| 4 ᠳ᠋ᠦ᠋ᠭᠡᠷ ᠰᠠᠷ᠎ᠠ ᠶᠢᠨ 29 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠯᠢ ᠵᠢᠢ ᠾᠧᠩ᠂ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ | ᠲᠡᠷᠢᠭᠦᠯᠡᠭᠴᠢ ᠪᠦ᠋ ᠰᠢᠶᠣᠤ ᠯᠢᠨ ᠬᠦᠬᠡᠬᠤᠲᠠ ᠳᠤ ᠪᠦᠬᠦ ᠣᠷᠣᠨ ᠤ ᠦᠨᠳᠦᠰᠦᠲᠡᠨ ᠨᠦᠭᠦᠳ ᠤᠨ ᠡᠯ᠎ᠡ ᠡᠲᠡᠭᠡᠳ | ᠤᠨ ᠵᠠᠯᠠᠭᠤᠴᠤᠳ ᠤᠨ ᠲᠠᠪᠤᠨ ᠰᠠᠷ᠎ᠠ ᠶᠢᠨ ᠳᠥᠷᠪᠡᠨ ᠤ ᠬᠥᠳᠡᠯᠭᠡᠭᠡᠨ ᠤ 100 ᠵᠢᠯ ᠤᠨ ᠣᠢ ᠶᠢ ᠳᠤᠷᠠᠰᠬᠠᠬᠤ | ᠠᠵᠢᠯᠯᠠᠭ᠎ᠠ ᠳᠤ ᠣᠷᠣᠯᠴᠠᠭᠰᠠᠨ ᠰᠢᠯᠢᠳᠡᠭ ᠵᠠᠯᠠᠭᠤᠴᠤᠳ ᠤᠨ ᠲᠥᠯᠥᠭᠡᠯᠡᠭᠴᠢᠳ ᠲᠠᠢ ᠠᠭᠤᠯᠵᠠᠪᠠ᠃ | | 4 ᠳ᠋ᠦ᠋ᠭᠡᠷ ᠰᠠᠷ᠎ᠠ ᠶᠢᠨ 29 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠯᠢ ᠵᠢᠢ ᠾᠧᠩ᠂ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ | ᠲᠡᠷᠢᠭᠦᠯᠡᠭᠴᠢ ᠪᠦ᠋ ᠰᠢᠶᠣᠤ ᠯᠢᠨ ᠵᠡᠷᠭᠡ ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ︽ᠵᠠᠯᠠᠭᠤᠴᠤᠳ | ᠰᠡᠳᠬᠢᠯ ᠵᠢᠷᠦᠭᠡᠨ ᠳᠤ ᠪᠠᠨ ᠨᠠᠮ ᠢᠶᠠᠨ ᠪᠤᠳᠤᠵᠥ ᠰᠢᠨ᠎ᠡ ᠴᠠᠭ ᠦᠶ᠎ᠠ ᠳᠤ ᠭᠠᠪᠢᠶ᠎ᠠ ᠵᠢᠳᠭᠦᠯ ᠪᠠᠶᠢᠭᠤᠯᠤᠶ᠎ᠠ︾ ᠪᠦᠬᠦ | ᠣᠷᠣᠨ ᠤ ᠦᠨᠳᠦᠰᠦᠲᠡᠨ ᠨᠦᠭᠦᠳ ᠤᠨ ᠡᠯ᠎ᠡ ᠡᠲᠡᠭᠡᠳ ᠤᠨ ᠵᠠᠯᠠᠭᠤᠴᠤᠳ ᠤᠨ ᠲᠠᠪᠤᠨ ᠰᠠᠷ᠎ᠠ ᠶᠢᠨ ᠳᠥᠷᠪᠡᠨ ᠤ | ᠬᠥᠳᠡᠯᠭᠡᠭᠡᠨ ᠤ 100 ᠵᠢᠯ ᠤᠨ ᠣᠢ ᠶᠢ ᠳᠤᠷᠠᠰᠬᠠᠬᠤ ᠠᠵᠢᠯᠯᠠᠭ᠎ᠠ ᠳᠤ ᠣᠷᠣᠯᠴᠠᠭᠰᠠᠨ ᠰᠢᠯᠢᠳᠡᠭ ᠵᠠᠯᠠᠭᠤᠴᠤᠳ | ᠤᠨ ᠲᠥᠯᠥᠭᠡᠯᠡᠭᠴᠢᠳ ᠲᠠᠢ ᠠᠭᠤᠯᠵᠠᠪᠠ᠃ ᠯᠢ ᠵᠢᠢ ᠾᠧᠩ ᠶᠠᠷᠢᠶᠠᠨ ᠳᠤ ᠪᠠᠨ ᠴᠢᠬᠤᠯᠠᠴᠢᠯᠠᠭᠰᠠᠨ ᠨᠢ᠂ ᠪᠦᠬᠦ | ᠣᠷᠣᠨ ᠤ ᠥᠷᠭᠡᠨ ᠤᠯᠠᠨ ᠵᠠᠯᠠᠭᠤᠴᠤᠳ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ | ᠬᠤᠷᠢᠶᠠᠨ ᠤ ᠲᠣᠭᠤᠷᠢᠨ ᠳᠤ ᠨᠠᠩ ᠨᠢᠭᠲᠠᠷᠠᠨ ᠪᠦᠯᠬᠦᠮᠳᠡᠵᠦ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠠᠭᠤᠤ ᠶᠡᠭᠡ ᠲᠤᠭ ᠢ ᠥᠨᠳᠥᠷ ᠮᠠᠨᠳᠤᠭᠤᠯᠵᠤ᠂ ᠲᠠᠪᠤᠨ ᠰᠠᠷ᠎ᠠ ᠶᠢᠨ ᠳᠥᠷᠪᠡᠨ ᠤ ᠵᠣᠷᠢᠭ ᠰᠠᠨᠠᠭ᠎ᠠ ᠶᠢ | ᠮᠠᠨᠳᠤᠭᠤᠯᠵᠤ᠂ ᠴᠠᠭ ᠦᠶ᠎ᠡ ᠶᠢᠨ ᠡᠭᠦᠷᠭᠡ ᠬᠠᠷᠢᠭᠤᠴᠠᠯᠭ᠎ᠠ ᠪᠠᠨ ᠵᠣᠷᠢᠭᠲᠠᠢ ᠡᠭᠦᠷᠭᠡᠯᠡᠵᠦ᠂ ᠡᠬᠡ ᠤᠯᠤᠰ ᠤᠨ | ᠤᠮᠠᠷᠠᠲᠤ ᠶᠢᠨ ᠦᠵᠡᠰᠬᠦᠯᠡᠩᠲᠦ ᠰᠠᠶᠢᠬᠠᠨ ᠦᠵᠡᠮᠵᠢ ᠶᠢᠨ ᠣᠷᠣᠨ ᠢ ᠪᠦᠲᠦᠭᠡᠨ ᠪᠠᠶᠢᠭᠤᠯᠬᠤ᠂ ᠳᠤᠮᠳᠠᠳᠤ ᠶᠢᠨ | ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠵᠡᠭᠦᠳᠦ ᠶᠢ ᠲᠡᠷᠭᠡᠯᠰᠢᠭᠦᠯᠬᠦ ᠶᠢᠨ | ᠲᠥᠯᠥᠭᠡ ᠴᠥᠬᠦᠷᠡᠰᠢ ᠦᠭᠡᠢ ᠴᠢᠷᠮᠠᠶᠢᠨ ᠲᠡᠮᠡᠴᠡᠬᠦ ᠬᠡᠷᠡᠭᠲᠡᠢ ᠬᠡᠪᠠ᠃ | ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠯᠢᠨ ᠱᠣᠣ ᠴᠦᠨ᠂ ᠪᠠᠢ ᠢᠦᠢ ᠭᠠᠩ᠂ ᠯᠧᠩ ᠵᠢᠶᠧ | ᠰᠦᠩ᠂ ᠾᠧ ᠶᠠᠨ ᠯᠢᠩ᠂ ᠴᠡᠴᠡᠭ ᠠᠭᠤᠯᠵᠠᠯᠲᠠ ᠳᠤ ᠣᠷᠣᠯᠴᠠᠪᠠ᠃ | ᠦᠪᠤᠷ ᠮᠤᠩᠭᠤᠯ ᠤᠨ ᠠᠷᠠᠳ ᠤᠨ ᠬᠤᠷᠠᠯ ᠤᠨ ᠲᠠᠩᠬᠢᠮ ᠤᠨ ᠰᠢᠯ ᠲᠠᠩᠬᠢᠮ ᠳᠤ ᠬᠠᠯᠠᠭᠤᠨ ᠠᠯᠠᠭ᠎ᠠ | ᠲᠠᠰᠢᠯᠳᠠ ᠶᠢᠨ ᠳᠠᠭᠤᠨ ᠨᠢᠵᠢᠬᠢᠨᠡᠨᠡ᠃ ᠯᠢ ᠵᠢᠢ ᠾᠧᠩ᠂ ᠪᠦ᠋ ᠰᠢᠶᠤᠤ ᠯᠢᠨ ᠤᠯᠠᠨ ᠲᠠᠢ ᠲᠤᠳᠤᠨᠤ ᠪᠠᠷ ᠭᠠᠷ | ᠠᠳᠬᠤᠨ ᠶᠠᠷᠢᠯᠴᠠᠵᠤ᠂ ᠲᠡᠳᠠ ᠵᠢᠴᠢ ᠪᠦᠭᠦ ᠤᠷᠤᠨ ᠤ ᠦᠨᠳᠦᠰᠦᠲᠡᠨ ᠨᠦᠭᠦᠳ ᠤᠨ ᠡᠪᠯᠡᠯ ᠤᠨ ᠭᠡᠰᠢᠭᠦᠳ | ᠵᠠᠯᠠᠭᠤᠴᠤᠳ᠂ ᠦᠷᠭᠡᠨ ᠤᠯᠠᠨ ᠵᠠᠯᠠᠭᠤ ᠠᠵᠢᠯᠳᠠᠨ ᠳᠤ ᠴᠢᠩ ᠰᠡᠳᠭᠢᠯ ᠤᠨ ᠮᠡᠨᠳᠦᠴᠢᠯᠡᠯ ᠳᠡᠪᠰᠢᠭᠦᠯᠪᠡ᠃ ᠯᠢ ᠵᠢᠢ | ᠾᠸᠡᠭ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠰᠢ ᠶᠢᠨ ᠫᠢᠡᠭ ᠨᠦᠭᠦᠷ ᠢᠶᠠᠷ ᠭᠤᠤᠯ | ᠪᠤᠯᠭᠠᠭᠰᠠᠨ ᠨᠠᠮ ᠤᠨ ᠲᠦᠪ ᠬᠤᠷᠢᠶ᠎ᠠ ᠵᠠᠯᠠᠭᠤᠴᠤᠳ ᠪᠤᠯᠤᠨ ᠵᠠᠯᠠᠭᠤᠴᠤᠳ ᠤᠨ ᠠᠵᠢᠯ ᠢ ᠲᠡᠭᠡᠳᠤ ᠬᠡᠮᠵᠢᠶ᠎ᠠ ᠪᠠᠷ | ᠴᠢᠬᠤᠯᠠᠴᠢᠯᠠᠨ ᠦᠵᠡᠵᠤ᠂ ᠦᠨᠳᠤᠰᠤᠲᠡᠨ ᠨᠦᠭᠦᠳ ᠤᠨ ᠵᠠᠯᠠᠭᠤᠴᠤᠳ ᠤᠨ ᠡᠷᠡᠭᠦᠯ ᠢᠶᠠᠷ ᠦᠰᠤᠨ ᠪᠦᠢᠵᠢᠬᠤ ᠶᠢ | ᠲᠤᠳᠤᠨᠤ ᠪᠠᠷ ᠬᠠᠯᠠᠮᠵᠢᠯᠠᠪᠠ᠃ ᠶᠡᠷᠤᠩᠭᠡᠢ ᠱᠦᠵᠢ ᠰᠢ ᠶᠢᠨ ᠫᠢᠡᠭ ᠵᠠᠯᠠᠭᠤᠴᠤᠳ ᠪᠤᠯᠤᠨ ᠵᠠᠯᠠᠭᠤᠴᠤᠳ ᠤᠨ ᠠᠵᠢᠯ | ᠤᠨ ᠲᠤᠬᠠᠢ ᠠᠯᠢ ᠤᠯᠠᠨ ᠴᠢᠬᠤᠯᠠ ᠦᠬᠦᠯᠠᠯᠳᠠ ᠬᠢᠵᠤ᠂ ᠰᠢᠨ᠎ᠠ ᠴᠠᠭ ᠦᠶ᠎ᠠ ᠶᠢᠨ ᠨᠠᠮ ᠤᠨ ᠵᠠᠯᠠᠭᠤᠴᠤᠳ ᠤᠨ | ᠠᠵᠢᠯ ᠢ ᠰᠠᠶᠢᠳᠤᠷ ᠬᠢᠵᠤ᠂ ᠵᠠᠯᠠᠭᠤᠴᠤᠳ ᠤᠨ ᠦᠢᠯᠡᠰ ᠢ ᠯᠠᠪᠳᠠᠭᠤᠨ ᠪᠠᠳᠤᠳᠠᠢ ᠠᠬᠢᠭᠤᠯᠬᠤ ᠳᠤ ᠦᠨᠳᠤᠰᠤᠨ | ᠵᠢᠷᠤᠮᠯᠡᠯ ᠬᠠᠨᠭ᠍ᠭᠠᠪᠠ᠃ ᠪᠦᠭᠦ ᠤᠷᠤᠨ ᠤ ᠦᠷᠭᠡᠨ ᠤᠯᠠᠨ ᠵᠠᠯᠠᠭᠤᠴᠤᠳ ᠶᠡᠷᠤᠩᠭᠡᠢ ᠱᠦᠵᠢ ᠰᠢ ᠶᠢᠨ ᠫᠢᠡᠭ ᠤᠨ | ᠴᠢᠬᠤᠯᠠ ᠦᠭᠦᠯᠠᠯᠳᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠤᠬᠠᠮᠰᠠᠷ ᠠᠴᠠ ᠪᠠᠨ ᠰᠤᠷᠤᠯᠭ᠎ᠠ᠂ | ᠠᠮᠢᠳᠤᠷᠠᠯ ᠂ ᠠᠵᠢᠯ ᠦᠢᠯᠡᠰ ᠢᠶᠠᠨ ᠵᠢᠯᠤᠭᠤᠳᠤᠭᠤᠯᠵᠥ᠂ ᠨᠠᠮ ᠢᠶᠠᠨ ᠲᠠᠭᠠᠬᠤ ᠵᠤᠷᠢᠭ ᠢᠶᠠᠨ ᠪᠠᠳᠤᠳᠬᠠᠵᠥ᠂ ᠰᠠᠶᠢᠨ | ᠰᠠᠶᠢᠬᠠᠨ ᠵᠠᠩ ᠰᠤᠷᠳᠠᠯ ᠢ ᠳᠠᠪᠳᠠᠨ ᠪᠤᠯᠪᠠᠰᠤᠷᠠᠭᠤᠯᠵᠤ᠂ ᠦᠨᠡᠨ ᠴᠢᠳᠠᠪᠤᠷᠢ ᠶᠢ ᠡᠵᠡᠮᠰᠢᠵᠥ᠂ ᠰᠢᠨ᠎ᠠ ᠴᠠᠭ | ᠦᠶ᠎ᠠ ᠳᠤ ᠭᠠᠪᠢᠶ᠎ᠠ ᠵᠢᠳᠭᠦᠯ ᠪᠠᠶᠢᠭᠤᠯᠵᠤ᠂ ᠵᠠᠯᠠᠭᠤ ᠨᠠᠰᠤᠨ ᠤ ᠢᠷᠠᠭᠤ ᠰᠠᠶᠢᠬᠠᠨ ᠭᠡᠷᠡᠯ ᠬᠢᠯᠪᠠᠭ᠎ᠠ ᠪᠠᠨ | ᠦᠵᠡᠰᠭᠦᠯᠡᠩᠳᠤ ᠰᠠᠶᠢᠬᠠᠨ ᠦᠪᠤᠷ ᠮᠤᠩᠭᠤᠯ ᠢ ᠪᠦᠳᠤᠭᠡᠨ ᠪᠠᠶᠢᠭᠤᠯᠵᠤ᠂ ᠠᠭᠤᠤ ᠶᠡᠭᠡ ᠳᠤᠮᠳᠠᠳᠤ ᠶᠢᠨ | ᠵᠡᠭᠦᠳᠦ ᠪᠠᠨ ᠬᠠᠮᠳᠤ ᠪᠠᠷ ᠲᠡᠷᠭᠡᠯᠰᠢᠭᠦᠯᠬᠦ ᠠᠤᠭ᠎ᠠ ᠶᠡᠭᠡ ᠦᠢᠯᠡᠳᠤᠯᠭᠡ ᠲᠤᠮᠳᠠ ᠰᠠᠴᠤᠷᠠᠭᠤᠯᠵᠤ᠂ ᠡᠯᠪᠡᠭ ᠦᠷ᠎ᠠ | ᠪᠦᠲᠦᠭᠡᠯ ᠤᠯᠬᠤ ᠪᠠᠷ ᠴᠢᠷᠮᠠᠶᠢᠬᠤ ᠭᠡᠷᠡᠭᠳᠠᠢ ᠭᠡᠵᠤ ᠬᠡᠯᠡᠪᠡ᠃ | ᠯᠢ ᠵᠢᠢ ᠾᠸᠡᠭ ᠴᠢᠬᠤᠯᠠᠴᠢᠯᠠᠭᠰᠠᠨ ᠨᠢ᠂ ᠡᠯ᠎ᠠ ᠱᠠᠳᠤᠨ ᠤ ᠨᠠᠮ ᠤᠨ ᠬᠤᠷᠢᠶ᠎ᠠ ᠵᠠᠰᠠᠭ ᠤᠨ ᠤᠷᠳᠤᠨ ᠪᠦᠬᠦ | ᠲᠠᠯ᠎ᠠ ᠪᠤᠯᠤᠨ ᠪᠠᠶᠢᠯᠳᠤᠬᠤ ᠪᠤᠳᠤᠯᠭ᠎ᠠ ᠶᠢᠨ ᠦᠨᠳᠤᠷᠴᠠ ᠳᠤ ᠵᠤᠭᠰᠤᠵᠤ᠂ ᠵᠠᠯᠠᠭᠤᠴᠤᠳ ᠤᠨ ᠠᠵᠢᠯ ᠤᠨ ᠳᠤᠬᠠᠢ | ᠤᠳᠤᠷᠢᠳᠤᠯᠭ᠎ᠠ ᠪᠠᠨ ᠦᠨᠡᠨ ᠭᠦ ᠴᠢᠩᠭᠠᠳᠬᠠᠵᠤ᠂ ᠵᠠᠯᠠᠭᠤᠴᠤᠳ ᠤᠨ ᠭᠦᠭᠵᠢᠯᠳᠠ ᠶᠢᠨ ᠶᠠᠪᠤᠴᠠ ᠳᠠᠬᠢ ᠭᠦᠴᠢᠷᠳᠠᠯ | ᠪᠤᠯᠤᠨ ᠠᠰᠠᠭᠤᠳᠠᠯ ᠢ ᠨᠠᠷᠢᠨ ᠬᠢᠨᠠᠮᠠᠭᠠᠢ ᠰᠢᠢᠳᠪᠤᠷᠢᠯᠠᠵᠤ᠂ ᠵᠠᠯᠠᠭᠤᠴᠤᠳ ᠤᠨ ᠰᠢᠨ᠎ᠠ ᠶᠢ ᠡᠭᠦᠳᠴᠤ ᠦᠢᠯᠡᠰ | ᠪᠤᠰᠬᠠᠬᠤ ᠶᠢ ᠲᠡᠮᠵᠢᠵᠤ᠂ ᠵᠠᠯᠠᠭᠤᠴᠤᠳ ᠤᠨ ᠦᠰᠤᠨ ᠪᠦᠢᠵᠢᠵᠤ ᠴᠢᠳᠠᠪᠤᠷᠢᠳᠠᠨ ᠪᠤᠯᠬᠤ ᠳᠤ ᠳᠡᠮᠵᠢᠯᠭᠡ ᠦᠵᠡᠬᠦᠯᠬᠦ | ᠭᠡᠷᠡᠭᠳᠠᠢ᠃ ᠡᠯ᠎ᠠ ᠱᠠᠳᠤᠨ ᠤ ᠡᠪ ᠬᠠᠮᠲᠦ ᠵᠠᠯᠠᠭᠤᠴᠤᠳ ᠤᠨ ᠡᠪᠯᠡᠯ ᠤᠨ ᠵᠤᠬᠢᠶᠠᠨ ᠪᠠᠶᠢᠭᠤᠯᠤᠯᠳᠠ ᠤᠳᠤ | ᠦᠶ᠎ᠠ ᠶᠢᠨ ᠵᠠᠯᠠᠭᠤᠴᠤᠳ ᠤᠨ ᠤᠨᠴᠠᠯᠢᠭ ᠪᠤᠯᠤᠨ ᠠᠵᠢᠯᠯᠠᠬᠤ ᠵᠠᠩᠰᠢᠯ ᠢ ᠨᠢ ᠤᠨᠤᠪᠴᠢᠳᠠᠢ ᠡᠵᠡᠮᠳᠠᠵᠤ᠂ | ᠵᠠᠯᠠᠭᠤᠴᠤᠳ ᠢ ᠲᠠᠳᠠᠬᠤ ᠭᠦᠴᠤᠨ ᠪᠤᠯᠤᠨ ᠨᠢᠭᠳᠠᠷᠠᠭᠤᠯᠬᠤ ᠭᠦᠴᠤᠨ ᠢᠶᠠᠨ ᠲᠠᠰᠤᠷᠠᠯᠳᠠ ᠦᠭᠡᠢ ᠴᠢᠩᠭᠠᠳᠬᠠᠵᠤ᠂ | ᠨᠠᠮ ᠤᠨ ᠵᠠᠯᠠᠭᠤᠴᠤᠳ ᠲᠠᠢ ᠬᠠᠷᠢᠯᠴᠠᠬᠤ ᠬᠦᠭᠦᠷᠭᠡ ᠬᠤᠯᠪᠤᠭᠠᠰᠤ ᠶᠢᠨ ᠦᠢᠯᠡᠳᠤᠯ ᠢᠶᠠᠨ ᠨᠡᠩ ᠰᠠᠶᠢᠳᠤᠷ | ᠪᠠᠳᠠᠷᠠᠭᠤᠯᠬᠤ ᠭᠡᠷᠡᠭᠳᠠᠢ ᠭᠡᠵᠤ ᠴᠢᠬᠤᠯᠠᠴᠢᠯᠠᠪᠠ᠃ | ᠠᠭᠤᠯᠵᠠᠯᠳᠠ ᠲᠠᠭᠦᠰᠭᠦ ᠦᠶ᠎ᠠ ᠳᠤ᠂ ᠯᠢ ᠵᠢᠢ ᠾᠧᠩ᠂ ᠪᠦ᠋ ᠰᠢᠶᠤᠤ ᠯᠢᠨ ᠵᠡᠷᠭᠡ ᠦᠪᠡᠷᠳᠡᠭᠡᠨ ᠵᠠᠰᠠᠬᠤ | ᠤᠷᠤᠨ ᠤ ᠤᠳᠤᠷᠢᠳᠤᠯᠭ᠎ᠠ ᠲᠦᠯᠤᠭᠡᠯᠡᠭᠴᠢᠳ ᠲᠠᠢ ᠬᠠᠮᠳᠤ ᠶᠢᠨ ᠰᠡᠭᠦᠳᠡᠷ ᠲᠠᠳᠠᠭᠤᠯᠵᠤ ᠲᠤᠷᠠᠰᠬᠠᠯ ᠦᠯᠡᠳᠡᠭᠡᠪᠡ᠃ |