︽ᠪᠤᠯᠪᠠᠰᠤᠨ ᠲᠠᠬᠢᠯᠭ᠎ᠠ ᠲᠠᠶᠢᠪᠤᠩ ᠬᠠᠩᠰᠢ︾ ᠶᠢᠨ ᠰᠠᠨᠠᠭᠠᠴᠢᠯᠠᠭ᠎ᠠ ᠶᠢᠨ ᠪᠢᠴᠢᠭ
ᠨᠡᠶᠢᠲᠡᠯᠡᠭᠰᠡᠨ ᠴᠠᠭ᠄
2019/4/8

ᠪᠦᠬᠦ ᠤᠷᠤᠨ ᠤ ᠡᠯ᠎ᠠ ᠦᠨᠳᠦᠰᠦᠳᠡᠨ ᠡᠯ᠎ᠠ ᠡᠳᠡᠭᠡᠳ ᠤᠨ ᠤᠯᠠᠨ ᠲᠦᠮᠡᠨ ᠳᠤ᠄
     ᠬᠠᠩᠰᠢ ᠶᠢᠨ ᠡᠳᠦᠷ ᠪᠤᠯ ᠮᠠᠨ ᠤ ᠤᠯᠤᠰ ᠤᠨ ᠠᠷᠠᠳ ᠲᠦᠮᠡᠨ ᠤ ᠨᠦᠭᠴᠢᠭᠰᠡᠳ ᠢᠶᠠᠨ ᠲᠠᠬᠢᠵᠦ᠂ ᠳᠡᠬᠡᠳᠦᠰ ᠢᠶᠠᠨ ᠰᠠᠨᠠᠭᠠᠯᠵᠠᠬᠤ ᠴᠢᠬᠤᠯᠠ ᠤᠯᠠᠮᠵᠢᠯᠠᠯᠳᠦ ᠲᠤᠷᠠᠰᠬᠠᠯ ᠤᠨ ᠡᠳᠦᠷ ᠪᠤᠯᠤᠨ᠎ᠠ᠃ ᠶᠡᠷᠦᠩᠭᠡᠢ ᠱᠦᠵᠢ ᠰᠢ ᠶᠢᠨ ᠫᠢᠩ ᠵᠡᠷᠭᠡ ᠲᠦᠪ ᠤᠨ ᠤᠳᠤᠷᠢᠳᠤᠯᠭ᠎ᠠ ᠶᠢᠨ ᠴᠢᠬᠤᠯᠠ ᠵᠢᠭᠠᠪᠤᠷᠢ ᠴᠤᠬᠤᠯᠠᠪᠤᠷᠢ ᠶᠢᠨ ᠵᠤᠷᠢᠭ ᠰᠠᠨᠠᠭ᠎ᠠ ᠶᠢ ᠬᠦᠨᠵᠡᠭᠡᠢ ᠲᠤᠭᠤᠰᠢᠯᠠᠭᠤᠯᠵᠦ᠂ ᠨᠠᠮ ᠤᠨ ᠲᠦᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠬᠠᠮᠢᠶ᠎ᠠ ᠪᠦᠬᠦᠢ ᠰᠢᠢᠳᠪᠤᠷᠢᠳᠦ ᠪᠤᠳᠤᠯᠭ᠎ᠠ ᠶᠢᠨ ᠪᠠᠶᠢᠷᠢᠯᠠᠭᠤᠯᠤᠯᠳᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠦ᠂ ᠪᠤᠬᠢᠷᠳᠤᠯ ᠦᠭᠡᠢ ᠬᠦᠭᠵᠢᠯᠳᠠ ᠶᠢᠨ ᠤᠨᠤᠯᠵᠢᠬᠤᠨ ᠢ ᠦᠢᠯᠡᠳᠦᠯᠭᠡᠵᠢᠬᠦᠯᠵᠦ᠂ ᠠᠮᠢ ᠠᠬᠤᠢ ᠶᠢᠨ ᠤᠷᠤᠰᠢᠭᠤᠯᠭ᠎ᠠ᠂ ᠪᠤᠯᠪᠠᠰᠤᠨ ᠲᠠᠬᠢᠯᠭ᠎ᠠ᠂ ᠤᠳᠤ ᠦᠶ᠎ᠠ ᠶᠢᠨ ᠤᠷᠤᠰᠢᠭᠤᠯᠭ᠎ᠠ᠂ ᠲᠠᠬᠢᠯᠭ᠎ᠠ ᠶᠢᠨ ᠰᠢᠨ᠎ᠠ ᠤᠨᠤᠯᠵᠢᠬᠤᠨ ᠢ ᠪᠠᠳᠠᠷᠠᠭᠤᠯᠵᠦ᠂ ᠠᠮᠤᠷ ᠠᠮᠤᠭᠤᠯᠠᠩ᠂ ᠰᠡᠳᠬᠢᠯ ᠳᠤ ᠲᠠᠪᠠᠳᠠᠢ᠂ ᠪᠤᠯᠪᠠᠰᠤᠨ᠂ ᠡᠶ᠎ᠡ ᠵᠤᠬᠢᠴᠠᠩᠭᠤᠢ ᠲᠠᠬᠢᠯᠭ᠎ᠠ ᠶᠢᠨ ᠠᠭᠤᠷ ᠠᠮᠢᠰᠬᠤᠯ ᠢ ᠪᠦᠷᠢᠯᠳᠦᠬᠦᠯᠵᠦ᠂ ᠰᠢᠯᠢᠳᠡᠭ ᠠᠮᠵᠢᠯᠳᠠ ᠪᠠᠷ ᠢᠶᠠᠨ ᠪᠦᠬᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 70 ᠵᠢᠯ ᠤᠨ ᠤᠢ ᠶᠢ ᠪᠡᠯᠭᠡᠯᠡᠬᠦ ᠶᠢᠨ ᠲᠦᠯᠦᠭᠡ᠂ 2019 ᠤᠨ ᠤ ᠬᠠᠩᠰᠢ ᠶᠢᠨ ᠡᠳᠦᠷ ᠪᠤᠯᠬᠤ ᠲᠠᠰᠢᠷᠠᠮ ᠳᠤ᠂ ᠦᠪᠡᠷᠲᠡᠭᠡᠨ ᠵᠠᠰᠠᠬᠤ ᠤᠷᠤᠨ ᠤ ᠤᠶᠤᠨ ᠤ ᠪᠤᠯᠪᠠᠰᠤᠨ ᠤ ᠪᠠᠶᠢᠭᠤᠯᠤᠯᠲᠠ ᠶᠢᠨ ᠬᠤᠷᠢᠶᠠᠨ ᠤ ᠠᠯᠪᠠᠨ ᠭᠡᠷ᠂ ᠠᠷᠠᠳ ᠤᠨ ᠶᠠᠪᠤᠳᠠᠯ ᠤᠨ ᠲᠢᠩᠬᠢᠮ ᠠᠴᠠ ᠪᠦᠬᠦ ᠤᠷᠤᠨ ᠤ ᠦᠷᠭᠡᠨ ᠤᠯᠠᠨ ᠺᠠᠳ᠋ᠷ ᠤᠯᠠᠨ ᠲᠦᠮᠡᠨ ᠳᠤ ᠳᠤᠤᠷᠠᠬᠢ ᠰᠠᠨᠠᠭᠠᠴᠢᠯᠠᠭ᠎ᠠ ᠳᠤᠷᠠᠳᠪᠠ᠄
     ᠨᠢᠭᠡ᠂ ᠦᠵᠡᠯ ᠰᠠᠨᠠᠭ᠎ᠠ ᠤᠨᠤᠯᠵᠢᠬᠤᠨ ᠢᠶᠠᠨ ᠬᠤᠪᠢᠷᠠᠭᠤᠯᠵᠦ᠂ ᠳᠤᠤᠷ᠎ᠠ ᠨᠡᠬᠦᠷᠡᠰᠦᠳᠦ᠋ᠷᠦᠭᠴᠢᠳᠦ ᠲᠠᠬᠢᠯᠭ᠎ᠠ ᠶᠢᠨ ᠰᠢᠨ᠎ᠠ ᠬᠡᠪ ᠰᠤᠷᠳᠠᠯ ᠢ ᠪᠤᠢ ᠪᠤᠯᠭᠠᠶ᠎ᠠ᠃ ᠳᠤᠮᠳᠠᠳᠤ ᠶᠢᠨ ᠦᠨᠳᠦᠰᠦᠳᠡᠨ ᠤ ᠠᠵᠢᠯᠴᠢ ᠠᠷᠪᠢᠴᠢ ᠰᠢᠯᠢᠳᠡᠭ ᠤᠯᠠᠮᠵᠢᠯᠠᠯ ᠢ ᠪᠠᠳᠠᠷᠠᠭᠤᠯᠵᠦ᠂ ᠠᠮᠢ ᠨᠠᠰᠤ ᠶᠢ ᠬᠦᠨᠳᠦᠳᠭᠡᠬᠦ᠂ ᠪᠤᠬᠢᠷᠳᠤᠯ ᠦᠭᠡᠢ ᠪᠤᠯᠪᠠᠰᠤᠨ ᠤᠷᠤᠰᠢᠭᠤᠯᠭ᠎ᠠ ᠶᠢᠨ ᠰᠢᠨ᠎ᠠ ᠰᠤᠷᠳᠠᠯ ᠢ ᠰᠠᠨᠠᠭᠠᠴᠢᠯᠠᠨ ᠪᠤᠢ ᠪᠤᠯᠭᠠᠵᠦ᠂ ᠤᠷᠤᠰᠢᠭᠤᠯᠭ᠎ᠠ ᠶᠢᠨ ᠶᠤᠰᠤ ᠵᠠᠩᠰᠢᠯ ᠤᠨ ᠦᠭᠡᠷᠡᠴᠢᠯᠡᠯᠳᠠ ᠶᠢ ᠠᠬᠢᠭᠤᠯᠵᠦ᠂ ᠶᠡᠭᠡ ᠪᠠᠷ ᠲᠠᠶᠢᠯᠠᠵᠦ ᠶᠡᠭᠡ ᠪᠠᠷ ᠡᠷᠬᠢᠯᠡᠬᠦ᠂ ᠪᠠᠶᠠᠨ ᠢᠶᠠᠨ ᠭᠠᠶᠢᠬᠠᠭᠤᠯᠵᠦ ᠠᠳᠠᠯᠢᠳᠬᠠᠬᠤ᠂ ᠲᠦᠬᠦᠮ ᠠᠴᠢᠯᠠᠵᠦ ᠬᠦᠨᠳᠦ ᠤᠷᠤᠰᠢᠭᠤᠯᠬᠤ ᠵᠡᠷᠭᠡ ᠬᠠᠭᠤᠴᠢᠨ ᠵᠠᠩᠰᠢᠯ ᠪᠤᠯᠬᠢ ᠰᠤᠷᠳᠠᠯ ᠢ ᠬᠤᠷᠢᠬᠯᠠᠵᠦ᠂ ᠰᠠᠨᠠᠭᠠᠴᠢᠯᠠᠭ᠎ᠠ ᠠᠴᠠ ᠪᠠᠨ ᠪᠤᠯᠪᠠᠰᠤᠨ ᠲᠠᠬᠢᠯᠭ᠎ᠠ ᠬᠢᠵᠡᠭᠡᠶ᠎ᠠ᠃ ᠦᠷᠭᠡᠨ ᠤᠯᠠᠨ ᠨᠠᠮ ᠤᠨ ᠭᠡᠰᠢᠬᠦᠨ᠂ ᠺᠠᠳ᠋ᠷ ᠨᠠᠷ ᠪᠡᠶ᠎ᠠ ᠪᠠᠷ ᠢᠶᠠᠨ ᠬᠡᠪ ᠳᠠᠭᠤᠷᠢᠶᠠᠯ ᠪᠤᠯᠵᠦ᠂ ᠲᠦᠷᠦᠬᠦᠯᠡᠨ ᠵᠢᠱᠢᠶ᠎ᠠ ᠦᠵᠡᠬᠦᠯᠵᠦ᠂ ᠪᠤᠯᠪᠠᠰᠤᠨ ᠲᠠᠬᠢᠯᠭ᠎ᠠ ᠶᠢᠨ ᠰᠢᠨ᠎ᠠ ᠬᠡᠪ ᠰᠤᠷᠳᠠᠯ ᠢ ᠰᠠᠨᠠᠭᠠᠴᠢᠯᠠᠵᠦ᠂ ᠪᠤᠳᠠᠳᠤ ᠠᠵᠢᠯᠯᠠᠭ᠎ᠠ ᠪᠠᠷ ᠢᠶᠠᠨ ᠳᠡᠷᠭᠡᠳᠡᠬᠢ ᠤᠯᠠᠨ ᠲᠦᠮᠡᠨ ᠢ ᠨᠦᠯᠦᠭᠡᠯᠡᠨ ᠲᠠᠶᠢᠴᠢᠯᠠᠵᠦ᠂ ᠳᠤᠤᠷ᠎ᠠ ᠨᠡᠬᠦᠷᠡᠰᠦᠳᠦ᠋ᠷᠦᠭᠴᠢᠳᠦ ᠪᠤᠯᠪᠠᠰᠤᠨ ᠰᠤᠷᠳᠠᠯ ᠢ ᠰᠠᠨᠠᠭᠠᠴᠢᠯᠠᠬᠴᠢ ᠪᠠ ᠳᠠᠮᠵᠢᠭᠤᠯᠤᠬᠴᠢ ᠪᠤᠯᠬᠤ ᠪᠠᠷ ᠴᠢᠷᠮᠠᠶᠢᠵᠦ᠂ ᠳᠤᠤᠷ᠎ᠠ ᠨᠡᠬᠦᠷᠡᠰᠦᠳᠦ᠋ᠷᠦᠭᠴᠢᠳᠦ ᠪᠤᠯᠪᠠᠰᠤᠨ ᠲᠠᠬᠢᠯᠭ᠎ᠠ ᠶᠢᠨ ᠠᠵᠢᠯᠯᠠᠭ᠎ᠠ ᠶᠢ ᠦᠢᠯᠡᠳᠦᠯᠭᠡᠵᠢᠬᠦᠯᠦᠶ᠎ᠠ᠃
     ᠬᠤᠶᠠᠷ᠂ ᠤᠷᠴᠢᠨ ᠲᠤᠭᠤᠷᠢᠨ ᠢ ᠬᠠᠮᠠᠭᠠᠯᠠᠬᠤ ᠤᠬᠠᠮᠰᠠᠷ ᠢᠶᠠᠨ ᠴᠢᠩᠭᠠᠳᠬᠠᠵᠤ᠂ ᠪᠤᠯᠪᠠᠰᠤᠨ ᠲᠠᠬᠢᠯᠭ᠎ᠠ ᠬᠢᠬᠦ ᠰᠢᠨ᠎ᠠ ᠰᠤᠷᠳᠠᠯ ᠢ ᠲᠦᠷᠦᠭᠦᠯᠡᠨ ᠪᠤᠢ ᠪᠤᠯᠭᠠᠶ᠎ᠠ᠃ ᠬᠦᠮᠦᠨ ᠪᠦᠬᠦᠨ ᠤᠬᠠᠮᠰᠠᠷ ᠠᠴᠠ ᠪᠠᠨ ᠪᠤᠯᠪᠠᠰᠤᠨ᠂ ᠳᠤᠤᠷ᠎ᠠ ᠨᠡᠭᠦᠷᠡᠰᠦᠳᠦ᠋ᠷᠦᠭᠴᠢᠳᠦ᠂ ᠠᠶᠤᠯ ᠦᠬᠡᠢ ᠪᠠᠶᠢᠬᠤ ᠤᠬᠠᠮᠰᠠᠷ ᠢ ᠪᠤᠢ ᠪᠤᠯᠭᠠᠵᠤ᠂ ᠰᠤᠷᠭᠤᠭ ᠴᠡᠴᠡᠭ ᠬᠦᠷᠭᠡᠨ ᠲᠠᠬᠢᠯᠭ᠎ᠠ ᠬᠢᠬᠦ᠂ ᠮᠤᠳᠤ ᠵᠠᠶᠢᠯᠠᠵᠤ ᠲᠠᠬᠢᠯᠭ᠎ᠠ ᠬᠢᠬᠦ᠂ ᠰᠦᠯᠵᠢᠶᠡᠨ ᠳᠡᠭᠡᠷ᠎ᠠ ᠲᠠᠬᠢᠯᠭ᠎ᠠ ᠬᠢᠬᠦ᠂ ᠭᠡᠷ ᠲᠤ ᠪᠠᠨ ᠲᠠᠬᠢᠯᠭ᠎ᠠ ᠬᠢᠬᠦ᠂ ᠨᠡᠶᠢᠭᠡᠮ ᠲᠤᠭᠤᠷᠢᠭ ᠢᠶᠠᠷ ᠢᠶᠠᠨ ᠬᠠᠮᠳᠤ ᠶᠢᠨ ᠲᠠᠬᠢᠯᠭ᠎ᠠ ᠬᠢᠬᠦ᠂ ᠨᠡᠶᠢᠳᠡ ᠶᠢᠨ ᠲᠠᠬᠢᠯᠭ᠎ᠠ ᠬᠢᠬᠦ᠂ ᠤᠷᠭᠢᠯ ᠬᠤᠭᠤᠴᠠᠭ᠎ᠠ ᠠᠴᠠ ᠵᠠᠶᠢᠯᠠᠨ ᠲᠠᠬᠢᠯᠭ᠎ᠠ ᠬᠢᠬᠦ ᠵᠡᠷᠭᠡ ᠪᠤᠯᠪᠠᠰᠤᠨ ᠲᠠᠬᠢᠯᠭ᠎ᠠ ᠶᠢᠨ ᠠᠵᠢᠯᠯᠠᠭ᠎ᠠ ᠶᠢ ᠰᠠᠨᠠᠭᠠᠴᠢᠯᠠᠶ᠎ᠠ᠃ ᠡᠯ᠎ᠠ ᠲᠦᠷᠦᠯ ᠤᠨ ᠡᠬᠡ ᠤᠷᠤᠨᠴᠢ ᠦᠵᠡᠯ ᠤᠨ ᠬᠦᠮᠦᠵᠢᠯ ᠤᠨ ᠲᠠᠯᠠᠪᠤᠷ ᠪᠤᠯᠤᠨ ᠠᠮᠢ ᠨᠠᠰᠤᠨ ᠤ ᠰᠤᠶᠤᠯ ᠤᠨ ᠬᠦᠮᠦᠵᠢᠯ ᠤᠨ ᠰᠠᠭᠤᠷᠢᠨ ᠢ ᠭᠦᠢᠴᠡᠳ ᠠᠰᠢᠬᠯᠠᠵᠤ᠂ ᠦᠷᠡᠭᠳᠡᠭᠰᠡᠨ ᠪᠠᠭᠠᠳᠤᠷ ᠢ ᠳᠤᠷᠠᠰᠤᠨ ᠰᠠᠨᠠᠭᠠᠯᠵᠠᠬᠤ᠂ ᠠᠬᠠᠰ ᠵᠠᠬᠠᠰ ᠢᠶᠠᠨ ᠠᠴᠢᠯᠠᠬᠤ᠂ ᠠᠮᠢ ᠨᠠᠰᠤᠨ ᠤ ᠬᠦᠮᠦᠵᠢᠯ ᠬᠦᠷᠳᠡᠭᠡᠬᠦ ᠵᠡᠷᠭᠡ ᠠᠵᠢᠯᠯᠠᠭ᠎ᠠ ᠦᠷᠨᠢᠭᠦᠯᠵᠤ᠂ ᠤᠯᠤᠰ ᠢᠶᠠᠨ ᠬᠠᠶᠢᠷᠠᠯᠠᠬᠤ ᠰᠡᠳᠭᠢᠯᠭᠡ ᠶᠢ ᠪᠤᠶᠢᠵᠢᠭᠤᠯᠵᠤ᠂ ᠨᠡᠶᠢᠭᠡᠮ ᠵᠢᠷᠤᠮ ᠤᠨ ᠭᠤᠤᠯᠯᠠᠭᠴᠢ ᠦᠷᠳᠡᠭ ᠤᠨ ᠦᠵᠡᠯᠳᠡ ᠶᠢ ᠦᠢᠯᠡᠳᠦᠯᠭᠡᠵᠢᠭᠦᠯᠦᠶ᠎ᠠ᠃ ᠴᠡᠴᠡᠭ ᠬᠦᠷᠭᠡᠬᠦ᠂ ᠮᠤᠳᠤ ᠵᠠᠶᠢᠯᠠᠬᠤ᠂ ᠤᠩᠭᠤᠨ ᠱᠦᠭᠦᠷᠳᠡᠬᠦ᠂ ᠲᠠᠬᠢᠯᠭ᠎ᠠ ᠶᠢᠨ ᠵᠤᠬᠢᠶᠠᠯ ᠤᠩᠰᠢᠬᠤ ᠵᠡᠷᠭᠡ ᠴᠠᠭ ᠦᠶ᠎ᠠ ᠶᠢᠨ ᠤᠨᠴᠠᠯᠢᠭ ᠲᠠᠢ ᠨᠡᠶᠢᠴᠡᠬᠦ ᠠᠷᠭ᠎ᠠ ᠬᠡᠯᠪᠡᠷᠢ ᠪᠠᠷ ᠭᠠᠰᠢᠭᠤᠳᠠᠨ ᠰᠠᠨᠠᠭᠠᠯᠵᠠᠬᠤ ᠰᠡᠳᠭᠢᠯᠭᠡ ᠪᠠᠨ ᠢᠯᠡᠳᠭᠡᠵᠤ᠂ ᠳᠡᠬᠡᠳᠦᠰ ᠢᠶᠠᠨ ᠲᠠᠬᠢᠬᠤ ᠤᠯᠠᠮᠵᠢᠯᠠᠯᠳᠤ ᠵᠠᠩ ᠦᠢᠯᠡ ᠶᠢ ᠨᠡᠩ ᠡᠷᠡᠭᠦᠯ᠂ ᠳᠤᠤᠷ᠎ᠠ ᠨᠡᠬᠦᠷᠡᠰᠦᠳᠦ᠋ᠷᠦᠭᠴᠢᠳᠦ ᠪᠤᠯᠪᠠᠰᠤᠨ ᠠᠷᠭ᠎ᠠ ᠬᠡᠯᠪᠡᠷᠢ ᠪᠠᠷ ᠦᠷᠨᠢᠭᠦᠯᠵᠤ᠂ ᠪᠤᠳᠠᠳᠠᠢ ᠭᠠᠵᠠᠷ ᠲᠤ ᠨᠢ ᠬᠦᠷᠴᠤ ᠪᠤᠳᠠᠳᠠᠢ ᠵᠦᠢᠯ ᠢᠶᠠᠷ ᠲᠠᠬᠢᠯᠭ᠎ᠠ ᠬᠢᠬᠦ ᠶᠢ ᠴᠢᠬᠤᠯᠠᠴᠢᠯᠠᠵᠤ ᠪᠠᠶᠢᠭᠰᠠᠨ ᠢᠶᠠᠨ ᠤᠶᠤᠨ ᠰᠠᠨᠠᠭᠠᠨ ᠤ ᠵᠠᠯᠭᠠᠮᠵᠢᠯᠠᠯ ᠢᠶᠠᠷ ᠭᠤᠤᠯ ᠪᠤᠯᠭᠠᠬᠤ ᠠᠷᠭ᠎ᠠ ᠬᠡᠯᠪᠡᠷᠢ ᠪᠤᠯᠭᠠᠵᠤ ᠬᠤᠪᠢᠷᠠᠭᠤᠯᠤᠶ᠎ᠠ᠃
     ᠭᠤᠷᠪᠠ᠂ ᠰᠢᠨᠵᠢᠯᠡᠬᠦ ᠤᠬᠠᠭᠠᠨᠴᠢ ᠤᠨᠤᠯᠵᠢᠬᠤᠨ ᠢ ᠭᠦᠨᠵᠡᠭᠡᠶᠢᠷᠡᠭᠦᠯᠵᠤ᠂ ᠪᠤᠯᠪᠠᠰᠤᠨ ᠪᠦᠭᠡᠳ ᠠᠷᠪᠢᠴᠢ ᠭᠠᠮᠳᠠᠢ ᠰᠤᠷᠳᠠᠯ ᠢ ᠶᠡᠭᠡ ᠪᠠᠷ ᠡᠷᠬᠢᠮᠯᠡᠶ᠎ᠠ᠃ ᠲᠦᠬᠦᠮ ᠠᠴᠢᠯᠠᠵᠦ ᠬᠦᠨᠳᠦ ᠤᠷᠤᠰᠢᠭᠤᠯᠬᠤ ᠨᠠᠵᠠᠭᠠᠢ ᠰᠤᠷᠳᠠᠯ᠂ ᠤᠷᠤᠰᠢᠭᠤᠯᠭ᠎ᠠ ᠶᠢᠨ ᠠᠵᠢᠯᠯᠠᠭ᠎ᠠ ᠶᠢ ᠦᠪᠡᠳᠡᠭᠰᠢ ᠶᠡᠭᠡ ᠪᠠᠷ ᠬᠢᠬᠦ ᠤᠷᠤᠰᠢᠭᠤᠯᠭ᠎ᠠ ᠶᠢᠨ ᠵᠠᠩ ᠵᠠᠩᠰᠢᠯ ᠢ ᠤᠬᠠᠮᠰᠠᠷ ᠠᠴᠠ ᠪᠠᠨ ᠡᠰᠡᠷᠭᠦᠴᠡᠵᠤ᠂ ᠠᠷᠪᠢᠴᠢ ᠭᠠᠮᠳᠠᠢ ᠠᠷᠭ᠎ᠠ ᠬᠡᠯᠪᠡᠷᠢ ᠪᠠᠷ ᠭᠠᠰᠢᠭᠤᠳᠠᠨ ᠰᠠᠨᠠᠭᠠᠯᠵᠠᠬᠤ ᠪᠠᠨ ᠢᠯᠡᠳᠭᠡᠵᠤ᠂ ᠤᠳᠤ ᠦᠶ᠎ᠠ ᠶᠢᠨ ᠰᠢᠨᠵᠢᠯᠡᠬᠦ ᠤᠬᠠᠭᠠᠨ ᠮᠡᠷᠭᠡᠵᠢᠯ ᠢ ᠤᠯᠠᠮᠵᠢᠯᠠᠯᠳᠤ ᠵᠠᠩ ᠦᠢᠯᠠ ᠳᠤ ᠠᠭᠤᠰᠤᠯᠴᠠᠭᠤᠯᠵᠤ᠂ ᠰᠦᠯᠵᠢᠶ᠎ᠠ ᠪᠠᠷ ᠲᠠᠬᠢᠯᠭ᠎ᠠ ᠬᠢᠬᠦ ᠶᠢᠨ ᠪᠠᠶᠢᠩᠭᠤ ᠳᠦᠬᠦᠮ᠂ ᠠᠶᠤᠯ ᠦᠬᠡᠢ᠂ ᠪᠠᠶᠢᠭᠠᠯᠢ ᠳᠤ ᠡᠬᠡᠯᠢ ᠲᠠᠢ ᠵᠡᠷᠭᠡ ᠳᠠᠪᠠᠭᠤᠯᠢᠭ ᠢ ᠪᠠᠳᠠᠷᠠᠭᠤᠯᠵᠤ᠂ ᠠᠮᠢᠳᠤ ᠰᠡᠷᠡᠭᠦᠨ ᠪᠠᠶᠢᠬᠤ ᠦᠶ᠎ᠠ ᠶᠢᠨ ᠦᠢᠯᠠ ᠠᠵᠢᠯᠯᠠᠭ᠎ᠠ ᠶᠢ ᠨᠢ ᠰᠦᠯᠵᠢᠶᠡᠨ ᠳᠤ ᠭᠠᠷᠭᠠᠬᠤ ᠬᠡᠯᠪᠡᠷᠢ ᠪᠠᠷ ᠳᠡᠬᠡᠳᠦᠰ ᠢᠶᠠᠨ ᠰᠠᠨᠠᠭᠠᠯᠵᠠᠵᠤ᠂ ᠦᠷᠡᠭᠳᠡᠭᠰᠡᠨ ᠪᠠᠭᠠᠳᠤᠷ ᠢᠶᠠᠨ ᠳᠤᠷᠠᠰᠬᠠᠵᠤ᠂ ᠠᠬᠠᠰ ᠵᠠᠬᠠᠰ ᠤᠨ ᠢᠶᠠᠨ ᠠᠴᠢ ᠶᠢ ᠬᠠᠷᠢᠭᠤᠯᠵᠤ᠂ ᠭᠠᠰᠢᠭᠤᠳᠠᠨ ᠰᠠᠨᠠᠭᠠᠯᠵᠠᠬᠤ ᠪᠠᠨ ᠢᠯᠡᠳᠭᠡᠶ᠎ᠠ᠃ ᠨᠦᠭᠴᠢᠭᠰᠡᠳ ᠢᠶᠠᠨ ᠲᠤᠷᠠᠰᠬᠠᠬᠤ ᠶᠢ ᠭᠡᠷ ᠤᠨ ᠰᠤᠷᠭᠠᠯ ᠭᠡᠷ ᠤᠨ ᠰᠤᠷᠳᠠᠯ ᠢᠶᠠᠨ ᠪᠠᠳᠠᠷᠠᠭᠤᠯᠵᠤ᠂ ᠰᠢᠯᠢᠳᠡᠭ ᠰᠤᠶᠤᠯ ᠢᠶᠠᠨ ᠤᠯᠠᠮᠵᠢᠯᠠᠨ ᠵᠠᠯᠭᠠᠮᠵᠢᠯᠠᠵᠤ᠂ ᠤᠶᠤᠨ ᠰᠠᠨᠠᠭᠠᠨ ᠤ ᠠᠮᠢᠳᠤᠷᠠᠯ ᠢᠶᠠᠨ ᠪᠠᠶᠠᠯᠢᠬᠵᠢᠭᠤᠯᠬᠤ ᠲᠠᠢ ᠤᠷᠭᠠᠨᠢᠭ ᠢᠶᠠᠷ ᠤᠶᠠᠯᠳᠤᠭᠤᠯᠵᠤ᠂ ᠬᠠᠨᠭ᠍ᠰᠢ ᠶᠢᠨ ᠡᠳᠦᠷ ᠢ ᠲᠦᠷᠦᠯ ᠰᠡᠳᠤᠨ ᠢᠶᠠᠷ ᠢᠶᠠᠨ ᠶᠠᠪᠤᠯᠴᠠᠵᠦ ᠡᠷᠡᠬᠦᠯ ᠡᠩᠬᠡ ᠠᠮᠢᠳᠤᠷᠠᠬᠤ᠂ ᠰᠤᠶᠤᠯ ᠢᠶᠠᠨ ᠪᠠᠳᠠᠷᠠᠭᠤᠯᠵᠤ ᠤᠷᠴᠢᠨ ᠲᠤᠭᠤᠷᠢᠨ ᠢᠶᠠᠨ ᠬᠠᠮᠠᠭᠠᠯᠠᠬᠤ ᠴᠢᠬᠤᠯᠠ ᠠᠴᠢᠶᠠᠯᠠᠬᠴᠢ ᠪᠤᠯᠭᠠᠵᠤ᠂ ᠮᠣᠳᠤ ᠲᠠᠷᠢᠬᠤ ᠤᠷᠤᠰᠢᠭᠤᠯᠭ᠎ᠠ᠂ ᠬᠤᠸᠠᠷ ᠴᠡᠴᠡᠭ ᠲᠠᠷᠢᠬᠤ ᠤᠷᠤᠰᠢᠭᠤᠯᠭ᠎ᠠ᠂ ᠵᠦᠯᠭᠡ ᠳᠡᠪᠢᠰᠬᠦ ᠤᠷᠤᠰᠢᠭᠤᠯᠭ᠎ᠠ ᠶᠢ ᠢᠳᠡᠪᠬᠢᠳᠠᠢ ᠲᠠᠯᠭᠡᠷᠡᠬᠦᠯᠵᠤ᠂ ᠪᠤᠯᠠᠰᠢ ᠦᠯᠡᠳᠡᠭᠡᠬᠦ ᠦᠭᠡᠢ᠂ ᠤᠡᠭᠭᠤᠨ ᠪᠠᠶᠢᠭᠤᠯᠬᠤ ᠦᠭᠡᠢ᠂ ᠭᠠᠵᠠᠷ ᠰᠢᠷᠤᠢ ᠶᠢ ᠠᠷᠪᠢᠯᠠᠵᠤ᠂ ᠹᠸᠤᠳᠠᠯ ᠤᠨ ᠮᠤᠬᠤᠷ ᠰᠦᠰᠦᠭ ᠤᠨ ᠲᠠᠬᠢᠯᠭ᠎ᠠ ᠶᠢᠨ ᠠᠵᠢᠯᠯᠠᠭ᠎ᠠ ᠶᠠᠪᠤᠭᠳᠠᠭᠤᠯᠬᠤ ᠦᠬᠡᠢ ᠪᠠᠶᠢᠵᠠᠭᠠᠶ᠎ᠡ︕
     ᠲᠦᠷᠪᠡ᠂ ᠠᠶᠤᠯ ᠦᠬᠡᠢ ᠲᠠᠬᠢᠯᠭ᠎ᠠ ᠶᠢ ᠰᠠᠨᠠᠭᠠᠴᠢᠯᠠᠵᠤ᠂ ᠠᠮᠤᠷ ᠲᠦᠪᠰᠢᠨ ᠤ ᠭᠡᠮ ᠰᠤᠭᠤᠭ ᠢ ᠡᠷᠡᠰ ᠠᠷᠢᠯᠭᠠᠶ᠎ᠠ᠃ ᠠᠮᠤᠷ ᠲᠦᠪᠰᠢᠨ ᠤ ᠤᠬᠠᠮᠰᠠᠷ ᠢᠶᠠᠨ ᠴᠢᠩᠭᠠᠳᠬᠠᠵᠤ᠂ ᠲᠤᠬᠳᠠᠬᠰᠡᠨ ᠭᠠᠵᠠᠷ ᠲᠤ ᠲᠠᠬᠢᠯᠭ᠎ᠠ ᠬᠢᠬᠦ ᠪᠠ ᠬᠤᠯᠪᠤᠬᠳᠠᠯ ᠪᠦᠬᠦᠢ ᠭᠠᠯ ᠰᠡᠷᠭᠡᠶᠢᠯᠡᠬᠦ ᠲᠤᠬᠳᠠᠭᠠᠯ ᠢ ᠴᠢᠩᠭ᠎ᠠ ᠵᠢᠷᠤᠮᠯᠠᠵᠤ᠂ ᠲᠦᠷᠢᠮ ᠠᠴᠠ ᠵᠦᠷᠢᠴᠠᠨ ᠭᠠᠯ ᠭᠡᠷᠡᠭᠯᠡᠬᠦ ᠦᠭᠡᠢ ᠪᠠᠶᠢᠶ᠎ᠠ᠃ ᠠᠭᠤᠯᠠ᠂ ᠤᠶᠢᠳᠤ ᠭᠠᠵᠠᠷ᠂ ᠨᠡᠶᠢᠳᠠ ᠶᠢᠨ ᠤᠡᠭᠭᠤᠨ ᠤ ᠲᠤᠳᠤᠷ᠎ᠡ ᠴᠠᠭᠠᠰᠤᠨ ᠵᠤᠭᠤᠰ ᠰᠢᠳᠠᠭᠠᠨ ᠬᠦᠵᠢ ᠠᠰᠠᠭᠠᠬᠤ ᠦᠭᠡᠢ᠂ ᠫᠤᠤᠵᠢᠩ ᠲᠠᠯᠪᠢᠬᠤ ᠦᠭᠡᠢ᠂ ᠠᠭᠤᠳᠠᠮ ᠲᠠᠯᠠᠪᠠᠢ᠂ ᠰᠠᠭᠤᠭᠠᠯᠢ ᠲᠤᠭᠤᠷᠢᠭ᠂ ᠤᠢ ᠰᠢᠭᠤᠢ᠂ ᠵᠠᠮ ᠤᠨ ᠠᠭᠤᠯᠵᠠᠷ ᠵᠡᠷᠭᠡ ᠤᠯᠠᠨ ᠨᠠᠶᠢᠳᠠ ᠶᠢᠨ ᠲᠠᠯᠠᠪᠤᠷ ᠲᠤ ᠴᠠᠭᠠᠰᠤᠨ ᠵᠤᠭᠤᠰ ᠰᠢᠳᠠᠭᠠᠬᠤ ᠦᠬᠡᠢ᠂ ᠲᠠᠬᠢᠯᠭ᠎ᠠ ᠶᠢᠨ ᠪᠤᠳᠠᠰ ᠲᠠᠯᠪᠢᠬᠤ ᠦᠭᠡᠢ ᠪᠠᠶᠢᠬᠤ ᠶᠢ ᠪᠠᠶᠠᠯᠡᠬᠦᠯᠵᠤ᠂ ᠡᠯ᠎ᠡ ᠵᠦᠢᠯ ᠤᠨ ᠠᠮᠤᠷ ᠲᠦᠪᠰᠢᠨ ᠤ ᠭᠡᠮ ᠰᠤᠭᠤᠭ ᠡᠬᠦᠰᠬᠦ ᠶᠢ ᠡᠷᠡᠰ ᠲᠠᠪᠴᠢᠵᠤ᠂ ᠪᠤᠬᠢᠷᠳᠤᠯ ᠦᠭᠡᠢ ᠠᠮᠢ ᠠᠬᠤᠢ ᠤᠷᠴᠢᠨ ᠲᠤᠭᠤᠷᠢᠨ ᠢ ᠬᠠᠮᠳᠤ ᠪᠠᠷ ᠬᠠᠮᠠᠭᠠᠯᠠᠵᠤ᠂ ᠠᠮᠤᠷ ᠲᠦᠪᠰᠢᠨ᠂ ᠬᠠᠯᠠᠭᠤᠨ ᠲᠤᠯᠠᠭᠠᠨ᠂ ᠪᠤᠯᠪᠠᠰᠤᠨ᠂ ᠡᠶ᠎ᠡ ᠵᠤᠬᠢᠴᠠᠩᠭᠤᠢ ᠬᠠᠩᠰᠢ ᠶᠢᠨ ᠡᠳᠦᠷ ᠤᠨ ᠲᠠᠬᠢᠯᠭ᠎ᠠ ᠶᠢᠨ ᠠᠭᠤᠷ ᠠᠮᠢᠰᠬᠤᠯ ᠢ ᠬᠠᠮᠳᠤ ᠪᠠᠷ ᠪᠤᠢ ᠪᠤᠯᠭᠠᠵᠠᠭᠠᠶ᠎ᠡ᠃
     ᠪᠦᠬᠦ ᠤᠷᠤᠨ ᠤ ᠦᠨᠳᠦᠰᠦᠳᠡᠨ ᠨᠦᠬᠦᠳ ᠤᠨ ᠡᠯ᠎ᠡ ᠡᠳᠡᠭᠡᠳ ᠤᠨ ᠠᠬ᠎ᠠ ᠲᠡᠬᠦᠤ ᠨᠠᠷ ᠡ᠂ ᠡᠶ᠎ᠡ ᠵᠤᠬᠢᠴᠠᠩᠭᠤᠢ ᠦᠵᠡᠰᠬᠦᠯᠡᠩᠳᠤ ᠰᠠᠶᠢᠬᠠᠨ ᠬᠡᠷ ᠤᠷᠤᠨ ᠢ ᠪᠤᠢ ᠪᠤᠯᠭᠠᠬᠤ ᠪᠤᠯ ᠪᠢᠳᠠᠨ ᠤ ᠬᠠᠮᠳᠤ ᠶᠢᠨ ᠬᠦᠰᠡᠯ ᠡᠷᠡᠮᠡᠯᠵᠡᠯ ᠮᠦᠨ᠂ ᠪᠢᠳᠠ ᠪᠦᠬᠦᠳᠡᠭᠡᠷ ᠪᠤᠰᠢᠭᠤ ᠬᠦᠳᠡᠯᠤᠯᠴᠠᠵᠤ᠂ ᠤᠳᠤ ᠠᠴᠠ ᠡᠬᠢᠯᠡᠨ᠂ ᠦᠪᠡᠷ ᠤᠨ ᠪᠡᠶ᠎ᠡ ᠠᠴᠠ ᠪᠠᠨ ᠡᠬᠢᠯᠡᠨ᠂ ᠭᠡᠷ ᠪᠦᠯᠢ ᠪᠤᠯᠭᠠᠨ ᠠᠴᠠ ᠡᠬᠢᠯᠡᠨ ᠬᠢᠵᠤ᠂ ᠬᠠᠮᠳᠤ ᠪᠠᠷ ᠭᠠᠷ ᠬᠤᠯᠪᠤᠯᠴᠠᠵᠤ᠂ ᠨᠡᠶᠢᠭᠡᠮ ᠲᠠᠶᠠᠭᠠᠷ ︽ᠪᠤᠯᠪᠠᠰᠤᠨ ᠲᠠᠬᠢᠯᠭ᠎ᠠ ᠲᠠᠶᠢᠪᠤᠩ ᠬᠠᠩᠰᠢ︾ ᠶᠢ ᠪᠤᠢ ᠪᠤᠯᠭᠠᠬᠤ ᠶᠢ ᠶᠡᠭᠡ ᠪᠠᠷ ᠰᠠᠨᠠᠭᠠᠴᠢᠯᠠᠵᠤ᠂ ᠵᠠᠩ ᠵᠠᠩᠰᠢᠯ ᠢᠶᠠᠨ ᠦᠭᠡᠷᠡᠴᠢᠯᠡᠵᠤ᠂ ᠤᠷᠴᠢᠨ ᠲᠤᠭᠤᠷᠢᠨ ᠢ ᠬᠠᠮᠠᠭᠠᠯᠠᠵᠤ᠂ ᠰᠢᠨ᠎ᠡ ᠰᠤᠷᠳᠠᠯ ᠢ ᠰᠠᠨᠠᠭᠠᠴᠢᠯᠠᠬᠰᠡᠨ ᠪᠤᠳᠠᠳᠠᠢ ᠠᠵᠢᠯᠯᠠᠭ᠎ᠠ ᠪᠠᠷ ᠢᠶᠠᠨ ᠪᠤᠯᠪᠠᠰᠤᠨ᠂ ᠡᠶ᠎ᠡ ᠵᠤᠬᠢᠴᠠᠩᠭᠤᠢ᠂ ᠵᠤᠯ ᠵᠢᠷᠭᠠᠯᠳᠤ ᠰᠠᠶᠢᠨ ᠰᠠᠶᠢᠬᠠᠨ ᠭᠡᠷ ᠤᠷᠤᠨ ᠢᠶᠠᠨ ᠬᠠᠮᠳᠤ ᠪᠠᠷ ᠪᠦᠳᠦᠭᠡᠨ ᠪᠠᠶᠢᠭᠤᠯᠵᠤ᠂ ᠡᠭᠡ ᠤᠯᠤᠰ ᠤᠨ ᠤᠮᠠᠷᠠᠳᠤ ᠶᠢᠨ ᠡᠨᠡ ᠬᠦ ᠦᠵᠡᠮᠵᠢ ᠶᠢᠨ ᠤᠷᠤᠨ ᠢᠶᠠᠨ ᠨᠡᠩ ᠦᠵᠡᠰᠬᠦᠯᠡᠩᠳᠤ ᠰᠠᠶᠢᠬᠠᠨ ᠪᠤᠯᠭᠠᠨ ᠪᠦᠳᠦᠭᠡᠨ ᠪᠠᠶᠢᠭᠤᠯᠵᠠᠭᠠᠶ᠎ᠡ︕


    ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠤᠶᠤᠨ ᠤ ᠪᠤᠯᠪᠠᠰᠤᠨ ᠤ ᠪᠠᠶᠢᠭᠤᠯᠤᠯᠲᠠ ᠶᠢᠨ ᠬᠤᠷᠢᠶᠠᠨ ᠤ ᠠᠯᠪᠠᠨ ᠭᠡᠷ
    ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ
                                        2019 ᠣᠨ ᠤ 4 ᠳ᠋ᠦ᠋ᠭᠡᠷ ᠰᠠᠷ᠎ᠡ ᠶᠢᠨ 3 ᠤ ᠡᠳᠦᠷ


ᠢᠷᠡᠯᠲᠡ᠄ ᠥᠪᠥᠷ ᠮᠣᠩᠭᠤᠯ ᠤᠨ ᠡᠳᠦᠷ  ᠤᠨ ᠰᠣᠨᠢᠨ