ᠥᠪᠥᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠲᠤᠰᠢᠶᠠᠯ ᠳᠤ ᠲᠤᠮᠢᠯᠠᠵᠦ ᠲᠤᠰᠢᠶᠠᠯ ᠠᠴᠠ ᠨᠢ ᠪᠠᠭᠤᠯᠭᠠᠬᠤ ᠨᠡᠷᠡᠰ
ᠨᠡᠶᠢᠲᠡᠯᠡᠭᠰᠡᠨ ᠴᠠᠭ᠄
2019/4/4

     ︵2019 ᠣᠨ ᠤ 3 ᠳ᠋ᠤᠭᠠᠷ ᠰᠠᠷ᠎ᠠ ᠶᠢᠨ 28 ᠤ ᠡᠳᠦᠷ ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠠᠷᠪᠠᠨ ᠬᠤᠶᠠᠳᠤᠭᠠᠷ ᠬᠤᠷᠠᠯ ᠠᠴᠠ ᠪᠠᠳᠤᠯᠠᠪᠠ︶
     ᠲᠤᠰᠢᠶᠠᠯ ᠠᠴᠠ ᠨᠢ ᠪᠠᠭᠤᠯᠭᠠᠬᠤ ᠪᠠᠷ ᠲᠤᠬᠳᠠᠬᠰᠠᠨ ᠨᠢ᠄
     ᠬᠠᠨ ᠢᠤᠢ ᠶᠢ ᠬᠢᠨᠭ᠍ᠭᠠᠨ ᠠᠶᠢᠮᠠᠬ ᠤᠨ ᠪᠠᠶᠢᠴᠠᠭᠠᠬᠤ ᠬᠤᠪᠢᠶᠠᠷᠢ ᠬᠤᠷᠢᠶᠠᠨ ᠤ ᠪᠠᠶᠢᠴᠠᠭᠠᠬᠤ ᠲᠠᠷᠤᠭ᠎ᠠ ᠶᠢᠨ ᠲᠤᠰᠢᠶᠠᠯ ᠠᠴᠠ ᠨᠢ ᠪᠠᠭᠤᠯᠭᠠᠪᠠ︔
     ᠲᠢᠶᠠᠨ ᠵᠦᠡᠭ ᠪᠤᠤ ᠶᠢ ᠰᠢᠯᠢ ᠶᠢᠨ ᠭᠤᠤᠯ ᠠᠶᠢᠮᠠᠬ ᠤᠨ ᠪᠠᠶᠢᠴᠠᠭᠠᠬᠤ ᠬᠤᠪᠢᠶᠠᠷᠢ ᠬᠤᠷᠢᠶᠠᠨ ᠤ ᠪᠠᠶᠢᠴᠠᠭᠠᠬᠤ ᠲᠠᠷᠤᠭ᠎ᠠ ᠶᠢᠨ ᠲᠤᠰᠢᠶᠠᠯ ᠠᠴᠠ ᠨᠢ ᠪᠠᠭᠤᠯᠭᠠᠪᠠ᠃
     ᠲᠤᠰᠢᠶᠠᠯ ᠳᠤ ᠲᠤᠮᠢᠯᠠᠬᠤ ᠪᠠᠷ ᠲᠤᠬᠳᠠᠬᠰᠠᠨ ᠨᠢ᠄
     ᠬᠠᠨ ᠢᠤᠢ ᠶᠢ ᠰᠢᠯᠢ ᠶᠢᠨ ᠭᠤᠤᠯ ᠠᠶᠢᠮᠠᠬ ᠤᠨ ᠪᠠᠶᠢᠴᠠᠭᠠᠬᠤ ᠬᠤᠪᠢᠶᠠᠷᠢ ᠬᠤᠷᠢᠶᠠᠨ ᠤ ᠪᠠᠶᠢᠴᠠᠭᠠᠬᠤ ᠳᠠᠷᠤᠭ᠎ᠠ ᠶᠢᠨ ᠲᠤᠰᠢᠶᠠᠯ ᠳᠤ ᠲᠣᠮᠢᠯᠠᠪᠠ᠃
     ᠲᠤᠰᠢᠶᠠᠯ ᠳᠤ ᠲᠤᠮᠢᠯᠠᠬᠤ ᠶᠢ ᠵᠦᠪᠰᠢᠶᠡᠷᠡᠭᠰᠡᠨ ᠨᠢ᠄
     ᠲᠢᠶᠠᠨ ᠴᠸᠡᠭ ᠵᠢᠶᠦ᠋ᠨ ᠢ ᠦᠬᠠᠢ ᠬᠤᠳᠠ ᠶᠢᠨ ᠠᠷᠠᠳ ᠤᠨ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠳᠠᠷᠤᠭ᠎ᠠ ᠶᠢᠨ ᠲᠤᠰᠢᠶᠠᠯ ᠳᠤ ᠲᠣᠮᠢᠯᠠᠪᠠ᠃

ᠢᠷᠡᠯᠲᠡ᠄ ᠥᠪᠥᠷ ᠮᠣᠩᠭᠤᠯ ᠤᠨ ᠡᠳᠦᠷ  ᠤᠨ ᠰᠣᠨᠢᠨ