| | | 5 ᠳ᠋ᠤᠭᠠᠷ ᠰᠠᠷ᠎ᠠ ᠶᠢᠨ 9 ᠤ ᠡᠳᠤᠷ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠱᠦᠵᠢ᠂ | ᠠᠷᠠᠳ ᠤᠨ ᠲᠦᠯᠥᠬᠡᠯᠡᠭᠴᠢᠳ ᠤᠨ ᠶᠡᠭᠡ ᠬᠤᠷᠡᠯ ᠤᠨ ᠪᠠᠶᠢᠩᠭᠤ ᠶᠢᠨ ᠬᠤᠷᠢᠶᠡᠨ ᠤ ᠡᠷᠬᠢᠯᠡᠭᠴᠢ ᠯᠢ ᠵᠢᠢ ᠡᡁᠧᠩ | ᠰᠢᠯᠢ ᠶᠢᠨ ᠭᠤᠤᠯ ᠠᠶᠢᠮᠠᠭ ᠤᠨ ᠰᠢᠯᠤᠭᠤᠨ ᠬᠦᠪᠡᠭᠡᠳᠤ ᠴᠠᠭᠠᠨ ᠬᠤᠰᠢᠭᠤᠨ ᠤ ᠪᠤᠯᠠᠭᠠᠨ ᠲᠤᠬᠤᠢ ᠰᠤᠮᠤ ᠳᠤ | ᠬᠦᠷᠴᠦ᠂ ᠶᠠᠳᠠᠭᠤ ᠬᠦᠴᠢᠷᠳᠡᠯᠳᠡᠢ ᠡᠷᠦᠬᠡ ᠠᠯᠳᠠᠨᠰᠤᠪᠤᠳ ᠤᠨ ᠬᠢᠨ ᠢ ᠡᠷᠬᠢᠨ ᠦᠵᠡᠵᠥ ᠡᠷᠡᠭᠦᠯ ᠮᠡᠨᠳᠦ ᠪᠠᠷ | ᠶᠠᠳᠠᠭᠤ ᠶᠢ ᠲᠡᠳᠬᠦᠬᠦ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠤᠶᠢᠯᠠᠭᠠᠵᠠᠢ᠃ | | 5 ᠳ᠋ᠤᠭᠠᠷ ᠰᠠᠷ᠎ᠠ ᠶᠢᠨ 8 ᠤ ᠡᠳᠤᠷ ᠠᠴᠠ 9 ᠤ ᠡᠳᠤᠷ ᠪᠤᠯᠳᠠᠯ᠎ᠠ᠂ ᠦᠪᠡᠷᠳᠡᠭᠡᠨ ᠵᠠᠰᠠᠬᠤ ᠤᠷᠤᠨ ᠤ ᠨᠠᠮ | ᠤᠨ ᠬᠤᠷᠢᠶᠠᠨ ᠤ ᠱᠦᠵᠢ᠂ ᠠᠷᠠᠳ ᠤᠨ ᠲᠦᠯᠥᠬᠡᠯᠡᠭᠴᠢᠳ ᠤᠨ ᠶᠡᠭᠡ ᠬᠤᠷᠡᠯ ᠤᠨ ᠪᠠᠶᠢᠩᠭᠤ ᠶᠢᠨ ᠬᠤᠷᠢᠶᠡᠨ ᠤ | ᠡᠷᠬᠢᠯᠡᠭᠴᠢ ᠯᠢ ᠵᠢᠢ ᠡᡁᠧᠩ ᠰᠢᠯᠢ ᠶᠢᠨ ᠭᠤᠤᠯ ᠠᠶᠢᠮᠠᠭ ᠤᠨ ᠲᠠᠶᠢᠪᠤᠰᠧ ᠬᠤᠰᠢᠭᠤ᠂ ᠰᠢᠯᠤᠭᠤᠨ ᠬᠦᠪᠡᠭᠡᠳᠤ | ᠴᠠᠭᠠᠨ ᠬᠤᠰᠢᠭᠤ ᠳᠤ ᠬᠦᠷᠴᠦ ᠴᠢᠬᠤᠯᠠᠴᠢᠯᠠᠭᠰᠠᠨ ᠨᠢ᠂ ︽ᠬᠤᠶᠠᠷ ᠲᠤ ᠦᠯᠥ ᠵᠤᠪᠠᠭ᠋ᠤ ᠭᠤᠷᠪᠠ ᠶᠢ ᠪᠠᠳᠤᠯᠠᠬᠤ︾ | ᠲᠤᠪᠤᠶᠢᠮ᠎ᠠ ᠠᠰᠠᠭᠤᠳᠠᠯ ᠢ ᠰᠢᠢᠳᠪᠤᠷᠢᠯᠡᠭᠰᠡᠡ ᠪᠠᠶᠢᠳᠠᠯ ᠢᠶᠠᠷ ᠭᠤᠤᠯᠳᠠᠭᠤᠯᠤᠨ ᠪᠠᠶᠢᠴᠠᠭᠠᠨ ᠰᠤᠳᠤᠯᠤᠯᠳᠡ ᠬᠢᠵᠤ᠂ | ᠬᠠᠮᠵᠢᠯᠴᠠᠨ ᠬᠦᠴᠦᠯᠡᠨ ᠴᠢᠷᠮᠡᠶᠢᠵᠥ ᠪᠠᠶᠢᠭᠠᠳ ᠶᠠᠳᠠᠭᠤ ᠠᠴᠠ ᠠᠩᠬᠢᠵᠢᠷᠠᠭᠤᠯᠬᠤ ᠰᠢᠪᠳᠦᠯᠦᠯᠳᠠ ᠶᠢᠨ | ᠲᠠᠶᠢᠯᠠᠯᠳᠤᠭᠠᠨ ᠤ ᠢᠯᠡᠯᠳᠡ ᠶᠢ ᠵᠠᠪᠠᠯ ᠤᠯᠬᠤ ᠬᠡᠷᠡᠭᠳᠡᠢ ᠬᠡᠪᠠ᠃ | ᠯᠢ ᠵᠢᠢ ᠡᡁᠧᠩ ᠤᠷᠢᠳ ᠬᠤᠵᠢᠳ ᠳ᠋ᠠ ᠱᠠᠨ ᠭᠸᠥ ᠲᠤᠰᠬᠤᠨ᠂ ᠳ᠋ᠠ ᠬᠤᠩ ᠱᠠᠨ ᠲᠤᠰᠬᠤᠨ ᠪᠤᠯᠤᠨ | ᠲᠤᠯᠢᠨᠪᠤᠯᠠᠭ ᠭᠠᠴᠠᠭ᠎ᠠ ᠳᠤ ᠬᠦᠷᠴᠦ᠂ ᠶᠠᠳᠠᠭᠤ ᠬᠦᠴᠢᠷᠳᠡᠯᠳᠡᠢ ᠡᠷᠦᠬᠡ ᠵᠠᠩ ᠬᠦᠢ ᠰᠢ᠂ ᠵᠠᠩ ᠶᠤᠸᠠᠨ᠂ ᠹᠧᠩ | ᠮᠠᠨ᠂ ᠰᠦᠩ ᠬᠤᠩ ᠼᠠᠢ ᠪᠤᠯᠤᠨ ᠠᠯᠳᠠᠨᠰᠤᠪᠤᠳ ᠤᠨ ᠬᠢᠨ ᠢ ᠡᠷᠬᠢᠨ ᠦᠵᠡᠵᠥ᠂ ᠶᠠᠲᠠᠭᠤᠷᠠᠭᠰᠠᠠ ᠰᠢᠯᠲᠠᠭᠠᠨ᠂ | ᠠᠪᠴᠤ ᠪᠠᠶᠢᠭ᠎ᠠ ᠶᠠᠲᠠᠭᠤ ᠠᠴᠠ ᠠᠩᠭᠢᠵᠢᠷᠠᠭᠤᠯᠬᠤ ᠠᠷᠭ᠎ᠠ ᠪᠤᠯᠤᠨ ᠦᠷ᠎ᠡ ᠪᠦᠲᠦᠮᠵᠢ ᠶᠢᠨ ᠪᠠᠶᠢᠲᠠᠯ ᠢ ᠨᠠᠷᠢᠨ | ᠨᠢᠮᠪᠠᠢ ᠠᠰᠠᠭᠤᠵᠤ᠂ ᠤᠷᠤᠨ ᠰᠠᠭᠤᠴᠠ᠂ ᠤᠤᠭᠤᠬᠤ ᠤᠰᠤ ᠵᠡᠷᠬᠡ ᠪᠠᠶᠢᠳᠠᠯ ᠢ ᠨᠢ ᠨᠠᠷᠢᠨ ᠬᠢᠨᠠᠮᠠᠭᠠᠢ ᠪᠠᠶᠢᠴᠠᠭᠠᠨ | ᠦᠵᠡᠪᠡ᠃ ᠲᠡᠷᠡ ᠬᠡᠯᠡᠭᠰᠡᠨ ᠨᠢ᠂ ᠶᠡᠷᠤᠩᠬᠡᠢ ᠱᠦᠵᠢ ᠰᠢ ᠶᠢᠨ ᠫᠢᠩ ᠶᠠᠳᠠᠭᠤ ᠠᠴᠠ ᠠᠩᠬᠢᠵᠢᠷᠠᠭᠤᠯᠬᠤ | ᠰᠢᠪᠳᠦᠯᠦᠯᠳᠠ ᠶᠢᠨ ᠠᠵᠢᠯ ᠢ ᠲᠡᠬᠡᠳᠤ ᠬᠡᠮᠵᠢᠶ᠎ᠡ ᠪᠠᠷ ᠴᠢᠬᠤᠯᠠᠴᠢᠯᠠᠨ ᠦᠵᠡᠵᠥ ᠪᠠᠶᠢᠨ᠎ᠠ᠂ ᠡᠯ᠎ᠡ ᠱᠠᠳᠤᠨ ᠤ ᠨᠠᠮ | ᠤᠨ ᠬᠤᠷᠢᠶ᠎ᠠ ᠪᠤᠯᠤᠨ ᠵᠠᠰᠠᠭ ᠤᠨ ᠤᠷᠳᠤᠨ ᠠᠯᠢ ᠤᠯᠠᠨ ᠲᠦᠷᠦ ᠶᠢᠨ ᠪᠤᠳᠤᠯᠭ᠎ᠠ ᠲᠤᠭᠳᠠᠭᠠᠵᠥ᠂ ᠠᠯᠢ ᠤᠯᠠᠨ | ᠠᠷᠭ᠎ᠠ ᠬᠡᠮᠵᠢᠶ᠎ᠡ ᠠᠪᠴᠦ ᠬᠠᠪᠰᠤᠷᠤᠨ ᠲᠡᠳᠬᠦᠵᠥ ᠪᠠᠶᠢᠨ᠎ᠠ᠂ ᠤᠯᠠᠨ ᠢᠶᠠᠷ ᠢᠶᠠᠨ ᠢᠳᠡᠬᠡᠯ ᠵᠤᠷᠢᠭ ᠢᠶᠠᠨ | ᠪᠠᠳᠤᠳᠬᠠᠵᠥ᠂ ᠴᠢᠷᠮᠡᠶᠢᠨ ᠲᠡᠮᠡᠴᠡᠵᠥ᠂ ᠡᠷᠳᠡ ᠨᠢᠭᠡᠨ ᠡᠳᠦᠷ ᠶᠠᠳᠠᠭᠤ ᠠᠴᠠ ᠠᠩᠬᠢᠵᠢᠷᠠᠨ ᠴᠢᠨᠡᠭᠡᠯᠢᠭᠵᠢᠬᠦ ᠬᠡᠷᠡᠭᠳᠡᠢ᠃ | ᠡᠯ᠎ᠡ ᠱᠠᠳᠤᠨ ᠤ ᠨᠠᠮ ᠤᠨ ᠬᠤᠷᠢᠶᠠᠨ ᠤ ᠱᠦᠵᠢ ᠤᠬᠠᠮᠰᠠᠷ ᠠᠴᠠ ᠪᠠᠨ ᠶᠡᠷᠤᠩᠬᠡᠢ ᠱᠦᠵᠢ ᠰᠢ ᠶᠢᠨ ᠫᠢᠩ ᠲᠠᠢ | ᠨᠢᠭᠡᠲᠦᠯᠲᠡᠢ ᠪᠠᠶᠢᠵᠤ᠂ ᠲᠠᠪᠤᠨ ᠱᠠᠳᠤᠨ ᠤ ᠱᠦᠵᠢ ᠶᠠᠳᠠᠭᠤ ᠶᠢ ᠲᠡᠳᠬᠦᠬᠦ ᠶᠢ ᠠᠳᠬᠤᠬᠤ ᠱᠠᠭᠠᠷᠳᠠᠯᠭ᠎ᠠ ᠶᠢ | ᠴᠢᠩᠭ᠎ᠠ ᠨᠠᠶᠢᠳᠠᠪᠤᠷᠢᠵᠢᠭᠤᠯᠵᠥ᠂ ᠶᠠᠳᠠᠭᠤ ᠬᠦᠴᠢᠷᠳᠡᠯᠳᠡᠢ ᠡᠷᠦᠬᠡ ᠪᠦᠬᠦᠨ ᠢ ᠡᠷᠬᠢᠨ ᠰᠤᠷᠪᠤᠯᠵᠢᠯᠠᠵᠥ᠂ ᠡᠯ᠎ᠡ ᠲᠡᠯ᠎ᠡ | ᠶᠢᠨ ᠬᠦᠴᠦᠨ ᠤ ᠡᠬᠢ ᠪᠠᠶᠠᠯᠢᠭ ᠢ ᠨᠢᠬᠡᠳᠤᠯᠳᠡᠢ ᠲᠦᠯᠥᠪᠵᠢᠬᠦᠯᠥᠨ ᠲᠠᠶᠢᠴᠢᠯᠠᠵᠥ᠂ ᠲᠤᠪᠤᠶᠢᠮ᠎ᠠ ᠠᠰᠠᠭᠤᠳᠠᠯ ᠢ | ᠰᠢᠢᠳᠪᠤᠷᠢᠯᠡᠬᠦ ᠪᠠᠷ ᠬᠦᠴᠦᠯᠡᠬᠦ ᠬᠡᠷᠡᠭᠳᠡᠢ ᠬᠡᠪᠡ᠃ | ᠡᠷᠡᠭᠦᠯ ᠮᠡᠨᠳᠦ ᠪᠠᠷ ᠶᠠᠳᠠᠭᠤ ᠶᠢ ᠳᠡᠳᠭᠦᠬᠦ ᠪᠤᠯ ᠮᠠᠨ ᠤ ᠤᠷᠤᠨ ᠤ ᠶᠠᠳᠠᠭᠤ ᠠᠴᠠ ᠠᠩᠭᠢᠵᠢᠷᠠᠭᠤᠯᠬᠤ | ᠰᠢᠪᠳᠦᠯᠦᠯᠳᠠ ᠶᠢᠨ ᠳᠠᠶᠢᠯᠠᠯᠳᠤᠭᠠᠨ ᠤ ᠭᠤᠤᠯᠳᠠᠯᠭ᠎ᠠ ᠪᠠ ᠬᠦᠴᠢᠷᠳᠡᠯ ᠤᠨ ᠨᠢᠭᠡ ᠪᠤᠯᠤᠨ᠎ᠠ᠂ ᠯᠢ ᠵᠢᠢ ᠾᠧᠩ | ᠡᠭᠦᠨ ᠢ ᠲᠦᠢᠯ ᠢᠶᠠᠷ ᠠᠩᠬᠠᠷᠴᠤ ᠪᠠᠶᠢᠯ᠎ᠠ᠃ ᠲᠡᠷᠡ ᠬᠤᠰᠢᠭᠤᠨ ᠤ ᠡᠮᠨᠡᠯᠭᠡ ᠶᠢᠨ ᠬᠤᠷᠢᠶᠠᠨ ᠳᠤ ᠭᠦᠨᠵᠡᠭᠡᠶᠢᠷᠡᠵᠤ᠂ | ᠭᠠᠴᠠᠭᠠᠨ ᠤ ᠡᠷᠡᠭᠦᠯ ᠬᠠᠮᠠᠭᠠᠯᠠᠯ ᠤᠨ ᠲᠠᠰᠤᠭ ᠢᠶᠠᠷ ᠬᠦᠷᠴᠤ᠂ ᠡᠮ ᠡᠮᠨᠡᠯᠭᠡ ᠶᠢᠨ ᠨᠦᠬᠦᠴᠡᠯ ᠪᠠ ᠡᠷᠡᠭᠦᠯ | ᠮᠡᠨᠳᠦ ᠪᠠᠷ ᠶᠠᠳᠠᠭᠤ ᠶᠢ ᠳᠡᠳᠭᠦᠬᠦ ᠠᠵᠢᠯ ᠤᠨ ᠪᠠᠶᠢᠳᠠᠯ ᠢ ᠨᠠᠷᠢᠨ ᠬᠢᠨᠠᠮᠠᠭᠠᠢ ᠤᠶᠢᠯᠠᠭᠠᠵᠠᠢ᠃ ᠲᠠᠶᠢᠪᠤᠰᠧ | ᠬᠤᠰᠢᠭᠤᠨ ᠤ ᠡᠮᠨᠡᠯᠭᠡ ᠶᠢᠨ ᠬᠤᠷᠢᠶᠠᠨ ᠳᠤ᠂ ᠲᠡᠷᠡ ᠬᠤᠯᠪᠤᠭᠳᠠᠯ ᠪᠦᠬᠦᠢ ᠭᠠᠷᠳᠠᠮ ᠭᠦᠢᠴᠡᠳᠭᠡᠵᠤ ᠪᠠᠶᠢᠭᠰᠠᠨ | ᠶᠠᠳᠠᠭᠤ ᠬᠦᠴᠢᠷᠳᠡᠯᠳᠠᠢ ᠤᠯᠠᠨ ᠲᠦᠮᠡᠨ ᠲᠠᠢ ᠶᠠᠷᠢᠯᠴᠠᠵᠤ᠂ ᠡᠪᠡᠳᠴᠢᠳᠡᠨ ᠤ ᠡᠪᠡᠳᠴᠢᠨ ᠤ ᠪᠠᠶᠢᠳᠠᠯ᠂ ᠡᠮ | ᠡᠮᠨᠡᠯᠭᠡ ᠶᠢᠨ ᠵᠠᠷᠤᠳᠠᠯ ᠢ ᠳᠠᠩᠰᠠᠨ ᠠᠴᠠ ᠲᠠᠶᠢᠯᠬᠤ ᠵᠡᠷᠭᠡ ᠪᠠᠶᠢᠳᠠᠯ ᠢ ᠬᠠᠯᠠᠮᠵᠢᠯᠠᠨ ᠠᠰᠠᠭᠤᠵᠤ᠂ ᠡᠮᠨᠡᠯᠭᠡ ᠶᠢᠨ | ᠬᠤᠷᠢᠶ᠎ᠠ ᠶᠢᠨ ᠬᠢᠨ ᠳᠤ ᠡᠪᠡᠳᠴᠢᠳᠡᠨ ᠤ ᠡᠪᠡᠳᠴᠢᠨ ᠦᠵᠡᠭᠦᠯᠬᠦ ᠳᠤ ᠳᠦᠭᠦᠮ ᠦᠵᠡᠬᠦᠯᠬᠦ ᠬᠡᠷᠡᠭᠳᠠᠢ ᠭᠡᠵᠤ | ᠰᠠᠨᠠᠭᠤᠯᠪᠠ᠃ ᠲᠡᠷᠡ ᠴᠢᠰᠤ ᠴᠡᠪᠡᠷᠰᠢᠭᠦᠯᠬᠦ ᠲᠦᠪ ᠲᠤ ᠤᠷᠤᠵᠤ᠂ ᠶᠠᠭ ᠡᠮᠨᠡᠭᠦᠯᠵᠤ ᠪᠠᠶᠢᠭᠰᠠᠨ ᠡᠪᠡᠳᠴᠢᠳᠡᠨ ᠢ | ᠪᠤᠯᠭᠤᠭᠠᠨ ᠦᠵᠡᠵᠤ᠂ ᠲᠤᠬᠠᠢ ᠶᠢᠨ ᠭᠠᠵᠠᠷ ᠪᠤᠯᠤᠨ ᠬᠤᠯᠪᠤᠭᠳᠠᠯ ᠪᠦᠬᠦᠢ ᠰᠠᠯᠠᠭ᠎ᠠ ᠮᠦᠴᠢᠷ ᠲᠤ ᠡᠷᠡᠭᠦᠯ | ᠮᠡᠨᠳᠦ ᠪᠠᠷ ᠶᠠᠳᠠᠭᠤ ᠶᠢ ᠳᠡᠳᠭᠦᠬᠦ ᠡᠯ᠎ᠠ ᠵᠦᠢᠯ ᠤᠨ ᠲᠦᠷᠦ ᠶᠢᠨ ᠪᠤᠳᠤᠯᠭ᠎ᠠ ᠶᠢ ᠭᠦᠢᠴᠡᠳ | ᠨᠠᠶᠢᠳᠠᠪᠤᠷᠢᠵᠢᠭᠤᠯᠬᠤ ᠶᠢᠨ ᠬᠠᠮᠳᠤ ︽ᠶᠡᠭᠡ ᠡᠷᠡᠭᠦᠯ ᠮᠡᠨᠳᠦ︾ ᠶᠢᠨ ᠤᠶᠢᠯᠠᠭᠠᠭᠳᠠᠬᠤᠨ ᠢ ᠲᠦᠭᠡᠮᠡᠯᠵᠢᠭᠦᠯᠬᠦ ᠪᠤᠯᠤᠨ | ᠡᠪᠡᠳᠴᠢᠨ ᠡᠮᠬᠡᠭ ᠢ ᠰᠡᠷᠭᠡᠶᠢᠯᠡᠨ ᠡᠵᠡᠮᠳᠡᠬᠦ ᠡᠷᠴᠢᠮ ᠢᠶᠠᠨ ᠴᠢᠩᠭᠠᠳᠬᠠᠬᠤ ᠬᠡᠷᠡᠭᠳᠠᠢ ᠭᠡᠵᠤ ᠱᠠᠭᠠᠷᠳᠠᠵᠠᠢ᠃ ᠯᠢ ᠵᠢᠢ | ᠾᠧᠩ ᠪᠠᠰᠠ ᠪᠡᠭᠡᠵᠢᠩ ᠬᠤᠳᠠ ᠶᠢᠨ ᠠᠵᠢᠯ ᠲᠦᠷᠦᠯ ᠢᠶᠠᠷ ᠶᠠᠳᠠᠭᠤ ᠶᠢ ᠳᠡᠳᠭᠦᠵᠤ ᠪᠠᠶᠢᠭ᠎ᠠ ᠡᠮ ᠡᠮᠨᠡᠯᠭᠡ ᠶᠢᠨ | ᠠᠵᠢᠯᠳᠠᠳ ᠲᠠᠢ ᠳᠤᠳᠤᠨᠤ ᠪᠠᠷ ᠶᠠᠷᠢᠯᠴᠠᠵᠤ᠂ ᠳᠡᠳᠡᠨ ᠤ ᠶᠡᠭᠡ ᠳᠡᠮᠵᠢᠯᠭᠡ ᠪᠠ ᠰᠢᠷᠭᠠᠭᠤ ᠬᠦᠴᠦ ᠬᠦᠳᠡᠯᠮᠦᠷᠢ ᠳᠤ | ᠲᠠᠯᠠᠷᠬᠠᠵᠤ ᠪᠠᠶᠢᠬᠤ ᠪᠠᠨ ᠢᠯᠡᠳᠭᠡᠵᠠᠢ᠃ | ᠠᠵᠤ ᠦᠢᠯᠡᠰ ᠪᠤᠯ ᠶᠠᠳᠠᠭᠤ ᠠᠴᠠ ᠠᠩᠭᠢᠵᠢᠷᠠᠬᠤ ᠶᠢᠨ ᠰᠠᠭᠤᠷᠢ᠂ ᠠᠵᠢᠯ ᠤᠯᠭᠤᠯᠳᠠ ᠪᠤᠯ ᠠᠷᠠᠳ ᠤᠨ | ᠠᠮᠢᠳᠤᠷᠠᠯ ᠤᠨ ᠦᠨᠳᠦᠰᠦ ᠪᠤᠯᠤᠨ᠎ᠠ᠃ ᠯᠢ ᠵᠢᠢ ᠾᠧᠩ ᠹᠦ᠋ ᠱᠧᠩ ᠭᠡᠷᠡᠯ ᠴᠡᠨᠡᠭ ᠤᠨ ᠶᠠᠳᠠᠭᠤ ᠶᠢ ᠳᠡᠳᠭᠦᠬᠦ | ᠲᠠᠷᠢᠶᠠᠯᠠᠩ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠢᠱᠢᠶ᠎ᠠ ᠦᠵᠡᠭᠦᠯᠬᠦ ᠲᠤᠭᠤᠷᠢᠭ᠂ ᠦ᠋ ᠹᠧᠩ ᠮᠢᠬᠠᠨ | ᠤ ᠦᠬᠡᠷ ᠦᠷᠡᠵᠢᠭᠦᠯᠦᠨ ᠪᠤᠶᠢᠵᠢᠭᠤᠯᠬᠤ ᠰᠠᠭᠤᠷᠢᠨ ᠭᠠᠵᠠᠷ᠂ ᠡᠷᠳᠡᠨᠢᠲᠠᠯ᠎ᠠ ᠦᠬᠡᠷ ᠤᠨ ᠦᠢᠯᠡᠰ ᠤᠨ ᠵᠢᠱᠢᠶ᠎ᠠ | ᠦᠵᠡᠭᠦᠯᠬᠦ ᠲᠠᠯᠠᠪᠠᠢ᠂ ᠦᠵᠢᠩ ᠲᠤᠰᠬᠤᠨ ᠪᠤᠯᠤᠨ ᠵᠢᠨᠵᠠᠨ ᠲᠤᠰᠬᠤᠨ ᠤ ᠶᠠᠳᠠᠭᠤ ᠶᠢ ᠳᠡᠳᠭᠦᠬᠦ ᠦᠢᠯᠡᠳᠪᠦᠷᠢᠯᠡᠯ | ᠤᠨ ᠲᠠᠰᠤᠭ ᠲᠤ ᠬᠦᠷᠴᠤ᠂ ᠠᠵᠤ ᠠᠬᠤᠶᠢᠯᠠᠯ ᠤᠨ ᠬᠠᠷᠢᠭᠤᠴᠠᠯᠭᠠᠳᠠᠨ᠂ ᠶᠠᠳᠠᠭᠤ ᠶᠢ ᠳᠡᠳᠭᠦᠬᠦ ᠺᠠᠳ᠋ᠷ ᠵᠢᠴᠢ | ᠶᠠᠳᠠᠭᠤ ᠬᠦᠴᠢᠷᠳᠡᠯᠳᠠᠢ ᠡᠷᠦᠬᠡ ᠤᠳ ᠲᠠᠢ ᠰᠠᠨᠠᠯ ᠢᠶᠠᠨ ᠰᠤᠯᠢᠯᠴᠠᠵᠤ᠂ ᠠᠵᠤ ᠦᠢᠯᠡᠰ ᠤᠨ ᠬᠦᠭᠵᠢᠯᠲᠡ᠂ | ᠶᠠᠳᠠᠭᠤ ᠶᠢ ᠲᠠᠳᠭᠦᠬᠦ ᠬᠡᠪ ᠵᠠᠬᠪᠤᠷ᠂ ᠠᠰᠢᠭ ᠲᠤᠰᠠ ᠶᠢᠨ ᠬᠤᠯᠪᠤᠭ᠎ᠠ ᠵᠡᠷᠭᠡ ᠬᠠᠮᠢᠶ᠎ᠠ ᠪᠦᠬᠦᠢ ᠪᠠᠶᠢᠳᠠᠯ ᠢ | ᠤᠶᠢᠯᠠᠭᠠᠪᠠ᠃ ᠲᠡᠷᠡ ᠴᠢᠬᠤᠯᠠᠴᠢᠯᠠᠭᠰᠠᠨ ᠨᠢ᠂ ᠭᠠᠵᠠᠷ ᠤᠷᠤᠨ ᠤ ᠡᠬᠢ ᠪᠠᠶᠠᠯᠢᠭ ᠤᠨ ᠳᠠᠪᠠᠭᠤᠯᠢᠭ᠂ ᠠᠵᠤ | ᠦᠢᠯᠡᠰ ᠤᠨ ᠰᠠᠭᠤᠷᠢ ᠪᠤᠯᠤᠨ ᠶᠠᠳᠠᠭᠤ ᠬᠦᠴᠢᠷᠳᠡᠯᠲᠡᠢ ᠡᠷᠦᠬᠡ ᠶᠢᠨ ᠤᠨᠴᠠᠯᠢᠭ ᠲᠠᠢ ᠤᠶᠠᠯᠳᠤᠭᠤᠯᠤᠨ᠂ | ᠶᠠᠳᠠᠭᠤ ᠶᠢ ᠲᠡᠳᠭᠦᠬᠦ ᠠᠵᠤ ᠦᠢᠯᠡᠰ ᠢ ᠤᠨᠤᠪᠴᠢᠲᠠᠢ ᠰᠤᠩᠭᠤᠨ ᠪᠤᠳᠠᠲᠠᠢ ᠡᠷᠬᠢᠯᠡᠵᠦ᠂ ᠡᠯ᠎ᠠ ᠱᠠᠲᠤ ᠡᠯ᠎ᠠ | ᠰᠠᠯᠠᠭ᠎ᠠ ᠮᠦᠴᠢᠷ ᠠᠵᠤ ᠠᠬᠤᠶᠢᠯᠠᠯ ᠤᠨ ᠪᠦᠲᠦᠭᠡᠨ ᠪᠠᠶᠢᠭᠤᠯᠤᠯᠲᠠ ᠬᠦᠭᠵᠢᠭᠦᠯᠦᠯᠲᠡ ᠶᠢ ᠪᠦᠬᠦ ᠬᠦᠴᠦᠨ ᠢᠶᠠᠷ | ᠳᠡᠮᠵᠢᠵᠦ᠂ ᠠᠵᠤ ᠠᠬᠤᠶᠢᠯᠠᠯ ᠤᠳ ᠶᠠᠳᠠᠭᠤ ᠠᠴᠠ ᠠᠩᠭᠢᠵᠢᠷᠠᠭᠤᠯᠬᠤ ᠰᠢᠪᠳᠤᠯᠤᠯᠲᠠ ᠶᠢ ᠠᠬᠢᠭᠤᠯᠵᠤ᠂ ᠲᠤᠬᠠᠢ | ᠶᠢᠨ ᠭᠠᠵᠠᠷ ᠤᠨ ᠠᠵᠤ ᠠᠬᠤᠢ ᠶᠢᠨ ᠬᠦᠭᠵᠢᠯᠲᠡ ᠶᠢ ᠠᠬᠢᠭᠤᠯᠬᠤ ᠳᠤ ᠢᠯᠡᠭᠦᠦ ᠬᠤᠪᠢ ᠨᠡᠮᠡᠷᠢ ᠦᠵᠡᠬᠦᠯᠬᠦ | ᠬᠡᠷᠡᠭᠲᠡᠢ ᠭᠡᠪᠠ᠃ | ᠯᠢ ᠵᠢᠢ ᠾᠧᠩ ᠭᠠᠴᠠᠭ᠎ᠠ ᠲᠤᠰᠬᠤᠨ ᠪᠦᠷᠢ ᠳᠤ ᠬᠦᠷᠬᠦ ᠪᠤᠯᠭᠠᠨ ︽ᠬᠤᠶᠠᠷ ᠵᠦᠪᠯᠡᠯ︾ ᠵᠢᠴᠢ ᠲᠤᠰᠬᠤᠨ | ᠳᠤ ᠰᠠᠭᠤᠭ᠎ᠠ ᠠᠵᠢᠯᠯᠠᠬᠤ ᠠᠩᠭᠢ ᠶᠢᠨ ᠪᠠᠶᠢᠭ᠎ᠠ ᠭᠠᠵᠠᠷ ᠲᠤ ᠬᠦᠷᠴᠦ᠂ ᠶᠠᠳᠠᠭᠤ ᠶᠢ ᠲᠡᠳᠭᠦᠬᠦ ᠠᠵᠢᠯ ᠢ | ᠪᠠᠶᠢᠴᠠᠭᠠᠵᠤ᠂ ᠶᠠᠳᠠᠭᠤ ᠶᠢ ᠲᠡᠳᠭᠦᠬᠦ ᠺᠠᠳ᠋ᠷ ᠢ ᠲᠤᠬᠤᠨᠢᠭᠤᠯᠵᠤ᠂ ᠦᠨᠳᠦᠰᠦᠨ ᠱᠠᠲᠤᠨ ᠤ ᠨᠠᠮ ᠤᠨ ᠵᠤᠬᠢᠶᠠᠨ | ᠪᠠᠶᠢᠭᠤᠯᠤᠯᠲᠠ ᠶᠢᠨ ᠴᠤᠭᠴᠠᠯᠠᠯᠳᠠ ᠶᠢᠨ ᠪᠠᠶᠢᠳᠠᠯ ᠢ ᠤᠶᠢᠯᠠᠭᠠᠵᠤ ᠪᠠᠶᠢᠯ᠎ᠠ᠃ ᠲᠡᠷᠡ ᠴᠢᠬᠤᠯᠠᠴᠢᠯᠭᠰᠠᠨ ᠨᠢ᠂ | ᠬᠠᠪᠰᠤᠷᠤᠨ ᠲᠡᠳᠭᠦᠬᠦ ᠺᠠᠳ᠋ᠷᠴᠤᠳ ᠤᠨ ᠬᠠᠮᠢᠶᠠᠷᠤᠯᠲᠠ ᠶᠢ ᠴᠢᠩᠭ᠎ᠠ ᠠᠳᠬᠤᠵᠥ᠂ ᠦᠨᠡᠨ ᠬᠦ ᠴᠢᠳᠠᠪᠤᠷᠢ ᠲᠠᠢ ᠺᠠᠳ᠋ᠷ | ᠢ ᠲᠤᠮᠢᠯᠠᠬᠤ ᠶᠢ ᠪᠠᠲᠤᠯᠠᠵᠤ᠂ ᠠᠵᠢᠯ ᠠᠴᠠ ᠪᠠᠨ ᠰᠠᠯᠤᠨ ᠶᠠᠳᠠᠭᠤ ᠶᠢ ᠲᠡᠳᠭᠦᠵᠦ᠂ ᠪᠦᠬᠦ ᠪᠡᠶ᠎ᠠ ᠰᠡᠳᠭᠢᠯ ᠢᠶᠠᠷ | ᠢᠶᠠᠨ ᠤᠷᠤᠯᠴᠠᠵᠤ᠂ ᠡᠭᠦᠷᠭᠡ ᠬᠠᠷᠢᠭᠤᠴᠠᠯᠭ᠎ᠠ ᠪᠠᠨ ᠦᠨᠡᠨ ᠬᠦ ᠭᠦᠢᠴᠡᠳᠭᠡᠬᠦ ᠶᠢ ᠪᠡᠶᠡᠯᠡᠭᠦᠯᠬᠦ ᠬᠡᠷᠡᠭᠲᠡᠢ᠃ | ᠦᠨᠳᠦᠰᠦᠨ ᠱᠠᠲᠤᠨ ᠤ ᠨᠠᠮ ᠤᠨ ᠡᠭᠦᠷ ᠢ ᠪᠠᠶᠢᠭᠤᠯᠤᠨ ᠴᠢᠩᠭᠠᠳᠬᠠᠵᠤ᠂ ᠲᠡᠭᠦᠨ ᠤ ᠶᠠᠳᠠᠭᠤ ᠠᠴᠠ | ᠠᠩᠭᠢᠵᠢᠷᠠᠭᠤᠯᠬᠤ ᠰᠢᠪᠳᠤᠯᠤᠯᠲᠠ ᠳᠤᠮᠳᠠᠬᠢ ᠳᠠᠶᠢᠴᠢᠨ ᠪᠠᠬᠢᠯᠡᠯᠲᠡ ᠶᠢᠨ ᠦᠢᠯᠡᠳᠦᠯ ᠢ ᠭᠦᠢᠴᠡᠳ ᠪᠠᠳᠠᠷᠠᠭᠤᠯᠬᠤ | ᠬᠡᠷᠡᠭᠲᠡᠢ ᠭᠡᠪᠠ᠃ | ᠦᠪᠡᠷᠲᠡᠭᠡᠨ ᠵᠠᠰᠠᠬᠤ ᠤᠷᠤᠨ ᠤ ᠳᠡᠳ᠋ ᠲᠡᠷᠢᠭᠦᠯᠡᠭᠴᠢ ᠯᠢ ᠪᠢᠩ ᠷᠦᠩ ᠵᠢᠴᠢ ᠬᠤᠯᠪᠤᠬᠳᠠᠯ ᠪᠦᠬᠦᠢ ᠰᠠᠯᠠᠭ᠎ᠠ | ᠮᠦᠴᠢᠷ ᠤᠨ ᠬᠠᠷᠢᠭᠤᠴᠠᠯᠭᠠᠲᠠᠨ ᠨᠦᠬᠦᠳ ᠪᠠᠶᠢᠴᠠᠭᠠᠨ ᠰᠤᠳᠤᠯᠤᠯᠲᠠ ᠳᠤ ᠤᠷᠤᠯᠴᠠᠪᠠ᠃ | | |