ᠣᠶᠢᠷ᠎ᠠ ᠶᠢᠨ ᠡᠳᠦᠷ᠂ ᠪᠤᠭᠤᠲᠤ ᠬᠤᠲᠠ ᠶᠢᠨ ᠤᠰᠤᠨ ᠤ ᠠᠮᠢ ᠠᠬᠤᠢ ᠶᠢ ᠳᠡᠭᠡᠭᠰᠢᠯᠡᠭᠦᠯᠵᠦ ᠶᠡᠷᠦᠩᠬᠡᠶᠢᠯᠡᠨ | ᠠᠰᠢᠭᠯᠠᠬᠤ PPP ᠲᠥᠷᠥᠯ ᠵᠦᠶᠯ ᠨᠢ ᠪᠣᠳᠠᠰ ᠤᠨ ᠥᠷᠲᠡᠭ ᠤᠨ ᠦᠨᠡᠯᠡᠯᠲᠡ ᠪᠠ ᠡᠳ᠋ ᠤᠨ ᠵᠠᠰᠠᠭ ᠤᠨ | ᠳᠠᠭᠠᠭᠠᠬᠤ ᠴᠢᠳᠠᠪᠤᠷᠢ ᠶᠢᠨ ᠨᠤᠲᠠᠯᠠᠯᠲᠠ ᠬᠢᠬᠦ ᠪᠠᠷ ᠳᠠᠮᠵᠢᠨ᠂ ᠲᠤᠰ ᠲᠥᠷᠥᠯ ᠵᠦᠶᠯ ᠨᠢ ᠣᠳᠣ ᠪᠠᠶᠢᠭ᠎ᠠ ︽ | ᠳᠥᠷᠪᠡᠨ ᠭᠤᠯᠳᠤ ᠬᠤᠶᠠᠷ ᠬᠥᠨᠳᠡᠯᠡᠨ᠂ ᠭᠤᠷᠪᠠᠨ ᠨᠠᠭᠤᠷ ᠳᠥᠷᠪᠡᠨ ᠴᠥᠬᠦᠷᠥᠮ︾ ᠤᠨ ᠤᠰᠤᠨ ᠰᠢᠰᠲ᠋ᠧᠮᠵᠢ ᠶᠢᠨ | ᠢᠨᠵᠧᠨᠧᠷᠢᠩ ᠢ ᠠᠰᠢᠭᠯᠠ᠂ ᠤᠮᠠᠷᠠᠰᠢ ᠳᠠᠯᠠᠨ ᠬᠠᠷ᠎ᠠ ᠠᠭᠤᠯᠠ ᠠᠴᠠ ᠡᠬᠢᠯᠡᠨ᠂ ᠡᠮᠦᠨᠡᠰᠢ ᠬᠠᠳᠤᠨ ᠭᠤᠤᠯ ᠳᠤ | ᠬᠦᠷᠴᠦ᠂ ᠪᠠᠷᠠᠭᠤᠨᠰᠢ ᠪᠠᠨ ᠬᠦᠨᠳᠡᠯᠡᠨ ᠭᠤᠤᠯ᠂ ᠵᠡᠭᠦᠨᠰᠢ ᠪᠠᠨ ᠪᠠᠶᠠᠨ ᠨᠠᠭᠤᠷ ᠬᠦᠷᠬᠦ ᠬᠤᠲᠠ ᠣᠷᠢᠶᠠᠭᠰᠠᠨ | ᠤᠰᠤᠨ ᠰᠢᠰᠲ᠋ᠧᠮᠵᠢ ᠶᠢ ᠪᠠᠶᠢᠭᠤᠯᠬᠤ ᠪᠠᠷ ᠪᠣᠢ᠃ ᠢᠨᠵᠧᠨᠧᠷᠢᠩ ᠪᠠᠶᠢᠭᠤᠯᠤᠭᠳᠠᠭᠰᠠᠨ ᠤ ᠳᠠᠷᠠᠭ᠎ᠠ᠂ ᠬᠤᠲᠠ ᠶᠢᠨ | ᠦᠶᠡᠷ ᠢ ᠰᠡᠷᠭᠡᠶᠢᠯᠡᠬᠦ ᠪᠠᠷᠢᠮᠵᠢᠶ᠎ᠠ ᠨᠢ ᠲᠥᠯᠥᠪᠵᠢᠭᠦᠯᠭᠡ ᠶᠢᠨ ᠱᠠᠭᠠᠷᠳᠠᠯᠭ᠎ᠠ ᠶᠢ ᠬᠠᠩᠭᠠᠵᠤ᠂ ᠤᠰᠤᠨ ᠤ ᠡᠬᠢ | ᠪᠠᠶᠠᠯᠢᠭ ᠳᠤᠲᠠᠭᠳᠠᠵᠤ ᠪᠠᠶᠢᠭ᠎ᠠ ᠠᠰᠠᠭᠤᠳᠠᠯ ᠢ ᠪᠦᠲᠦᠮᠵᠢᠲᠡᠶ ᠰᠢᠶᠳᠪᠦᠷᠢᠯᠡᠨ᠂ ᠬᠤᠲᠠ ᠶᠢᠨ ᠤᠰᠤᠨ ᠤ ᠠᠮᠢ | ᠠᠬᠤᠢ ᠶᠢᠨ ᠣᠷᠴᠢᠨ ᠨᠥᠬᠦᠴᠡᠯ ᠢ ᠳᠡᠭᠡᠭᠰᠢᠯᠡᠭᠦᠯᠵᠦ᠂ ᠪᠤᠭᠤᠲᠤ ᠬᠤᠲᠠ ᠶᠢ ᠤᠮᠠᠷᠠᠲᠤ ᠬᠡᠰᠡᠭ ᠤᠨ ᠤᠰᠤ | ᠳᠤᠲᠠᠭᠳᠠᠵᠤ ᠪᠠᠶᠢᠭ᠎ᠠ ᠬᠤᠲᠠ ᠶᠢᠨ ᠤᠰᠤᠨ ᠰᠢᠰᠲ᠋ᠧᠮᠵᠢ ᠶᠢᠨ ᠠᠮᠢ ᠠᠬᠤᠶ ᠶᠢ ᠳᠡᠭᠡᠭᠰᠢᠯᠡᠭᠦᠯᠬᠦ ᠥᠯᠢᠭᠡᠷ ᠵᠢᠱᠢᠶ᠎ᠡ | ᠪᠣᠯᠭᠠᠵᠤ᠂ ᠠᠵᠤ ᠦᠶᠯᠡᠳᠪᠦᠷᠢ ᠶᠢᠨ ᠬᠤᠲᠠ ᠶᠢ ᠠᠮᠢᠳᠤᠷᠠᠬᠤ ᠳᠤ ᠲᠣᠬᠢᠷᠠᠮᠵᠢᠲᠠᠶ ᠠᠮᠢ ᠠᠬᠤᠶ ᠶᠢᠨ ᠬᠤᠲᠠ | ᠪᠣᠯᠭᠠᠨ ᠬᠤᠪᠢᠷᠠᠭᠤᠯᠬᠤ ᠰᠢᠨ᠎ᠡ ᠵᠠᠭᠪᠤᠷ ᠢ ᠡᠭᠦᠳᠦᠨ ᠨᠡᠬᠡᠬᠡᠬᠦ ᠪᠣᠯᠣᠨ᠎ᠠ᠃ | ᠲᠤᠰ ᠲᠥᠷᠥᠯ ᠵᠦᠶᠯ ᠳᠤ ᠣᠳᠣᠬᠠᠨ ᠳᠤ ᠪᠠᠨ 58.3 ᠳ᠋ᠦᠩᠰᠢᠭᠤᠷ ᠲᠥᠭᠦᠷᠢᠭ ᠤᠨ ᠶᠡᠷᠦᠩᠬᠡᠢ ᠪᠠᠯᠠ | ᠣᠷᠤᠭᠤᠯᠬᠤ ᠪᠠᠷ ᠲᠣᠭᠲᠠᠪᠠ᠂ ᠡᠭᠦᠨ ᠳᠤ᠄ ᠪᠠᠷᠢᠯᠭ᠎ᠠ ᠶᠢᠨ ᠪᠠᠯᠠ ᠣᠷᠣᠭᠤᠯᠤᠯᠲᠠ ᠨᠢ 46.64 ᠳ᠋ᠦᠩᠰᠢᠭᠤᠷ | ᠲᠥᠭᠦᠷᠢᠭ᠂ ᠲᠠᠲᠠᠪᠤᠷᠢᠯᠠᠬᠤ ᠨᠤᠷᠠᠭᠠᠬᠤ ᠪᠠᠯᠠ ᠮᠥᠩᠭᠦ ᠨᠢ 11.66 ᠳ᠋ᠦᠩᠰᠢᠭᠤᠷ ᠲᠥᠭᠦᠷᠢᠭ ᠪᠣᠯᠣᠨ᠎ᠠ᠃ | ᠡᠳ᠋ ᠤᠨ ᠵᠠᠰᠠᠭ ᠤᠨ ᠶᠠᠮᠤᠨ ᠤ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠦᠨᠳᠦᠰᠦᠯᠡᠨ᠂ | ᠣᠶᠢᠷ᠎ᠠ ᠶᠢᠨ ᠡᠳᠦᠷ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠨᠢ ᠲᠤᠰᠬᠠᠶ ᠮᠡᠷᠭᠡᠵᠢᠯᠲᠡᠨ ᠢ ᠵᠣᠬᠢᠶᠠᠨ | ᠪᠠᠶᠢᠭᠤᠯᠵᠤ ᠪᠠᠶᠢᠭᠠᠳ ᠲᠥᠷᠥᠯ ᠵᠦᠶᠯ ᠤᠨ ᠪᠣᠳᠠᠰ ᠤᠨ ᠥᠷᠲᠡᠭ ᠪᠦᠬᠦᠢ ᠴᠢᠨᠠᠷ ᠤᠨ ᠵᠠᠳᠠᠯᠤᠯᠲᠠ ᠬᠢᠵᠦ ᠬᠤᠪᠢ | ᠥᠭᠬᠦ᠂ ᠲᠤᠭ᠎ᠠ ᠬᠡᠮᠵᠢᠶ᠎ᠡ ᠶᠢᠨ ᠵᠠᠳᠠᠯᠤᠯᠲᠠ ᠬᠢᠵᠦ ᠲᠥᠰᠦᠭᠡᠯᠡᠨ ᠪᠣᠳᠣᠬᠤ ᠵᠢᠴᠢ ᠡᠳ᠋ ᠤᠨ ᠵᠠᠰᠠᠭ ᠤᠨ ᠳᠠᠭᠠᠭᠠᠬᠤ | ᠴᠢᠳᠠᠪᠤᠷᠢ ᠶᠢᠨ ᠬᠠᠮᠢᠶ᠎ᠠ ᠪᠦᠬᠦᠢ ᠭᠦᠶᠴᠡᠳᠬᠡᠯ ᠲᠤᠭ᠎ᠠ ᠶᠢ ᠰᠢᠯᠭᠠᠨ ᠭᠡᠷᠡᠴᠢᠯᠡᠬᠦ ᠲᠠᠯ᠎ᠠ ᠪᠠᠷ᠂ ᠲᠥᠷᠥᠯ ᠵᠦᠶᠯ ᠳᠤ | ᠪᠣᠳᠠᠰ ᠤᠨ ᠥᠷᠲᠡᠭ ᠪᠦᠬᠦᠢ ᠴᠢᠨᠠᠷ ᠤᠨ ᠵᠠᠳᠠᠯᠤᠯᠲᠠ ᠬᠢᠬᠦ ᠪᠠ ᠡᠳ᠋ ᠤᠨ ᠵᠠᠰᠠᠭ ᠤᠨ ᠳᠠᠭᠠᠭᠠᠬᠤ ᠴᠢᠳᠠᠪᠤᠷᠢ ᠶᠢᠨ | ᠨᠤᠲᠠᠯᠠᠯᠲᠠ ᠬᠢᠵᠦ ᠬᠢᠨᠠᠨ ᠲᠣᠭᠲᠠᠭᠠᠬᠤ ᠠᠵᠢᠯ ᠢ ᠥᠷᠨᠢᠭᠦᠯᠪᠡ᠃ ᠬᠢᠨᠠᠨ ᠰᠢᠯᠭᠠᠷᠠᠭᠤᠯᠬᠤ ᠪᠠᠷ ᠳᠠᠮᠵᠢᠨ᠂ | ᠤᠰᠤᠨ ᠤ ᠠᠮᠢ ᠠᠬᠤᠢ ᠶᠢ ᠳᠡᠭᠡᠭᠰᠢᠯᠡᠭᠦᠯᠵᠦ ᠶᠡᠷᠦᠩᠬᠡᠶᠢᠯᠡᠨ ᠠᠰᠢᠭᠯᠠᠬᠤ PPP ᠲᠥᠷᠥᠯ ᠵᠦᠶᠯ ᠨᠢ ᠪᠣᠳᠠᠰ ᠤᠨ | ᠥᠷᠲᠡᠭ ᠤᠨ ᠦᠨᠡᠯᠡᠯᠲᠡ ᠪᠠ ᠡᠳ᠋ ᠤᠨ ᠵᠠᠰᠠᠭ ᠤᠨ ᠳᠠᠭᠠᠭᠠᠬᠤ ᠴᠢᠳᠠᠪᠤᠷᠢ ᠶᠢᠨ ᠨᠤᠲᠠᠯᠠᠯᠲᠠ ᠪᠠᠷ ᠳᠠᠮᠵᠢᠵᠤ᠂ | PPP ᠵᠠᠭᠪᠤᠷ ᠢ ᠬᠡᠷᠡᠭᠵᠢᠭᠦᠯᠬᠦ ᠳᠤ ᠲᠣᠬᠢᠷᠠᠮᠵᠢᠲᠠᠶ ᠪᠣᠯᠪᠠ᠃ |