︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠮᠠᠯ ᠤᠨ ᠦᠷ᠎ᠡ ᠶᠢᠨ ᠳᠦᠷᠢᠮ ︵ᠵᠠᠰᠠᠪᠤᠷᠢ ᠣᠷᠤᠭᠤᠯᠤᠭᠰᠠᠨ ᠲᠥᠰᠦᠯ︶︾ ᠳᠤ ᠢᠯᠡ ᠪᠠᠷ ᠰᠠᠨᠠᠯ ᠬᠤᠷᠢᠶᠠᠬᠤ ᠲᠤᠬᠠᠢ ᠠᠯᠪᠠᠨ ᠵᠠᠷ
ᠨᠡᠶᠢᠲᠡᠯᠡᠭᠰᠡᠨ ᠴᠠᠭ᠄
2019/4/4

     ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠷᠪᠠᠳᠤᠭᠠᠷ ᠬᠤᠷᠠᠯ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠮᠠᠯ ᠤᠨ ᠦᠷ᠎ᠡ ᠶᠢᠨ ᠳᠦᠷᠢᠮ ︵ᠵᠠᠰᠠᠪᠤᠷᠢ ᠣᠷᠣᠭᠤᠯᠤᠭᠰᠠᠨ ᠲᠥᠰᠦᠯ︶︾ ᠢ ᠠᠩᠬ᠎ᠠ ᠤᠳᠠᠭ᠎ᠠ ᠬᠢᠨᠠᠨ ᠵᠥᠪᠯᠡᠵᠦ᠂ 2019 ᠣᠨ ᠤ 5 ᠳ᠋ᠤᠭᠠᠷ ᠰᠠᠷ᠎ᠠ ᠶᠢᠨ ᠬᠤᠷᠢᠳ ᠢᠶᠠᠷ ᠳᠠᠬᠢᠨ ᠬᠢᠨᠠᠨ ᠵᠥᠪᠯᠡᠬᠦ ᠪᠠᠷ ᠲᠥᠯᠥᠪᠯᠡᠵᠦ ᠪᠠᠶᠢᠨ᠎ᠠ᠃ ᠣᠳᠣ ᠳᠦᠷᠢᠮ ︵ᠵᠠᠰᠠᠪᠤᠷᠢ ᠣᠷᠣᠭᠤᠯᠤᠭᠰᠠᠨ ᠲᠥᠰᠦᠯ︶ ᠵᠢᠴᠢ ᠲᠣᠳᠣᠷᠬᠠᠶᠢᠯᠠᠯᠲᠠ ᠶᠢ ᠪᠦᠬᠦ ᠠᠭᠤᠯᠭ᠎ᠠ ᠪᠠᠷ ᠨᠢ ᠨᠡᠶᠢᠲᠡᠯᠡᠵᠦ᠂ ᠨᠡᠶᠢᠭᠡᠮ ᠤᠨ ᠡᠯ᠎ᠡ ᠲᠠᠯ᠎ᠠ ᠶᠢᠨ ᠬᠢᠨ ᠤ ᠰᠠᠨᠠᠯ ᠢ ᠥᠷᠭᠡᠨ ᠢᠶᠠᠷ ᠬᠤᠷᠢᠶᠠᠬᠤ ᠪᠠᠷ ᠪᠣᠯᠪᠠ᠃ ᠵᠠᠰᠠᠪᠤᠷᠢ ᠣᠷᠣᠭᠤᠯᠬᠤ ᠰᠠᠨᠠᠯ ᠪᠠ ᠰᠠᠨᠠᠭᠤᠯᠭ᠎ᠠ ᠪᠠᠨ 2019 ᠣᠨ 5 ᠳ᠋ᠤᠭᠠᠷ ᠰᠠᠷ᠎ᠠ ᠶᠢᠨ 6 ᠤ ᠡᠳᠦᠷ ᠠᠴᠠ ᠡᠮᠦᠨ᠎ᠡ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠠᠤᠯᠢ ᠳᠦᠷᠢᠮ ᠤᠨ ᠠᠵᠢᠯ ᠤᠨ ᠵᠥᠪᠯᠡᠯ ᠳᠤ ᠬᠠᠷᠢᠭᠤ ᠲᠤᠰᠬᠠᠬᠤ ᠪᠣᠯᠪᠠᠤ᠃
     ᠬᠠᠷᠢᠯᠴᠠᠬᠤ ᠬᠥᠮᠥᠨ᠄ ᠯᠢ ᠳ᠋ᠦᠩ ᠰᠦᠩ
     ᠬᠠᠷᠢᠯᠴᠠᠬᠤ ᠤᠲᠠᠰᠤ᠄ 0471 — 6655838 ︵ᠹᠠᠺᠰ︶
     ᠢᠮᠧᠯ᠄ nmrd_lds@163.com
     ᠬᠠᠶ᠋ᠢᠭ᠄ ᠬᠦᠬᠡᠬᠤᠲᠠ ᠶᠢᠨ ᠵᠦᠩᠱᠠᠨ ᠵᠡᠭᠦᠨ ᠵᠠᠮ ᠤᠨ 3 ᠳ᠋ᠤᠭᠠᠷ ᠨᠣᠮᠧᠷ
     ᠰᠢᠤᠳᠠᠨ ᠳ᠋ᠤᠭᠠᠷ᠄ 010020

             ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ
             ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠯᠪᠠᠨ ᠲᠢᠩᠬᠢᠮ
                                         2019 ᠣᠨ 4 ᠳ᠋ᠦ᠋ᠭᠡᠷ ᠰᠠᠷ᠎ᠠ ᠶᠢᠨ 2 ᠤᠨ ᠡᠳᠦᠷ

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ