ᠯᠢ ᠵᠢᠢ ᠡᡁᠧᠩ ᠤᠯᠠᠭᠠᠨᠴᠠᠪ ᠬᠤᠳᠠ ᠳᠤ ᠪᠠᠶᠢᠴᠠᠭᠠᠨ ᠰᠤᠳᠤᠯᠤᠯᠳᠡ ᠬᠢᠬᠦ ᠳᠤ ᠪᠠᠨ ᠴᠢᠬᠤᠯᠠᠴᠢᠯᠠᠬᠰᠠᠠ ᠨᠢ ᠦᠵᠡᠯ ᠰᠠᠨᠠᠭ᠎ᠠ ᠪᠠᠨ ᠲᠠᠬᠢᠨᠳᠠ ᠴᠢᠯᠥᠬᠡᠯᠡᠵᠥ ᠨᠡᠩ ᠯᠠᠪᠳᠠᠭᠤᠨ ᠪᠠᠳᠤᠳᠠᠢ ᠠᠵᠢᠯᠯᠠᠵᠥ ᠶᠠᠳᠠᠭᠤ ᠠᠴᠠ ᠠᠩᠬᠢᠵᠢᠷᠠᠭᠤᠯᠬᠤ ᠰᠢᠪᠳᠤᠯᠤᠯᠳᠠ ᠪᠤᠯᠤᠨ ᠠᠵᠥ ᠠᠬᠤᠢ ᠶᠢᠨ ᠴᠢᠨᠠᠷ ᠰᠠᠶᠢᠳᠠᠢ ᠬᠦᠭᠵᠢᠯᠳᠡ ᠶᠢ ᠪᠦᠬᠦ ᠬᠦᠴᠦ ᠪᠠᠷ ᠢᠶᠠᠨ ᠬᠦᠨᠵᠡᠬᠡᠶᠢᠷᠡᠬᠦᠯᠥᠨ ᠪᠤᠳᠠᠳᠠᠶᠢᠵᠢᠭᠤᠯᠬᠤ ᠬᠡᠷᠡᠭᠳᠡᠢ ᠭᠡᠵᠡᠢ
ᠨᠡᠶᠢᠲᠡᠯᠡᠭᠰᠡᠨ ᠴᠠᠭ᠄
2019/5/13
     5 ᠳ᠋ᠤᠭᠠᠷ ᠰᠠᠷ᠎ᠠ ᠶᠢᠨ 11᠎ ᠤ ᠡᠳᠤᠷ ᠠᠴᠠ 12᠎ ᠤᠨ ᠡᠳᠤᠷ ᠪᠤᠯᠳᠠᠯ᠎ᠠ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠡᠨ ᠤ ᠱᠦᠵᠢ᠂ ᠠᠷᠠᠳ ᠤᠨ ᠲᠦᠯᠥᠬᠡᠯᠡᠭᠴᠢᠳ ᠤᠨ ᠶᠡᠭᠡ ᠬᠤᠷᠡᠯ ᠤᠨ ᠪᠠᠶᠢᠩᠭᠤ ᠶᠢᠨ ᠬᠤᠷᠢᠶᠡᠨ ᠎ ᠤ ᠡᠷᠬᠢᠯᠡᠭᠴᠢ ᠯᠢ ᠵᠢᠢ ᠡᡁᠧᠩ ᠰᠢᠩ ᠡᡁᠧ ᠰᠢᠶᠠᠨ᠂ ᠴᠠᠬᠠᠷ ᠪᠠᠷᠠᠭᠤᠨ ᠭᠠᠷᠤᠨ ᠡᠮᠤᠨᠡᠳᠤ ᠬᠤᠰᠢᠭᠤ᠂ ᠵᠦᠸᠧᠽᠢ ᠰᠢᠶᠠᠨ ᠳᠤ ᠬᠦᠨᠵᠡᠬᠡᠶᠢᠷᠡᠨ ᠪᠠᠶᠢᠴᠠᠭᠠᠨ ᠰᠤᠳᠤᠯᠤᠯᠳᠡ ᠬᠢᠵᠥ ᠴᠢᠬᠤᠯᠠᠴᠢᠯᠠᠭᠰᠠᠨ ᠨᠢ᠂ ᠦᠵᠡᠯ ᠰᠠᠨᠠᠭ᠎ᠠ ᠪᠠᠨ ᠲᠠᠬᠢᠨᠳᠠ ᠴᠢᠯᠥᠬᠡᠯᠡᠵᠥ᠂ ᠨᠡᠩ ᠯᠠᠪᠳᠠᠭᠤᠨ ᠪᠠᠳᠤᠳᠠᠢ ᠠᠵᠢᠯᠯᠠᠵᠥ᠂ ᠶᠠᠳᠠᠭᠤ ᠠᠴᠠ ᠠᠩᠬᠢᠵᠢᠷᠠᠭᠤᠯᠬᠤ ᠰᠢᠪᠳᠤᠯᠤᠯᠳᠠ ᠶᠢᠨ ᠲᠠᠶᠢᠯᠠᠯᠳᠤᠭᠠᠨ ᠤ ᠢᠯᠡᠯᠳᠡ ᠶᠢ ᠡᠷᠡᠰ ᠤᠯᠵᠥ᠂ ᠠᠵᠥ ᠠᠬᠤᠢ ᠶᠢᠨ ᠴᠢᠨᠠᠷ ᠰᠠᠶᠢᠳᠠᠢ ᠬᠦᠭᠵᠢᠯᠳᠡ ᠶᠢ ᠪᠦᠬᠦ ᠬᠦᠴᠦ ᠪᠠᠷ ᠢᠶᠠᠨ ᠠᠬᠢᠭᠤᠯᠬᠤ ᠬᠡᠷᠡᠭᠳᠡᠢ ᠬᠡᠪᠠ᠃      ᠯᠢ ᠵᠢᠢ ᠡᡁᠧᠩ ᠤᠷᠢᠳ ᠬᠤᠵᠢᠳ ᠳ᠋ᠢᠶᠠᠨ ᠽᠢ ᠲᠤᠰᠬᠤᠨ᠂ ᠲᠸᠥ ᠳ᠋ᠤᠤ ᠤᠪᠤᠭ᠎ᠠ ᠲᠤᠰᠬᠤᠨ᠂ ᠪᠠᠭ᠎ᠠ ᠲᠤ ᠴᠧᠩ ᠽᠢ ᠲᠤᠰᠬᠤᠨ᠂ ᠶᠢᠨ ᠴᠧᠩ ᠸᠠ ᠲᠤᠰᠬᠤᠨ᠂ ᠹᠦ᠋ ᠺᠠᠩ ᠪᠠᠭ᠎ᠠ ᠲᠤᠭᠤᠷᠢᠭ ᠲᠤ ᠬᠦᠷᠴᠦ᠂ ᠶᠠᠳᠠᠭᠤ ᠬᠦᠴᠢᠷᠳᠡᠯᠳᠡᠢ ᠤᠯᠠᠨ ᠲᠦᠮᠡᠨ ᠢ ᠡᠷᠬᠢᠨ ᠦᠵᠡᠵᠥ᠂ ᠶᠠᠳᠠᠭᠤ ᠶᠢ ᠲᠡᠳᠬᠦᠬᠦ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠤᠬᠰᠠᠠ ᠪᠠᠶᠢᠳᠠᠯ ᠪᠤᠯᠤᠨ ᠶᠠᠳᠠᠭᠤ ᠶᠢ ᠲᠡᠳᠬᠦᠬᠦ ᠺᠠᠳ᠋ᠷ ᠤᠨ ᠠᠵᠢᠯ ᠤᠨ ᠪᠠᠶᠢᠳᠠᠯ ᠢ ᠪᠠᠶᠢᠴᠠᠭᠠᠨ ᠦᠵᠡᠪᠡ᠃ ᠦ᠋ ᠸᠠᠨ ᠵᠦ᠂ ᠴᠠᠩ ᠼᠦᠨ ᠯᠢᠶᠠᠩ᠂ ᠵᠠᠩ ᠶᠦᠩ ᠹᠸᠢ᠂ ᠯᠢ ᠶᠢᠦ᠂ ᠪᠠᠢ ᠭᠧᠨ ᠶᠤᠸᠠᠨ᠂ ᠵᠠᠩ ᠶᠢᠨ ᠺᠤᠸᠠᠨ ᠵᠡᠷᠬᠡ ᠶᠠᠳᠠᠭᠤ ᠬᠦᠴᠢᠷᠳᠡᠯᠳᠡᠢ ᠡᠷᠦᠬᠡ ᠪᠠᠷ ᠲᠤᠭᠤᠷᠢᠨ ᠦᠵᠡᠬᠦ ᠳᠤ ᠪᠠᠨ᠂ ᠲᠡᠷᠡ ᠶᠠᠳᠠᠭᠤᠷᠠᠭᠰᠠᠠ ᠰᠢᠯᠳᠠᠭᠠᠨ᠂ ᠤᠷᠤᠯᠭ᠎ᠠ ᠶᠢᠨ ᠢᠷᠡᠯᠳᠡ᠂ ᠺᠠᠳ᠋ᠷ ᠤᠨ ᠬᠠᠪᠰᠤᠷᠤᠨ ᠲᠡᠳᠬᠦᠵᠥ ᠪᠠᠶᠢᠭ᠎ᠠ ᠪᠠᠶᠢᠳᠠᠯ᠂ ᠦᠷ᠎ᠡ ᠬᠡᠤᠬᠡᠳ ᠎ ᠢᠶᠠᠨ ᠠᠰᠠᠷᠠᠨ ᠲᠡᠵᠢᠬᠡᠵᠥ ᠪᠠᠶᠢᠭ᠎ᠠ ᠪᠠᠶᠢᠳᠠᠯ ᠵᠡᠷᠭᠡ ᠶᠢ ᠨᠢ ᠨᠠᠷᠢᠨ ᠯᠠᠪᠯᠠᠨ ᠠᠰᠠᠭᠤᠵᠥ᠂ ᠵᠢᠵᠢᠭ ᠡᠮ ᠤᠨ ᠬᠠᠶᠢᠷᠴᠠᠭ ᠢ ᠨᠢ ᠪᠠᠶᠢᠴᠠᠭᠠᠨ ᠦᠵᠡᠵᠥ᠂ ᠤᠷᠤᠨ ᠰᠠᠭᠤᠴᠠ ᠪᠤᠯᠤᠨ ᠤᠰᠤ ᠤᠮᠳᠠ ᠶᠢᠨ ᠨᠦᠬᠦᠴᠡᠯ ᠢ ᠨᠢ ᠤᠶᠢᠯᠠᠭᠠᠵᠥ᠂ ᠤᠯᠠᠨ ᠢ ᠢᠳᠡᠬᠡᠯ ᠵᠤᠷᠢᠭ ᠢᠶᠠᠨ ᠬᠦᠪᠴᠢᠯᠡᠵᠦ᠂ ᠠᠵᠢᠯ ᠤᠨ ᠡᠷᠴᠢᠮ ᠢᠶᠠᠨ ᠴᠢᠩᠭᠠᠷᠠᠭᠤᠯᠵᠦ᠂ ᠡᠷᠳᠡᠬᠡᠨ ᠶᠠᠳᠠᠭᠤ ᠠᠴᠠ ᠠᠩᠬᠢᠵᠢᠷᠠᠵᠥ ᠴᠢᠨᠡᠭᠡᠯᠢᠭᠵᠢᠭᠡᠷᠡᠢ ᠬᠡᠵᠥ ᠵᠤᠷᠢᠬᠵᠢᠭᠤᠯᠪᠠ᠃ ᠯᠢ ᠵᠢᠢ ᠾᠧᠩ᠂ ᠡᠯ᠎ᠡ ᠱᠠᠳᠤᠨ ᠤ ᠺᠠᠳ᠋ᠷᠴᠤᠳ ᠬᠡᠯᠪᠡᠷᠢᠴᠢ ᠦᠵᠡᠯ᠂ ᠨᠤᠶᠠᠨᠴᠢ ᠰᠤᠷᠳᠠᠯ ᠢ ᠴᠢᠩᠭ᠎ᠠ ᠴᠡᠭᠡᠷᠯᠡᠵᠤ᠂ ᠶᠠᠳᠠᠭᠤ ᠶᠢ ᠲᠡᠳᠬᠦᠬᠦ ᠠᠵᠢᠯ ᠢ ᠬᠦᠨᠵᠡᠭᠡᠢ ᠨᠠᠷᠢᠯᠢᠭ ᠬᠢᠵᠤ᠂ ᠠᠰᠠᠭᠤᠳᠠᠯ ᠢ ᠴᠡᠭᠴᠡᠯᠠᠨ ᠰᠠᠶᠢᠵᠢᠷᠠᠭᠤᠯᠬᠤ ᠶᠢ ᠪᠤᠳᠠᠳᠠᠶᠢᠵᠢᠭᠤᠯᠤᠨ ᠠᠳᠬᠤᠵᠤ᠂ ᠪᠠᠶᠢᠴᠠᠭᠠᠯᠳᠠ ᠶᠢ ᠲᠠᠭᠠᠭᠠᠵᠤ ᠲᠠᠶᠢᠯᠬᠦ ᠶᠢ ᠦᠨᠠᠨ ᠬᠦ ᠪᠠᠳᠤᠯᠬᠠᠤ ᠭᠡᠷᠡᠭᠳᠠᠢ ᠭᠡᠵᠤ ᠴᠢᠬᠤᠯᠠᠴᠢᠯᠠᠪᠠ᠃ ᠵᠠᠷᠢᠮ ᠲᠤᠰᠬᠤᠨ ᠲᠤ ᠰᠠᠭᠤᠭ᠎ᠠ ᠠᠵᠢᠯᠯᠠᠬᠤ ᠠᠩᠭᠢ ᠶᠢᠨ ᠬᠦᠴᠦᠨ ᠤ ᠲᠤᠬᠢᠷᠠᠭᠤᠯᠤᠯᠳᠠ ᠵᠤᠬᠢᠰ ᠦᠭᠡᠢ ᠪᠠᠶᠢᠭ᠎ᠠ ᠎ ᠶᠢ ᠤᠶᠢᠯᠠᠭᠠᠬᠰᠡᠨ ᠤ ᠲᠠᠷᠠᠭ᠎ᠠ᠂ ᠲᠠᠷᠨ ᠡᠷᠬᠡᠪᠰᠢ ᠪᠦᠬᠦ ᠬᠦᠴᠦᠨ ᠢᠶᠠᠷ ᠢᠶᠠᠨ ᠭᠠᠪᠰᠢᠭᠠᠶᠢᠯᠠᠨ ᠪᠠᠶᠢᠯᠳᠤᠵᠤ᠂ ᠡᠩᠨᠡᠭᠡᠨ ᠤ ᠪᠦᠳᠦᠴᠡ ᠪᠠᠨ ᠰᠢᠯᠢᠳᠡᠭᠵᠢᠬᠦᠯᠵᠤ᠂ ᠬᠦᠳᠡᠭᠡ ᠲᠤᠰᠬᠤᠨ ᠤ ᠠᠵᠢᠯ ᠢ ᠤᠶᠢᠯᠠᠭᠠᠬᠤ ᠴᠢᠳᠠᠪᠤᠷᠢ ᠲᠠᠢ ᠺᠠᠳ᠋ᠷ ᠢ ᠲᠤᠰᠬᠤᠨ ᠳᠤ ᠰᠠᠭᠤᠯᠭᠠᠵᠤ ᠰᠢᠪᠳᠤᠯᠤᠯᠳᠠ ᠬᠢᠯᠬᠡᠬᠦ ᠭᠡᠷᠡᠭᠳᠠᠢ ᠭᠡᠵᠤ ᠱᠠᠭᠠᠷᠳᠠᠪᠠ᠃      ᠲᠤᠬᠠᠢ ᠶᠢᠨ ᠭᠠᠵᠠᠷ ᠲᠤ ᠡᠷᠡᠬᠦᠯ ᠬᠠᠮᠠᠭᠠᠯᠠᠯ ᠤᠨ ᠲᠠᠰᠤᠭ᠂ ᠡᠷᠡᠬᠦᠯ ᠬᠠᠮᠠᠭᠠᠯᠠᠯ ᠤᠨ ᠬᠤᠷᠢᠶ᠎ᠡ ᠶᠢ ᠪᠠᠶᠢᠴᠠᠭᠠᠨ ᠦᠵᠡᠬᠦ ᠳᠤ ᠪᠠᠨ ᠲᠡᠷᠨ᠂ ᠡᠪᠡᠳᠴᠢᠨ ᠵᠤᠪᠠᠯᠠᠩ ᠲᠠᠢ ᠪᠤᠯ ᠴᠢᠨᠡᠬᠡᠯᠢᠭᠵᠢᠵᠦ ᠪᠠᠶᠢᠵᠤ ᠴᠢᠳᠠᠬᠤ ᠦᠭᠡᠢ᠂ ᠡᠷᠡᠬᠦᠯ ᠮᠠᠨᠳᠤ ᠪᠠᠷ ᠶᠠᠳᠠᠭᠤ ᠶᠢ ᠲᠡᠳᠬᠦᠬᠦ ᠲᠦᠷᠦ ᠶᠢᠨ ᠪᠤᠳᠤᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠶᠠᠳᠠᠭᠤ ᠬᠦᠴᠢᠷᠳᠠᠯᠳᠠᠢ ᠡᠪᠡᠳᠴᠢᠳᠠᠨ ᠤ ᠤᠶᠢᠷ᠎ᠡ ᠬᠠᠪᠢ ᠳᠤ ᠪᠠᠨ ᠡᠪᠡᠳᠴᠢᠨ ᠢᠶᠠᠨ ᠦᠵᠡᠬᠦᠯᠵᠤ ᠡᠮ ᠬᠡᠷᠡᠭᠯᠡᠵᠤ ᠲᠠᠶᠢᠯᠬᠦ ᠶᠢ ᠦᠨᠠᠨ ᠬᠦ ᠪᠠᠳᠤᠯᠠᠬᠤ ᠭᠡᠷᠡᠭᠳᠠᠢ ᠭᠡᠵᠤ ᠬᠡᠯᠡᠪᠡ᠃ ᠤᠨᠳᠤᠤ ᠭᠠᠵᠠᠷ ᠲᠤ ᠨᠡᠬᠦᠯᠭᠡᠨ ᠲᠦᠪᠯᠡᠷᠡᠬᠦᠯᠤᠨ ᠲᠦᠪᠬᠢᠨᠡᠬᠦᠯᠬᠦ ᠴᠡᠭ ᠢ ᠰᠢᠨᠵᠢᠯᠡᠨ ᠪᠠᠶᠢᠴᠠᠭᠠᠬᠰᠡᠨ ᠤ ᠲᠠᠷᠠᠭ᠎ᠠ᠂ ᠲᠡᠷᠨ ᠲᠠᠭᠠᠤ ᠳᠤ ᠨᠢ ᠠᠵᠢᠯ ᠤᠯᠭᠤᠨ ᠲᠦᠪᠬᠢᠨᠡᠭᠦᠯᠬᠦ᠂ ᠨᠡᠶᠢᠭᠡᠮ ᠳᠤ ᠠᠭᠤᠰᠤᠯᠴᠠᠭᠤᠯᠬᠤ ᠵᠡᠷᠭᠡ ᠠᠵᠢᠯ ᠢ ᠰᠠᠶᠢᠳᠤᠷ ᠬᠢᠵᠤ᠂ ᠶᠠᠳᠠᠭᠤ ᠬᠦᠴᠢᠷᠳᠠᠯᠳᠠᠢ ᠤᠯᠠᠨ ᠲᠦᠮᠡᠨ ᠤ ᠲᠤᠬᠳᠠᠪᠤᠷᠢᠵᠢᠵᠤ ᠳᠡᠶᠢᠯᠬᠦ᠂ ᠴᠢᠨᠠᠭᠡᠯᠢᠭᠵᠢᠵᠤ ᠲᠠᠶᠢᠯᠬᠦ ᠶᠢ ᠦᠨᠡᠨ ᠬᠦ ᠪᠠᠳᠤᠯᠠᠬᠤ ᠭᠡᠷᠡᠭᠳᠠᠢ ᠭᠡᠵᠤ ᠱᠠᠭᠠᠷᠳᠠᠪᠠ᠃      ᠯᠢ ᠵᠢᠢ ᠾᠧᠩ ᠦᠷ᠎ᠠ ᠠᠰᠢᠭ ᠰᠠᠶᠢᠳᠠᠢ ᠲᠠᠷᠢᠶᠠᠯᠠᠩ᠂ ᠤᠳᠤᠬᠢᠴᠢᠯᠠᠬᠰᠡᠨ ᠲᠠᠵᠢᠭᠡᠨ ᠦᠷᠡᠵᠢᠬᠦᠯᠬᠦ ᠦᠢᠯᠡᠰ᠂ ᠭᠡᠷᠡᠯ ᠢᠶᠠᠷ ᠴᠠᠬᠢᠯᠭᠠᠨ ᠭᠠᠷᠭᠠᠬᠤ ᠦᠷᠳᠡᠭᠡ᠂ ᠡᠯᠧᠺᠲᠷᠤᠨ ᠬᠤᠳᠠᠯᠳᠤᠭ᠎ᠠ ᠵᠡᠷᠭᠡ ᠠᠵᠤ ᠦᠢᠯᠡᠰ ᠤᠨ ᠬᠦᠭᠵᠢᠯᠳᠠ ᠵᠢᠴᠢ ᠶᠠᠳᠠᠭᠤ ᠠᠴᠠ ᠠᠩᠭᠢᠵᠢᠷᠠᠬᠤ ᠶᠢ ᠲᠠᠶᠢᠴᠢᠯᠠᠵᠤ ᠶᠠᠳᠠᠭᠤ ᠬᠦᠴᠢᠷᠳᠠᠯᠳᠠᠢ ᠬᠦᠮᠤᠨ ᠠᠮᠠ ᠶᠢ ᠴᠦᠭᠡᠳᠭᠡᠭᠰᠡᠨ ᠪᠠᠶᠢᠳᠠᠯ ᠢ ᠰᠢᠨᠵᠢᠯᠠᠨ ᠪᠠᠶᠢᠴᠠᠭᠠᠪᠠ᠃ ᠫᠸᠡᠭᠴᠧᠩ ᠺᠤᠮᠫᠠᠨᠢ ᠶᠢᠨ ᠰᠠᠶᠢᠨ ᠡᠬᠦᠯᠳᠡᠷ ᠤᠨ ᠭᠠᠭ᠋ᠠᠢ᠂ ᠰᠢᠨᠵᠢᠯᠡᠬᠦ ᠤᠬᠠᠭᠠᠨᠴᠢᠯᠠᠬᠰᠡᠨ ᠪᠠᠷᠢᠮᠵᠢᠶᠠᠵᠢᠬᠰᠡᠨ ᠲᠡᠵᠢᠭᠡᠨ ᠦᠷᠡᠵᠢᠬᠦᠯᠬᠦ ᠦᠢᠯᠡᠰ ᠢ ᠤᠷᠤᠭᠤᠯᠤᠨ ᠠᠪᠴᠢᠷᠠᠬᠤ ᠪᠠᠷ ᠲᠠᠮᠵᠢᠵᠤ ᠠᠵᠤ ᠠᠬᠤᠶᠢᠯᠡᠯ ᠢᠶᠠᠨ ᠪᠤᠵᠠᠭᠠᠶᠢᠷᠠᠭᠤᠯᠤᠬᠰᠡᠨ ᠪᠦᠭᠡᠳ ᠶᠠᠳᠠᠭᠤ ᠬᠦᠴᠢᠷᠳᠠᠯᠳᠠᠢ ᠤᠯᠠᠨ ᠲᠦᠮᠡᠨ ᠢ ᠲᠠᠶᠢᠴᠢᠯᠠᠨ ᠤᠷᠤᠯᠭ᠎ᠠ ᠶᠢ ᠨᠢ ᠨᠡᠮᠡᠭᠳᠡᠬᠦᠯᠦᠭᠰᠡᠨ ᠪᠠᠶᠢᠳᠠᠯ ᠢ ᠤᠶᠢᠯᠠᠭᠠᠬᠰᠡᠨ ᠤ ᠲᠠᠷᠠᠭ᠎ᠠ᠂ ᠲᠡᠷᠨ ᠬᠦᠨ ᠲᠦᠷᠦᠭᠳᠡᠯ ᠲᠠᠢ ᠪᠠᠷ᠂ ᠠᠵᠢᠯ ᠬᠢᠵᠤ ᠦᠢᠯᠡᠰ ᠪᠤᠰᠬᠠᠬᠤ ᠳᠤ ᠵᠠᠪᠡᠯ ᠦᠵᠡᠯ ᠰᠠᠨᠠᠭ᠎ᠠ ᠪᠠᠨ ᠴᠢᠯᠦᠭᠡᠯᠡᠵᠤ᠂ ᠵᠠᠮ ᠨᠡᠭᠡᠭᠡᠨ ᠰᠢᠨ᠎ᠡ ᠶᠢ ᠡᠬᠦᠳᠬᠦ ᠬᠡᠷᠡᠭᠳᠠᠢ ᠭᠡᠵᠦ ᠬᠡᠯᠡᠨ᠂ ᠠᠵᠤ ᠠᠬᠤᠶᠢᠯᠡᠯ ᠤᠨ ᠬᠢᠨ ᠢ ᠠᠮᠵᠢᠯᠳᠠ ᠪᠠᠨ ᠪᠠᠳᠠᠷᠠᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠳᠤ ᠲᠦᠰᠢᠭᠯᠡᠨ ᠦᠷᠢᠰᠦᠯᠳᠦᠬᠦ ᠬᠦᠴᠦᠨ ᠢᠶᠠᠨ ᠲᠡᠭᠡᠭᠰᠢᠯᠡᠬᠦᠯᠬᠦ ᠭᠡᠷᠡᠭᠳᠠᠢ ᠭᠡᠵᠤ ᠤᠷᠮᠠᠰᠢᠭᠤᠯᠤᠨ ᠵᠤᠷᠢᠭᠵᠢᠭᠤᠯᠪᠠ᠃ ᠦ᠋ ᠽᠧ ᠠᠮᠢ ᠠᠬᠤᠢ ᠶᠢᠨ ᠲᠠᠷᠢᠶᠠᠯᠠᠩ ᠤᠨ ᠰᠢᠨᠵᠢᠯᠡᠬᠦ ᠤᠬᠠᠭᠠᠠ ᠲᠧᠭᠨᠢᠭ ᠮᠡᠷᠭᠡᠵᠢᠯ ᠤᠨ ᠺᠤᠮᠫᠠᠨᠢ ᠳᠤ ᠰᠢᠨᠵᠢᠯᠡᠡ ᠪᠠᠶᠢᠴᠠᠭᠠᠬᠤ ᠳᠤ ᠪᠠᠨ᠂ ᠯᠢ ᠵᠢᠢ ᠡᡁᠧᠩ ᠦᠨᠲᠦᠷ ᠪᠠᠷᠢᠮᠵᠢᠶᠠᠲᠦ ᠨᠠᠷᠠᠠ ᠤ ᠭᠡᠷᠡᠯ ᠤᠨ ᠬᠦᠯᠡᠮᠵᠢ ᠶᠢᠨ ᠪᠦᠳᠦᠬᠡᠨ ᠪᠠᠶᠢᠭᠤᠯᠤᠯᠲᠠ ᠶᠢ ᠲᠡᠭᠡᠲᠦ ᠬᠡᠮᠵᠢᠶ᠎ᠠ ᠪᠠᠷ ᠦᠨᠡᠯᠡᠵᠦ᠂ ᠴᠢᠲᠠᠪᠤᠷᠢᠲᠠᠠ ᠢ ᠬᠦᠮᠦᠵᠢᠭᠦᠯᠵᠦ ᠲᠠᠲᠠᠠ ᠠᠪᠴᠢᠷᠠᠬᠤ ᠶᠢ ᠨᠡᠩ ᠴᠢᠬᠤᠯᠠᠴᠢᠯᠠᠠ ᠦᠵᠡᠵᠦ᠂ ᠵᠢᠱᠢᠶ᠎ᠠ ᠦᠵᠡᠭᠦᠯᠤᠨ ᠲᠠᠶᠢᠴᠢᠯᠠᠬᠤ ᠦᠢᠯᠡᠲᠦᠯ ᠢ ᠬᠦᠢᠴᠡᠳ ᠪᠠᠲᠠᠷᠠᠭᠤᠯᠤᠨ᠂ ᠶᠠᠲᠠᠭᠤ ᠠᠴᠠ ᠠᠩᠭᠢᠵᠢᠷᠠᠭᠤᠯᠬᠤ ᠰᠢᠪᠳᠤᠯᠤᠯᠳᠠ ᠪᠠ ᠬᠦᠲᠡᠭᠡ ᠲᠤᠰᠬᠤᠨ ᠢ ᠬᠦᠭᠵᠢᠭᠦᠯᠦᠨ ᠮᠠᠠᠲᠤᠭᠤᠯᠬᠤ ᠳᠤ ᠬᠦᠴᠦᠨ ᠨᠡᠮᠡᠷᠢᠯᠡᠬᠦ ᠭᠡᠷᠡᠭᠲᠡᠢ ᠭᠡᠵᠦ ᠴᠢᠬᠤᠯᠠᠴᠢᠯᠠᠪᠠ᠃ ᠶᠢᠩ ᠰᠢᠶᠠᠩ ᠨᠡᠭᠦᠷᠡᠰᠦᠲᠦᠶᠢᠷᠦᠭᠴᠢ ᠡᠯᠧᠮᠧᠨ᠋ᠲ ᠤᠨ ᠺᠤᠮᠫᠠᠨᠢ᠂ ᠰᠢᠶᠦ᠋ᠩ ᠠᠠ ᠠᠷᠠᠰᠤᠨ ᠡᠳ᠋ᠯᠡᠯ ᠤᠨ ᠠᠵᠦ ᠦᠢᠯᠡᠰ ᠤᠨ ᠬᠦᠷᠢᠶᠡᠯᠡᠩ ᠲᠤᠭᠤᠷᠢᠭ᠂ ᠰᠢᠩ ᠹᠧᠩ ᠰᠢᠨ᠎ᠠ ᠡᠨᠧᠷᠬᠢ ᠶᠢᠨ ᠲᠦᠷᠦᠯ ᠵᠦᠢᠯ᠂ ᠶᠢᠨ ᠵᠢᠢ ᠶᠠᠲᠠᠭᠤ ᠶᠢ ᠲᠡᠳᠭᠦᠬᠦ ᠲᠦᠷᠦᠯ ᠵᠦᠢᠯ ᠳᠤ ᠰᠢᠠᠵᠢᠯᠠᠠ ᠪᠠᠶᠢᠴᠠᠭᠠᠯᠲᠠ ᠬᠢᠭᠰᠡᠡ ᠤ ᠲᠠᠷᠠᠭ᠎ᠠ᠂ ᠯᠢ ᠵᠢᠢ ᠡᡁᠧᠩ᠂ ᠶᠠᠲᠠᠭᠤ ᠠᠴᠠ ᠠᠩᠭᠢᠵᠢᠷᠠᠭᠤᠯᠬᠤ ᠰᠢᠪᠳᠤᠯᠤᠯᠳᠠ ᠭᠡᠰᠡᠨ ᠴᠤ᠂ ᠲᠡᠷᠡ ᠠᠵᠦ ᠠᠬᠤᠢ ᠶᠢᠨ ᠴᠢᠨᠠᠷ ᠰᠠᠶᠢᠲᠠᠢ ᠬᠦᠭᠵᠢᠯᠲᠠ ᠭᠡᠰᠡᠡ ᠴᠤ ᠲᠡᠷᠡ ᠪᠦᠷ ᠠᠵᠦ ᠦᠢᠯᠡᠰ ᠤᠨ ᠲᠤᠯᠭᠠᠭᠤᠷᠢᠯᠠᠯ ᠠᠴᠠ ᠰᠠᠯᠵᠦ ᠴᠢᠲᠠᠬᠤ ᠦᠭᠡᠢ ᠶᠤᠮ᠃ ᠡᠯ᠎ᠠ ᠱᠠᠲᠤ ᠡᠯ᠎ᠠ ᠰᠠᠯᠠᠭ᠎ᠠ ᠮᠦᠴᠢᠷ ᠶᠠᠭ ᠶᠠᠪᠤᠭᠲᠠᠭᠤᠯᠵᠦ ᠪᠠᠶᠢᠭ᠎ᠠ ᠶᠡᠭᠡ ᠰᠤᠷᠤᠯᠴᠠᠯᠭ᠎ᠠ ᠶᠡᠭᠡ ᠶᠠᠷᠢᠯᠴᠠᠭ᠎ᠠ ᠲᠠᠢ ᠤᠶᠠᠯᠲᠤᠭᠤᠯᠵᠦ᠂ ᠦᠵᠡᠯ ᠰᠠᠨᠠᠭ᠎ᠠ ᠪᠠᠨ ᠴᠢᠯᠦᠭᠡᠯᠡᠵᠦ᠂ ᠦᠵᠡᠯᠲᠠ ᠪᠠᠨ ᠰᠢᠨᠡᠴᠢᠯᠡᠵᠦ᠂ ᠦᠭᠡᠷᠡᠴᠢᠯᠡᠯᠲᠡ ᠬᠢᠵᠦ ᠰᠢᠨ᠎ᠠ ᠶᠢ ᠡᠭᠦᠳᠬᠦ ᠵᠤᠷᠢᠭ ᠰᠠᠨᠠᠭ᠎ᠠ ᠪᠠᠷ ᠠᠵᠦ ᠦᠢᠯᠡᠰ ᠤᠨ ᠬᠦᠭᠵᠢᠯᠲᠠ ᠶᠢ ᠨᠦᠯᠦᠭᠡᠯᠡᠡ ᠬᠢᠵᠠᠭᠠᠷᠯᠠᠵᠦ ᠪᠠᠶᠢᠭ᠎ᠠ ᠲᠤᠪᠤᠶᠢᠮ᠎ᠠ ᠠᠰᠠᠭᠤᠲᠠᠯ ᠢ ᠰᠢᠢᠳᠪᠦᠷᠢᠯᠡᠵᠤ᠂ ᠠᠷᠠᠯᠵᠢᠶᠠᠴᠢᠠ ᠤᠷᠢᠬᠤ᠂ ᠠᠵᠦ ᠦᠢᠯᠡᠰ ᠢᠶᠠᠨ ᠪᠤᠵᠠᠭᠠᠶᠢᠷᠠᠭᠤᠯᠬᠤ᠂ ᠠᠵᠢᠯ ᠤᠯᠭᠤᠯᠲᠠ ᠶᠢ ᠠᠬᠢᠭᠤᠯᠬᠤ ᠶᠢ ᠠᠳᠬᠤᠵᠤ᠂ ᠶᠠᠲᠠᠭᠤ ᠠᠴᠠ ᠠᠩᠭᠢᠵᠢᠷᠠᠭᠤᠯᠬᠤ ᠰᠢᠪᠳᠤᠯᠤᠯᠳᠠ ᠶᠢ ᠪᠦᠬᠦ ᠬᠦᠴᠤᠨ ᠎ ᠢᠶᠠᠷ ᠢᠶᠠᠨ ᠠᠬᠢᠭᠤᠯᠵᠦ᠂ ᠠᠵᠦ ᠠᠬᠤᠢ ᠶᠢᠨ ᠴᠢᠨᠠᠷ ᠰᠠᠶᠢᠲᠠᠢ ᠬᠦᠭᠵᠢᠯᠲᠠ ᠶᠢ ᠠᠬᠢᠭᠤᠯᠬᠤ ᠭᠡᠷᠡᠭᠲᠡᠢ ᠭᠡᠵᠦ ᠴᠢᠬᠤᠯᠠᠴᠢᠯᠠᠪᠠ᠃      ᠡᠨᠡ ᠬᠦ ᠬᠤᠭᠤᠴᠠᠭᠠᠨ ᠳᠤ᠂ ᠯᠢ ᠵᠢᠢ ᠡᡁᠧᠩ ᠪᠠᠰᠠ ᠤᠯᠠᠭᠠᠠᠴᠠᠪ ᠬᠤᠲᠠ ᠶᠢᠨ ᠲᠤᠲᠤᠭᠠᠲᠤ ᠶᠢ ᠬᠠᠮᠠᠭᠠᠯᠠᠬᠤ ᠲᠤᠪᠴᠢᠶ᠎ᠠ ᠳᠤ ᠬᠦᠷᠴᠤ᠂ ᠬᠠᠷ᠎ᠠ ᠪᠦᠯᠦᠭᠲᠡᠡ ᠬᠠᠷᠬᠢᠰ ᠬᠦᠴᠤᠨ ᠢ ᠠᠷᠢᠯᠭᠠᠬᠤ ᠠᠵᠢᠯ ᠤᠨ ᠬᠠᠷᠢᠭᠤ ᠮᠡᠲᠡᠭᠦᠯᠦᠯᠲᠡ ᠶᠢ ᠰᠤᠨᠤᠰᠴᠤ᠂ ᠵᠤᠷᠢᠠᠠᠲᠠᠢ ᠪᠠᠷ ᠪᠠᠶᠢᠯᠲᠤᠵᠦ ᠵᠠᠪᠠᠯ ᠢᠯᠠᠬᠤ ᠢᠲᠡᠭᠡᠯ ᠵᠤᠷᠢᠭ ᠢ ᠡᠪᠦᠷᠯᠡᠡ᠂ ᠰᠢᠢᠳᠪᠦᠷᠢᠲᠦ ᠲᠠᠶᠢᠨ ᠬᠢᠵᠦ ᠰᠢᠢᠳᠪᠦᠷᠢᠲᠦ ᠢᠯᠠᠯᠲᠠ ᠤᠯᠬᠤ ᠤᠪᠤᠷ ᠢᠶᠠᠷ᠂ ᠬᠦᠴᠤᠲᠠᠢ ᠴᠤᠬᠢᠯᠲᠠ ᠦᠭᠴᠤ᠂ ᠬᠠᠷ᠎ᠠ ᠪᠦᠯᠦᠭᠲᠡᠡ ᠬᠠᠷᠬᠢᠰ ᠬᠦᠴᠤᠨ ᠤ ᠠᠵᠦ ᠠᠬᠤᠢ ᠶᠢᠨ ᠰᠠᠭᠤᠷᠢ ᠶᠢ ᠠᠷᠢᠯᠭᠠᠵᠤ᠂ ᠦᠮᠦᠭ ᠲᠦᠰᠢᠭ ᠲᠤ ᠨᠢ ᠴᠤᠬᠢᠯᠲᠠ ᠦᠭᠴᠤ᠂ ᠬᠠᠷ᠎ᠠ ᠪᠦᠯᠦᠭᠲᠡᠡ ᠬᠠᠷᠬᠢᠰ ᠬᠦᠴᠤᠨ ᠳᠤ ᠴᠤᠬᠢᠯᠲᠠ ᠦᠭᠬᠦ ᠲᠤᠰᠬᠠᠢ ᠲᠡᠮᠡᠴᠡᠯ ᠢ ᠬᠦᠨᠵᠡᠭᠡᠶᠢᠷᠡᠭᠦᠯᠬᠦ ᠬᠡᠷᠡᠭᠲᠡᠢ ᠭᠡᠵᠦ ᠴᠢᠬᠤᠯᠠᠴᠢᠯᠠᠵᠠᠢ᠃      ᠦᠪᠡᠷᠲᠡᠭᠡᠡ ᠵᠠᠰᠠᠬᠤ ᠤᠷᠤᠨ ᠤ ᠲᠡᠳ᠋ ᠲᠡᠷᠢᠭᠦᠯᠡᠭᠴᠢ ᠯᠢ ᠪᠢᠩ ᠷᠦᠩ ᠵᠢᠴᠢ ᠬᠤᠯᠪᠤᠭᠲᠠᠯ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠲᠠᠠ ᠪᠠᠶᠢᠴᠠᠭᠠᠠ ᠰᠤᠲᠤᠯᠤᠯᠲᠠ ᠳᠤ ᠤᠷᠤᠯᠴᠠᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号