ᠪᠦᠬᠦ ᠤᠷᠤᠨ ᠤ ᠨᠡᠭᠦᠷᠡᠰᠦᠨ ᠠᠭᠤᠷᠬᠠᠢ ᠪᠤᠯᠤᠨ ᠠᠵᠤ ᠦᠢᠯᠡᠳᠪᠦᠷᠢ ᠶᠢᠨ ᠠᠶᠤᠯ ᠦᠭᠡᠢ ᠦᠢᠯᠡᠳᠪᠦᠷᠢᠯᠡᠯ ᠤᠨ ᠲᠧᠯᠸᠢᠰ ᠳ᠋ᠢᠶᠠᠩᠬᠤᠸᠠ ᠬᠤᠷᠠᠯ ᠬᠤᠷᠠᠯᠳᠤᠪᠠ ᠵᠠᠩ ᠱᠤᠤ ᠴᠦᠨ ᠶᠠᠷᠢᠶ᠎ᠠ ᠲᠠᠯᠪᠢᠵᠠᠢ
ᠨᠡᠶᠢᠲᠡᠯᠡᠭᠰᠡᠨ ᠴᠠᠭ᠄
2019/4/4

     4 ᠳ᠋ᠦ᠋ᠭᠡᠷ ᠰᠠᠷ᠎ᠠ ᠶᠢᠨ 2 ᠤᠨ ᠡᠳᠦᠷ ᠤᠨ ᠦᠳᠡ ᠶᠢᠨ ᠡᠮᠦᠨ᠎ᠠ᠂ ᠪᠦᠬᠦ ᠤᠷᠤᠨ ᠤ ᠨᠡᠭᠦᠷᠡᠰᠦᠨ ᠠᠭᠤᠷᠬᠠᠢ ᠪᠤᠯᠤᠨ ᠠᠵᠤ ᠦᠢᠯᠡᠳᠪᠦᠷᠢ ᠶᠢᠨ ᠠᠶᠤᠯ ᠦᠭᠡᠢ ᠦᠢᠯᠡᠳᠪᠦᠷᠢᠯᠡᠯ ᠤᠨ ᠲᠧᠯᠸᠢᠰ ᠳ᠋ᠢᠶᠠᠩᠬᠤᠸᠠ ᠬᠤᠷᠠᠯ ᠬᠦᠬᠡᠬᠤᠳᠠ ᠳᠤ ᠬᠤᠷᠠᠯᠳᠤᠵᠠᠢ᠃
     ᠦᠪᠡᠷᠳᠡᠭᠡᠨ ᠵᠠᠰᠠᠬᠤ ᠤᠷᠤᠨ ᠤ ᠳᠡᠳ᠋ ᠲᠡᠷᠢᠭᠦᠯᠡᠭᠴᠢ ᠵᠠᠩ ᠱᠤᠤ ᠴᠦᠨ ᠬᠤᠷᠠᠯ ᠳᠤ ᠤᠷᠤᠯᠴᠠᠵᠤ ᠶᠠᠷᠢᠶ᠎ᠠ ᠲᠠᠯᠪᠢᠪᠠ᠃
     ᠵᠠᠩ ᠱᠤᠤ ᠴᠦᠨ ᠴᠢᠬᠤᠯᠠᠴᠢᠯᠠᠭᠰᠠᠨ ᠨᠢ᠂ ᠤᠳᠤᠬᠠᠨ ᠳᠤ ᠠᠵᠤ ᠠᠬᠤᠢᠢᠯᠠᠯ ᠤᠳ ᠦᠢᠯᠡᠳᠪᠦᠷᠢᠯᠡᠯ ᠤᠨ ᠠᠵᠢᠯ ᠢᠶᠠᠨ ᠰᠡᠷᠭᠦᠭᠡᠵᠤ ᠪᠠᠶᠢᠨ᠎ᠠ᠂ ᠡᠯ᠎ᠠ ᠵᠦᠢᠯ ᠤᠨ ᠠᠳᠡᠯ ᠠᠮᠠᠷᠬᠠᠨ ᠡᠭᠦᠰᠬᠦ ᠪᠤᠯᠬᠤᠷ ᠬᠢᠨᠠᠯᠳᠠ ᠬᠠᠮᠢᠶᠠᠷᠤᠯᠳᠠ ᠶᠢᠨ ᠡᠭᠦᠷᠭᠡ ᠪᠠ ᠳᠠᠷᠤᠭᠠᠰᠤ ᠶᠡᠭᠡ ᠪᠠᠷ ᠨᠡᠮᠡᠭᠳᠡᠪᠡ᠃ ᠡᠯ᠎ᠠ ᠭᠠᠵᠠᠷ ᠡᠯ᠎ᠠ ᠰᠠᠯᠠᠭ᠎ᠠ ᠮᠦᠴᠢᠷ ᠤᠳ ᠶᠡᠷᠦᠩᠬᠡᠢ ᠱᠦᠵᠢ ᠰᠢ ᠶᠢᠨ ᠫᠢᠩ ᠤᠨ ᠠᠶᠤᠯ ᠦᠭᠡᠢ ᠦᠢᠯᠡᠳᠪᠦᠷᠢᠯᠡᠯ ᠤᠨ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠤᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠯᠤᠰ ᠲᠦᠷᠦ ᠶᠢᠨ ᠵᠤᠭᠰᠤᠴᠠ ᠪᠠᠨ ᠤᠯᠠᠮ ᠴᠢᠨᠠᠭᠰᠢᠳᠠ ᠳᠡᠭᠡᠭᠰᠢᠯᠡᠭᠦᠯᠵᠤ᠂ ︽ᠳᠦᠷᠪᠡᠨ ᠤᠬᠠᠮᠰᠠᠷ︾ ᠢ ᠪᠠᠳᠤ ᠪᠤᠢ ᠪᠤᠯᠭᠠᠵᠤ᠂ ︽ᠳᠦᠷᠪᠡᠨ ᠢᠳᠡᠭᠡᠯ︾ ᠢᠶᠠᠨ ᠪᠠᠳᠤᠳᠬᠠᠵᠤ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠤ᠂ ᠤᠯᠤᠰ ᠲᠦᠷᠦ ᠶᠢ ᠡᠷᠬᠢᠮᠯᠡᠬᠦ᠂ ᠶᠡᠭᠡ ᠲᠠᠯ᠎ᠠ ᠠᠴᠠ ᠪᠤᠳᠤᠯᠬᠢᠯᠠᠬᠤ ᠦᠨᠳᠦᠷᠴᠡ ᠠᠴᠠ ᠠᠶᠤᠯ ᠦᠭᠡᠢ ᠦᠢᠯᠡᠳᠪᠦᠷᠢᠯᠡᠯ ᠤᠨ ᠠᠵᠢᠯ ᠤᠨ ᠴᠢᠬᠤᠯᠠ ᠴᠢᠨᠠᠷ ᠢ ᠭᠦᠢᠴᠡᠳ ᠲᠠᠨᠢᠵᠤ᠂ ᠠᠶᠤᠯ ᠦᠭᠡᠢ ᠦᠢᠯᠡᠳᠪᠦᠷᠢᠯᠡᠯ ᠤᠨ ᠶᠡᠭᠡ ᠪᠠᠶᠢᠴᠠᠭᠠᠯᠳᠠ ᠶᠢ ᠨᠠᠷᠢᠨ ᠬᠢᠨᠠᠮᠠᠭᠠᠢ ᠦᠷᠨᠢᠭᠦᠯᠵᠤ᠂ ᠡᠯ᠎ᠠ ᠵᠦᠢᠯ ᠤᠨ ᠠᠮᠤᠷ ᠲᠦᠪᠰᠢᠨ ᠤ ᠭᠡᠮ ᠰᠤᠭᠤᠭ ᠢ ᠪᠦᠬᠦ ᠲᠠᠯ᠎ᠠ ᠪᠠᠷ ᠡᠮᠬᠢᠳᠭᠡᠨ ᠪᠠᠶᠢᠴᠠᠭᠠᠵᠤ᠂ ᠠᠮᠤᠷ ᠲᠦᠪᠰᠢᠨ ᠤ ᠭᠡᠮ ᠰᠤᠭᠤᠭ ᠢ ᠡᠬᠢᠨ ᠤ ᠬᠤᠭᠤᠴᠠᠭᠠᠨ ᠳᠤ ᠨᠢ ᠠᠷᠢᠯᠭᠠᠬᠤ ᠬᠡᠷᠡᠭᠳᠠᠢ ᠭᠡᠵᠡᠢ᠃
     ᠵᠠᠩ ᠱᠤᠤ ᠴᠦᠨ ᠱᠠᠭᠠᠷᠳᠠᠭᠰᠠᠨ ᠨᠢ᠂ ᠨᠡᠭᠦᠷᠡᠰᠦᠨ ᠠᠭᠤᠷᠬᠠᠢ᠂ ᠠᠷᠠᠳ ᠤᠨ ᠬᠡᠷᠡᠭᠯᠡᠭᠡᠨ ᠤ ᠳᠠᠷᠢ᠂ ᠠᠶᠤᠯᠳᠤ ᠬᠢᠮᠢ ᠶᠢᠨ ᠪᠤᠳᠠᠰ ᠦᠢᠯᠡᠳᠪᠦᠷᠢᠯᠡᠬᠦ ᠠᠵᠤ ᠠᠬᠤᠢᠢᠯᠠᠯ ᠢ ᠨᠡᠭᠦᠯᠭᠡᠨ ᠦᠭᠡᠷᠡᠴᠢᠯᠡᠬᠦ᠂ ᠰᠢᠳᠠᠮᠠᠬᠠᠢ ᠬᠡᠢ ᠶᠢᠨ ᠬᠤᠭᠤᠯᠠᠢ ᠶᠢᠨ ᠬᠠᠮᠠᠭᠠᠯᠠᠯᠳᠠ᠂ ᠬᠦᠨᠳᠤ ᠶᠡᠭᠡ ᠭᠠᠮᠰᠢᠭ ᠤᠨ ᠵᠠᠰᠠᠯᠳᠠ ᠵᠡᠷᠭᠡ ᠭᠤᠤᠯᠳᠠᠯᠭ᠎ᠠ ᠲᠠᠢ ᠠᠵᠢᠯ ᠲᠦᠷᠦᠯ᠂ ᠭᠤᠤᠯᠳᠠᠯᠭ᠎ᠠ ᠲᠠᠢ ᠬᠦᠷᠢᠶᠡᠨ ᠤ ᠲᠤᠰᠬᠠᠢ ᠴᠡᠭᠴᠡᠯᠡᠯᠳᠡ ᠪᠤᠯᠤᠨ ᠭᠡᠮ ᠰᠤᠭᠤᠭ ᠤᠨ ᠵᠠᠰᠠᠯᠳᠠ ᠶᠢ ᠦᠷᠭᠦᠯᠵᠢᠯᠡᠨ ᠴᠢᠩᠭᠠᠳᠬᠠᠬᠤ ᠬᠡᠷᠡᠭᠳᠠᠢ᠃ ᠬᠠᠷᠢᠭᠤᠴᠠᠯᠭ᠎ᠠ ᠶᠢ ᠴᠢᠩᠭ᠎ᠠ ᠠᠳᠬᠤᠵᠤ᠂ ᠵᠠᠰᠠᠭ ᠤᠨ ᠤᠷᠳᠤᠨ ᠤ ᠤᠳᠤᠷᠢᠳᠬᠤ ᠬᠠᠷᠢᠭᠤᠴᠠᠯᠭ᠎ᠠ᠂ ᠰᠠᠯᠠᠭ᠎ᠠ ᠮᠦᠴᠢᠷ ᠤᠨ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠤᠨᠴᠠᠭᠠᠢᠢᠯᠠᠨ ᠠᠵᠤ ᠠᠬᠤᠢᠢᠯᠠᠯ ᠤᠨ ᠭᠤᠤᠯ ᠴᠤᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ︽ᠲᠤᠭᠳᠠᠭᠠᠯ ᠢ ᠵᠦᠷᠢᠴᠡᠬᠦ ᠠᠴᠠ ᠵᠢᠷᠦᠬᠡᠰᠢᠶᠡᠬᠦ᠂ ᠲᠤᠭᠳᠠᠭᠠᠯ ᠢ ᠵᠦᠷᠢᠴᠡᠵᠤ ᠪᠤᠯᠬᠤ ᠦᠭᠡᠢ᠂ ᠲᠤᠭᠳᠠᠭᠠᠯ ᠢ ᠵᠦᠷᠢᠴᠡᠬᠦ ᠶᠢ ᠪᠤᠳᠤᠬᠤ ᠦᠭᠡᠢ ᠪᠠᠶᠢᠬᠤ︾ ᠬᠠᠷᠢᠭᠤᠴᠠᠯᠭ᠎ᠠ ᠶᠢᠨ ᠲᠤᠭᠳᠠᠴᠠ ᠶᠢ ᠪᠠᠶᠢᠭᠤᠯᠵᠤ᠂ ᠠᠶᠤᠯ ᠦᠭᠡᠢ ᠦᠢᠯᠡᠳᠪᠦᠷᠢᠯᠡᠯ ᠤᠨ ᠠᠵᠢᠯ ᠤᠨ ᠦᠷᠭᠦᠯᠵᠢᠯᠡᠨ ᠰᠠᠶᠢᠵᠢᠷᠠᠬᠤ ᠶᠢ ᠠᠬᠢᠭᠤᠯᠬᠤ ᠬᠡᠷᠡᠭᠳᠠᠢ ᠭᠡᠵᠡᠢ᠃

ᠢᠷᠡᠯᠲᠡ᠄ ᠥᠪᠥᠷ ᠮᠣᠩᠭᠤᠯ ᠤᠨ ᠡᠳᠦᠷ  ᠤᠨ ᠰᠣᠨᠢᠨ