ᠲᠦᠩᠯᠢᠶᠣᠤ ᠬᠤᠲᠠ ᠣᠢ ᠰᠢᠭᠤᠶ ᠨᠤᠲᠤᠭ ᠪᠡᠯᠴᠢᠭᠡᠷ ᠤᠨ ᠡᠬᠢ ᠪᠠᠶᠠᠯᠢᠭ ᠤᠨ ᠬᠠᠮᠠᠭᠠᠯᠠᠯᠲᠠ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ ᠪᠤᠢ
ᠨᠡᠶᠢᠲᠡᠯᠡᠭᠰᠡᠨ ᠴᠠᠭ᠄
2019/5/10
     ᠡᠨᠡ ᠵᠢᠯ᠂ ᠲᠦᠩᠯᠢᠶᠣᠤ ᠬᠤᠲᠠ ᠣᠢ ᠰᠢᠭᠤᠶ ᠶᠢᠨ ᠡᠬᠢ ᠪᠠᠶᠠᠯᠢᠭ ᠤᠨ ᠬᠠᠷᠠᠯᠲᠠᠲᠤ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠬᠤ᠂ ᠣᠢ ᠰᠢᠭᠤᠶ ᠨᠤᠲᠤᠭ ᠪᠡᠯᠴᠢᠭᠡᠷ ᠤᠨ ᠡᠬᠢ ᠪᠠᠶᠠᠯᠢᠭ ᠢ ᠢᠯᠭᠠᠷᠠᠭᠤᠯᠤᠨ ᠴᠡᠭᠴᠡᠯᠡᠬᠦ᠂ ᠬᠠᠤᠯᠢ ᠠᠴᠠ ᠵᠦᠷᠢᠴᠡᠨ ᠣᠢ ᠰᠢᠭᠤᠶ ᠨᠤᠲᠤᠭ ᠪᠡᠯᠴᠢᠭᠡᠷ ᠤᠨ ᠡᠬᠢ ᠪᠠᠶᠠᠯᠢᠭ ᠢ ᠡᠪᠳᠡᠭᠰᠡᠨ ᠠᠵᠢᠯᠯᠠᠭ᠎ᠠ ᠳᠤ ᠴᠣᠬᠢᠯᠲᠠ ᠥᠭᠬᠦ᠂ ᠰᠢᠭᠤᠶᠢᠳᠤ ᠭᠠᠵᠠᠷ ᠨᠤᠲᠤᠭ ᠪᠡᠯᠴᠢᠭᠡᠷ ᠢ ᠡᠵᠡᠯᠡᠨ ᠲᠠᠳᠠᠪᠤᠷᠢᠯᠠᠵᠤ ᠬᠡᠷᠡᠭᠯᠡᠬᠦ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠵᠢᠴᠢ ᠣᠢ ᠰᠢᠭᠤᠶ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠪᠠ ᠬᠤᠤᠷᠲᠠᠶ ᠠᠮᠢᠳᠤ ᠪᠣᠳᠠᠰ ᠢ ᠰᠡᠷᠭᠡᠶᠢᠯᠡᠨ ᠵᠠᠰᠠᠬᠤ ᠶᠢ ᠴᠢᠩᠭᠠᠳᠬᠠᠬᠤ ᠵᠡᠷᠭᠡ ᠠᠷᠭ᠎ᠠ ᠬᠡᠮᠵᠢᠶ᠎ᠡ ᠠᠪᠬᠤ ᠪᠠᠷ ᠳᠠᠮᠵᠢᠭᠤᠯᠤᠨ᠂ ᠣᠢ ᠰᠢᠭᠤᠶ ᠨᠤᠲᠤᠭ ᠪᠡᠯᠴᠢᠭᠡᠷ ᠤᠨ ᠡᠬᠢ ᠪᠠᠶᠠᠯᠢᠭ ᠤᠨ ᠬᠠᠮᠠᠭᠠᠯᠠᠯᠲᠠ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ ᠪᠤᠢ᠃      ᠤᠢ ᠰᠢᠭᠤᠶ ᠶᠢᠨ ᠡᠬᠢ ᠪᠠᠶᠠᠯᠢᠭ ᠢ ᠬᠠᠮᠠᠭᠠᠯᠠᠨ ᠬᠥᠭᠵᠢᠭᠦᠯᠬᠦ ᠬᠠᠷᠠᠯᠲᠠᠲᠤ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠤᠢ ᠰᠢᠭᠤᠶ ᠶᠢᠨ ᠡᠬᠢ ᠪᠠᠶᠠᠯᠢᠭ ᠢ ᠢᠯᠭᠠᠷᠠᠭᠤᠯᠤᠨ ᠴᠡᠭᠴᠡᠯᠡᠵᠦ ᠪᠤᠴᠠᠵᠤ ᠪᠠᠶᠢᠴᠠᠭᠠᠨ ᠦᠵᠡᠬᠦ ᠠᠵᠢᠯᠯᠠᠭ᠎ᠠ ᠶᠢ ᠦᠷᠨᠢᠬᠦᠯᠦᠨ᠂ ᠨᠡᠶᠢᠲᠡ ᠶᠢᠨ ᠠᠰᠠᠷᠠᠮᠵᠢ ᠶᠢᠨ ᠤᠢ ᠰᠢᠭᠤᠶ ᠪᠠ ᠮᠣᠳᠣ ᠣᠭᠲᠣᠯᠤᠭᠰᠠᠨ ᠭᠠᠵᠠᠷ᠂ ᠭᠤᠣᠯ ᠵᠠᠰᠠᠮᠠᠯ ᠵᠠᠮ ᠤᠨ ᠬᠤᠶᠠᠷ ᠲᠠᠯ᠎ᠠ ᠶᠢ ᠭᠤᠣᠯᠳᠠᠯᠭ᠎ᠠ ᠲᠠᠢ ᠴᠡᠭᠴᠡᠯᠡᠨ ᠪᠠᠶᠢᠴᠠᠭᠠᠵᠠᠢ᠃ ᠰᠢᠭᠤᠶᠢᠲᠤ ᠭᠠᠵᠠᠷ ᠲᠤ ᠲᠠᠷᠢᠶᠠᠯᠠᠬᠤ ᠶᠢ ᠴᠢᠩᠭ᠎ᠠ ᠪᠠᠶᠢᠴᠠᠭᠠᠨ ᠰᠢᠢᠳᠪᠦᠷᠢᠯᠡᠵᠤ᠂ ᠲᠠᠷᠢᠶᠠᠯᠠᠭᠰᠠᠨ ᠪᠦᠬᠦᠨ ᠢ ᠴᠡᠪᠡᠷᠯᠡᠨ ᠣᠶᠢᠵᠢᠭᠤᠯᠬᠤ ᠠᠵᠢᠯ ᠢ ᠰᠡᠷᠬᠦᠬᠡᠨ᠎ᠡ ᠭᠡᠵᠦ ᠲᠣᠳᠣᠷᠬᠠᠶ ᠲᠣᠭᠲᠠᠭᠠᠵᠠᠶ᠃ ᠬᠠᠤᠯᠢ ᠠᠴᠠ ᠵᠦᠷᠢᠴᠡᠨ ᠣᠢ ᠰᠢᠭᠤᠶ ᠨᠤᠲᠤᠭ ᠪᠡᠯᠴᠢᠭᠡᠷ ᠤᠨ ᠡᠬᠢ ᠪᠠᠶᠠᠯᠢᠭ ᠢ ᠡᠪᠳᠡᠭᠰᠡᠨ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦᠨ ᠬᠦᠴᠦᠲᠡᠶ ᠳᠠᠷᠤᠯᠲᠠ ᠦᠵᠡᠭᠦᠯᠬᠦ ᠪᠠᠶᠢᠳᠠᠯ ᠢ ᠢᠮᠠᠭᠲᠠ ᠪᠠᠲᠤᠯᠠᠵᠤ᠂ ᠨᠢᠬᠡ ᠪᠦᠯᠦᠭ ᠣᠢ ᠰᠢᠭᠤᠶ ᠨᠤᠲᠤᠭ ᠪᠡᠯᠴᠢᠭᠡᠷ ᠤᠨ ᠡᠬᠢ ᠪᠠᠶᠠᠯᠢᠭ ᠢ ᠬᠦᠨᠳᠦ ᠨᠣᠴᠢᠲᠠᠶ ᠡᠪᠳᠡᠭᠰᠡᠨ᠂ ᠣᠢ ᠰᠢᠭᠤᠶ ᠨᠤᠲᠤᠭ ᠪᠡᠯᠴᠢᠭᠡᠷ ᠲᠤ ᠬᠤᠯᠪᠤᠭᠳᠠᠬᠤ ᠬᠠᠤᠯᠢ ᠠᠴᠠ ᠵᠥᠷᠢᠴᠡᠭᠰᠡᠨ ᠶᠠᠯᠠᠲᠤ ᠬᠡᠷᠡᠭ ᠢ ᠴᠢᠩᠭ᠎ᠠ ᠪᠠᠶᠢᠴᠠᠭᠠᠨ ᠰᠢᠶᠳᠪᠦᠷᠢᠯᠡᠵᠦ᠂ ᠬᠡᠰᠡᠭ ᠬᠠᠤᠯᠢ ᠠᠴᠠ ᠵᠦᠷᠢᠴᠡᠭᠰᠡᠳ ᠢ ᠰᠢᠢᠳᠪᠦᠷᠢᠯᠡᠨ᠂ ᠬᠠᠤᠯᠢ ᠠᠴᠠ ᠵᠦᠷᠢᠴᠡᠨ ᠣᠢ ᠰᠢᠭᠤᠶ ᠨᠤᠲᠤᠭ ᠪᠡᠯᠴᠢᠭᠡᠷ ᠤᠨ ᠡᠬᠢ ᠪᠠᠶᠠᠯᠢᠭ ᠢ ᠬᠦᠨᠳᠦ ᠨᠣᠴᠢᠲᠠᠶ ᠡᠪᠳᠡᠬᠦ ᠶᠠᠯᠠᠲᠤ ᠠᠵᠢᠯᠯᠠᠭ᠎ᠠ ᠡᠭᠦᠰᠬᠦ ᠶᠢ ᠪᠦᠲᠦᠮᠵᠢᠲᠡᠶ ᠬᠤᠷᠢᠭᠯᠠᠵᠠᠢ᠃ ᠰᠢᠭᠤᠶᠢᠲᠤ ᠭᠠᠵᠠᠷ ᠤᠨ ᠨᠤᠲᠤᠭ ᠪᠡᠯᠴᠢᠭᠡᠷ ᠢ ᠵᠦᠪᠰᠢᠶᠡᠷᠡᠯ ᠦᠬᠡᠢ ᠪᠠᠷ ᠤᠷᠢᠳᠠᠪᠠᠷ ᠡᠵᠡᠯᠡᠬᠦ᠂ ᠬᠡᠪᠴᠢᠶ᠎ᠡ ᠲᠠᠯᠠᠪᠠᠢ ᠎ ᠠᠴᠠ ᠨᠢ ᠬᠡᠲᠦᠷᠡᠭᠦᠯᠦᠨ ᠬᠡᠷᠡᠭᠯᠡᠬᠦ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠡᠢ᠃ ᠤᠢ ᠮᠣᠳᠣ ᠣᠭᠲᠣᠯᠬᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠬᠠᠤᠯᠢ ᠲᠣᠭᠲᠠᠭᠠᠯ ᠶᠣᠰᠣᠭᠠᠷ ᠤᠢ ᠮᠣᠳᠣ ᠣᠭᠲᠣᠯᠬᠤ ᠎ ᠶᠢ ᠴᠢᠯᠥᠭᠡᠲᠡᠶ ᠲᠠᠯᠪᠢᠵᠤ᠂ ᠤᠯᠠᠨ ᠲᠦᠮᠡᠨ ᠤ ᠬᠡᠪ ᠤᠨ ᠦᠢᠯᠡᠳᠪᠦᠷᠢᠯᠡᠯ ᠠᠮᠢᠳᠤᠷᠠᠯ ᠤᠨ ᠬᠡᠷᠡᠭᠴᠡᠭᠡ ᠶᠢ ᠪᠠᠳᠤᠯᠠᠵᠠᠢ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠡᠯᠴᠢᠭᠡᠷᠯᠡᠭᠦᠯᠬᠦ ᠶᠢ ᠴᠠᠭᠠᠵᠠᠯᠠᠬᠤ ᠪᠠ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠶᠢ ᠬᠢᠨᠠᠨ ᠬᠠᠮᠢᠶᠠᠷᠬᠤ ᠠᠷᠭ᠎ᠠ︾᠎ ᠶᠢ ᠴᠢᠩᠭ᠎ᠠ ᠬᠡᠷᠡᠭᠵᠢᠭᠦᠯᠵᠦ᠂ ᠪᠡᠯᠴᠢᠭᠡᠷᠯᠡᠭᠦᠯᠬᠦ ᠶᠢ ᠴᠠᠭᠠᠵᠠᠯᠠᠬᠤ ᠪᠠ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠳᠦᠷᠢᠮ ᠢ ᠨᠠᠶᠢᠳᠠᠪᠤᠷᠢᠵᠢᠭᠤᠯᠤᠨ᠂ ᠪᠡᠯᠴᠢᠭᠡᠷᠯᠡᠭᠦᠯᠬᠦ ᠶᠢ ᠴᠠᠭᠠᠵᠠᠯᠠᠭᠰᠠᠨ ᠭᠠᠵᠠᠷ᠂ ᠪᠡᠯᠴᠢᠭᠡᠷᠯᠡᠭᠦᠯᠬᠦ ᠶᠢ ᠴᠠᠭᠠᠵᠠᠯᠠᠬᠤ ᠬᠤᠭᠤᠴᠠᠭᠠᠨ ᠳᠤ ᠪᠡᠯᠴᠢᠬᠡᠷᠯᠡᠬᠦᠯᠦᠭᠰᠡᠨ ᠪᠠ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠣᠷᠣᠨ ᠳᠤ ᠳᠠᠭᠠᠭᠠᠴᠠ ᠠᠴᠠ ᠬᠡᠲᠦᠷᠡᠭᠦᠯᠦᠨ ᠪᠡᠯᠴᠢᠭᠡᠷᠯᠡᠭᠦᠯᠬᠦ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠵᠡᠢ᠃ ︽ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠳᠦᠷᠢᠮ︾ ︽ᠨᠡᠶᠢᠲᠡ ᠶᠢᠨ ᠠᠰᠠᠷᠠᠮᠵᠢ ᠶᠢᠨ ᠣᠢ ᠶᠢᠨ ᠬᠠᠮᠢᠶᠠᠷᠤᠯᠲᠠ ᠶᠢᠨ ᠠᠷᠭ᠎ᠠ︾ ᠵᠡᠷᠭᠡ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠴᠢᠩᠭ᠎ᠠ ᠬᠡᠷᠡᠭᠵᠢᠭᠦᠯᠵᠦ᠂ ᠬᠠᠤᠯᠢ ᠬᠡᠷᠡᠭᠵᠢᠭᠦᠯᠬᠦ ᠠᠵᠢᠯᠯᠠᠭ᠎ᠠ ᠶᠢ ᠴᠢᠩᠭ᠎ᠠ ᠵᠢᠷᠤᠮᠵᠢᠭᠤᠯᠵᠠᠢ᠃ ᠪᠠᠶᠢᠭᠠᠯᠢ ᠶᠢᠨ ᠬᠠᠮᠠᠭᠠᠯᠠᠯᠲᠠ ᠎ ᠶᠢᠨ ᠣᠷᠣᠨ ᠳᠤ ᠣᠷᠣᠰᠢᠵᠤ ᠪᠠᠶᠭ᠎ᠠ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠢᠳᠡᠪᠬᠢᠲᠡᠶ ᠲᠦᠯᠬᠢᠨ ᠠᠬᠢᠭᠤᠯᠵᠤ᠂ ᠤᠯᠤᠰ᠂ ᠥᠪᠡᠷᠲᠡᠭᠡᠨ ᠵᠠᠰᠠᠬᠤ ᠣᠷᠣᠨ ᠤ ᠳᠡᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠵᠠᠭᠠᠭ ᠬᠢᠵᠠᠭᠠᠷ ᠢ ᠲᠣᠳᠣᠷᠬᠠᠶ ᠲᠣᠭᠲᠠᠭᠠᠬᠤ ᠠᠵᠢᠯ ᠢ ᠬᠠᠮᠵᠢᠯᠴᠠᠨ ᠪᠡᠶᠡᠯᠡᠭᠦᠯᠵᠦ᠂ ᠨᠠᠶᠮᠠᠨ ᠬᠤᠰᠢᠭᠤᠨ ᠤ ᠮᠧᠩ ᠵᠢᠶᠠ ᠳ᠋ᠤᠸᠠᠨ ᠵᠡᠷᠭᠡ ᠤᠯᠤᠰ ᠤᠨ 3 ᠨᠤᠭᠤ ᠭᠠᠵᠠᠷ ᠤᠨ ᠴᠡᠴᠡᠷᠯᠢᠭ ᠢ ᠰᠢᠯᠭᠠᠨ ᠬᠤᠷᠢᠶᠠᠬᠤ ᠪᠡᠯᠡᠳᠬᠡᠯ ᠠᠵᠢᠯ ᠢ ᠢᠳᠡᠪᠬᠢᠲᠡᠶ ᠰᠠᠶᠢᠲᠤᠷ ᠬᠢᠵᠡᠢ᠃ ᠪᠤᠭᠳᠠ ᠠᠭᠤᠯᠠ᠂ ᠶᠡᠭᠡ ᠴᠦᠩᠬᠦᠯ ᠤᠨ ᠭᠤᠤ ᠵᠡᠷᠭᠡ ᠭᠤᠤᠯᠳᠠᠯᠭ᠎ᠠ ᠲᠠᠢ ᠣᠷᠣᠨ ᠪᠦᠰᠡ ᠶᠢ ᠴᠢᠩᠭ᠎ᠠ ᠠᠩᠬᠠᠷᠴᠤ᠂ ᠣᠢ ᠰᠢᠭᠤᠶ ᠨᠤᠲᠤᠭ ᠪᠡᠯᠴᠢᠭᠡᠷ ᠤᠨ ᠶᠡᠭᠡ ᠭᠠᠯ ᠤᠨ ᠭᠠᠮᠰᠢᠭ ᠡᠭᠦᠰᠬᠦ ᠥᠬᠡᠶ ᠪᠠᠶᠢᠬᠤ ᠶᠢ ᠦᠨᠡᠨ ᠬᠦ ᠪᠠᠳᠤᠯᠠᠵᠤ ᠪᠤᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号