠠ ᠳᠤ᠂ ᠰᠢᠮᠳᠠᠭᠤᠯᠤᠨ ᠪᠠᠶᠢᠴᠠᠭᠠᠬᠤ ᠶᠢ ᠴᠢᠩᠭᠠᠳᠬᠠᠪᠠ᠃ ᠲᠤᠰᠬᠠᠶ ᠰᠢᠮᠳᠠᠭᠤᠯᠤᠨ ᠪᠠᠶᠢᠴᠠᠭᠠᠬᠤ᠂ ᠬᠠᠮᠲᠤᠷᠠᠵᠦ ᠰᠢᠮᠳᠠᠭᠤᠯᠤᠨ ᠪᠠᠶᠢᠴᠠᠭᠠᠬᠤ᠂ ᠰᠤᠭᠤᠴᠢᠨ ᠪᠠᠶᠢᠴᠠᠭᠠᠬᠤ ᠨᠢᠭᠤᠴᠠ ᠪᠠᠷ ᠰᠤᠷᠪᠤᠯᠵᠢᠯᠠᠬᠤ ᠵᠡᠷᠭᠡ ᠠᠷᠭ᠎ᠠ ᠬᠡᠯᠪᠡᠷᠢ ᠪᠠᠷ ᠬᠠᠮᠢᠶ᠎ᠠ ᠪᠦᠬᠦᠢ ᠠᠶᠢᠮᠠᠭ ᠬᠤᠲᠠ᠂ ᠥᠪᠡᠷᠲᠡᠭᠡᠨ ᠵᠠᠰᠠᠬᠤ ᠣᠷᠣᠨ ᠤ ᠰᠠᠯᠠᠭ᠎ᠠ ᠮᠥᠴᠢᠷ ᠨᠢᠭᠡᠴᠢ ᠶᠢ ᠰᠢᠮᠳᠠᠭᠤᠯᠤᠨ ᠭᠤᠤᠯ ᠴᠣᠭᠴᠠ ᠶᠢᠨ ᠬᠠᠷᠢᠭᠤᠴᠠᠯᠭ᠎ᠠ᠂ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢᠨ ᠨᠠᠶᠢᠳᠠᠪᠤᠷᠢᠵᠢᠭᠤᠯᠤᠯᠲᠠ ᠶᠢ ᠯᠠᠪᠳᠠᠭᠤᠨ ᠢᠶᠠᠷ ᠠᠬᠢᠭᠤᠯᠤᠨ᠎ᠠ᠃ ᠰᠢᠮᠳᠠᠭᠤᠯᠤᠨ ᠪᠠᠶᠢᠴᠠᠭᠠᠵᠤ ᠦᠷ᠎ᠡ ᠪᠦᠲᠦᠮᠵᠢ ᠶᠢ ᠨᠢ ᠮᠥᠷᠳᠡᠨ ᠲᠤᠯᠭᠠᠬᠤ ᠶᠢ ᠴᠢᠩᠭᠠᠳᠬᠠᠵᠤ᠂ ᠴᠡᠭᠴᠡᠯᠡᠨ ᠰᠠᠶᠢᠵᠢᠷᠠᠭᠤᠯᠬᠤ ᠠᠵᠢᠯ ᠢ ᠠᠬᠢᠭᠤᠯᠤᠭᠰᠠᠨ ᠨᠢ ᠬᠦᠴᠦᠳᠡᠢ ᠪᠢᠰᠢ᠂ ᠠᠬᠢᠴᠠ ᠨᠢ ᠢᠯᠡᠳᠲᠡ ᠬᠤᠴᠣᠷᠤᠩᠭᠤᠢ ᠪᠠᠶᠢᠭ᠎ᠠ ᠭᠠᠵᠠᠷ ᠣᠷᠣᠨ ᠪᠠ ᠰᠠᠯᠠᠭ᠎ᠠ ᠮᠥᠴᠢᠷ ᠨᠢᠭᠡᠴᠢ ᠶᠢ ᠵᠠᠷᠯᠠᠨ ᠮᠡᠳᠡᠭᠳᠡᠵᠤ᠂ ᠪᠣᠯᠵᠣᠨ ᠶᠠᠷᠢᠯᠴᠠᠵᠤ᠂ ᠨᠡᠷ᠎ᠡ ᠵᠢᠭᠠᠨ ᠰᠢᠮᠳᠠᠭᠤᠯᠤᠨ ᠰᠢᠢᠳᠪᠦᠷᠢᠯᠡᠭᠦᠯᠵᠦ᠂ ᠴᠡᠭᠴᠡᠯᠡᠨ ᠰᠠᠶᠢᠵᠢᠷᠠᠭᠤᠯᠬᠤ ᠠᠵᠢᠯ ᠢ ᠨᠠᠶᠢᠳᠠᠪᠤᠷᠢᠵᠢᠭᠤᠯᠬᠤ ᠶᠢ ᠬᠡᠳᠡᠷᠬᠦ ᠰᠢᠬᠠᠮᠳᠠᠭᠤᠯᠤᠨ᠎ᠠ᠃ ᠲᠦᠷᠪᠡ ᠳᠤ᠂ ᠬᠠᠷᠢᠭᠤᠴᠠᠯᠭ᠎ᠠ ᠨᠡᠬᠡᠮᠵᠢᠯᠡᠬᠦ ᠶᠢ ᠴᠢᠩᠭᠠᠳᠬᠠᠪᠠ᠃ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠳ ᠴᠡᠭᠴᠡᠯᠡᠨ ᠰᠠᠶᠢᠵᠢᠷᠠᠭᠤᠯᠬᠤ ᠲᠥᠰᠦᠯ ᠪᠣᠯᠤᠨ ᠠᠵᠢᠯ ᠎ ᠤᠨ ᠳᠠᠩᠰᠠ ᠲᠠᠢ ᠪᠠᠨ ᠬᠠᠷᠢᠴᠠᠭᠤᠯᠵᠦ᠂ ᠲᠣᠭᠲᠠᠮᠠᠯ ᠬᠤᠭᠤᠴᠠᠭ᠎ᠠ ᠲᠠᠢ ᠪᠠᠷ ᠲᠣᠬᠢᠷᠠᠭᠤᠯᠤᠨ ᠵᠠᠳᠠᠯᠵᠤ᠂ ᠲᠣᠭᠲᠠᠮᠠᠯ ᠬᠤᠭᠤᠴᠠᠭ᠎ᠠ ᠲᠠᠢ ᠪᠠᠷ ᠰᠢᠮᠳᠠᠭᠤᠯᠤᠨ ᠪᠠᠶᠢᠴᠠᠭᠠᠵᠤ ᠦᠷ᠎ᠡ ᠪᠦᠲᠦᠮᠵᠢ ᠶᠢ ᠠᠰᠠᠭᠤᠵᠤ᠂ ᠲᠣᠭᠲᠠᠮᠠᠯ ᠬᠤᠭᠤᠴᠠᠭ᠎ᠠ ᠲᠠᠢ ᠪᠠᠷ ᠪᠠᠶᠢᠳᠠᠯ ᠢᠶᠠᠨ ᠮᠡᠳᠡᠭᠳᠡᠨ᠎ᠠ᠃ ᠴᠡᠭᠴᠡᠯᠡᠨ ᠰᠠᠶᠢᠵᠢᠷᠠᠭᠤᠯᠬᠤ ᠠᠵᠢᠯ ᠨᠢ ᠬᠦᠴᠦᠳᠡᠢ ᠪᠢᠰᠢ᠂ ᠬᠤᠭᠤᠴᠠᠭ᠎ᠠ ᠶᠣᠰᠣᠭᠠᠷ ᠴᠡᠭᠴᠡᠯᠡᠨ ᠰᠠᠶᠢᠵᠢᠷᠠᠭᠤᠯᠬᠤ ᠡᠭᠦᠷᠭᠡ ᠪᠠᠨ ᠪᠡᠶᠡᠯᠡᠭᠦᠯᠦᠭᠰᠡᠨ ᠥᠬᠡᠶ ᠵᠢᠴᠢ ᠴᠡᠭᠴᠡᠯᠡᠨ ᠰᠠᠶᠢᠵᠢᠷᠠᠭᠤᠯᠬᠤ ᠶᠠᠪᠤᠴᠠ ᠳᠤ ᠬᠠᠷᠢᠯᠴᠠᠨ ᠲᠦᠯᠬᠢᠵᠦ᠂ ᠬᠤᠳᠠᠯ ᠬᠡᠯᠡᠵᠦ ᠬᠠᠭᠤᠷᠮᠠᠭᠯᠠᠨ ᠵᠣᠬᠢᠶᠠᠭᠰᠠᠨ ᠭᠠᠵᠠᠷ ᠣᠷᠣᠨ᠂ ᠨᠢᠭᠡᠴᠢ ᠪᠠ ᠬᠤᠪᠢ ᠬᠥᠮᠦᠨ ᠠᠴᠠ ᠬᠠᠷᠢᠭᠤᠴᠠᠯᠭ᠎ᠠ ᠶᠢ ᠴᠢᠩᠭ᠎ᠠ ᠨᠡᠬᠡᠮᠵᠢᠯᠡᠵᠦ᠂ ᠬᠠᠷᠢᠭᠤᠴᠠᠯᠭ᠎ᠠ ᠲᠠᠢ ᠪᠣᠯ ᠵᠠᠪᠠᠯ ᠲᠤᠯᠭᠠᠵᠦ ᠬᠠᠷᠢᠭᠤᠴᠠᠯᠭ᠎ᠠ ᠨᠡᠬᠡᠮᠵᠢᠯᠡᠪᠡᠯ ᠵᠠᠪᠠᠯ ᠴᠢᠩᠭ᠎ᠠ ᠪᠠᠶᠢᠬᠤ ᠶᠢ ᠪᠠᠶᠡᠯᠡᠬᠦᠯᠦᠨ᠎ᠠ᠃ ᠳᠠᠪᠤ ᠳᠤ᠂ ᠮᠡᠳᠡᠭᠡ ᠵᠠᠩᠭᠢ ᠶᠢ ᠢᠯᠠ ᠪᠣᠯᠭᠠᠬᠤ ᠶᠢ ᠴᠢᠩᠭᠠᠳᠬᠠᠪᠠ᠃ ᠦᠪᠡᠷᠳᠡᠭᠡᠨ ᠵᠠᠰᠠᠬᠤ ᠤᠷᠤᠨ ᠤ ︽ᠷᠠᠳᠢᠣ᠋ ᠲᠧᠯᠸᠢᠰ ᠰᠤᠨᠢᠨ ᠰᠦᠯᠵᠢᠶ᠎ᠡ︾ ᠵᠡᠷᠭᠡ ᠭᠤᠤᠯ ᠵᠠᠭᠤᠴᠢᠯᠠᠭᠤᠷ ᠲᠤ ᠴᠡᠭᠴᠡᠯᠡᠨ ᠰᠠᠶᠢᠵᠢᠷᠠᠭᠤᠯᠬᠤ ᠠᠵᠢᠯ ᠤᠨ ᠠᠬᠢᠴᠠ ᠶᠢᠨ ᠪᠠᠶᠢᠳᠠᠯ ᠢ ᠨᠡᠶᠢᠳᠡᠯᠡᠵᠦ᠂ ᠴᠠᠭ ᠲᠤᠬᠠᠢ ᠳᠤ ᠨᠢ ᠪᠤᠰᠤᠳᠴᠢ ᠪᠠᠷ ᠦᠷᠬᠦᠯᠵᠢᠩᠬᠦᠢ ᠪᠠᠷ ᠮᠡᠳᠡᠭᠡ ᠵᠠᠩᠭᠢ ᠨᠡᠶᠢᠳᠡᠯᠡᠬᠦ ᠪᠠ ᠤᠬᠠᠭᠤᠯᠤᠨ ᠮᠡᠳᠡᠭᠡᠯᠡᠬᠦ ᠶᠢ ᠴᠢᠩᠭᠠᠳᠬᠠᠵᠤ᠂ ᠨᠡᠶᠢᠭᠡᠮ ᠤᠨ ᠬᠢᠨᠠᠯᠲᠠ ᠲᠠᠯᠪᠢᠬᠤ ᠶᠢ ᠴᠢᠩᠭᠠᠳᠬᠠᠨ᠂ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠤᠯᠭᠠᠵᠤ᠂ ᠨᠡᠶᠢᠭᠡᠮ ᠤᠨ ᠡᠯ᠎ᠡ ᠡᠳᠡᠭᠡᠳ ᠤᠨ ᠬᠢᠨ ᠢ ᠬᠦᠳᠦᠯᠦᠨ ᠵᠢᠯᠤᠭᠤᠳᠴᠤ ᠪᠠᠶᠢᠭᠠᠳ ᠠᠮᠢ ᠠᠬᠤᠢ ᠤᠷᠴᠢᠨ ᠲᠤᠭᠤᠷᠢᠨ ᠢ ᠬᠠᠮᠠᠭᠠᠯᠠᠬᠤ ᠠᠵᠢᠯ ᠳᠤ ᠢᠳᠡᠪᠬᠢᠳᠡᠢ ᠤᠷᠤᠯᠴᠠᠭᠤᠯᠤᠨ᠎ᠠ᠃      ᠳᠠᠷᠠᠭᠠᠴᠢ ᠶᠢᠨ ᠠᠯᠬᠤᠮ ᠳᠤ᠂ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠨᠢ ᠰᠢ ᠶᠢᠨ ᠫᠢᠩ ᠎ ᠤᠨ ᠠᠮᠢ ᠠᠬᠤᠢ ᠶᠢᠨ ᠪᠣᠯᠪᠠᠰᠤᠨ ᠤ ᠦᠵᠡᠯ  ᠰᠠᠨᠠᠭ᠎ᠠ ᠪᠠᠷ ᠵᠢᠯᠣᠭᠤᠳᠤᠯᠭ᠎ᠠ ᠪᠣᠯᠭᠠᠨ᠂ ᠪᠦᠬᠦ ᠤᠯᠤᠰ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠬᠥᠬᠡᠮᠳᠦᠭ ᠨᠤᠭᠤᠭᠠᠨ ᠠᠭᠤᠯᠠ ᠤᠰᠤ ᠪᠣᠯ ᠳᠠᠷᠤᠢ ᠠᠯᠲᠠ ᠮᠥᠩᠭᠦᠨ ᠠᠭᠤᠯᠠ ᠤᠰᠤ ᠮᠦᠨ︾ ᠭᠡᠬᠦ ᠬᠥᠭᠵᠢᠯᠲᠡ ᠶᠢᠨ ᠣᠢᠢᠯᠠᠭᠠᠭᠳᠠᠬᠤᠨ ᠢ ᠪᠠᠳᠤ ᠪᠠᠷᠢᠮᠲᠠᠯᠠᠨ᠂ ᠠᠮᠢ ᠠᠬᠤᠢ ᠶᠢᠨ ᠪᠣᠯᠪᠠᠰᠤᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠲᠦᠷᠭᠡᠳᠭᠡᠨ ᠴᠤᠭᠴᠠᠯᠠᠵᠤ᠂ ᠠᠵᠤ ᠦᠢᠯᠡᠰ ᠤᠨ ᠪᠦᠲᠦᠴᠡ ᠶᠢᠨ ᠬᠡᠯᠪᠡᠷᠢ ᠶᠢ ᠬᠤᠪᠢᠷᠠᠭᠤᠯᠤᠨ ᠳᠡᠰ ᠳᠡᠪᠰᠢᠭᠦᠯᠬᠦ ᠪᠠ ᠰᠢᠨ᠎ᠡ ᠬᠠᠭᠤᠴᠢᠨ ᠬᠦᠳᠡᠯᠭᠡᠬᠦ ᠡᠨᠧᠷᠬᠢ ᠶᠢᠨ ᠦᠷᠭᠦᠯᠵᠢᠯᠡᠨ ᠰᠣᠯᠢᠭᠳᠠᠬᠤ ᠶᠢ ᠶᠡᠭᠡ ᠪᠠᠷ ᠠᠬᠢᠭᠤᠯᠵᠤ᠂ ᠠᠮᠢ ᠠᠬᠤᠢ ᠤᠷᠴᠢᠨ ᠲᠤᠭᠤᠷᠢᠨ ᠤ ᠲᠤᠳᠠᠭᠤᠳᠠᠯ ᠢᠶᠠᠨ ᠬᠦᠴᠦᠯᠡᠨ ᠬᠦᠢᠴᠡᠳ ᠨᠦᠬᠦᠪᠤᠷᠢᠯᠡᠵᠤ᠂ ᠠᠮᠢ ᠠᠬᠤᠢ ᠣᠷᠴᠢᠨ ᠲᠣᠭᠤᠷᠢᠨ ᠤ ᠶᠠᠰᠤ ᠴᠢᠨᠠᠷ ᠢ ᠲᠠᠰᠤᠷᠠᠯᠲᠠ ᠦᠭᠡᠢ ᠰᠠᠶᠢᠵᠢᠷᠠᠭᠤᠯᠤᠨ᠂ ᠠᠷᠠᠳ ᠣᠯᠠᠨ ᠤ ᠠᠮᠢ ᠠᠬᠤᠢ ᠣᠷᠴᠢᠨ ᠲᠣᠭᠤᠷᠢᠨ ᠤ ᠬᠦᠷᠳᠡᠮᠵᠢ ᠶᠢᠨ ᠲᠦᠷᠦᠭᠳᠡᠯ᠂ ᠵᠢᠷᠭᠠᠯᠳᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠦᠨᠡᠨ ᠬᠦ ᠨᠡᠮᠡᠭᠳᠡᠬᠦᠯᠵᠤ᠂  ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠳᠤ ᠪᠠᠬᠢ ᠴᠤᠬᠴᠠᠯᠠᠵᠦ᠂ ᠡᠬᠡ ᠤᠯᠤᠰ ᠤᠨ ᠤᠮᠠᠷᠠᠳᠤ ᠶᠢᠨ ᠲᠦᠮᠡᠨ ᠭᠠᠵᠠᠷ ᠤᠨ ᠨᠤᠮᠢᠨ ᠨᠤᠭᠤᠭᠠᠨ ᠤᠷᠳᠤ ᠴᠠᠭᠠᠨ ᠬᠡᠷᠡᠮ ᠢ ᠴᠤᠭᠴᠠᠯᠠᠨ᠂ ᠰᠢᠨ᠎ᠡ ᠴᠠᠭ ᠦᠶ᠎ᠡ ᠳᠤ ᠦᠵᠡᠰᠭᠦᠯᠡᠩᠲᠦ ᠰᠠᠶᠢᠬᠠᠨ ᠦᠪᠦᠷ ᠮᠤᠩᠭᠤᠯ ᠢ ᠪᠦᠳᠦᠬᠡᠨ ᠪᠠᠶᠢᠭᠤᠯᠬᠤ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠨ᠎ᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号