2019 ᠣᠨ ᠤ ᠥᠪᠥᠷ ᠮᠣᠩᠭᠤᠯ ᠤᠨ ᠴᠡᠴᠡᠭᠳᠤ ᠤᠯᠠᠷᠢᠯ ᠤᠨ ᠵᠢᠭᠤᠯᠴᠢᠯᠠᠯ ᠵᠢᠴᠢ ︽ᠥᠪᠥᠷ ᠮᠣᠩᠭᠤᠯ ᠤᠨ ᠦᠨᠦᠷ ᠠᠮᠲᠠ︾᠎ ᠶᠢᠨ ᠪᠤᠭᠤᠲᠤ ᠳᠠᠬᠢ ᠠᠵᠢᠯᠯᠠᠭ᠎ᠠ ᠡᠬᠢᠯᠡᠪᠡ  ᠪᠦ᠋ ᠰᠢᠶᠣᠤ ᠯᠢᠨ ᠣᠷᠣᠯᠴᠠᠵᠠᠢ
ᠨᠡᠶᠢᠲᠡᠯᠡᠭᠰᠡᠨ ᠴᠠᠭ᠄
2019/4/30
     4 ᠳ᠋ᠦ᠋ᠭᠡᠷ ᠰᠠᠷ᠎ᠠ ᠶᠢᠨ 29᠎ ᠤ ᠡᠳᠦᠷ᠂ 2019 ᠣᠨ ᠤ ᠥᠪᠥᠷ ᠮᠣᠩᠭᠤᠯ ᠤᠨ ᠴᠡᠴᠡᠭᠳᠤ ᠤᠯᠠᠷᠢᠯ ᠤᠨ ᠵᠢᠭᠤᠯᠴᠢᠯᠠᠯ ᠵᠢᠴᠢ ︽ᠥᠪᠥᠷ ᠮᠣᠩᠭᠤᠯ ᠤᠨ ᠦᠨᠦᠷ ᠠᠮᠲᠠ︾᠎ ᠶᠢᠨ ᠪᠤᠭᠤᠲᠤ ᠳᠠᠬᠢ ᠠᠵᠢᠯᠯᠠᠭ᠎ᠠ ᠪᠤᠭᠤᠳᠤ ᠬᠤᠳᠠ ᠶᠢᠨ ᠲᠦᠮᠡᠳ ᠪᠠᠷᠠᠭᠤᠨ ᠬᠤᠰᠢᠭᠤᠨ ᠳᠤ ᠡᠬᠢᠯᠡᠪᠡ᠃ ᠡᠶᠢᠨ ᠬᠦ 2019 ᠣᠨ ᠤ ᠴᠡᠴᠡᠭᠳᠤ ᠤᠯᠠᠷᠢᠯ ᠤᠨ ᠵᠢᠭᠤᠯᠴᠢᠯᠠᠯ ᠢ ᠳᠡᠯᠭᠡᠷᠡᠭᠦᠯᠬᠦ ᠠᠵᠢᠯᠯᠠᠭ᠎ᠠ ᠡᠬᠢᠯᠡᠭᠰᠡᠨ ᠪᠥᠭᠡᠳ ᠪᠦᠬᠦ ᠣᠷᠣᠨ ᠤ ᠰᠣᠶᠣᠯ ᠵᠢᠭᠤᠯᠴᠢᠯᠠᠯ ᠤᠨ ᠰᠢᠷᠢᠰ ᠠᠵᠢᠯᠯᠠᠭ᠎ᠠ ᠴᠤ ᠬᠥᠰᠢᠭᠡ ᠪᠠᠨ ᠰᠡᠬᠦᠭᠰᠡᠨ ᠪᠠᠶᠢᠨ᠎ᠠ᠃      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ‌ᠵᠠᠰᠠᠬᠤ ᠣᠷᠣᠨ ᠤ ᠲᠡᠷᠢᠭᠦᠯᠡᠭᠴᠢ ᠪᠦ᠋ ᠰᠢᠶᠣᠤ ᠯᠢᠨ ᠡᠬᠢᠯᠡᠯᠳᠡ ᠶᠢᠨ ᠶᠤᠰᠤᠯᠠᠯ ᠳᠤ ᠣᠷᠣᠯᠴᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠪᠤᠭᠤᠲᠤ ᠬᠤᠳᠠ ᠶᠢᠨ ᠨᠠᠮ ᠤᠨ ᠬᠤᠷᠢᠶᠠᠨ ᠤ ᠱᠦᠵᠢ ᠵᠠᠩ ᠶᠤᠸᠠᠨ ᠵᠦᠩ᠂ ᠳᠤᠮᠳᠠᠳᠤ ᠤᠯᠤᠰ ᠤᠨ ᠰᠢ ᠵᠦᠴᠦᠭᠡ ᠶᠢᠨ ᠳᠡᠭᠡᠳᠤ ᠰᠤᠷᠭᠠᠭᠤᠯᠢ ᠶᠢᠨ ᠨᠠᠮ ᠤᠨ ᠬᠤᠷᠢᠶᠠᠨ ᠤ ᠳᠡᠳ᠋ ᠱᠦᠵᠢ ᠰᠢᠤᠢ ᠴᠤᠤ ᠳᠤᠮᠳᠠᠳᠤ ᠤᠯᠤᠰ ᠤᠨ ᠰᠢ ᠵᠦᠴᠦᠭᠡ ᠶᠢᠨ ᠳᠡᠭᠡᠳᠤ ᠰᠤᠷᠭᠠᠭᠤᠯᠢ ᠶᠢᠨ ᠲᠦᠮᠡᠳ ᠪᠠᠷᠠᠭᠤᠨ ᠬᠤᠰᠢᠭᠤᠨ ᠳᠤ ᠪᠠᠶᠢᠭᠤᠯᠤᠬᠰᠠᠨ ᠤᠷᠠᠯᠢᠭ ᠤᠨ ᠦᠢᠯᠡᠳᠦᠯᠭᠡ ᠶᠢᠨ ᠰᠠᠭᠤᠷᠢᠨ ᠤ ᠢᠯᠡᠷᠬᠡᠶᠢᠯᠡᠯ ᠢ ᠰᠡᠬᠦᠵᠥ ᠥᠭᠪᠡ᠃ ᠲᠦᠮᠡᠳ ᠪᠠᠷᠠᠭᠤᠨ ᠬᠤᠰᠢᠭᠤᠨ ᠳᠤ ︽ᠳᠤᠮᠳᠠᠳᠤ ᠤᠯᠤᠰ ᠤᠨ ᠡᠯ ᠷᠧᠨ ᠲᠠᠢ ᠵᠦᠴᠦᠭᠡ ᠶᠢᠨ ᠰᠤᠶᠤᠯ ᠤᠷᠠᠯᠢᠭ ᠤᠨ ᠨᠤᠲᠤᠭ︾᠎ ᠤᠨ ᠫᠠᠶᠢᠰᠠ ᠣᠯᠭᠤᠬᠤ ᠶᠣᠰᠣᠯᠠᠯ ᠶᠠᠪᠤᠭᠤᠯᠪᠠ᠃      ᠲᠤᠬᠠᠶ ᠶᠢᠨ ᠲᠠᠯᠠᠪᠠᠢ ᠳᠤ ᠴᠡᠯᠡᠭᠡᠷ ᠲᠠᠯ᠎ᠠ ᠶᠢᠨ ᠪᠣᠳᠠᠰ ᠤᠨ ᠪᠤᠰᠤ ᠰᠣᠶᠣᠯ ᠤᠨ ᠥᠪ ᠤᠨ ᠪᠦᠲᠦᠭᠡᠭᠳᠡᠬᠦᠨ ᠤ ᠣᠷᠳᠣ ᠬᠤᠩᠭᠢᠯ ᠤᠨ ᠦᠵᠡᠭᠦᠯᠭᠡ᠂ 30 ᠮᠧᠲᠷ ᠤᠨ ᠮᠣᠩᠭᠤᠯ ᠬᠤᠪᠴᠠᠰᠤ ᠵᠠᠰᠠᠯ ᠤᠨ ᠵᠢᠩ ᠲᠠᠢ ᠯᠠᠨ ᠭᠠᠷ ᠤᠷᠠᠯᠠᠯ ᠤᠨ ᠪᠦᠲᠦᠭᠡᠭᠳᠡᠬᠦᠨ ᠤ ᠣᠷᠳᠣ ᠡᠪᠬᠡᠮᠡᠯ ᠵᠢᠷᠤᠭ ᠤᠨ ᠦᠵᠡᠭᠦᠯᠭᠡ᠂ ᠴᠡᠯᠡᠭᠡᠷ ᠲᠠᠯ᠎ᠠ ᠎ ᠶᠢᠨ ᠠᠮᠲᠠᠲᠤ ᠢᠳᠡᠭᠡᠨ ᠢ ᠠᠮᠳᠠᠯᠠᠵᠤ ᠦᠨᠡᠯᠡᠬᠦ ᠠᠵᠢᠯᠯᠠᠭ᠎ᠠ᠂ ︽ᠥᠪᠥᠷ ᠮᠣᠩᠭᠤᠯ ᠲᠠᠨ ᠢ ᠪᠠᠶᠠᠷᠯᠠᠨ ᠤᠭᠲᠤᠵᠤ ᠪᠠᠶᠢᠨ᠎ᠠ︾ ᠬᠢᠯᠪᠡᠭᠡᠨ ᠳᠤᠬᠯᠠᠯᠳᠠ ᠵᠡᠷᠭᠡ ᠠᠯᠢ ᠣᠯᠠᠨ ᠠᠵᠢᠯᠯᠠᠭ᠎ᠠ ᠥᠷᠨᠢᠭᠦᠯᠪᠡ᠃ ᠵᠢᠭᠤᠯᠴᠢᠯᠠᠭᠴᠢᠳ ᠠᠯᠲᠠᠨ ᠵᠤᠯᠠ ᠴᠡᠴᠡᠭ ᠤᠨ ᠳᠠᠯᠠᠢ ᠳᠤ ᠰᠤᠬᠳᠤᠭᠤᠷᠠᠨ᠂ ᠰᠢ ᠵᠦᠴᠦᠭᠡ ᠰᠣᠨᠢᠷᠬᠠᠨ᠂ ᠤᠯᠠᠮᠵᠢᠯᠠᠯᠲᠤ ᠰᠣᠶᠣᠯ ᠢ ᠤᠢᠢᠯᠠᠭᠠᠵᠤ᠂ ᠠᠮᠲᠠᠲᠤ ᠢᠳᠡᠭᠡᠨ ᠠᠮᠳᠠᠯᠠᠵᠤ᠂ ᠠᠷᠠᠳ ᠤᠨ ᠵᠠᠩ ᠦᠢᠯᠡ ᠶᠢ ᠪᠠᠶᠠᠴᠢᠯᠡᠨ ᠤᠢᠢᠯᠠᠭᠠᠵᠤ᠂ ᠪᠤᠴᠠᠬᠤ ᠪᠤᠯᠬᠤ ᠳᠤ ᠴᠦᠮ ᠰᠠᠯᠵᠤ ᠶᠠᠳᠠᠵᠤ ᠪᠠᠶᠢᠯ᠎ᠠ᠃      ᠲᠤᠰ ᠡᠳᠦᠷ ᠪᠠᠰᠠ ︽ᠥᠪᠥᠷ ᠮᠣᠩᠭᠤᠯ ᠤᠨ ᠦᠨᠦᠷ ᠠᠮᠲᠠ · ᠪᠤᠭᠤᠲᠤ ᠶᠢᠨ 9 ᠠᠮᠲᠠ︾᠎ ᠶᠢ ᠨᠡᠶᠢᠲᠡᠯᠡᠬᠦ ᠪᠠ ᠥᠪᠥᠷ ᠮᠣᠩᠭᠤᠯ ᠤᠨ ᠬᠠᠪᠤᠷ ᠵᠤᠨ ᠤ ᠤᠯᠠᠷᠢᠯ ᠤᠨ ᠵᠢᠭᠤᠯᠴᠢᠯᠠᠯ ᠤᠨ ᠵᠠᠮ ᠱᠤᠭᠤᠮ ᠤᠨ ᠪᠦᠳᠦᠭᠡᠭᠳᠡᠭᠦᠨ ᠢ ᠲᠠᠨᠢᠯᠴᠠᠭᠤᠯᠬᠤ ᠠᠵᠢᠯᠯᠠᠭ᠎ᠠ ᠦᠷᠨᠢᠭᠦᠯᠪᠡ᠃      ᠴᠡᠴᠡᠭᠲᠦ ᠤᠯᠠᠷᠢᠯ ᠤᠨ ᠵᠢᠭᠤᠯᠴᠢᠯᠠᠯ ᠤᠨ ᠰᠢᠷᠢᠰ ᠠᠵᠢᠯᠯᠠᠭ᠎ᠠ ᠡᠷᠬᠢᠯᠡᠬᠦ ᠪᠠ ︽ᠥᠪᠥᠷ ᠮᠣᠩᠭᠤᠯ ᠤᠨ ᠦᠨᠦᠷ ᠠᠮᠲᠠ︾ ᠠᠮᠲᠠᠲᠤ ᠢᠳᠡᠭᠡᠨ ᠢ ᠨᠡᠶᠢᠳᠡᠯᠡᠬᠦ ᠪᠣᠯ ᠦᠵᠡᠰᠬᠦᠯᠡᠩᠲᠦ ᠰᠠᠶᠢᠬᠠᠨ ᠥᠪᠥᠷ ᠮᠣᠩᠭᠤᠯ ᠢ ᠪᠦᠲᠦᠭᠡᠨ ᠪᠠᠢᠭᠤᠯᠵᠤ᠂ ᠬᠠᠮ ᠵᠢᠭᠤᠯᠴᠢᠯᠠᠯ᠂ ᠳᠥᠷᠪᠡᠨ ᠤᠯᠠᠷᠢᠯ ᠤᠨ ᠵᠢᠭᠤᠯᠴᠢᠯᠠᠯ ᠤᠨ ᠬᠥᠭᠵᠢᠯᠲᠡ ᠶᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠤᠨ᠎ᠠ᠃ ᠡᠨᠡ ᠵᠢᠯ᠂ ᠮᠠᠨ ᠤ ᠣᠷᠣᠨ 40 ᠵᠤᠷᠪᠤᠰ ᠥᠪᠡᠷᠮᠢᠴᠡ ᠣᠨᠴᠠᠯᠢᠭ ᠪᠦᠬᠦᠢ ᠬᠠᠪᠤᠷ ᠤᠨ ᠤᠯᠠᠷᠢᠯ ᠤᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠪᠠᠷ ᠪᠤᠢ︔ ︽ᠥᠪᠥᠷ ᠮᠣᠩᠭᠤᠯ ᠤᠨ ᠦᠨᠦᠷ ᠠᠮᠲᠠ︾᠎ ᠨᠢ ᠬᠥᠬᠡᠬᠤᠲᠠ᠂ ᠣᠷᠳᠣᠰ᠂ ᠤᠯᠠᠭᠠᠨᠬᠠᠳᠠ᠂ ᠤᠯᠠᠭᠠᠨᠴᠠᠪ᠂ ᠠᠯᠠᠱᠠ ᠵᠡᠷᠭᠡ ᠭᠠᠵᠠᠷ ᠣᠷᠣᠨ ᠤ ᠣᠷᠣᠨ ᠨᠤᠳᠤᠭ ᠤᠨ ᠤᠨᠴᠠᠯᠢᠭ ᠪᠦᠬᠦᠢ ᠠᠮᠲᠠᠲᠤ ᠢᠳᠡᠭᠡᠨ ᠢ ᠵᠠᠯᠭᠠᠭ᠎ᠠ ᠪᠠᠷ ᠨᠡᠶᠢᠳᠡᠯᠡᠵᠦ᠂ ᠡᠭᠦᠨ ᠢᠶᠠᠷ ᠳᠠᠮᠵᠢᠨ ᠥᠪᠥᠷ ᠮᠣᠩᠭᠤᠯ ᠤᠨ ᠢᠳᠡᠭᠡᠨ ᠤ ᠮᠠᠲ᠋ᠧᠷᠢᠶᠠᠯ ᠤᠨ ᠤᠭ ᠭᠠᠷᠤᠯᠲᠠ ᠶᠢᠨ ᠣᠷᠣᠨ᠂ ᠥᠪᠡᠷᠮᠢᠴᠡ ᠰᠣᠶᠣᠯ ᠲᠡᠤᠬᠡ ᠪᠠ ᠡᠯᠪᠡᠭ ᠪᠠᠶᠠᠯᠢᠭ ᠵᠢᠭᠤᠯᠴᠢᠯᠠᠯ ᠤᠨ ᠡᠬᠢ ᠪᠠᠶᠠᠯᠢᠭ ᠤᠨ ᠨᠥᠯᠥᠭᠡᠯᠡᠬᠦ ᠬᠦᠴᠦᠨ ᠢᠶᠠᠨ ᠥᠷᠭᠡᠳᠬᠡᠬᠦ ᠪᠣᠯᠤᠨ᠎ᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号