ᠦᠪᠡᠷᠳᠡᠭᠡᠨ ᠵᠠᠰᠬᠠᠤ ᠤᠷᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠳᠡᠰ ︽ᠬᠠᠷᠠᠭ᠎ᠠ ᠰᠡᠷᠭᠦᠭᠡᠬᠦ ᠠᠶᠠᠯᠡᠯ︾ ᠨᠠᠶᠢᠳᠠ ᠶᠢᠨ ᠠᠰᠠᠷᠠᠮᠵᠢ ᠶᠢᠨ ᠪᠦᠯᠬᠦᠮ ᠳᠤ ︽ᠤᠮᠠᠷᠠᠳᠤ ᠬᠢᠯᠢ ᠶᠢᠨ ᠵᠢᠱᠢᠶᠠᠴᠢ︾᠎ ᠶᠢᠨ ᠢᠷᠠᠭᠤ ᠠᠯᠳᠠᠷ ᠬᠦᠷᠳᠡᠭᠡᠪᠡ  ᠪᠦ᠋ ᠰᠢᠶᠤᠤ ᠯᠢᠨ ᠨᠠᠷ ︽ᠬᠠᠷᠠᠭ᠎ᠠ ᠰᠡᠷᠭᠦᠭᠡᠬᠦ ᠠᠶᠠᠯᠡᠯ︾ ᠨᠠᠶᠢᠳᠠ ᠶᠢᠨ ᠠᠰᠠᠷᠠᠮᠵᠢ ᠶᠢᠨ ᠪᠦᠯᠬᠦᠮ ᠳᠤ ᠱᠠᠩᠨᠠᠯ ᠭᠠᠷᠳᠠᠭᠤᠯᠵᠡᠢ
ᠨᠡᠶᠢᠲᠡᠯᠡᠭᠰᠡᠨ ᠴᠠᠭ᠄
2019/5/13
      5 ᠳ᠋ᠤᠭᠠᠷ ᠰᠠᠷ᠎ᠡ ᠶᠢᠨ 11᠎ ᠤ ᠡᠳᠦᠷ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠳᠡᠰ ︽ᠬᠠᠷᠠᠭ᠎ᠠ ᠰᠡᠷᠭᠦᠭᠡᠬᠦ ᠠᠶᠠᠯᠡᠯ︾ ᠨᠠᠶᠢᠳᠠ ᠶᠢᠨ ᠠᠰᠠᠷᠠᠮᠵᠢ ᠶᠢᠨ ᠪᠦᠯᠬᠦᠮ ᠤᠨ ᠲᠡᠷᠢᠬᠦᠨ ᠤ ᠦᠢᠯᠡ ᠠᠵᠢᠯᠯᠠᠭ᠎ᠠ ᠶᠢ ᠨᠠᠶᠢᠳᠠᠯᠠᠬᠦ ᠬᠤᠷᠠᠯ ᠢ ᠡᠷᠬᠢᠯᠡᠨ ᠬᠤᠷᠠᠯᠳᠤᠭᠤᠯᠵᠤ᠂ ᠡᠨᠡ ᠬᠦ ᠨᠠᠶᠢᠳᠠ ᠶᠢᠨ ᠠᠰᠠᠷᠠᠮᠵᠢ ᠶᠢᠨ ᠪᠦᠯᠬᠦᠮ ᠳᠤ ︽ᠤᠮᠠᠷᠠᠳᠤ ᠬᠢᠯᠢ ᠶᠢᠨ ᠵᠢᠱᠢᠶᠡᠴᠢ︾᠎ ᠶᠢᠨ ᠢᠷᠠᠭᠤ ᠠᠯᠳᠠᠷ ᠣᠯᠭᠤᠪᠠ᠃ ᠦᠪᠡᠷᠳᠡᠭᠡᠨ ᠵᠠᠰᠠᠬᠤ ᠤᠷᠤᠨ ᠤ ᠤᠳᠤᠷᠢᠳᠤᠯᠭ᠎ᠠ ᠪᠦ᠋ ᠰᠢᠶᠤᠤ ᠯᠢᠨ᠂ ᠪᠠᠢ ᠢᠦᠢ ᠭᠠᠩ᠂ ᠡᠤ ᠲᠤᠸᠠᠨ ᠶᠢᠩ᠂ ᠡᠸᠤ ᠶᠠᠩ ᠰᠢᠶᠤᠤ ᠬᠤᠢ᠂ ᠳ᠋ᠦᠩ ᠾᠧᠩ ᠢᠦᠢ ︽ᠤᠮᠠᠷᠠᠳᠤ ᠬᠢᠯᠢ ᠶᠢᠨ ᠵᠢᠱᠢᠶᠡᠴᠢ︾ ︽ᠬᠠᠷᠠᠭ᠎ᠠ ᠰᠡᠷᠭᠦᠭᠡᠬᠦ ᠠᠶᠠᠯᠡᠯ︾ ᠨᠡᠶᠢᠳᠠ ᠶᠢᠨ ᠠᠰᠠᠷᠠᠮᠵᠢ ᠶᠢᠨ ᠪᠦᠯᠬᠦᠮ ᠳᠤ ᠱᠠᠩᠨᠠᠯ ᠭᠠᠷᠳᠠᠭᠤᠯᠪᠠ᠃      ᠨᠠᠶᠢᠳᠠᠯᠡᠬᠦ ᠬᠤᠷᠠᠯ ᠤᠨ ᠠᠬᠤᠢ ᠲᠠᠯᠠᠪᠠᠢ ᠳᠤ᠂ ᠠᠰᠢᠭ ᠬᠦᠷᠳᠡᠭᠰᠡᠨ ᠶᠠᠳᠠᠭᠤ ᠬᠦᠴᠢᠷᠳᠠᠯᠳᠠᠢ ᠡᠪᠡᠳᠴᠢᠳᠡᠨ ᠪᠤᠯᠤᠨ ︽ᠨᠢᠭᠡ ᠪᠦᠰᠡ ᠨᠢᠭᠡ ᠵᠠᠮ · ᠬᠠᠷᠠᠭ᠎ᠠ ᠰᠡᠷᠭᠦᠭᠡᠬᠦ ᠠᠶᠠᠯᠡᠯ︾᠎ ᠤᠨ ᠮᠤᠩᠭᠤᠯ ᠤᠯᠤᠰ ᠲᠠᠬᠢ ᠠᠵᠢᠯᠯᠠᠭ᠎ᠠ ᠠᠴᠠ ᠠᠰᠢᠭ ᠬᠦᠷᠳᠡᠭᠰᠡᠨ ᠡᠪᠡᠳᠴᠢᠳᠠᠨ ᠬᠠᠷᠠᠭ᠎ᠠ ᠤᠷᠤᠭᠰᠠᠨ ᠤ ᠳᠠᠷᠠᠭᠠᠬᠢ ᠲᠦᠷᠦᠭᠳᠡᠯ ᠢᠶᠠᠨ ᠶᠠᠷᠢᠵᠤ᠂ ᠮᠦᠡᠭᠭᠦ ᠬᠠᠨᠳᠢᠪᠯᠠᠭᠰᠠᠨ ᠡᠳᠡᠭᠡᠳ᠂ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠤᠨ ᠠᠵᠢᠯᠳᠠᠨ ᠪᠤᠯᠤᠨ ᠰᠠᠶᠢᠨ ᠲᠤᠷᠠᠴᠤᠤᠯ᠂ ᠡᠮᠴᠢ ᠰᠤᠪᠢᠯᠠᠭᠴᠢ ᠶᠢᠨ ᠲᠦᠯᠦᠭᠡᠯᠡᠭᠴᠢ ᠵᠢᠴᠢ ᠪᠦᠬᠦ ᠤᠷᠤᠨ ᠤ ︽ᠬᠠᠷᠠᠭ᠎ᠠ ᠰᠡᠷᠭᠦᠭᠡᠬᠦ ᠠᠶᠠᠯᠡᠯ︾ ᠨᠡᠶᠢᠭᠡᠮ ᠤᠨ ᠨᠠᠶᠢᠳᠠ ᠶᠢᠨ ᠠᠰᠠᠷᠠᠮᠵᠢ ᠶᠢᠨ ᠠᠵᠢᠯᠯᠠᠭ᠎ᠠ ᠶᠢᠨ ᠵᠤᠬᠢᠶᠠᠨ ᠪᠠᠶᠢᠭᠤᠯᠬᠤ ᠺᠤᠮᠢᠰ ᠤᠨ ᠠᠯᠪᠡᠨ ᠭᠡᠷ ᠤᠨ ᠬᠠᠷᠢᠭᠤᠴᠠᠯᠭᠠᠳᠡᠨ ᠠᠴᠠ ︽ᠬᠠᠷᠠᠭ᠎ᠠ ᠰᠡᠷᠭᠦᠭᠡᠬᠦ ᠠᠶᠠᠯᠡᠯ︾ ᠨᠠᠶᠢᠳᠠ ᠶᠢᠨ ᠠᠰᠠᠷᠠᠮᠵᠢ ᠶᠢᠨ ᠪᠦᠯᠬᠦᠮ ᠤᠨ ᠬᠢᠨ ᠤ ᠶᠡᠭᠡ ᠬᠠᠶᠢᠷ᠎ᠡ ᠪᠠᠷ ᠰᠡᠳᠬᠢᠯ ᠢ ᠤᠮᠳᠠᠯᠠᠵᠤ᠂ ᠬᠡᠷᠡᠯ ᠬᠡᠭᠡ ᠪᠠᠷ ᠲᠡᠮᠡᠴᠡᠯ ᠢ ᠵᠣᠷᠢᠭᠵᠢᠭᠤᠯᠵᠤ᠂ ᠬᠤᠪᠢ ᠨᠡᠮᠡᠷᠢ ᠪᠠᠷ ᠢᠷᠡᠭᠡᠳᠦᠢ ᠶᠢ ᠡᠭᠦᠳᠦᠭᠰᠡᠨ ᠬᠥᠮᠥᠰ ᠤᠨ ᠰᠡᠳᠬᠢᠯ ᠢ ᠬᠦᠳᠡᠯᠭᠡᠮ᠎ᠡ ᠦᠯᠢᠭᠡᠷ ᠤᠳ ᠢ ᠶᠠᠷᠢᠭᠰᠠᠨ ᠪᠠᠶᠢᠨ᠎ᠠ᠃      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠪᠦᠬᠦ ᠣᠷᠣᠨ ᠤ ᠦᠨᠳᠦᠰᠦᠲᠡᠨ ᠨᠦᠭᠦᠳ ᠤᠨ ᠺᠠᠳ᠋ᠷ ᠢ ︽ᠬᠠᠷᠠᠭ᠎ᠠ ᠰᠡᠷᠭᠦᠭᠡᠬᠦ ᠠᠶᠠᠯᠠᠯ︾ ᠨᠠᠶᠢᠳᠠ ᠶᠢᠨ ᠠᠰᠠᠷᠠᠮᠵᠢ ᠶᠢᠨ ᠪᠦᠯᠬᠦᠮ ᠠᠴᠠ ᠲᠠᠭᠠᠨ ᠰᠤᠷᠤᠯᠴᠠᠵᠤ᠂ ᠲᠡᠳᠡᠨ ᠤ ᠲᠡᠷᠢᠬᠦᠨ ᠤ ᠦᠢᠯᠡ ᠠᠵᠢᠯᠯᠠᠭ᠎ᠠ ᠶᠢ ᠰᠤᠷᠤᠯᠴᠠᠨ ᠤᠬᠠᠭᠤᠯᠵᠤ᠂ ᠨᠡᠶᠢᠭᠡᠮ ᠤᠨ ᠰᠢᠨ᠎ᠡ ᠬᠡᠪ ᠰᠤᠷᠳᠠᠯ ᠢ ᠤᠬᠠᠮᠰᠠᠷ ᠠᠴᠠ ᠪᠠᠨ ᠪᠠᠳᠠᠷᠠᠭᠤᠯᠤᠨ ᠮᠠᠨᠳᠤᠭᠤᠯᠵᠤ᠂ ᠨᠡᠶᠢᠭᠡᠮ ᠤᠨ ᠢᠳᠡᠪᠬᠢ ᠬᠦᠴᠦᠨ ᠢ ᠰᠠᠨᠠᠭᠠᠴᠢᠯᠠᠭ᠎ᠠ ᠠᠴᠠ ᠪᠠᠨ ᠲᠠᠮᠵᠢᠭᠤᠯᠵᠤ᠂ ᠨᠡᠶᠢᠭᠡᠮ ᠤᠨ ᠨᠠᠶᠢᠳᠠ ᠶᠢᠨ ᠠᠰᠠᠷᠠᠮᠵᠢ ᠶᠢᠨ ᠦᠢᠯᠡᠰ ᠲᠤ ᠢᠳᠡᠪᠬᠢᠳᠠᠢ ᠤᠷᠤᠯᠴᠠᠵᠤ᠂ ᠡᠭᠡ ᠤᠯᠤᠰ ᠤᠨ ᠤᠮᠠᠷᠠᠳᠤ ᠶᠢᠨ ᠡᠨᠡ ᠬᠦ ᠦᠵᠡᠮᠵᠢ ᠶᠢᠨ ᠤᠷᠤᠨ ᠢ ᠨᠡᠩ ᠦᠵᠡᠰᠬᠦᠯᠡᠩᠳᠤ ᠰᠠᠶᠢᠬᠠᠨ ᠪᠤᠯᠭᠠᠨ ᠪᠦᠳᠦᠭᠡᠨ ᠪᠠᠶᠢᠭᠤᠯᠬᠤ ᠳᠤ ᠰᠢᠨ᠎ᠡ ᠨᠡᠩ ᠶᠡᠭᠡ ᠬᠤᠪᠢ ᠨᠠᠮᠠᠷᠢ ᠦᠵᠡᠬᠦᠯᠵᠤ᠂ ᠰᠢᠯᠢᠳᠡᠭ ᠠᠮᠵᠢᠯᠳᠠ ᠪᠠᠷ ᠢᠶᠠᠨ ᠪᠦᠬᠦᠳᠠ ᠨᠠᠶᠢᠷᠠᠮᠳᠠᠬᠤ ᠲᠤᠮᠳᠠᠳᠤ ᠠᠷᠠᠳ ᠤᠯᠤᠰ ᠪᠠᠶᠢᠭᠤᠯᠤᠬᠳᠠᠬᠰᠡᠨ 70 ᠵᠢᠯ ᠎ ᠤᠨ ᠤᠢ ᠶᠢ ᠪᠠᠶᠠᠷᠯᠡᠨ ᠪᠡᠯᠭᠡᠯᠡᠰᠦᠭᠡᠢ ᠭᠡᠵᠤ ᠤᠷᠢᠶᠠᠯᠠᠪᠠ᠃      ᠤᠢᠢᠯᠠᠭᠠᠬᠰᠡᠨ ᠢᠶᠠᠷ᠂ ︽ᠬᠠᠷᠠᠭ᠎ᠠ ᠰᠡᠷᠭᠦᠭᠡᠬᠦ ᠠᠶᠠᠯᠡᠯ︾ ᠨᠡᠶᠢᠭᠡᠮ ᠤᠨ ᠨᠠᠶᠢᠳᠠ ᠶᠢᠨ ᠠᠰᠠᠷᠠᠮᠵᠢ ᠶᠢᠨ ᠠᠵᠢᠯᠯᠠᠭ᠎ᠠ ᠶᠢ 2015 ᠣᠨ ᠤ 6 ᠳ᠋ᠤᠭᠠᠷ ᠰᠠᠷ᠎ᠡ ᠠᠴᠠ ᠡᠬᠢᠯᠡᠨ ᠬᠡᠷᠡᠭᠵᠢᠬᠦᠯᠦᠭᠰᠡᠨ ᠠᠴᠠ ᠨᠠᠭᠠᠰᠢ᠂ ᠨᠢᠭᠡᠨᠳᠠ ᠪᠦᠬᠦ ᠤᠷᠤᠨ ᠤ ᠶᠠᠳᠠᠭᠤ ᠬᠦᠴᠢᠷᠳᠠᠯᠳᠠᠢ ᠬᠡᠷ ᠪᠦᠯᠢ ᠶᠢᠨ ᠴᠠᠭᠠᠨ ᠬᠠᠷᠠᠩ ᠡᠪᠡᠳᠴᠢᠳᠠᠨ ᠳᠤ ᠦᠨ᠎ᠡ ᠲᠦᠯᠦᠪᠤᠷᠢ ᠦᠭᠡᠢ ᠪᠠᠷ ᠬᠠᠷᠠᠭ᠎ᠠ ᠤᠷᠤᠭᠤᠯᠬᠤ ᠮᠠᠰᠡ ᠵᠠᠰᠠᠯ ᠢ 20959 ᠵᠢᠱᠢᠶ᠎ᠠ ᠬᠢᠵᠤ᠂ 31.39 ᠲᠦᠮᠡᠨ ᠵᠠᠯᠠᠭᠤᠴᠤᠳ ᠪᠠᠭᠠᠴᠤᠳ ᠲᠤ ᠨᠢᠳᠤᠨ ᠬᠠᠷᠠᠭ᠎ᠠ ᠶᠢᠨ ᠪᠠᠶᠢᠴᠠᠭᠠᠯᠳᠠ ᠬᠢᠵᠤ᠂ ᠶᠠᠳᠠᠭᠤ ᠬᠦᠴᠢᠷᠳᠠᠯᠳᠠᠢ ᠭᠡᠷ ᠪᠦᠯᠢ ᠶᠢᠨ 2901 ᠵᠠᠯᠠᠭᠤᠴᠤᠳ ᠪᠠᠭᠠᠴᠤᠳ ᠲᠤ ᠦᠨ᠎ᠡ ᠲᠦᠯᠦᠪᠤᠷᠢ ᠦᠭᠡᠢ ᠪᠠᠷ ᠤᠢᠢᠷ᠎ᠡ ᠬᠠᠷᠠᠭ᠎ᠠ ᠶᠢᠨ ᠨᠢᠳᠤᠨ ᠰᠢᠯ ᠲᠠᠭᠠᠷᠠᠭᠤᠯᠤᠨ ᠦᠭᠴᠦ᠂ ᠶᠠᠳᠠᠭᠤ ᠬᠦᠴᠢᠷᠳᠠᠯᠳᠠᠢ ᠭᠡᠷ ᠪᠦᠯᠢ ᠶᠢᠨ 493 ᠵᠠᠯᠠᠭᠤᠴᠤᠳ ᠪᠠᠭᠠᠴᠤᠳ ᠲᠤ ᠰᠤᠯᠢᠷ ᠬᠠᠷᠠᠭ᠎ᠠ ᠶᠢ ᠲᠡᠭᠰᠢᠷᠡᠭᠦᠯᠬᠦ ᠮᠠᠰᠡ ᠵᠠᠰᠠᠯ ᠬᠢᠵᠤ᠂ ᠮᠤᠩᠭᠤᠯ ᠤᠯᠤᠰ ᠤᠨ ᠴᠠᠭᠠᠨ ᠬᠠᠷᠠᠩ ᠡᠪᠡᠳᠴᠢᠳᠡᠨ ᠳᠤ ᠬᠠᠷᠠᠭ᠎ᠠ ᠤᠷᠤᠭᠤᠯᠬᠤ ᠮᠠᠰᠡ ᠵᠠᠰᠠᠯ ᠢ 109 ᠵᠢᠱᠢᠶ᠎ᠠ ᠶᠢ ᠠᠮᠵᠢᠯᠳᠠᠳᠠᠢ ᠪᠠᠷ ᠬᠢᠵᠤ᠂ ᠮᠠᠰᠡ ᠵᠠᠰᠠᠯ ᠤᠨ ᠠᠮᠵᠢᠯᠳᠠ ᠤᠯᠤᠬᠰᠡᠨ ᠨᠤᠷᠮ᠎ᠡ 100%᠎ ᠳᠤ ᠬᠦᠷᠴᠠᠢ᠂ ︽ᠨᠠᠮ ᠤᠨ ᠬᠤᠷᠢᠶ᠎ᠡ ᠳᠡᠮᠵᠢᠭᠰᠡᠨ᠂ ᠵᠠᠰᠠᠭ ᠤᠨ ᠤᠷᠳᠤᠨ ᠬᠦᠳᠤᠯᠤᠨ ᠲᠠᠭᠠᠭᠤᠯᠤᠬᠰᠡᠨ᠂ ᠰᠠᠯᠠᠭ᠎ᠠ ᠮᠦᠴᠢᠷ ᠬᠠᠮᠳᠤᠷᠠᠯᠴᠠᠬᠰᠡᠨ᠂ ᠨᠠᠶᠢᠳᠠ ᠶᠢᠨ ᠠᠰᠠᠷᠠᠮᠵᠢ ᠶᠢᠨ ᠵᠤᠬᠢᠶᠠᠨ ᠪᠠᠶᠢᠭᠤᠯᠤᠯᠳᠠ ᠲᠠᠪᠴᠠᠩ ᠬᠠᠩᠭᠠᠭᠰᠠᠨ᠂ ᠨᠡᠶᠢᠭᠡᠮ ᠤᠨ ᠬᠦᠴᠦᠨ ᠦᠷᠭᠡᠨ ᠢᠶᠠᠷ ᠤᠷᠤᠯᠴᠠᠬᠰᠡᠨ︾ ᠨᠠᠶᠢᠳᠠ ᠶᠢᠨ ᠠᠰᠠᠷᠠᠮᠵᠢ ᠶᠢᠨ ᠠᠪᠤᠷᠠᠨ ᠲᠤᠰᠠᠯᠠᠬᠤ ᠰᠢᠨ᠎ᠡ ᠬᠡᠪ ᠵᠠᠬᠪᠤᠷ ᠢ ᠰᠦᠪᠡᠭᠴᠢᠯᠡᠨ ᠪᠠᠶᠢᠭᠤᠯᠵᠤ᠂ ᠤᠯᠤᠰ ᠤᠨ ᠲᠤᠳᠤᠭᠠᠳᠤ ᠭᠠᠳᠠᠭᠠᠳᠤ ᠳᠤ ᠢᠳᠡᠪᠬᠢᠳᠠᠢ ᠨᠦᠯᠦᠭᠡ ᠲᠤᠰᠬᠠᠯ ᠭᠠᠷᠭᠠᠬᠰᠡᠨ ᠪᠦᠭᠡᠳ ᠦᠷᠭᠡᠨ ᠲᠡᠯᠭᠡᠷ ᠮᠠᠬᠳᠠᠭᠠᠯ ᠰᠠᠶᠢᠰᠢᠶᠠᠯ ᠢ ᠤᠯᠵᠤ᠂ ᠤᠷᠢᠳ ᠬᠤᠵᠢᠳ ᠠᠽᠢᠶ᠎ᠡ ᠲᠢᠪ ᠤᠨ ᠬᠠᠷᠠᠭ᠎ᠠ ᠠᠯᠳᠠᠬᠤ ᠶᠢ ᠰᠡᠷᠭᠡᠶᠢᠯᠡᠬᠦ ᠰᠠᠭᠤᠷᠢ ᠮᠦᠡᠭᠭᠦᠨ ᠤ ᠨᠡᠶᠢᠭᠡᠮᠯᠢᠭ ᠤᠨ ︽ᠴᠤᠷ ᠤᠨ ᠭᠠᠭᠴᠠ ᠤᠨᠴᠠᠭᠠᠢ ᠬᠤᠪᠢ ᠨᠠᠮᠠᠷᠢ ᠦᠵᠡᠬᠦᠯᠦᠭᠰᠡᠨ ᠱᠠᠩᠨᠠᠯ︾᠂ ᠵᠢᠷᠭᠤᠳᠤᠭᠠᠷ ᠬᠤᠭᠤᠴᠠᠭᠠᠨ ᠤ ᠦᠪᠤᠷ ᠮᠤᠩᠭᠤᠯ ᠢ ᠲᠤᠬᠳᠤᠯᠤᠭᠤᠯᠤᠬᠰᠡᠨ ᠬᠦᠮᠦᠨ ᠤ ᠤᠨᠴᠠᠭᠠᠢ ᠱᠠᠩᠨᠠᠯ ︵ᠬᠠᠮᠳᠤ ᠨᠡᠶᠢᠳᠠ︶ ᠪᠤᠯᠤᠨ ᠠᠷᠪᠡᠳᠤᠭᠠᠷ ᠬᠤᠭᠤᠴᠠᠭᠠᠨ ᠤ ︽ᠲᠤᠮᠳᠠᠳᠤ ᠶᠢᠨ ᠨᠢᠬᠦᠯᠡᠰᠦᠩᠭᠦᠢ ᠶᠢᠨ ᠱᠠᠩᠨᠠᠯ︾ ᠵᠡᠷᠭᠡ ᠢᠷᠠᠭᠤ ᠠᠯᠳᠠᠷ ᠢ ᠣᠯᠭᠤᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号