ᠠᠵᠢᠯ ᠣᠯᠭᠤᠯᠲᠠ ᠶᠢ ᠲᠣᠭᠲᠠᠪᠤᠷᠢᠵᠢᠭᠤᠯᠬᠤ ᠲᠤᠬᠠᠢ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ | ᠤᠨ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠴᠢᠬᠤᠯᠠ | ᠶᠡᠭᠡ ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠤᠷᠸ᠎ᠠ | ᠠᠵᠤ ᠠᠬᠤᠢ ᠶᠢᠨ ᠬᠤᠪᠢᠷᠠᠯᠲᠠ ᠠᠴᠠ ᠠᠵᠢᠯ ᠣᠯᠭᠤᠯᠲᠠ ᠳᠤ ᠦᠵᠡᠭᠦᠯᠬᠦ ᠨᠥᠯᠥᠭᠡ ᠶᠢ ᠢᠳᠡᠪᠬᠢᠲᠡᠶ | ᠠᠷᠭᠠᠴᠠᠭᠠᠬᠤ ᠶᠢᠨ ᠲᠥᠯᠥᠭᠡ᠂ ᠣᠶᠢᠷ᠎ᠠ ᠳᠤ᠂ ᠦᠬᠠᠶ ᠬᠤᠲᠠ ᠥᠪᠡᠷᠲᠡᠭᠡᠨ ᠵᠠᠰᠠᠬᠤ ᠣᠷᠣᠨ ᠤ ᠲᠥᠷᠥ ᠶᠢᠨ | ᠪᠣᠳᠣᠯᠭ᠎ᠠ ᠶᠢ ᠦᠨᠳᠦᠰᠦᠯᠡᠨ᠂ ︽ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠠᠵᠢᠯ ᠣᠯᠭᠤᠯᠲᠠ | ᠶᠢ ᠠᠬᠢᠭᠤᠯᠬᠤ ᠠᠵᠢᠯ ᠢ ᠰᠠᠶᠢᠲᠤᠷ ᠬᠢᠬᠦ ᠲᠤᠬᠠᠢ ᠦᠬᠠᠶ ᠬᠤᠲᠠ ᠶᠢᠨ ᠠᠷᠠᠳ ᠤᠨ ᠵᠠᠰᠠᠭ ᠤᠨ ᠣᠷᠳᠣᠨ ᠤ | ᠮᠡᠳᠡᠭᠳᠡᠯ︾ ︵ᠳᠣᠷᠣᠭᠰᠢ ︽ᠮᠡᠳᠡᠭᠳᠡᠯ︾ ᠭᠡᠵᠦ ᠲᠣᠪᠴᠢᠯᠠᠨ᠎ᠠ︶ ᠢ ᠲᠣᠭᠲᠠᠭᠠᠪᠠ᠃ | ︽ᠮᠡᠳᠡᠭᠳᠡᠯ︾ ᠨᠢ ᠥᠪᠡᠷᠲᠡᠭᠡᠨ ᠵᠠᠰᠠᠬᠤ ᠣᠷᠣᠨ ᠤ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠤᠨ | ᠲᠣᠭᠤᠷᠢᠨ ᠳᠤ᠂ ᠦᠬᠠᠶ ᠬᠤᠲᠠ ᠶᠢᠨ ᠪᠣᠳᠠᠲᠠᠶ ᠲᠠᠢ ᠤᠶᠠᠯᠳᠤᠭᠤᠯᠤᠨ᠂ ᠪᠣᠳᠠᠲᠠᠶ ᠠᠷᠭ᠎ᠠ ᠬᠡᠮᠵᠢᠶ᠎ᠡ ᠶᠢ | ᠲᠡᠭᠦᠯᠳᠡᠷᠵᠢᠭᠦᠯᠬᠦ᠂ ᠠᠵᠢᠯ ᠤᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠲᠣᠳᠣᠷᠬᠠᠶᠢᠯᠠᠬᠤ᠂ ᠪᠠᠯᠠ ᠮᠥᠩᠭᠦ ᠶᠢᠨ | ᠬᠡᠷᠡᠭᠯᠡᠯᠲᠡ ᠪᠣᠯᠣᠨ ᠨᠥᠬᠦᠪᠥᠷᠢ ᠶᠢᠨ ᠪᠠᠷᠢᠮᠵᠢᠶ᠎ᠠ ᠶᠢ ᠨᠠᠷᠢᠯᠢᠬᠵᠢᠭᠤᠯᠬᠤ ᠵᠡᠷᠭᠡ ᠲᠠᠯ᠎ᠠ ᠲᠠᠯ᠎ᠠ ᠪᠠᠷ ᠤᠯᠠᠮ ᠨᠢᠭᠡ | ᠠᠯᠬᠤᠮ ᠨᠢᠭᠡᠳᠬᠡᠨ ᠵᠢᠷᠤᠮᠵᠢᠭᠤᠯᠪᠠ᠃ ᠨᠢᠭᠡ ᠳᠤ ᠠᠵᠤ ᠠᠬᠤᠶᠢᠯᠠᠯ ᠤᠨ ᠠᠵᠢᠯ ᠣᠯᠭᠤᠬᠤ ᠠᠵᠢᠯ ᠤᠨ ᠪᠠᠶᠢᠷᠢ ᠶᠢ | ᠲᠣᠭᠲᠠᠪᠤᠷᠢᠵᠢᠭᠤᠯᠬᠤ ᠶᠢ ᠳᠡᠮᠵᠢᠨ᠎ᠡ᠂ 2019 ᠣᠨ ᠤ 1 ᠳ᠋ᠦ᠋ᠭᠡᠷ ᠰᠠᠷ᠎ᠠ ᠶᠢᠨ 1 ᠤ ᠡᠳᠦᠷ ᠠᠴᠠ 12 ᠳ᠋ᠤᠭᠠᠷ | ᠰᠠᠷ᠎ᠠ ᠶᠢᠨ 31 ᠤ ᠡᠳᠦᠷ ᠪᠣᠯᠲᠠᠯ᠎ᠠ᠂ ᠲᠦᠷ ᠴᠠᠭ ᠤᠨ ᠴᠢᠨᠠᠷᠲᠠᠶ ᠦᠶᠯᠡᠳᠪᠦᠷᠢᠯᠡᠯ ᠡᠵᠡᠩᠨᠡᠯᠲᠡ ᠶᠢᠨ ᠬᠦᠴᠢᠷᠳᠡᠯ | ᠳᠤ ᠲᠤᠯᠭᠠᠷᠠᠭᠰᠠᠨ ᠪᠣᠯᠪᠠᠴᠤ ᠰᠡᠷᠭᠦᠭᠡᠬᠦ ᠪᠣᠯᠤᠮᠵᠢ ᠲᠠᠢ ᠪᠦᠭᠡᠳ ᠠᠵᠢᠯᠲᠠᠨ ᠬᠠᠰᠤᠬᠤ ᠥᠬᠡᠶ ᠪᠤᠶᠤ ᠠᠵᠢᠯᠲᠠᠨ | ᠴᠥᠭᠡᠨ ᠬᠠᠰᠤᠬᠤ ᠳᠠᠭᠠᠳᠬᠠᠯ ᠳᠤ ᠣᠷᠣᠯᠴᠠᠭᠰᠠᠨ ᠠᠵᠤ ᠠᠬᠤᠶᠢᠯᠠᠯ ᠳᠤ ᠠᠵᠢᠯ ᠤᠨ ᠪᠠᠶᠢᠷᠢ ᠶᠢ | ᠲᠣᠭᠲᠠᠪᠤᠷᠢᠵᠢᠭᠤᠯᠬᠤ ᠨᠥᠬᠦᠪᠥᠷᠢ ᠣᠯᠭᠤᠬᠤ ᠶᠢ ᠪᠠᠷᠢᠮᠲᠠᠯᠠᠵᠤ᠂ ᠨᠥᠬᠦᠪᠥᠷᠢ ᠶᠢᠨ ᠪᠠᠷᠢᠮᠵᠢᠶ᠎ᠠ ᠶᠢ 6 ᠰᠠᠷ᠎ᠠ ᠶᠢᠨ | ᠦᠬᠠᠶ ᠬᠤᠲᠠ ᠶᠢᠨ ᠳᠡᠭᠡᠷ᠎ᠡ ᠵᠢᠯ ᠤᠨ ᠡᠴᠦᠰ ᠤᠨ ᠰᠠᠷ᠎ᠠ ᠶᠢᠨ ᠬᠥᠮᠥᠨ ᠳᠤᠮᠳᠠᠴᠢ ᠶᠢᠨ ᠠᠵᠢᠯ ᠠᠯᠳᠠᠯᠲᠠ ᠶᠢᠨ | ᠳᠠᠭᠠᠳᠬᠠᠯ ᠤᠨ ᠮᠥᠩᠭᠦ ᠪᠠ ᠳᠡᠭᠡᠷ᠎ᠡ ᠵᠢᠯ ᠤᠨ ᠡᠴᠦᠰ ᠲᠤ ᠳᠠᠭᠠᠳᠬᠠᠯ ᠳᠤ ᠣᠷᠣᠯᠴᠠᠭᠰᠠᠨ ᠠᠵᠢᠯᠲᠠᠨ ᠠᠵᠢᠯᠴᠢᠨ | ᠤ ᠲᠤᠭ᠎ᠠ ᠪᠠᠷ ᠲᠣᠭᠲᠠᠭᠠᠨ᠎ᠠ᠃ ᠬᠤᠶᠠᠷ ᠲᠤ ᠠᠳᠠᠯ ᠦᠶᠯᠡᠰ ᠴᠣᠭᠴᠠᠯᠠᠬᠤ ᠳᠠᠭᠠᠭᠠᠯᠲᠠᠲᠤ ᠵᠢᠭᠡᠯᠡᠯᠭᠡ ᠶᠢᠨ ᠳᠡᠮ | ᠬᠦᠦ ᠥᠭᠬᠦ ᠵᠢᠴᠢ ᠱᠠᠩᠨᠠᠯ ᠨᠥᠬᠦᠪᠦᠷᠢ ᠶᠢᠨ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢᠨ ᠡᠷᠴᠢᠮ ᠢ | ᠴᠢᠩᠭᠠᠷᠠᠭᠤᠯᠵᠤ᠂ ᠬᠤᠲᠠ᠂ ᠲᠣᠭᠤᠷᠢᠭ ᠤᠨ ᠲᠤᠬᠠᠶ ᠶᠢᠨ ᠵᠢᠯ ᠤᠨ ᠰᠢᠨ᠎ᠡ ᠪᠠᠷ ᠲᠠᠷᠬᠠᠭᠠᠭᠰᠠᠨ ᠠᠳᠠᠯ ᠦᠶᠯᠡᠰ | ᠴᠣᠭᠴᠠᠯᠠᠬᠤ ᠳᠠᠭᠠᠭᠠᠯᠲᠠᠲᠤ ᠵᠢᠭᠡᠯᠡᠯᠭᠡ ᠶᠢᠨ ᠶᠡᠷᠦᠩᠬᠡᠶ ᠲᠣᠭᠠᠨ ᠤ 1% ᠪᠠᠷ ᠠᠳᠠᠯ ᠦᠶᠯᠡᠰ ᠴᠣᠭᠴᠠᠯᠠᠬᠤ | ᠳᠠᠭᠠᠭᠠᠯᠲᠠᠲᠤ ᠵᠢᠭᠡᠯᠡᠯᠭᠡ ᠶᠢᠨ ᠠᠵᠢᠯ ᠤᠨ ᠦᠷ᠎ᠡ ᠪᠦᠲᠦᠮᠵᠢ ᠪᠠᠷ ᠳᠣᠪᠤᠶᠢᠮ᠎ᠠ ᠪᠠᠶᠢᠭ᠎ᠠ ᠭᠠᠷᠲᠠᠨ ᠭᠦᠶᠴᠡᠳᠬᠡᠬᠦ | ᠪᠠᠩᠬᠢ᠂ ᠠᠳᠠᠯ ᠦᠶᠯᠡᠰ ᠴᠣᠭᠴᠠᠯᠠᠬᠤ ᠳᠠᠭᠠᠭᠠᠯᠲᠠᠲᠤ ᠵᠢᠭᠡᠯᠡᠯᠭᠡ ᠶᠢᠨ ᠳᠠᠭᠠᠭᠠᠯᠲᠠ ᠶᠢᠨ ᠰᠠᠭᠤᠷᠢ ᠮᠥᠩᠭᠦ ᠶᠢᠨ | ᠡᠵᠡᠩᠨᠡᠯᠲᠡ ᠬᠠᠮᠢᠶᠠᠷᠤᠯᠲᠠ ᠶᠢ ᠳᠠᠭᠠᠭᠠᠬᠤ ᠪᠠᠶᠢᠭᠤᠯᠤᠮᠵᠢ ᠵᠡᠷᠭᠡ ᠨᠢᠭᠡᠴᠢ ᠶᠢ ᠱᠠᠩᠨᠠᠵᠤ᠂ ᠲᠡᠳᠡᠨ ᠤ ᠠᠵᠢᠯ ᠤᠨ | ᠵᠠᠷᠤᠳᠠᠯ ᠤᠨ ᠨᠥᠬᠦᠪᠥᠷᠢ ᠳᠤ ᠬᠡᠷᠡᠭᠯᠡᠭᠦᠯᠦᠨ᠎ᠡ᠃ ᠭᠤᠷᠪᠠ ᠳᠤ ᠬᠦᠴᠢᠷᠳᠡᠯᠲᠡᠶ ᠠᠵᠤ ᠠᠬᠤᠶᠢᠯᠠᠯ ᠤᠨ ᠠᠵᠢᠯᠲᠠᠨ | ᠠᠵᠢᠯᠴᠢᠨ ᠢᠶᠠᠨ ᠠᠵᠢᠯ ᠤᠨ ᠪᠠᠶᠢᠷᠢᠨ ᠳᠡᠭᠡᠷ᠎ᠡ ᠨᠢ ᠵᠣᠬᠢᠶᠠᠨ ᠪᠠᠶᠢᠭᠤᠯᠤᠨ ᠪᠣᠯᠪᠠᠰᠤᠷᠠᠭᠤᠯᠬᠤ ᠶᠢ ᠳᠡᠮᠵᠢᠵᠦ᠂ | 2019 ᠣᠨ ᠤ 1 ᠳ᠋ᠦ᠋ᠭᠡᠷ ᠰᠠᠷ᠎ᠠ ᠶᠢᠨ 1 ᠤ ᠡᠳᠦᠷ ᠠᠴᠠ 12 ᠳ᠋ᠤᠭᠠᠷ ᠰᠠᠷ᠎ᠠ ᠶᠢᠨ 31 ᠤ ᠡᠳᠦᠷ ᠪᠣᠯᠲᠠᠯ᠎ᠠ᠂ | ᠬᠦᠴᠢᠷᠳᠡᠯᠲᠡᠶ ᠠᠵᠤ ᠠᠬᠤᠶᠢᠯᠠᠯ ᠠᠵᠢᠯᠲᠠᠨ ᠠᠵᠢᠯᠴᠢᠨ ᠢᠶᠠᠨ ᠠᠵᠢᠯ ᠤᠨ ᠪᠠᠶᠢᠷᠢᠨ ᠳᠡᠭᠡᠷ᠎ᠡ ᠨᠢ | ᠪᠣᠯᠪᠠᠰᠤᠷᠠᠭᠤᠯᠬᠤ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠬᠡᠷᠡᠭᠰᠡᠬᠦ ᠵᠠᠷᠤᠳᠠᠯ ᠢ ᠲᠣᠭᠲᠠᠭᠠᠯ ᠶᠣᠰᠣᠭᠠᠷ ᠠᠵᠤ | ᠠᠬᠤᠶᠢᠯᠠᠯ ᠤᠨ ᠠᠵᠢᠯᠲᠠᠨ ᠠᠵᠢᠯᠴᠢᠨ ᠤ ᠰᠤᠷᠭᠠᠨ ᠬᠥᠮᠦᠵᠢᠯ ᠤᠨ ᠵᠠᠷᠤᠳᠠᠯ ᠤᠨ ᠳᠣᠲᠣᠷ᠎ᠠ ᠠᠴᠠ ᠭᠠᠷᠭᠠᠵᠤ᠂ | ᠬᠦᠷᠦᠯᠴᠡᠬᠦ ᠥᠬᠡᠶ ᠬᠡᠰᠡᠭ ᠢ ᠨᠢ ᠠᠵᠤ ᠠᠬᠤᠶᠢᠯᠠᠯ ᠭᠤᠶᠤᠴᠢᠯᠠᠯ ᠭᠠᠷᠭᠠᠵᠤ᠂ ᠬᠤᠲᠠ ᠶᠢᠨ ᠬᠥᠮᠦᠨ ᠤ ᠬᠦᠴᠦᠨ | ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠬᠢᠨᠠᠨ ᠬᠠᠷᠭᠤᠭᠤᠯᠤᠭᠰᠠᠨ ᠤ ᠳᠠᠷᠠᠭ᠎ᠠ ᠡᠳ᠋ ᠤᠨ | ᠵᠠᠰᠠᠭ ᠤᠨ ᠰᠠᠯᠠᠭ᠎ᠠ ᠮᠥᠴᠢᠷ ᠠᠴᠠ 20% — 50% ᠶᠢᠨ ᠠᠵᠢᠯ ᠣᠯᠭᠤᠯᠲᠠ ᠶᠢᠨ ᠨᠥᠬᠦᠪᠥᠷᠢ ᠪᠠᠯᠠ ᠮᠥᠩᠭᠦ | ᠶᠢᠨ ᠳᠡᠮᠵᠢᠯᠭᠡ ᠣᠯᠭᠤᠨ᠎ᠠ᠃ ᠱᠠᠪᠢ ᠠᠵᠢᠯᠴᠢᠨ ᠤ ᠪᠣᠯᠪᠠᠰᠤᠷᠠᠭᠤᠯᠤᠯ ᠤᠨ ᠬᠤᠭᠤᠴᠠᠭᠠᠨ ᠳᠤ ᠠᠵᠤ ᠠᠬᠤᠶᠢᠯᠠᠯ ᠨᠢ | ᠦᠬᠠᠢ ᠬᠤᠳᠠ ᠶᠢᠨ ᠬᠠᠮᠤᠭ ᠤᠨ ᠳᠣᠣᠷ᠎ᠠ ᠴᠠᠯᠢᠩ ᠤᠨ ᠪᠠᠷᠢᠮᠵᠢᠶ᠎ᠠ ᠠᠴᠠ ᠳᠣᠣᠷ᠎ᠠ ᠦᠭᠡᠢ ᠴᠠᠯᠢᠩ ᠣᠯᠭᠤᠭᠰᠠᠨ᠂ | ᠬᠥᠮᠥᠨ ᠨᠢᠭᠡᠪᠦᠷᠢ ᠵᠢᠯ ᠪᠦᠷᠢ 4000 ᠲᠥᠭᠦᠷᠢᠭ ᠠᠴᠠ ᠳᠣᠣᠷ᠎ᠠ ᠥᠬᠡᠶ ᠪᠠᠶᠢᠯᠭᠠᠬᠤ ᠪᠠᠷᠢᠮᠵᠢᠶ᠎ᠠ ᠪᠠᠷ ᠠᠵᠤ | ᠠᠬᠤᠶᠢᠯᠠᠯ ᠤᠨ ᠪᠣᠯᠪᠠᠰᠤᠷᠠᠭᠤᠯᠤᠯ ᠤᠨ ᠨᠥᠬᠦᠪᠥᠷᠢ ᠣᠯᠭᠤᠨ᠎ᠠ᠃ ᠳᠥᠷᠪᠡ ᠳᠤ ᠠᠵᠢᠯ ᠠᠯᠳᠠᠭᠰᠠᠳ ᠲᠤ ᠳᠠᠬᠢᠨ | ᠠᠵᠢᠯ ᠣᠯᠭᠤᠬᠤ ᠪᠣᠯᠪᠠᠰᠤᠷᠠᠭᠤᠯᠤᠯ ᠬᠢᠬᠦ ᠡᠷᠴᠢᠮ ᠢ ᠴᠢᠩᠭᠠᠷᠠᠭᠤᠯᠵᠤ᠂ ᠨᠥᠬᠦᠪᠥᠷᠢ ᠶᠢᠨ ᠪᠠᠷᠢᠮᠵᠢᠶ᠎ᠠ ᠶᠢ | ᠪᠣᠯᠪᠠᠰᠤᠷᠠᠭᠤᠯᠤᠯ ᠤᠨ ᠥᠪᠡᠷ ᠤᠨ ᠥᠷᠲᠡᠭ᠂ ᠪᠣᠯᠪᠠᠰᠤᠷᠠᠭᠤᠯᠤᠯ ᠤᠨ ᠴᠠᠭ ᠤᠨ ᠣᠷᠳᠣ᠂ ᠵᠠᠬ᠎ᠠ ᠳᠡᠯᠭᠡᠭᠦᠷ ᠤᠨ | ᠬᠡᠷᠡᠭᠴᠡᠭᠡ ᠱᠠᠭᠠᠷᠳᠠᠯᠭ᠎ᠠ ᠪᠠ ᠬᠤᠯᠪᠣᠭᠳᠠᠯ ᠪᠦᠬᠦᠢ ᠦᠨᠡᠮᠯᠡᠯ ᠣᠯᠤᠭᠰᠠᠨ ᠪᠠᠶᠢᠳᠠᠯ ᠢ ᠦᠨᠳᠦᠰᠦᠯᠡᠨ᠂ ᠰᠠᠭᠤᠷᠢ | ᠪᠠᠷᠢᠮᠵᠢᠶᠠᠲᠤ ᠨᠥᠬᠦᠪᠥᠷᠢ ᠶᠢ 20% ᠪᠠᠷ ᠳᠡᠭᠡᠭᠰᠢᠯᠡᠭᠦᠯᠵᠦ ᠪᠣᠯᠣᠨ᠎ᠠ᠃ ᠠᠵᠢᠯ ᠣᠯᠬᠤ ᠳᠤ ᠬᠦᠴᠢᠷᠲᠡᠶ ᠬᠥᠮᠦᠰ | ᠪᠣᠯᠣᠨ ᠶᠠᠭ ᠠᠵᠢᠯ ᠣᠯᠭᠤᠯᠲᠠ ᠦᠭᠡᠢ ᠭᠡᠷ ᠪᠦᠯᠢ ᠶᠢᠨ ᠪᠦᠷᠢᠯᠳᠦᠬᠦᠨ ᠨᠢ ᠪᠣᠯᠪᠠᠰᠤᠷᠠᠭᠤᠯᠤᠯ ᠤᠨ ᠬᠤᠭᠤᠴᠠᠭᠠᠨ | ᠳᠤ ᠠᠮᠢᠳᠤᠷᠠᠯ ᠤᠨ ᠵᠠᠷᠤᠳᠠᠯ ᠤᠨ ᠨᠥᠬᠦᠪᠥᠷᠢ ᠬᠦᠷᠲᠡᠵᠦ ᠪᠣᠯᠤᠨ᠎ᠠ᠂ ᠨᠥᠬᠦᠪᠥᠷᠢ ᠶᠢᠨ ᠪᠠᠷᠢᠮᠵᠢᠶ᠎ᠠ ᠨᠢ ᠬᠥᠮᠥᠨ | ᠨᠢᠭᠡᠪᠦᠷᠢ ᠳᠤ ᠡᠳᠦᠷ ᠪᠦᠷᠢ 50 ᠲᠥᠭᠦᠷᠢᠭ ᠣᠯᠭᠤᠵᠤ᠂ ᠵᠢᠯ ᠳᠤ ᠬᠥᠮᠥᠨ ᠨᠢᠭᠡᠪᠦᠷᠢ ᠳᠤ ᠳᠤᠮᠳᠠᠴᠢ ᠪᠠᠷ | 1500 ᠲᠥᠭᠦᠷᠢᠭ ᠠᠴᠠ ᠬᠡᠲᠦᠷᠡᠭᠦᠯᠬᠦ ᠥᠬᠡᠶ᠃ | | |