ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠳᠠᠬᠢ ᠠᠵᠢᠯ ᠤᠯᠭᠤᠬᠤ ᠶᠢ ᠠᠬᠢᠭᠤᠯᠬᠤ ᠠᠵᠢᠯ ᠢ ᠰᠠᠶᠢᠳᠤᠷ ᠬᠢᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠡᠷᠡᠭᠵᠢᠭᠦᠯᠬᠦ ᠰᠠᠨᠠᠯ
ᠨᠡᠶᠢᠲᠡᠯᠡᠭᠰᠡᠨ ᠴᠠᠭ᠄
2019/5/14
            ᠥᠪᠥᠷ ᠵᠠᠰᠠᠭ ᠲᠠᠷᠬᠠᠭᠠᠭᠰᠠᠨ ﹇2019﹈ 4 ᠳ᠋ᠤᠭᠡᠷ ᠲᠤᠭᠠᠳᠤ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ ᠬᠤᠰᠢᠭᠤ ᠰᠢᠶᠠᠨ ᠤ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄      ︽ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠳᠠᠬᠢ ᠠᠵᠢᠯ ᠤᠯᠭᠤᠬᠤ ᠶᠢ ᠠᠬᠢᠭᠤᠯᠬᠤ ᠠᠵᠢᠯ ᠢ ᠰᠠᠶᠢᠳᠤᠷ ᠬᠢᠬᠦ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ ᠤᠳ︾ ︵ᠲᠥᠷᠥ ᠲᠠᠷᠬᠠᠭᠠᠭᠰᠠᠨ ﹇2018﹈ 39 ᠳ᠋ᠤᠭᠡᠷ ᠲᠣᠭᠠᠲᠤ︶ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠵᠢᠯ ᠤᠯᠭᠤᠬᠤ ᠲᠥᠷᠥ ᠶᠢᠨ ᠪᠣᠳᠣᠯᠭ᠎ᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ ᠠᠵᠤ ᠠᠬᠤᠶᠢᠯᠠᠯ ᠤᠨ ᠠᠮᠢᠵᠢᠷᠠᠯ ᠤᠨ ᠬᠦᠴᠦᠨ ᠢ ᠴᠢᠩᠭᠠᠷᠠᠭᠤᠯᠵᠤ᠂ ᠠᠵᠢᠯ ᠤᠯᠭᠤᠬᠤ ᠶᠢ ᠥᠷᠭᠡᠳᠬᠡᠨ ᠠᠬᠢᠭᠤᠯᠬᠤ ᠶᠢᠨ ᠲᠤᠰᠠᠲᠠ᠂ ᠮᠠᠨ ᠤ ᠣᠷᠣᠨ ᠤ ᠪᠣᠳᠠᠲᠠᠢ ᠪᠠᠨ ᠤᠶᠠᠯᠳᠤᠭᠤᠯᠤᠨ᠂ ᠳᠣᠣᠷᠠᠬᠢ ᠮᠡᠲᠦ ᠬᠡᠷᠡᠭᠵᠢᠭᠦᠯᠬᠦ ᠰᠠᠨᠠᠯ ᠢ ᠳᠤᠷᠠᠳᠪᠠ᠃      ᠨᠢᠭᠡ᠂ ᠠᠵᠤ ᠠᠬᠤᠶᠢᠯᠠᠯ ᠤᠨ ᠠᠵᠢᠯ ᠣᠯᠭᠤᠬᠤ ᠠᠵᠢᠯ ᠤᠨ ᠪᠠᠶᠢᠷᠢ ᠪᠠᠨ ᠲᠣᠭᠲᠠᠪᠤᠷᠢᠵᠢᠭᠤᠯᠬᠤ ᠶᠢ ᠳᠡᠮᠵᠢᠨ᠎ᠡ      ᠠᠵᠢᠯ ᠠᠯᠳᠠᠭᠰᠠᠳ ᠤᠨ ᠳᠠᠭᠠᠳᠬᠠᠯ ᠢᠶᠠᠷ ᠠᠵᠢᠯ ᠤᠯᠭᠤᠬᠤ ᠶᠢ ᠠᠬᠢᠭᠤᠯᠬᠤ ᠪᠠ ᠠᠵᠤ ᠠᠬᠤᠶᠢᠯᠠᠯ ᠳᠤ ᠲᠤᠰᠠᠯᠠᠵᠤ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠲᠥᠷᠥ ᠶᠢᠨ ᠪᠣᠳᠣᠯᠭ᠎ᠠ ᠶᠢ ᠭᠦᠨᠵᠡᠭᠡᠢ ᠭᠡᠷᠡᠭᠵᠢᠭᠦᠯᠦᠨ᠂ ᠠᠵᠤ ᠠᠬᠤᠶᠢᠯᠠᠯ ᠤᠨ ᠳᠠᠷᠤᠭᠠᠰᠤ ᠶᠢ ᠦᠨᠡᠨ ᠬᠦ ᠬᠥᠩᠭᠡᠯᠡᠵᠦ᠂ ᠠᠵᠤ ᠠᠬᠤᠶᠢᠯᠠᠯ ᠤᠨ ᠬᠥᠭᠵᠢᠯᠲᠡ ᠳᠤ ᠬᠦᠴᠦᠨ ᠨᠡᠮᠡᠷᠢᠯᠡᠵᠦ᠂ ᠠᠵᠢᠯ ᠣᠯᠭᠤᠬᠤ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ᠎ᠠ᠃ ᠠᠵᠢᠯᠲᠠᠨ ᠬᠠᠰᠤᠬᠤ ᠦᠭᠡᠢ ᠪᠤᠶᠤ ᠴᠦᠬᠡᠨ ᠬᠠᠰᠤᠭᠰᠠᠨ ︵ᠠᠵᠢᠯᠲᠠᠨ ᠬᠠᠰᠤᠭᠰᠠᠨ ᠨᠣᠷᠮ᠎ᠠ ᠨᠢ ᠲᠤᠰ ᠭᠠᠵᠠᠷ ᠤᠷᠤᠨ ᠤ ᠳᠡᠭᠡᠷ᠎ᠡ ᠵᠢᠯ ᠤᠨ ᠬᠤᠲᠠ ᠪᠠᠯᠭᠠᠰᠤᠨ ᠤ ᠳᠠᠩᠰᠠᠯᠠᠨ ᠲᠡᠮᠳᠡᠭᠯᠡᠭᠰᠡᠨ ᠠᠵᠢᠯ ᠠᠯᠳᠠᠭᠰᠠᠳ ᠤᠨ ᠨᠣᠷᠮ᠎ᠠ ᠠᠴᠠ ᠳᠤᠤᠷ᠎ᠠ᠂ ᠳᠣᠷᠣᠭᠰᠢ ᠠᠳᠠᠯᠢ᠃ ᠠᠵᠢᠯᠲᠠᠨ ᠬᠠᠰᠤᠭᠰᠠᠨ ᠨᠣᠷᠮ᠎ᠠ ᠶᠢ ᠪᠣᠯ ᠠᠵᠤ ᠠᠬᠤᠶᠢᠯᠠᠯ ᠤᠨ ᠳᠡᠭᠡᠷ᠎ᠡ ᠵᠢᠯ ᠳᠤ ᠬᠠᠰᠤᠭᠰᠠᠨ ᠠᠵᠢᠯᠲᠠᠨ ᠤ ᠲᠤᠭ᠎ᠠ ᠶᠢ ᠳᠡᠭᠡᠷ᠎ᠡ ᠵᠢᠯ ᠳᠤ ᠬᠠᠰᠤᠭᠰᠠᠨ ᠠᠵᠢᠯᠲᠠᠨ ᠤ ᠲᠤᠭ᠎ᠠ ᠪᠣᠯᠣᠨ ᠳᠡᠭᠡᠷ᠎ᠡ ᠵᠢᠯ ᠤᠨ ᠡᠴᠦᠰ ᠲᠠᠬᠢ ᠠᠵᠢᠯᠲᠠᠨ ᠠᠵᠢᠯᠴᠢᠨ ᠤ ᠲᠤᠭᠠᠨ ᠤ ᠨᠡᠶᠢᠯᠡᠪᠦᠷᠢ ᠪᠠᠷ ᠬᠤᠪᠢᠶᠠᠭᠰᠠᠨ ᠬᠠᠷᠢᠴᠠᠯ ᠢᠶᠠᠷ ᠪᠣᠳᠣᠨ᠎ᠠ᠂ ᠠᠵᠤ ᠠᠬᠤᠶᠢᠯᠠᠯ ᠤᠨ ᠠᠵᠢᠯᠲᠠᠨ ᠬᠠᠰᠤᠭᠰᠠᠨ ᠦᠭᠡᠢ ᠪᠤᠶᠤ ᠠᠵᠢᠯᠲᠠᠨ ᠬᠠᠰᠤᠭᠰᠠᠨ ᠨᠣᠷᠮ᠎ᠠ ᠶᠢ ᠪᠣᠳᠣᠬᠤ ᠳᠤ᠂ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠬᠥᠳᠡᠯᠮᠦᠷᠢ ᠶᠢᠨ ᠭᠡᠷ᠎ᠡ ᠶᠢᠨ ᠬᠤᠭᠤᠴᠠᠭ᠎ᠠ ᠨᠢ ᠲᠤᠯᠤᠭᠰᠠᠨ᠂ ᠰᠢᠯᠵᠢᠵᠦ ᠶᠠᠪᠤᠭᠰᠠᠨ᠂ ᠰᠠᠶᠢᠨ ᠳᠤᠷ᠎ᠠ ᠠᠴᠠ ᠪᠠᠨ ᠠᠵᠢᠯ ᠢᠶᠠᠨ ᠬᠠᠶᠠᠬᠤ ︵ᠠᠵᠢᠯ ᠠᠴᠠ ᠪᠠᠨ ᠰᠠᠯᠤᠭᠰᠠᠨ︶᠂ ᠠᠵᠢᠯ ᠠᠴᠠ ᠪᠠᠨ ᠠᠮᠠᠷᠠᠭᠰᠠᠨ᠂ ᠨᠠᠰᠤ ᠨᠥᠭᠴᠢᠭᠰᠡᠨ ᠵᠡᠷᠭᠡ ᠬᠡᠪ ᠤᠨ ᠪᠠᠶᠢᠳᠠᠯ ᠢᠶᠠᠷ ᠬᠠᠰᠤᠭᠳᠠᠭᠰᠠᠨ ᠠᠵᠢᠯᠲᠠᠨ ᠤ ᠲᠤᠭ᠎ᠠ ᠶᠢ ᠬᠠᠰᠤᠬᠤ ᠶᠣᠰᠣᠲᠠᠢ︶ ᠲᠡᠳᠡᠭᠡᠷ ᠳᠠᠭᠠᠳᠬᠠᠯ ᠳᠤ ᠣᠷᠣᠭᠰᠠᠨ ᠠᠵᠤ ᠠᠬᠤᠶᠢᠯᠠᠯ ᠳᠤ ᠪᠤᠯ᠂ ᠳᠡᠭᠡᠷ᠎ᠡ ᠵᠢᠯ ᠳᠤ ᠪᠣᠳᠠᠲᠠᠢ ᠲᠤᠰᠢᠶᠠᠭᠰᠠᠨ ᠠᠵᠢᠯ ᠠᠯᠳᠠᠭᠰᠠᠳ ᠤᠨ ᠰᠦᠢᠳᠬᠡᠯ ᠤᠨ 50% ᠶᠢ ᠨᠢ ᠪᠤᠴᠠᠭᠠᠨ ᠥᠭᠴᠦ ᠪᠣᠯᠣᠨ᠎ᠠ᠃ 2019 ᠣᠨ ᠤ 1 ᠳ᠋ᠤᠭᠡᠷ ᠰᠠᠷ᠎ᠠ ᠶᠢᠨ 1 ᠤ ᠡᠳᠦᠷ ᠠᠴᠠ 12 ᠳ᠋ᠤᠭᠠᠷ ᠰᠠᠷ᠎ᠠ ᠶᠢᠨ 31 ᠤ ᠡᠳᠦᠷ ᠬᠦᠷᠲᠡᠯ᠎ᠡ᠂ ᠦᠢᠯᠡᠳᠪᠦᠷᠢᠯᠡᠵᠦ ᠡᠵᠡᠩᠨᠡᠬᠦ ᠨᠢ ᠲᠦᠷ ᠴᠠᠭ ᠤᠨ ᠬᠦᠴᠢᠷᠳᠡᠯ ᠳᠤ ᠲᠤᠯᠭᠠᠷᠠᠭᠰᠠᠨ ᠪᠣᠯᠪᠠᠴᠤ ᠥᠷᠬᠦᠯᠵᠢᠯᠡᠨ ᠦᠢᠯᠡᠳᠪᠦᠷᠢᠯᠡᠵᠦ ᠡᠵᠡᠩᠨᠡᠬᠦ ᠪᠣᠯᠣᠮᠵᠢᠲᠠᠢ ᠪᠦᠭᠡᠳ ᠠᠵᠢᠯᠲᠠᠨ ᠢᠶᠠᠨ ᠬᠠᠰᠤᠬᠤ ᠦᠭᠡᠢ ᠪᠤᠶᠤ ᠴᠥᠬᠡᠨ ᠬᠠᠰᠤᠬᠤ ᠶᠢ ᠪᠠᠷᠢᠮᠲᠠᠯᠠᠵᠤ ᠪᠠᠶᠢᠭ᠎ᠠ ᠳᠠᠭᠠᠳᠬᠠᠯ ᠳᠤ ᠣᠷᠣᠭᠰᠠᠨ ᠠᠵᠤ ᠠᠬᠤᠶᠢᠯᠠᠯ ᠳᠤ ᠪᠤᠴᠠᠭᠠᠨ ᠥᠭᠬᠦ ᠪᠠᠷᠢᠮᠵᠢᠶ᠎ᠠ ᠶᠢ ᠵᠢᠷᠭᠤᠭᠠᠨ ᠰᠠᠷ᠎ᠠ ᠳᠣᠲᠣᠷᠠᠬᠢ ᠲᠤᠰ ᠭᠠᠵᠠᠷ ᠤᠷᠤᠨ ᠤ ᠰᠠᠷ᠎ᠠ ᠪᠦᠷᠢ ᠶᠢᠨ ᠬᠥᠮᠥᠨ ᠳᠤᠮᠳᠠᠴᠢ ᠠᠵᠢᠯ ᠠᠯᠳᠠᠭᠰᠠᠳ ᠤᠨ ᠳᠠᠭᠠᠳᠬᠠᠯ ᠤᠨ ᠮᠥᠩᠭᠦ ᠪᠣᠯᠣᠨ ᠳᠠᠭᠠᠳᠬᠠᠯ ᠳᠤ ᠣᠷᠣᠯᠴᠠᠭᠰᠠᠨ ᠠᠵᠢᠯᠲᠠᠨ ᠠᠵᠢᠯᠴᠢᠨ ᠤ ᠲᠤᠭ᠎ᠠ ᠪᠠᠷ ᠲᠣᠭᠲᠠᠭᠠᠬᠤ ᠪᠤᠶᠤ ᠵᠢᠷᠭᠤᠭᠠᠨ ᠰᠠᠷ᠎ᠠ ᠳᠣᠲᠣᠷᠠᠬᠢ ᠠᠵᠤ ᠠᠬᠤᠶᠢᠯᠠᠯ ᠵᠢᠴᠢ ᠠᠵᠢᠯᠲᠠᠨ ᠠᠵᠢᠯᠴᠢᠨ ᠤ ᠬᠢᠨᠢ ᠲᠤᠰᠢᠶᠠᠪᠠᠰᠤ ᠵᠣᠬᠢᠬᠤ ᠨᠡᠶᠢᠭᠡᠮ ᠤᠨ ᠳᠠᠭᠠᠳᠬᠠᠯ ᠤᠨ ᠰᠦᠢᠳᠬᠡᠯ ᠤᠨ 50% ᠶᠢᠨ ᠪᠠᠷᠢᠮᠵᠢᠶ᠎ᠠ ᠪᠠᠷ ᠲᠣᠭᠲᠠᠭᠠᠨ᠎ᠠ᠃ ᠳᠡᠭᠡᠷ᠎ᠡ ᠳᠤᠷᠠᠳᠤᠭᠰᠠᠨ ᠪᠡᠯᠡ ᠮᠥᠩᠭᠦ ᠶᠢ ᠠᠵᠢᠯ ᠠᠯᠳᠠᠭᠰᠠᠳ ᠤᠨ ᠳᠠᠭᠠᠳᠬᠠᠯ ᠤᠨ ᠰᠠᠭᠤᠷᠢ ᠮᠥᠩᠭᠦᠨ ᠠᠴᠠ ᠵᠠᠷᠤᠴᠠᠭᠤᠯᠤᠨ᠎ᠠ᠃ ᠨᠢᠭᠡᠳᠦᠯᠲᠡᠢ ᠲᠥᠯᠥᠪᠵᠢᠭᠦᠯᠬᠦ ᠡᠯ᠎ᠡ ᠭᠠᠵᠠᠷ ᠣᠷᠣᠨ ᠨᠢ ᠠᠵᠢᠯ ᠠᠯᠳᠠᠭᠰᠠᠳ ᠤᠨ ᠳᠠᠭᠠᠳᠬᠠᠯ ᠤᠨ ᠰᠠᠭᠤᠷᠢ ᠮᠥᠩᠭᠦᠨ ᠤ ᠦᠷᠭᠦᠯᠵᠢᠯᠡᠭᠰᠡᠨ ᠬᠠᠳᠠᠭᠠᠯᠠᠮᠵᠢ ᠶᠢᠨ ᠦᠯᠡᠳᠡᠪᠦᠷᠢ ᠪᠠᠷ ᠨᠢᠭᠡ ᠵᠢᠯ ᠠᠴᠠ ᠳᠡᠭᠡᠭᠰᠢᠬᠢ ᠶᠢ ᠦᠭᠬᠦ ᠴᠢᠳᠠᠪᠤᠷᠢ ᠲᠠᠢ ᠪᠠᠶᠢᠬᠤ ᠤᠷᠢᠳᠠᠯ ᠳᠣᠣᠷ᠎ᠠ᠂ ᠪᠤᠴᠠᠭᠠᠨ ᠥᠭᠬᠦ ᠪᠠᠷᠢᠮᠵᠢᠶ᠎ᠠ ᠪᠠᠨ ᠥᠪᠡᠰᠦᠪᠡᠨ ᠰᠣᠩᠭᠤᠵᠤ ᠲᠣᠭᠲᠠᠭᠠᠨ᠎ᠠ᠃ ᠨᠢᠭᠡᠳᠦᠯᠲᠡᠢ ᠲᠥᠯᠥᠪᠵᠢᠭᠦᠯᠬᠦ ᠭᠠᠵᠠᠷ ᠣᠷᠣᠨ ᠤ ᠵᠠᠰᠠᠭ ᠤᠨ ᠣᠷᠳᠣᠨ ᠨᠢ ᠬᠠᠮᠢᠶ᠎ᠠ ᠪᠦᠬᠦᠢ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ ᠪᠠᠶᠢᠭᠠᠳ ᠬᠢᠨᠠᠨ ᠬᠠᠷᠭᠤᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠤᠨ᠂ ︽ᠦᠢᠯᠡᠳᠪᠦᠷᠢᠯᠡᠵᠦ ᠡᠵᠡᠩᠨᠡᠬᠦ ᠨᠢ ᠲᠦᠷ ᠴᠠᠭ ᠤᠨ ᠬᠦᠴᠢᠷᠳᠡᠯ ᠳᠤ ᠲᠤᠯᠭᠠᠷᠠᠭᠰᠠᠨ ᠪᠣᠯᠪᠠᠴᠤ ᠥᠷᠬᠦᠯᠵᠢᠯᠡᠨ ᠦᠢᠯᠡᠳᠪᠦᠷᠢᠯᠡᠵᠦ ᠡᠵᠡᠩᠨᠡᠬᠦ ᠪᠣᠯᠣᠮᠵᠢᠲᠠᠢ ᠪᠦᠭᠡᠳ ᠠᠵᠢᠯᠲᠠᠨ ᠢᠶᠠᠨ ᠬᠠᠰᠤᠬᠤ ᠦᠭᠡᠢ ᠪᠤᠶᠤ ᠴᠥᠬᠡᠨ ᠬᠠᠰᠤᠬᠤ ᠶᠢ ᠪᠠᠷᠢᠮᠲᠠᠯᠠᠵᠤ ᠪᠠᠶᠢᠭ᠎ᠠ ᠳᠠᠭᠠᠳᠬᠠᠯ ᠳᠤ ᠣᠷᠣᠭᠰᠠᠨ ᠠᠵᠤ ᠠᠬᠤᠶᠢᠯᠠᠯ︾ ᠤᠨ ᠬᠦᠷᠢᠶ᠎ᠡ ᠬᠡᠪᠴᠢᠶ᠎ᠡ ᠶᠢ ᠲᠣᠭᠲᠠᠭᠠᠬᠤ ᠶᠢ ᠬᠠᠷᠢᠭᠤᠴᠠᠵᠤ᠂ ᠲᠤᠰ ᠭᠠᠵᠠᠷ ᠤᠷᠤᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠵᠦ ᠵᠥᠪᠰᠢᠶᠡᠷᠡᠭᠦᠯᠦᠭᠰᠡᠨ ᠤ ᠳᠠᠷᠠᠭ᠎ᠠ ᠡᠳ᠋ ᠤᠨ ᠵᠠᠰᠠᠭ ᠠᠴᠠ ᠴᠠᠭ ᠲᠤᠬᠠᠢ ᠳᠤ ᠨᠢ ᠰᠠᠯᠭᠠᠨ ᠥᠭᠭᠦᠨ᠎ᠡ᠃ ︵ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ ᠬᠠᠷᠢᠭᠤᠴᠠᠨ᠎ᠠ᠃ ᠨᠢᠭᠡᠳᠦᠭᠡᠷ ᠲᠤ ᠵᠢᠭᠰᠠᠭᠠᠭᠳᠠᠭᠰᠠᠨ ᠨᠢ ᠲᠦᠷᠦᠭᠦᠯᠡᠬᠦ ᠨᠢᠭᠡᠴᠢ ᠪᠣᠯᠣᠨ᠎ᠠ᠂ ᠳᠣᠷᠣᠭᠰᠢ ᠠᠳᠠᠯᠢ︶      ᠬᠤᠶᠠᠷ᠂ ᠵᠢᠵᠢᠭ ᠪᠢᠴᠢᠯ ᠠᠵᠤ ᠠᠬᠤᠶᠢᠯᠠᠯ ᠢ ᠳᠡᠮᠵᠢᠬᠦ ᠵᠠᠰᠠᠭ ᠤᠨ ᠣᠷᠳᠣᠨ ᠤ ᠴᠢᠨᠠᠷᠲᠠᠢ ᠪᠡᠯᠡ ᠲᠣᠬᠢᠷᠠᠭᠤᠯᠵᠤ ᠳᠠᠭᠠᠭᠠᠯᠲᠠ ᠬᠢᠬᠦ ᠪᠠᠶᠢᠭᠤᠯᠤᠮᠵᠢ ᠶᠢᠨ ᠦᠢᠯᠡᠳᠦᠯ ᠢ ᠪᠠᠳᠠᠷᠠᠭᠤᠯᠤᠨ᠎ᠠ      ᠤᠯᠤᠰ ᠤᠨ ᠪᠡᠯᠡ ᠲᠣᠬᠢᠷᠠᠭᠤᠯᠵᠤ ᠳᠠᠭᠠᠭᠠᠯᠲᠠ ᠬᠢᠬᠦ ᠰᠠᠭᠤᠷᠢ ᠮᠥᠩᠭᠦᠨ ᠤ ᠦᠢᠯᠡᠳᠦᠯ ᠢ ᠭᠦᠢᠴᠡᠳ ᠪᠠᠳᠠᠷᠠᠭᠤᠯᠵᠤ᠂ ᠨᠡᠩ ᠣᠯᠠᠨ ᠮᠥᠩᠭᠦᠨ ᠭᠦᠢᠯᠭᠡᠭᠡᠨ ᠤ ᠡᠬᠢ ᠪᠠᠶᠠᠯᠢᠭ ᠢ ᠬᠥᠲᠥᠯᠥᠨ ᠳᠠᠭᠠᠭᠤᠯᠵᠤ ᠪᠠᠶᠢᠭᠠᠳ ᠦᠢᠯᠡᠰ ᠴᠣᠭᠴᠠᠯᠠᠨ ᠠᠵᠢᠯ ᠣᠯᠭᠤᠬᠤ ᠶᠢ ᠳᠡᠮᠵᠢᠨ᠎ᠡ᠃ ᠡᠯ᠎ᠡ ᠭᠠᠵᠠᠷ ᠣᠷᠣᠨ ᠤ ᠵᠠᠰᠠᠭ ᠤᠨ ᠣᠷᠳᠣᠨ ᠤ ᠴᠢᠨᠠᠷᠲᠠᠢ ᠪᠡᠯᠡ ᠲᠣᠬᠢᠷᠠᠭᠤᠯᠵᠤ ᠳᠠᠭᠠᠭᠠᠯᠲᠠ ᠬᠢᠬᠦ ᠰᠠᠭᠤᠷᠢ ᠮᠥᠩᠭᠦ ᠶᠢ ᠨᠥᠬᠦᠴᠡᠯ ᠳᠤ ᠨᠡᠶᠢᠴᠡᠬᠦ ᠵᠢᠵᠢᠭ ᠪᠢᠴᠢᠯ ᠠᠵᠤ ᠠᠬᠤᠶᠢᠯᠠᠯ ᠳᠤ ᠰᠦᠢᠳᠭᠡᠯ ᠤᠨ ᠨᠣᠷᠮ᠎ᠠ ᠪᠠᠷ ᠳᠣᠣᠷ᠎ᠠ ᠪᠠᠶᠢᠳᠠᠭ ᠳᠠᠭᠠᠭᠠᠯᠲᠠ ᠶᠢᠨ ᠳᠡᠮᠵᠢᠯᠭᠡ ᠶᠢ ᠤᠷᠢᠳ ᠢᠶᠠᠷ ᠬᠠᠩᠭᠠᠬᠤ ᠪᠣᠯᠭᠠᠵᠤ᠂ ᠵᠢᠵᠢᠭ ᠪᠢᠴᠢᠯ ᠠᠵᠤ ᠠᠬᠤᠶᠢᠯᠠᠯ ᠤᠨ ᠵᠢᠭᠡᠯᠡᠯᠭᠡ ᠣᠯᠬᠤ ᠪᠣᠯᠣᠮᠵᠢ ᠶᠢ ᠨᠢ ᠳᠡᠭᠡᠭᠰᠢᠯᠡᠭᠦᠯᠦᠨ᠎ᠡ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠢᠨ ᠤ ᠵᠢᠵᠢᠭ ᠪᠢᠴᠢᠯ ᠠᠵᠤ ᠠᠬᠤᠶᠢᠯᠠᠯ ᠳᠤ ᠮᠥᠩᠭᠦᠨ ᠭᠦᠢᠯᠭᠡᠭᠡᠨ ᠤ ᠦᠢᠯᠡᠴᠢᠯᠡᠭᠡ ᠪᠠᠨ ᠴᠢᠩᠭᠠᠳᠬᠠᠬᠤ ᠶᠢ ᠠᠬᠢᠭᠤᠯᠤᠨ᠂ ᠰᠠᠯᠠᠭ᠎ᠠ ᠮᠥᠴᠢᠷ ᠤᠨ ᠬᠤᠭᠤᠷᠣᠨᠳᠤ ᠪᠠᠨ ᠣᠶᠢᠯᠠᠭᠠᠨ ᠨᠡᠪᠲᠡᠷᠡᠯᠴᠡᠵᠦ ᠵᠣᠬᠢᠴᠠᠭᠤᠯᠬᠤ ᠶᠢ ᠴᠢᠩᠭᠠᠳᠬᠠᠵᠤ᠂ ᠮᠥᠩᠭᠦᠨ ᠭᠦᠢᠯᠭᠡᠭᠡᠨ ᠤ ᠲᠥᠷᠥ ᠶᠢᠨ ᠪᠣᠳᠣᠯᠭ᠎ᠠ᠂ ᠡᠳ᠋ ᠤᠨ ᠵᠠᠰᠠᠭ ᠭᠠᠶᠢᠯᠢ ᠶᠢᠨ ᠲᠥᠷᠥ ᠶᠢᠨ ᠪᠣᠳᠣᠯᠭ᠎ᠠ᠂ ᠠᠵᠤ ᠦᠢᠯᠡᠰ ᠤᠨ ᠲᠥᠷᠥ ᠶᠢᠨ ᠪᠣᠳᠣᠯᠭ᠎ᠠ ᠶᠢ ᠨᠢᠭᠡᠳᠦᠯᠲᠡᠢ ᠲᠥᠯᠥᠪᠵᠢᠭᠦᠯᠦᠨ᠂ ᠦᠢᠯᠡᠴᠢᠯᠡᠵᠦ ᠬᠠᠮᠵᠢᠯᠴᠠᠬᠤ ᠤᠷᠲᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠠᠶᠢᠭᠤᠯᠤᠨ᠎ᠠ᠃ ︵ᠥᠪᠥᠷ ᠮᠣᠩᠭᠤᠯ ᠤᠨ ᠪᠠᠩᠬᠢ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠠᠷᠠᠳ ᠤᠨ ᠪᠠᠩᠬᠢ ᠶᠢᠨ ᠬᠥᠬᠡᠬᠤᠲᠠ ᠲᠥᠪ ᠰᠠᠯᠪᠤᠷᠢ ᠪᠠᠩᠬᠢ ᠬᠠᠷᠢᠭᠤᠴᠠᠨ᠎ᠠ︶      ᠭᠤᠷᠪᠠ᠂ ᠦᠢᠯᠡᠰ ᠴᠣᠭᠴᠠᠯᠠᠬᠤ ᠳᠠᠭᠠᠭᠠᠯᠲᠠ ᠲᠠᠢ ᠵᠢᠭᠡᠯᠡᠯᠭᠡ ᠳᠤ ᠳᠠᠮ ᠬᠦᠦ ᠲᠥᠯᠥᠬᠦ ᠵᠢᠴᠢ ᠱᠠᠩᠨᠠᠵᠤ ᠲᠤᠰᠠᠯᠠᠬᠤ ᠲᠥᠷᠥ ᠶᠢᠨ ᠪᠣᠳᠣᠯᠭ᠎ᠠ ᠶᠢᠨ ᠳᠡᠮᠵᠢᠬᠦ ᠡᠷᠴᠢᠮ ᠢ ᠴᠢᠩᠭᠠᠷᠠᠭᠤᠯᠤᠨ᠎ᠠ      ︽ᠦᠢᠯᠡᠰ ᠴᠣᠭᠴᠠᠯᠠᠬᠤ ᠥᠪᠥᠷ ᠮᠣᠩᠭᠤᠯ ᠤᠨ ᠠᠵᠢᠯᠯᠠᠭᠠᠨ ︵2016 — 2020 ᠣᠨ︶︾ ᠢ ᠭᠦᠨᠵᠡᠭᠡᠢ ᠬᠡᠷᠡᠭᠵᠢᠭᠦᠯᠦᠨ᠂ ᠦᠢᠯᠡᠰ ᠴᠣᠭᠴᠠᠯᠠᠬᠤ ᠶᠢᠨ ᠳᠠᠭᠠᠭᠠᠯᠲᠠ ᠲᠠᠢ ᠵᠢᠭᠡᠯᠡᠯᠭᠡ ᠶᠢ ᠳᠡᠮᠵᠢᠬᠦ ᠡᠷᠴᠢᠮ ᠢ ᠴᠢᠩᠭᠠᠷᠠᠭᠤᠯᠵᠤ᠂ ᠦᠢᠯᠡᠰ ᠴᠣᠭᠴᠠᠯᠠᠬᠤ ᠶᠢᠨ ᠳᠠᠭᠠᠭᠠᠯᠲᠠ ᠲᠠᠢ ᠵᠢᠭᠡᠯᠡᠯᠭᠡ ᠭᠤᠶᠤᠴᠢᠯᠠᠬᠤ ᠨᠥᠬᠦᠴᠡᠯ ᠳᠤ ᠨᠡᠶᠢᠴᠡᠭᠰᠡᠨ ᠬᠥᠮᠥᠰ ᠪᠡᠶ᠎ᠡ ᠪᠠᠨ ᠳᠠᠭᠠᠭᠠᠵᠤ ᠦᠢᠯᠡᠰ ᠴᠣᠭᠴᠠᠯᠠᠬᠤ ᠳᠤ᠂ ᠬᠠᠮᠤᠭ ᠶᠡᠭᠡ ᠳᠤ ᠪᠠᠨ 15 ᠲᠦᠮᠡᠨ ᠲᠥᠭᠦᠷᠢᠭ ᠠᠴᠠ ᠳᠠᠪᠠᠭ᠋ᠤ ᠦᠭᠡᠢ ᠦᠢᠯᠡᠰ ᠴᠣᠭᠴᠠᠯᠠᠬᠤ ᠳᠠᠭᠠᠭᠠᠯᠲᠠ ᠲᠠᠢ ᠵᠢᠭᠡᠯᠡᠯᠭᠡ ᠭᠤᠶᠤᠴᠢᠯᠠᠵᠤ ᠪᠣᠯᠣᠨ᠎ᠠ᠃ ᠵᠢᠵᠢᠭ ᠪᠢᠴᠢᠯ ᠠᠵᠤ ᠠᠬᠤᠶᠢᠯᠠᠯ ᠤᠨ ᠲᠤᠰ ᠵᠢᠯ ᠳᠠᠬᠢ ᠰᠢᠨ᠎ᠡ ᠪᠠᠷ ᠤᠷᠢᠵᠤ ᠬᠡᠷᠡᠭᠯᠡᠭᠰᠡᠨ ᠦᠢᠯᠡᠰ ᠴᠣᠭᠴᠠᠯᠠᠬᠤ ᠳᠠᠭᠠᠭᠠᠯᠲᠠ ᠲᠠᠢ ᠵᠢᠭᠡᠯᠡᠯᠭᠡ ᠭᠤᠶᠤᠴᠢᠯᠠᠬᠤ ᠨᠥᠬᠦᠴᠡᠯ ᠳᠤ ᠨᠡᠶᠢᠴᠡᠬᠦ ᠬᠦᠮᠦᠨ ᠤ ᠲᠤᠭ᠎ᠠ ᠨᠢ ᠠᠵᠤ ᠠᠬᠤᠶᠢᠯᠠᠯ ᠤᠨ ᠣᠳᠣ ᠶᠢᠨ ᠠᠵᠢᠯᠯᠠᠵᠤ ᠪᠠᠶᠢᠭ᠎ᠠ ᠠᠵᠢᠯᠲᠠᠨ ᠠᠵᠢᠯᠴᠢᠨ ᠤ ᠲᠣᠭᠠᠨ ᠤ 25% ︵100 ᠬᠥᠮᠥᠨ ᠠᠴᠠ ᠳᠠᠪᠠᠭᠰᠠᠨ ᠠᠵᠤ ᠠᠬᠤᠶᠢᠯᠠᠯ ᠳᠤ 15% ᠳᠤ ᠬᠦᠷᠦᠭᠰᠡᠨ︶ ᠳᠤ ᠬᠦᠷᠦᠭᠰᠡᠨ ᠤ ᠬᠠᠮᠲᠤ᠂ ᠲᠡᠳᠡᠨ ᠲᠠᠢ 1 ᠵᠢᠯ ᠠᠴᠠ ᠳᠡᠭᠡᠭᠰᠢᠬᠢ ᠬᠦᠳᠡᠯᠮᠦᠷᠢ ᠶᠢᠨ ᠭᠡᠷ᠎ᠡ ᠲᠣᠭᠲᠠᠭᠰᠠᠨ ᠪᠠᠶᠢᠪᠠᠯ᠂ ᠬᠠᠮᠤᠭ ᠶᠡᠭᠡ ᠳᠤ ᠪᠠᠨ 300 ᠲᠦᠮᠡᠨ ᠲᠥᠭᠦᠷᠢᠭ ᠠᠴᠠ ᠳᠠᠪᠠᠭ᠋ᠤ ᠦᠭᠡᠢ ᠦᠢᠯᠡᠰ ᠴᠣᠭᠴᠠᠯᠠᠬᠤ ᠳᠠᠭᠠᠭᠠᠯᠲᠠ ᠲᠠᠢ ᠵᠢᠭᠡᠯᠡᠯᠭᠡ ᠭᠤᠶᠤᠴᠢᠯᠠᠵᠤ ᠪᠣᠯᠣᠨ᠎ᠠ᠃ ᠡᠯ᠎ᠡ ᠭᠠᠵᠠᠷ ᠣᠷᠣᠨ ᠨᠢ ᠲᠤᠰ ᠭᠠᠵᠠᠷ ᠣᠷᠣᠨ ᠤ ᠪᠠᠶᠢᠳᠠᠯ ᠳᠤ ᠪᠠᠨ ᠲᠣᠬᠢᠷᠠᠭᠤᠯᠤᠨ ᠦᠢᠯᠡᠰ ᠴᠣᠭᠴᠠᠯᠠᠬᠤ ᠳᠠᠭᠠᠭᠠᠯᠲᠠ ᠲᠠᠢ ᠵᠢᠭᠡᠯᠡᠯᠭᠡ ᠭᠤᠶᠤᠴᠢᠯᠠᠬᠤ ᠨᠥᠬᠦᠴᠡᠯ ᠢᠶᠠᠨ ᠵᠣᠬᠢᠰᠲᠠᠢ ᠪᠠᠷ ᠠᠭᠤᠵᠢᠭᠤ ᠳᠠᠯᠪᠢᠵᠤ ᠪᠣᠯᠣᠨ᠎ᠠ᠂ ᠡᠭᠦᠨ ᠠᠴᠠ ᠪᠣᠯᠣᠭᠰᠠᠨ ᠳᠠᠮ ᠬᠦᠦ ᠲᠥᠯᠥᠬᠦ ᠪᠡᠯᠡ ᠮᠥᠩᠭᠦ ᠶᠢ ᠣᠷᠣᠨ ᠨᠤᠲᠤᠭ ᠤᠨ ᠡᠳ᠋ ᠤᠨ ᠵᠠᠰᠠᠭ ᠡᠭᠦᠷᠭᠡᠯᠡᠨ᠎ᠡ᠃ ᠱᠠᠩᠨᠠᠵᠤ ᠲᠤᠰᠠᠯᠠᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ ᠪᠣᠳᠠᠲᠠᠶᠢᠵᠢᠭᠤᠯᠬᠤ ᠶᠢ ᠠᠬᠢᠭᠤᠯᠤᠨ᠂ ᠡᠯ᠎ᠡ ᠭᠠᠵᠠᠷ ᠣᠷᠣᠨ ᠤ ᠲᠤᠰ ᠵᠢᠯ ᠤᠨ ᠰᠢᠨ᠎ᠡ ᠪᠠᠷ ᠲᠠᠯᠪᠢᠭᠰᠠᠨ ᠦᠢᠯᠡᠰ ᠴᠣᠭᠴᠠᠯᠠᠬᠤ ᠳᠠᠭᠠᠭᠠᠯᠲᠠ ᠲᠠᠢ ᠵᠢᠭᠡᠯᠡᠯᠭᠡ ᠶᠢᠨ ᠪᠥᠬᠦ ᠲᠣᠭᠠᠨ ᠤ ᠵᠣᠬᠢᠬᠤ ᠬᠠᠷᠢᠴᠠᠯ ᠢᠶᠠᠷ ᠦᠢᠯᠡᠰ ᠴᠣᠭᠴᠠᠯᠠᠬᠤ ᠳᠠᠭᠠᠭᠠᠯᠲᠠ ᠲᠠᠢ ᠵᠢᠭᠡᠯᠡᠯᠭᠡ ᠶᠢᠨ ᠰᠠᠭᠤᠷᠢ ᠮᠥᠩᠭᠦ ᠶᠢ ᠡᠷᠭᠢᠯᠳᠦᠭᠦᠯᠦᠨ ᠬᠠᠮᠢᠶᠠᠷᠴᠤ ᠪᠠᠶᠢᠭ᠎ᠠ ᠪᠠᠶᠢᠭᠤᠯᠤᠮᠵᠢ ᠵᠡᠷᠭᠡ ᠨᠢᠭᠡᠴᠢ ᠶᠢ ᠱᠠᠩᠨᠠᠨ ᠬᠥᠬᠢᠭᠦᠯᠵᠦ᠂ ᠳᠡᠭᠦᠨ ᠢ ᠬᠦᠲᠦᠯᠦᠨ ᠵᠢᠯᠤᠭᠤᠳᠴᠦ ᠪᠠᠶᠢᠭᠠᠳ ᠦᠢᠯᠡᠰ ᠴᠣᠭᠴᠠᠯᠠᠨ ᠠᠵᠢᠯ ᠣᠯᠭᠤᠬᠤ ᠳᠤ ᠦᠢᠯᠡᠴᠢᠯᠡᠬᠦ ᠢᠳᠡᠪᠬᠢᠵᠢᠯ ᠢ ᠨᠢ ᠤᠯᠠᠮ ᠨᠢᠭᠡ ᠠᠯᠬᠤᠮ ᠳᠡᠭᠡᠭᠰᠢᠯᠡᠭᠦᠯᠤᠨ᠎ᠠ᠃ ᠡᠯ᠎ᠡ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠨᠢ ᠳᠠᠭᠠᠭᠠᠯᠲᠠ ᠶᠢᠨ ᠰᠠᠭᠤᠷᠢ ᠮᠥᠩᠭᠦ ᠶᠢ ᠦᠷᠭᠦᠯᠵᠢᠯᠡᠨ ᠨᠦᠬᠦᠪᠦᠷᠢᠯᠡᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠳᠠᠭᠠᠭᠠᠯᠲᠠ ᠶᠢᠨ ᠰᠠᠭᠤᠷᠢ ᠮᠥᠩᠭᠦᠨ ᠤ ᠬᠡᠪᠴᠢᠶ᠎ᠡ ᠶᠢ ᠴᠠᠭ ᠲᠤ ᠨᠢ ᠲᠣᠬᠢᠷᠠᠭᠤᠯᠤᠨ ᠥᠷᠭᠡᠳᠬᠡᠨ᠎ᠡ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠨᠢ ᠦᠢᠯᠡᠰ ᠴᠣᠭᠴᠠᠯᠠᠨ ᠠᠵᠢᠯ ᠣᠯᠭᠤᠬᠤ ᠳᠤ ᠦᠢᠯᠡᠴᠢᠯᠡᠬᠦ ᠢᠳᠡᠪᠬᠢᠵᠢᠯ ᠢᠶᠠᠨ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠦᠢᠯᠡᠰ ᠴᠣᠭᠴᠠᠯᠠᠬᠤ ᠳᠠᠭᠠᠭᠠᠯᠲᠠ ᠲᠠᠢ ᠵᠢᠭᠡᠯᠡᠯᠭᠡ ᠶᠢ ᠬᠠᠮᠢᠶᠠᠷᠬᠤ ᠠᠵᠢᠯ ᠢᠶᠠᠨ ᠰᠠᠶᠢᠳᠤᠷ ᠬᠢᠵᠦ᠂ ᠳᠣᠲᠣᠭᠠᠳᠤ ᠶᠢᠨ ᠬᠠᠮᠢᠶᠠᠷᠤᠯᠲᠠ ᠶᠢᠨ ᠲᠣᠭᠲᠠᠴᠠ ᠪᠠᠨ ᠲᠡᠭᠦᠯᠳᠡᠷᠵᠢᠭᠦᠯᠦᠨ᠂ ᠵᠢᠭᠡᠯᠡᠯᠭᠡ ᠶᠢᠨ ᠲᠦᠭᠰᠢᠭᠦᠷᠢ ᠠᠴᠠ ᠰᠡᠷᠭᠡᠶᠢᠯᠡᠵᠦ᠂ ᠵᠢᠭᠡᠯᠡᠯᠭᠡ ᠳᠤ ᠦᠢᠯᠡᠴᠢᠯᠡᠬᠦ ᠶᠠᠰᠤ ᠴᠢᠨᠠᠷ ᠪᠣᠯᠣᠨ ᠦᠷ᠎ᠡ ᠪᠦᠲᠦᠮᠵᠢ ᠪᠠᠨ ᠳᠡᠭᠡᠭᠰᠢᠯᠡᠭᠦᠯᠬᠦ ᠬᠡᠷᠡᠭᠲᠡᠢ᠃ ᠵᠢᠵᠢᠭ ᠪᠢᠴᠢᠯ ᠠᠵᠤ ᠠᠬᠤᠶᠢᠯᠠᠯ ᠪᠤᠶᠤ ᠬᠤᠪᠢ ᠶᠢᠨ ᠡᠵᠡᠩᠨᠡᠯᠲᠡ ᠶᠢ ᠠᠩᠬ᠎ᠠ ᠬᠢᠵᠦ ᠪᠠᠶᠢᠭ᠎ᠠ ᠮᠥᠷᠲᠡᠭᠡᠨ ᠪᠠᠶᠢᠭᠤᠯᠵᠤ ᠡᠷᠬᠢᠯᠡᠭᠰᠡᠨ ᠠᠵᠤ ᠠᠬᠤᠶᠢᠯᠠᠯ ᠪᠤᠶᠤ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠪᠠᠨ ᠲᠡᠮᠳᠡᠭᠯᠡᠭᠦᠯᠵᠦ ᠳᠠᠩᠰᠠᠯᠠᠭᠤᠯᠤᠭᠰᠠᠨ ᠡᠳᠦᠷ ᠠᠴᠠ ᠡᠬᠢᠯᠡᠵᠦ ᠬᠡᠪ ᠤᠨ ᠪᠠᠶᠢᠳᠠᠯ ᠢᠶᠠᠷ ᠵᠢᠯ ᠢᠯᠡᠭᠦᠦ ᠠᠵᠢᠯᠯᠠᠭᠤᠯᠤᠭᠰᠠᠨ ᠰᠤᠷᠭᠠᠭᠤᠯᠢ ᠠᠴᠠ ᠲᠡᠭᠦᠰᠴᠦ ᠶᠠᠪᠤᠭᠠᠳ ᠬᠤᠶᠠᠷ ᠵᠢᠯ ᠪᠣᠯᠣᠭᠠᠳᠤᠢ ᠳᠡᠭᠡᠳᠦ ᠰᠤᠷᠭᠠᠭᠤᠯᠢ ᠲᠡᠭᠦᠰᠦᠭᠰᠡᠳ᠂ ᠠᠵᠢᠯ ᠣᠯᠬᠤ ᠳᠤ ᠬᠦᠴᠢᠷᠲᠡᠢ ᠬᠥᠮᠥᠰ ᠲᠤ 5000 ᠲᠥᠭᠦᠷᠢᠭ ᠤᠨ ᠦᠢᠯᠡᠰ ᠴᠣᠭᠴᠠᠯᠠᠬᠤ ᠨᠡᠮᠡᠭᠦᠷᠢ ᠶᠢ ᠨᠢᠭᠡ ᠯᠡ ᠤᠳᠠᠭ᠎ᠠ ᠪᠠᠷ ᠣᠯᠭᠤᠨ᠎ᠠ᠃ ︵ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠠᠷᠠᠳ ᠤᠨ ᠪᠠᠩᠬᠢ ᠶᠢᠨ ᠬᠥᠬᠡᠬᠤᠲᠠ ᠲᠥᠪ ᠰᠠᠯᠪᠤᠷᠢ ᠪᠠᠩᠬᠢ᠂ ᠥᠪᠥᠷ ᠮᠣᠩᠭᠤᠯ ᠤᠨ ᠪᠠᠩᠬᠢ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠠᠷᠢᠭᠤᠴᠠᠨ᠎ᠠ︶      ᠳᠥᠷᠪᠡ᠂ ᠦᠢᠯᠡᠰ ᠴᠣᠭᠴᠠᠯᠠᠬᠤ ᠠᠴᠢᠶᠠᠯᠠᠪᠤᠷᠢ ᠶᠢᠨ ᠪᠠᠶᠢᠭᠤᠯᠤᠯᠲᠠ ᠶᠢ ᠳᠡᠮᠵᠢᠬᠦ ᠡᠷᠴᠢᠮ ᠢ ᠴᠢᠩᠭᠠᠷᠠᠭᠤᠯᠤᠨ᠎ᠠ      ᠡᠯ᠎ᠡ ᠭᠠᠵᠠᠷ ᠣᠷᠣᠨ ᠢ ᠵᠣᠷᠢᠬᠵᠢᠭᠤᠯᠵᠤ ᠪᠠᠶᠢᠭᠠᠳ ᠭᠤᠣᠯᠳᠠᠯᠭ᠎ᠠ ᠲᠠᠢ ᠬᠥᠮᠥᠰ ᠲᠤ ᠦᠢᠯᠡᠰ ᠴᠣᠭᠴᠠᠯᠠᠵᠤ ᠨᠡᠪᠴᠢᠭᠦᠯᠬᠦ ᠠᠴᠢᠶᠠᠯᠠᠪᠤᠷᠢ ᠶᠢ ᠲᠦᠷᠭᠡᠳᠬᠡᠨ ᠪᠠᠶᠢᠭᠤᠯᠵᠤ᠂ ᠠᠵᠤ ᠠᠬᠤᠶᠢᠯᠠᠯ ᠪᠣᠯᠣᠨ ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠦᠢᠯᠡᠰ ᠴᠣᠭᠴᠠᠯᠠᠬᠤ ᠬᠦᠷᠢᠶᠡᠯᠡᠩ ᠪᠣᠯᠣᠨ ᠦᠢᠯᠡᠰ ᠴᠣᠭᠴᠠᠯᠠᠵᠤ ᠨᠡᠪᠴᠢᠭᠦᠯᠬᠦ ᠰᠠᠭᠤᠷᠢᠨ ᠭᠠᠵᠠᠷ᠂ ᠣᠯᠠᠨ ᠢᠶᠠᠷ ᠢᠶᠠᠨ ᠴᠣᠭᠴᠠᠯᠠᠵᠤ ᠳᠠᠭᠠᠭᠠᠴᠢᠯᠠᠵᠤ ᠲᠡᠳᠬᠦᠵᠦ ᠲᠥᠯᠥᠪᠯᠡᠵᠦ ᠦᠢᠯᠡᠰ ᠴᠣᠭᠴᠠᠯᠠᠬᠤ ᠳᠤ ᠲᠤᠯᠭᠠᠭᠤᠷᠢᠯᠠᠬᠤ ᠲᠠᠪᠴᠠᠩ ᠨᠢ ᠬᠦᠳᠡᠯᠮᠥᠷᠢᠯᠡᠭᠴᠢᠳ ᠤᠨ ᠦᠢᠯᠡᠰ ᠴᠣᠭᠴᠠᠯᠠᠬᠤ ᠳᠤ ᠵᠥᠪᠯᠡᠯᠭᠡ᠂ ᠮᠡᠳᠡᠭᠡ ᠵᠠᠩᠭᠢ᠂ ᠲᠥᠷᠥᠯ ᠵᠦᠢᠯ᠂ ᠪᠣᠯᠪᠠᠰᠤᠷᠠᠭᠤᠯᠤᠯ᠂ ᠪᠡᠯᠡ ᠲᠣᠬᠢᠷᠠᠭᠤᠯᠬᠤ᠂ ᠨᠡᠪᠴᠢᠭᠦᠯᠬᠦ᠂ ᠠᠵᠢᠯᠯᠠᠵᠤ ᠡᠬᠢᠯᠡᠬᠦ᠂ ᠬᠠᠪᠰᠤᠷᠴᠤ ᠲᠡᠳᠬᠦᠬᠦ ᠲᠠᠯ᠎ᠠ ᠪᠠᠷ ᠬᠢ ᠦᠢᠯᠡᠰ ᠴᠣᠭᠴᠠᠯᠠᠬᠤ ᠶᠢ ᠨᠢ ᠲᠡᠳᠬᠦᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠵᠡᠷᠭᠡ ᠦᠢᠯᠡᠴᠢᠯᠡᠭᠡ ᠬᠠᠩᠭᠠᠵᠤ ᠥᠭᠬᠦ ᠳᠤ᠂ ᠵᠠᠰᠠᠭ ᠤᠨ ᠣᠷᠳᠣᠨ ᠦᠢᠯᠡᠴᠢᠯᠡᠭᠡ ᠬᠤᠳᠠᠯᠳᠤᠨ ᠠᠪᠬᠤ ᠬᠡᠯᠪᠡᠷᠢ ᠪᠠᠷ ᠳᠠᠮᠵᠢᠭᠤᠯᠤᠨ᠂ ᠦᠢᠯᠡᠰ ᠴᠣᠭᠴᠠᠯᠠᠬᠤ ᠳᠤ ᠪᠠᠨ ᠦᠢᠯᠡᠴᠢᠯᠡᠭᠦᠯᠬᠦ ᠲᠤᠭ᠎ᠠ ᠬᠡᠮᠵᠢᠶ᠎ᠡ ᠪᠣᠯᠣᠨ ᠦᠢᠯᠡᠰ ᠴᠣᠭᠴᠠᠯᠠᠬᠤ ᠳᠤ ᠦᠢᠯᠡᠴᠢᠯᠡᠭᠰᠡᠨ ᠦᠷ᠎ᠡ ᠦᠢᠯᠡᠳᠦᠯ ᠢ ᠨᠢ ᠦᠨᠳᠦᠰᠦᠯᠡᠵᠦ ᠦᠢᠯᠡᠰ ᠴᠣᠭᠴᠠᠯᠠᠨ ᠠᠵᠢᠯ ᠣᠯᠭᠤᠵᠤ ᠦᠢᠯᠡᠴᠢᠯᠡᠭᠰᠡᠨ ᠨᠡᠮᠡᠭᠦᠷᠢ ᠥᠭᠴᠦ ᠪᠣᠯᠣᠨ᠎ᠠ᠃ ᠦᠢᠯᠡᠰ ᠴᠣᠭᠴᠠᠯᠠᠬᠤ ᠪᠣᠯᠪᠠᠰᠤᠷᠠᠭᠤᠯᠤᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠪᠤᠶᠢᠵᠢᠭᠤᠯᠬᠤ ᠪᠠ ᠴᠣᠭᠴᠠᠯᠠᠭᠰᠠᠨ ᠨᠢ᠂ ᠦᠢᠯᠡᠰ ᠴᠣᠭᠴᠠᠯᠠᠬᠤ ᠪᠣᠯᠪᠠᠰᠤᠷᠠᠭᠤᠯᠤᠯ ᠥᠷᠨᠢᠭᠦᠯᠦᠭᠰᠡᠨ ᠦᠷ᠎ᠡ ᠪᠦᠲᠦᠬᠡᠮᠵᠢ ᠪᠠᠷ ᠲᠣᠪᠤᠶᠢᠮ᠎ᠠ ᠪᠠᠶᠢᠵᠤ᠂ ᠤᠯᠤᠰ ᠤᠨ ᠳᠡᠰ ᠤᠨ ᠵᠢᠱᠢᠶ᠎ᠡ ᠦᠵᠡᠭᠦᠯᠬᠦ ᠴᠢᠨᠠᠷᠲᠠᠢ ᠦᠢᠯᠡᠰ ᠴᠣᠭᠴᠠᠯᠠᠵᠤ ᠨᠡᠪᠴᠢᠭᠦᠯᠬᠦ ᠰᠠᠭᠤᠷᠢᠨ ᠭᠠᠵᠠᠷ᠂ ᠥᠪᠡᠷᠲᠡᠭᠡᠨ ᠵᠠᠰᠠᠬᠤ ᠣᠷᠣᠨ ᠤ ᠳᠡᠰ ᠤᠨ ᠵᠢᠱᠢᠶ᠎ᠡ ᠦᠵᠡᠭᠦᠯᠬᠦ ᠴᠢᠨᠠᠷᠲᠠᠢ ᠦᠢᠯᠡᠰ ᠴᠣᠭᠴᠠᠯᠠᠬᠤ ᠬᠦᠷᠢᠶᠡᠯᠡᠩ ᠪᠣᠯᠣᠨ ᠨᠡᠪᠴᠢᠭᠦᠯᠬᠦ ᠰᠠᠭᠤᠷᠢᠨ ᠭᠠᠵᠠᠷ ᠢᠶᠠᠷ ᠮᠠᠭᠠᠳᠯᠠᠨ ᠲᠣᠭᠲᠠᠭᠠᠭᠳᠠᠭᠰᠠᠨ ᠪᠠᠶᠢᠪᠠᠯ᠂ ᠲᠣᠭᠲᠠᠭᠠᠯ ᠶᠣᠰᠣᠭᠠᠷ ᠦᠢᠯᠡᠰ ᠴᠣᠭᠴᠠᠯᠠᠨ ᠠᠵᠢᠯ ᠣᠯᠭᠤᠬᠤ ᠶᠢᠨ ︽ᠱᠠᠩᠨᠠᠬᠤ ᠪᠠᠷ ᠨᠥᠬᠦᠪᠦᠷᠢᠯᠡᠬᠦ ᠶᠢ ᠣᠷᠣᠯᠠᠭᠤᠯᠬᠤ︾ ᠪᠡᠯᠡ ᠮᠦᠩᠭᠦᠨ ᠤ ᠬᠡᠪᠴᠢᠶᠡᠨ ᠳᠤ ᠣᠷᠣᠭᠤᠯᠵᠦ ᠳᠡᠮᠵᠢᠵᠦ ᠪᠣᠯᠣᠨ᠎ᠠ᠃ ᠳᠡᠭᠡᠷᠡᠬᠢ ᠵᠦᠢᠯ ᠳᠤ ᠬᠡᠷᠡᠭᠰᠡᠬᠦ ᠵᠠᠷᠤᠳᠠᠯ ᠢ ᠠᠵᠢᠯ ᠣᠯᠭᠤᠯᠲᠠ ᠶᠢᠨ ᠨᠥᠬᠦᠪᠦᠷᠢ ᠠᠴᠠ ᠵᠠᠷᠤᠴᠠᠭᠤᠯᠤᠨ᠎ᠠ᠃ ᠠᠵᠢᠯ ᠣᠯᠭᠤᠬᠤ ᠶᠢ ᠲᠣᠭᠲᠠᠪᠤᠷᠢᠵᠢᠭᠤᠯᠬᠤ ᠡᠭᠦᠷᠭᠡ ᠨᠡᠯᠢᠶᠡᠳ ᠶᠡᠭᠡ ᠪᠠᠶᠢᠭ᠎ᠠ ᠭᠠᠵᠠᠷ ᠣᠷᠣᠨ ᠢ ᠳᠡᠮᠵᠢᠵᠦ ᠪᠠᠶᠢᠭᠠᠳ ᠠᠵᠢᠯ ᠠᠯᠳᠠᠭᠰᠠᠳ ᠤᠨ ᠪᠡᠶ᠎ᠡ ᠪᠠᠨ ᠳᠠᠭᠠᠭᠠᠵᠤ ᠦᠢᠯᠡᠰ ᠴᠣᠭᠴᠠᠯᠠᠬᠤ ᠳᠤ ᠡᠵᠡᠩᠨᠡᠬᠦ ᠲᠠᠯᠠᠪᠤᠷ ᠭᠠᠵᠠᠷ᠂ ᠦᠢᠯᠡᠰ ᠴᠣᠭᠴᠠᠯᠠᠬᠤ ᠲᠥᠷᠥ ᠶᠢᠨ ᠪᠣᠳᠤᠯᠭ᠎ᠠ ᠶᠢᠨ ᠵᠥᠪᠯᠡᠯᠭᠡ᠂ ᠦᠢᠯᠡᠰ ᠴᠣᠭᠴᠠᠯᠠᠬᠤ ᠪᠣᠯᠪᠠᠰᠤᠷᠠᠭᠤᠯᠤᠯ ᠵᠡᠷᠭᠡ ᠶᠢ ᠲᠥᠯᠥᠪᠦᠷᠢ ᠦᠭᠡᠢ ᠪᠠᠷ ᠬᠠᠩᠭᠠᠵᠤ ᠥᠭᠭᠦᠨ᠎ᠡ᠃ ︵ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠬᠠᠷᠢᠭᠤᠴᠠᠨ᠎ᠠ︶      ᠲᠠᠪᠤ᠂ ᠵᠠᠯᠠᠭᠤᠴᠤᠳ ᠢ ᠢᠳᠡᠪᠬᠢᠲᠡᠢ ᠵᠣᠷᠢᠬᠵᠢᠭᠤᠯᠤᠨ ᠠᠵᠢᠯ ᠣᠯᠬᠤ ᠳᠠᠳᠤᠯᠭ᠎ᠠ ᠳᠤ ᠣᠷᠣᠯᠴᠠᠭᠤᠯᠤᠨ᠎ᠠ      2019 ᠣᠨ ᠤ 1 ᠳ᠋ᠤᠭᠡᠷ ᠰᠠᠷ᠎ᠠ ᠶᠢᠨ 1 ᠤ ᠡᠳᠦᠷ ᠠᠴᠠ ᠡᠬᠢᠯᠡᠨ ᠲᠦᠮᠡᠨ ᠵᠠᠯᠠᠭᠤᠴᠤᠳ ᠤᠨ ᠳᠠᠳᠤᠯᠭ᠎ᠠ ᠬᠢᠬᠦ ᠲᠥᠯᠥᠪᠯᠡᠭᠡ ᠶᠢ ᠬᠡᠷᠡᠭᠵᠢᠭᠦᠯᠵᠦ᠂ 2021 ᠣᠨ ᠪᠣᠯᠬᠤ ᠳᠤ 3 ᠲᠦᠮᠡᠨ ᠵᠠᠯᠠᠭᠤᠴᠤᠳ ᠢ ᠵᠣᠬᠢᠶᠠᠨ ᠪᠠᠶᠢᠭᠤᠯᠵᠤ ᠠᠵᠢᠯ ᠣᠯᠬᠤ ᠳᠠᠳᠤᠯᠭ᠎ᠠ ᠳᠤ ᠣᠷᠣᠯᠴᠠᠭᠤᠯᠤᠨ᠎ᠠ᠃ ᠠᠵᠢᠯ ᠣᠯᠬᠤ ᠳᠠᠳᠤᠯᠭ᠎ᠠ ᠶᠢᠨ ᠨᠡᠮᠡᠭᠦᠷᠢ ᠶᠢᠨ ᠬᠦᠷᠢᠶ᠎ᠡ ᠬᠡᠪᠴᠢᠶ᠎ᠡ ᠶᠢ ᠰᠤᠷᠭᠠᠭᠤᠯᠢ ᠠᠴᠠ ᠲᠡᠭᠦᠰᠴᠦ ᠶᠠᠪᠤᠭᠠᠳ ᠠᠵᠢᠯ ᠣᠯᠣᠭᠠᠳᠤᠢ ᠳᠡᠭᠡᠳᠦ ᠰᠤᠷᠭᠠᠭᠤᠯᠢ ᠲᠡᠭᠦᠰᠦᠭᠰᠡᠳ ᠪᠠᠶᠢᠭᠰᠠᠨ ᠠᠴᠠ ᠠᠵᠢᠯ ᠠᠯᠳᠠᠭᠰᠠᠨ 16 — 24 ᠨᠠᠰᠤᠨ ᠤ ᠵᠠᠯᠠᠭᠤᠴᠤᠳ ᠪᠣᠯᠲᠠᠯ᠎ᠠ ᠥᠷᠭᠡᠳᠬᠡᠨ᠎ᠡ᠃ ᠠᠵᠢᠯ ᠠᠯᠳᠠᠭᠰᠠᠨ ᠵᠠᠯᠠᠭᠤᠴᠤᠳ ᠢ ᠵᠣᠬᠢᠶᠠᠨ ᠪᠠᠶᠢᠭᠤᠯᠵᠤ 3 — 12 ᠰᠠᠷ᠎ᠠ ᠶᠢᠨ ᠠᠵᠢᠯ ᠣᠯᠬᠤ ᠳᠠᠳᠤᠯᠭ᠎ᠠ ᠳᠤ ᠣᠷᠣᠯᠴᠠᠭᠤᠯᠤᠨ᠂ ᠲᠣᠭᠲᠠᠭᠠᠯ ᠶᠣᠰᠣᠭᠠᠷ ᠠᠵᠢᠯ ᠣᠯᠬᠤ ᠳᠠᠳᠤᠯᠭ᠎ᠠ ᠶᠢᠨ ᠨᠡᠮᠡᠭᠦᠷᠢ ᠣᠯᠭᠤᠨ᠎ᠠ᠂ ᠳᠠᠳᠤᠯᠭ᠎ᠠ ᠶᠢᠨ ᠨᠡᠮᠡᠭᠦᠷᠢ ᠶᠢᠨ ᠪᠠᠷᠢᠮᠵᠢᠶ᠎ᠠ ᠶᠢ ᠥᠪᠡᠷᠲᠡᠭᠡᠨ ᠵᠠᠰᠠᠬᠤ ᠣᠷᠣᠨ ᠤ ᠨᠢᠭᠡᠳᠦᠭᠡᠷ ᠲᠥᠷᠥᠯ ᠤᠨ ᠲᠣᠭᠤᠷᠢᠭ ᠲᠠᠬᠢ ᠬᠠᠮᠤᠭ ᠨᠠᠭᠠᠲᠤ ᠵᠠᠬ᠎ᠠ ᠶᠢᠨ ᠴᠠᠯᠢᠩ ᠤᠨ ᠪᠠᠷᠢᠮᠵᠢᠶ᠎ᠠ ᠶᠢᠨ 50% ᠪᠠᠶᠢᠯᠭᠠᠵᠤ᠂ ᠳᠠᠳᠤᠯᠭ᠎ᠠ ᠬᠢᠭᠰᠡᠳ ᠤᠨ ᠳᠠᠳᠤᠯᠭ᠎ᠠ ᠶᠢᠨ ᠬᠤᠭᠤᠴᠠᠭ᠎ᠠ ᠨᠢ ᠳᠠᠭᠤᠰᠤᠭᠰᠠᠨ ᠤ ᠳᠠᠷᠠᠭ᠎ᠠ ᠬᠤᠴᠣᠷᠭᠠᠨ ᠠᠵᠢᠯᠯᠠᠭᠤᠯᠤᠭᠰᠠᠨ ᠨᠣᠷᠮ᠎ᠠ ᠨᠢ 50% ᠠᠴᠠ ᠳᠡᠭᠡᠭᠰᠢ ᠳᠤ ᠬᠦᠷᠦᠭᠰᠡᠨ ᠨᠢᠭᠡᠴᠢ ᠳᠤ ᠨᠡᠮᠡᠭᠦᠷᠢ ᠥᠭᠬᠦ ᠪᠠᠷᠢᠮᠵᠢᠶ᠎ᠠ ᠶᠢ ᠨᠢ 60% ᠪᠣᠯᠲᠠᠯ᠎ᠠ ᠳᠡᠭᠡᠭᠰᠢᠯᠡᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠪᠣᠯᠣᠨ ᠨᠢᠭᠡᠴᠢ ᠬᠠᠷᠢᠭᠤᠴᠠᠨ᠎ᠠ︶      ᠵᠢᠷᠭᠤᠭ᠎ᠠ᠂ ᠬᠦᠴᠢᠷᠳᠡᠯ ᠲᠠᠢ ᠠᠵᠤ ᠠᠬᠤᠶᠢᠯᠠᠯ ᠢ ᠳᠡᠮᠵᠢᠵᠦ ᠠᠵᠢᠯᠲᠠᠨ ᠠᠵᠢᠯᠴᠢᠨ ᠤ ᠠᠵᠢᠯ ᠤᠨ ᠪᠠᠶᠢᠷᠢ ᠶᠢᠨ ᠪᠣᠯᠪᠠᠰᠤᠷᠠᠭᠤᠯᠤᠯ ᠢ ᠥᠷᠨᠢᠭᠦᠯᠦᠨ᠎ᠡ      2019 ᠣᠨ ᠤ 1 ᠳ᠋ᠤᠭᠡᠷ ᠰᠠᠷ᠎ᠠ ᠶᠢᠨ 1 ᠤ ᠡᠳᠦᠷ ᠠᠴᠠ 12 ᠳ᠋ᠤᠭᠠᠷ ᠰᠠᠷ᠎ᠠ ᠶᠢᠨ 31 ᠤ ᠡᠳᠦᠷ ᠪᠣᠯᠲᠠᠯ᠎ᠠ᠂ ᠬᠦᠴᠢᠷᠳᠡᠯ ᠲᠠᠢ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠠᠵᠢᠯ ᠤᠨ ᠪᠠᠶᠢᠷᠢ ᠶᠢᠨ ᠪᠣᠯᠪᠠᠰᠤᠷᠠᠭᠤᠯᠤᠯ ᠢ ᠵᠣᠬᠢᠶᠠᠨ ᠪᠠᠶᠢᠭᠤᠯᠵᠤ ᠥᠷᠨᠢᠭᠦᠯᠬᠦ ᠳᠤ ᠬᠡᠷᠡᠭᠰᠡᠬᠦ ᠵᠠᠷᠤᠳᠠᠯ ᠢ ᠨᠢ ᠲᠣᠭᠲᠠᠭᠠᠯ ᠶᠣᠰᠣᠭᠠᠷ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠰᠤᠷᠭᠠᠨ ᠬᠥᠮᠥᠵᠢᠯ ᠤᠨ ᠵᠠᠷᠤᠳᠠᠯ ᠠᠴᠠ ᠵᠠᠷᠤᠴᠠᠭᠤᠯᠤᠨ᠎ᠠ᠂ ᠬᠦᠷᠦᠯᠴᠡᠬᠦ ᠦᠭᠡᠢ ᠬᠡᠰᠡᠭ ᠢ ᠨᠢ ᠪᠠᠶᠢᠭ᠎ᠠ ᠭᠠᠵᠠᠷ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠢᠶᠠᠷ ᠬᠢᠨᠠᠨ ᠬᠠᠷᠭᠤᠭᠤᠯᠵᠤ ᠦᠨᠡᠯᠡᠨ ᠵᠢᠱᠢᠭᠦᠯᠦᠭᠡᠳ ᠬᠢᠷᠢ ᠲᠡᠩᠴᠡᠭᠰᠡᠨ ᠤ ᠳᠠᠷᠠᠭ᠎ᠠ᠂ ᠠᠵᠢᠯ ᠣᠯᠭᠤᠬᠤ ᠨᠥᠬᠦᠪᠦᠷᠢ ᠶᠢᠨ ᠪᠡᠯᠡ ᠮᠥᠩᠭᠦ ᠪᠠᠷ ᠵᠣᠬᠢᠰᠲᠠᠢ ᠳᠡᠮᠵᠢᠵᠦ ᠪᠣᠯᠣᠨ᠎ᠠ᠃ ᠬᠦᠴᠢᠷᠳᠡᠯ ᠲᠠᠢ ᠠᠵᠤ ᠠᠬᠤᠶᠢᠯᠠᠯ ᠤᠨ ᠠᠵᠢᠯ ᠤᠨ ᠪᠠᠶᠢᠷᠢ ᠰᠢᠯᠵᠢᠭᠰᠡᠨ ᠠᠵᠢᠯᠲᠠᠨ ᠠᠵᠢᠯᠴᠢᠨ ᠢ ᠢᠳᠡᠪᠬᠢᠲᠡᠢ ᠬᠥᠲᠥᠯᠥᠨ ᠵᠢᠯᠣᠭᠤᠳᠴᠤ ᠪᠠᠶᠢᠭᠠᠳ ᠰᠢᠨ᠎ᠡ ᠬᠡᠯᠪᠡᠷᠢ ᠪᠦᠬᠦᠢ ᠱᠠᠪᠢ ᠳᠠᠭᠠᠭᠤᠯᠬᠤ ᠳᠦᠷᠢᠮᠲᠦ ᠪᠣᠯᠪᠠᠰᠤᠷᠠᠭᠤᠯᠤᠯ ᠢ ᠥᠷᠨᠢᠭᠦᠯᠦᠨ᠂ ︽ᠰᠤᠷᠭᠠᠭᠤᠯᠢ ᠪᠣᠯᠣᠨ ᠠᠵᠤ ᠠᠬᠤᠶᠢᠯᠠᠯ ᠳᠤ ᠬᠤᠣᠰ ᠳᠦᠷᠢᠮ ᠲᠠᠢ᠂ ᠠᠵᠢᠯᠯᠠᠬᠤ ᠪᠠ ᠰᠤᠷᠬᠤ ᠶᠢ ᠨᠢᠭᠡ ᠴᠣᠭᠴᠠᠵᠢᠭᠤᠯᠬᠤ︾ ᠬᠡᠯᠪᠡᠷᠢ ᠶᠢ ᠬᠡᠷᠡᠭᠯᠡᠨ ᠳᠤᠮᠳᠠ ᠪᠣᠯᠣᠨ ᠳᠡᠭᠡᠳᠦ ᠵᠡᠷᠭᠡ ᠶᠢᠨ ᠤᠷ᠎ᠠ ᠮᠡᠷᠭᠡᠰᠢᠯ ᠲᠠᠢ ᠠᠵᠢᠯᠲᠠᠨ ᠢ ᠬᠥᠮᠥᠵᠢᠭᠦᠯᠦᠨ᠎ᠡ᠂ 1 — 2 ᠵᠢᠯ ᠤᠨ ᠬᠤᠭᠤᠴᠠᠭ᠎ᠠ ᠲᠠᠢ ᠬᠥᠮᠥᠵᠢᠭᠦᠯᠵᠦ᠂ ᠲᠣᠭᠲᠠᠭᠠᠯ ᠶᠣᠰᠣᠭᠠᠷ ᠪᠣᠯᠪᠠᠰᠤᠷᠠᠭᠤᠯᠤᠯ ᠤᠨ ᠨᠡᠮᠡᠭᠦᠷᠢ ᠣᠯᠭᠤᠨ᠎ᠠ᠃ ︵ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ ᠬᠠᠷᠢᠭᠤᠴᠠᠨ᠎ᠠ︶      ᠳᠣᠯᠤᠭ᠎ᠠ᠂ ᠠᠵᠢᠯ ᠠᠯᠳᠠᠭᠰᠠᠳ ᠲᠤ ᠳᠠᠬᠢᠵᠤ ᠠᠵᠢᠯ ᠣᠯᠬᠤ ᠪᠣᠯᠪᠠᠰᠤᠷᠠᠭᠤᠯᠤᠯ ᠬᠢᠬᠦ ᠡᠷᠴᠢᠮ ᠢ ᠴᠢᠩᠭᠠᠷᠠᠭᠤᠯᠤᠨ᠎ᠠ      ᠡᠯ᠎ᠡ ᠲᠥᠷᠥᠯ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ︵ᠮᠡᠷᠭᠡᠵᠢᠯ ᠤᠨ ᠠᠵᠢᠯᠴᠢᠨ ᠤ ᠰᠤᠷᠭᠠᠭᠤᠯᠢ ᠪᠠᠭᠲᠠᠨ᠎ᠠ︶᠂ ᠡᠩ ᠤᠨ ᠳᠡᠭᠡᠳᠦ ᠵᠡᠷᠭᠡ ᠶᠢᠨ ᠰᠤᠷᠭᠠᠭᠤᠯᠢ᠂ ᠠᠵᠢᠯ ᠮᠡᠷᠭᠡᠵᠢᠯ ᠤᠨ ᠪᠣᠯᠪᠠᠰᠤᠷᠠᠭᠤᠯᠤᠯ ᠤᠨ ᠪᠠᠶᠢᠭᠤᠯᠤᠮᠵᠢ ᠪᠣᠯᠣᠨ ᠨᠥᠬᠦᠴᠡᠯ ᠳᠤ ᠨᠡᠶᠢᠴᠡᠭᠰᠡᠨ ᠠᠵᠤ ᠠᠬᠤᠶᠢᠯᠠᠯ ᠢ ᠳᠡᠮᠵᠢᠵᠦ ᠪᠠᠶᠢᠭᠠᠳ ᠠᠵᠢᠯ ᠠᠯᠳᠠᠭᠰᠠᠳ ᠲᠤ ᠠᠵᠢᠯ ᠮᠡᠷᠭᠡᠵᠢᠯ ᠤᠨ ᠤᠷ᠎ᠠ ᠮᠡᠷᠭᠡᠰᠢᠯ ᠤᠨ ᠪᠣᠯᠪᠠᠰᠤᠷᠠᠭᠤᠯᠤᠯ ᠪᠤᠶᠤ ᠦᠢᠯᠡᠰ ᠴᠣᠭᠴᠠᠯᠠᠬᠤ ᠪᠣᠯᠪᠠᠰᠤᠷᠠᠭᠤᠯᠤᠯ ᠬᠢᠬᠦ ᠠᠵᠢᠯ ᠢ ᠳᠠᠭᠠᠭᠠᠨ ᠡᠭᠦᠷᠭᠡᠯᠡᠭᠦᠯᠦᠨ᠎ᠡ᠃ ᠵᠠᠰᠠᠭ ᠤᠨ ᠣᠷᠳᠣᠨ ᠤ ᠨᠡᠮᠡᠭᠦᠷᠢ ᠲᠠᠢ ᠪᠣᠯᠪᠠᠰᠤᠷᠠᠭᠤᠯᠤᠯ᠂ ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠪᠣᠯᠪᠠᠰᠤᠷᠠᠭᠤᠯᠤᠯ ᠪᠣᠯᠣᠨ ᠣᠷᠣᠨ ᠪᠦᠰᠡ ᠶᠢᠨ ᠣᠨᠴᠠᠯᠢᠭ ᠲᠠᠢ ᠪᠣᠯᠪᠠᠰᠤᠷᠠᠭᠤᠯᠤᠯ ᠤᠨ ᠭᠠᠷᠴᠠᠭ ᠢ ᠡᠯᠰᠡᠨ ᠴᠣᠭᠴᠠᠯᠠᠭᠤᠯᠬᠤ ᠶᠢᠨ ᠬᠠᠮᠲᠤ ᠨᠡᠶᠢᠲᠡᠯᠡᠵᠤ᠂ ᠪᠣᠯᠪᠠᠰᠤᠷᠠᠭᠤᠯᠤᠯ ᠤᠨ ᠬᠠᠨᠲᠤᠯᠭᠠᠲᠤ ᠴᠢᠨᠠᠷ ᠪᠤᠯᠤᠨ ᠦᠷ᠎ᠡ ᠪᠦᠲᠦᠮᠵᠢᠲᠦ ᠴᠢᠨᠠᠷ ᠢ ᠳᠡᠭᠡᠭᠰᠢᠯᠡᠭᠦᠯᠦᠨ᠎ᠡ᠃ ᠵᠠᠰᠠᠭ ᠤᠨ ᠣᠷᠳᠣᠨ᠂ ᠠᠵᠤ ᠠᠬᠤᠶᠢᠯᠠᠯ᠂ ᠨᠡᠶᠢᠭᠡᠮ ᠤᠨ ᠬᠢᠨ ᠤ ᠵᠡᠷᠭᠡ ᠡᠯ᠎ᠡ ᠲᠥᠷᠥᠯ ᠤᠨ ᠪᠣᠯᠪᠠᠰᠤᠷᠠᠭᠤᠯᠤᠯ ᠤᠨ ᠡᠬᠢ ᠪᠠᠶᠠᠯᠢᠭ ᠢ ᠰᠢᠯᠢᠳᠡᠭᠵᠢᠭᠦᠯᠵᠦ ᠡᠮᠬᠢᠯᠡᠨ ᠨᠡᠶᠢᠯᠡᠭᠦᠯᠬᠦ ᠡᠷᠴᠢᠮ ᠢᠶᠠᠨ ᠴᠢᠩᠭᠠᠷᠠᠭᠤᠯᠤᠨ᠂ ᠪᠣᠯᠪᠠᠰᠤᠷᠠᠭᠤᠯᠤᠭᠰᠠᠨ ᠦᠷ᠎ᠡ ᠪᠦᠲᠦᠮᠵᠢ ᠪᠠᠷ ᠰᠠᠶᠢᠨ᠂ ᠪᠣᠯᠪᠠᠰᠤᠷᠠᠭᠤᠯᠤᠭᠰᠠᠨ ᠤ ᠳᠠᠷᠠᠭ᠎ᠠ ᠠᠵᠢᠯ ᠣᠯᠣᠭᠰᠠᠨ ᠨᠢ ᠲᠣᠭᠲᠠᠪᠤᠷᠢᠲᠠᠢ᠂ ᠪᠣᠯᠪᠠᠰᠤᠷᠠᠭᠤᠯᠤᠭᠰᠠᠨ ᠬᠡᠪᠴᠢᠶ᠎ᠡ ᠨᠢ ᠵᠣᠬᠢᠬᠤ ᠬᠠᠷᠢᠴᠠᠯ ᠳᠤ ᠬᠦᠷᠦᠭᠰᠡᠨ ᠪᠣᠳᠠᠲᠠᠢ ᠪᠣᠯᠪᠠᠰᠤᠷᠠᠭᠤᠯᠬᠤ ᠰᠠᠭᠤᠷᠢᠨ ᠭᠠᠵᠠᠷ ᠲᠤ᠂ ᠲᠣᠭᠲᠠᠭᠠᠯ ᠶᠣᠰᠣᠭᠠᠷ ᠦᠢᠯᠡᠰ ᠴᠣᠭᠴᠠᠯᠠᠨ ᠠᠵᠢᠯ ᠣᠯᠭᠤᠭᠰᠠᠨ ᠤ ︽ᠱᠠᠩᠨᠠᠬᠤ ᠪᠠᠷ ᠨᠥᠬᠦᠪᠦᠷᠢᠯᠡᠬᠦ ᠶᠢ ᠣᠷᠣᠯᠠᠭᠤᠯᠬᠤ︾ ᠪᠡᠯᠡ ᠮᠥᠩᠭᠦ ᠶᠢᠨ ᠳᠡᠮᠵᠢᠯᠭᠡ ᠦᠵᠡᠭᠦᠯᠦᠨ᠎ᠡ᠃ ᠪᠣᠯᠪᠠᠰᠤᠷᠠᠭᠤᠯᠤᠯ ᠳᠤ ᠬᠢᠷᠢ ᠲᠡᠩᠴᠡᠭᠰᠡᠨ ᠠᠵᠢᠯ ᠠᠯᠳᠠᠭᠰᠠᠳ ᠲᠤ ᠠᠵᠢᠯ ᠮᠡᠷᠭᠡᠵᠢᠯ ᠤᠨ ᠪᠣᠯᠪᠠᠰᠤᠷᠠᠭᠤᠯᠤᠯ ᠤᠨ ᠨᠡᠮᠡᠭᠦᠷᠢ ᠣᠯᠭᠤᠵᠤ᠂ ᠨᠡᠮᠡᠭᠦᠷᠢ ᠶᠢᠨ ᠪᠠᠷᠢᠮᠵᠢᠶ᠎ᠠ ᠶᠢ ᠪᠣᠯᠪᠠᠰᠤᠷᠠᠭᠤᠯᠤᠭᠰᠠᠨ ᠥᠪᠡᠷ ᠤᠨ ᠥᠷᠲᠡᠭ᠂ ᠪᠣᠯᠪᠠᠰᠤᠷᠠᠭᠤᠯᠤᠭᠰᠠᠨ ᠴᠠᠭ ᠬᠤᠭᠤᠴᠠᠭ᠎ᠠ᠂ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠪᠣᠯᠣᠨ ᠬᠠᠮᠢᠶ᠎ᠠ ᠪᠦᠬᠦᠢ ᠦᠨᠡᠮᠯᠡᠯ ᠣᠯᠣᠭᠰᠠᠨ ᠪᠠᠶᠢᠳᠠᠯ ᠵᠡᠷᠭᠡ ᠶᠢ ᠨᠢ ᠦᠨᠳᠦᠰᠦᠯᠡᠨ ᠲᠣᠭᠲᠠᠭᠠᠨ᠎ᠠ᠃ 2019 ᠣᠨ ᠤ 1 ᠳ᠋ᠤᠭᠡᠷ ᠰᠠᠷ᠎ᠠ ᠶᠢᠨ 1 ᠤ ᠡᠳᠦᠷ ᠠᠴᠠ 2020 ᠣᠨ ᠤ 12 ᠳ᠋ᠤᠭᠠᠷ ᠰᠠᠷ᠎ᠠ ᠶᠢᠨ 31 ᠤ ᠡᠳᠦᠷ ᠪᠣᠯᠲᠠᠯ᠎ᠠ᠂ ᠲᠡᠳᠡᠭᠡᠷ ᠤᠨ ᠠᠵᠢᠯ ᠣᠯᠬᠤ ᠳᠤ ᠬᠦᠴᠢᠷᠲᠡᠢ ᠬᠥᠮᠥᠰ ᠪᠣᠯᠣᠨ ᠠᠵᠢᠯ ᠲᠠᠢ ᠬᠥᠮᠥᠨ ᠦᠭᠡᠢ ᠭᠡᠷ ᠪᠦᠯᠢ ᠶᠢᠨ ᠪᠦᠷᠢᠯᠳᠦᠬᠦᠨ ᠨᠠᠷ ᠲᠤ ᠪᠣᠯᠪᠠᠰᠤᠷᠠᠭᠤᠯᠬᠤ ᠬᠤᠭᠤᠴᠠᠭᠠᠨ ᠳᠠᠬᠢ ᠠᠮᠢᠳᠤᠷᠠᠯ ᠤᠨ ᠨᠡᠮᠡᠭᠦᠷᠢ ᠶᠢ ᠳᠠᠬᠢᠵᠤ ᠣᠯᠭᠤᠨ᠎ᠠ᠂ ᠪᠣᠯᠪᠠᠰᠤᠷᠠᠭᠤᠯᠬᠤ ᠠᠮᠢᠳᠤᠷᠠᠯ ᠤᠨ ᠵᠠᠷᠤᠳᠠᠯ ᠤᠨ ᠨᠡᠮᠡᠭᠦᠷᠢ ᠶᠢᠨ ᠪᠠᠷᠢᠮᠵᠢᠶ᠎ᠠ ᠶᠢ ᠡᠯ᠎ᠡ ᠠᠶᠢᠮᠠᠭ ᠬᠤᠲᠠ ᠨᠢ ᠲᠤᠰ ᠭᠠᠵᠠᠷ ᠣᠷᠣᠨ ᠤ ᠪᠣᠳᠠᠲᠤ ᠪᠠᠶᠢᠳᠠᠯ ᠢᠶᠠᠨ ᠦᠨᠳᠦᠰᠦᠯᠡᠨ ᠲᠣᠭᠲᠠᠭᠠᠨ᠎ᠠ᠃ ᠠᠮᠢᠳᠤᠷᠠᠯ ᠤᠨ ᠵᠠᠷᠤᠳᠠᠯ ᠤᠨ ᠨᠡᠮᠡᠭᠦᠷᠢ ᠶᠢᠨ ᠲᠥᠷᠥ ᠶᠢᠨ ᠪᠣᠳᠣᠯᠭ᠎ᠠ ᠶᠢ ᠬᠥᠮᠥᠨ ᠪᠦᠷᠢ ᠵᠢᠯ ᠪᠦᠷᠢ ᠳᠤ ᠨᠢᠭᠡ ᠯᠡ ᠤᠳᠠᠭ᠎ᠠ ᠬᠦᠷᠲᠡᠬᠦ ᠮᠥᠷᠲᠡᠭᠡᠨ ᠡᠭᠦᠨ ᠤ ᠳᠠᠭᠠᠤ ᠳᠤ ᠠᠵᠢᠯ ᠠᠯᠳᠠᠭᠰᠠᠳ ᠤᠨ ᠳᠠᠭᠠᠳᠬᠠᠯ ᠤᠨ ᠮᠥᠩᠭᠦ ᠶᠢ ᠠᠪᠴᠤ ᠪᠣᠯᠬᠤ ᠦᠭᠡᠢ᠃ ᠠᠵᠢᠯ ᠲᠥᠷᠥᠯ ᠤᠨ ᠨᠡᠶᠢᠭᠡᠮᠯᠢᠭ᠂ ᠨᠡᠶᠢᠭᠡᠮ ᠲᠣᠭᠤᠷᠢᠭ ᠤᠨ ᠦᠨᠳᠦᠰᠦᠨ ᠱᠠᠲᠤᠨ ᠤ ᠠᠵᠢᠯ ᠣᠯᠭᠤᠬᠤ ᠦᠢᠯᠡᠴᠢᠯᠡᠭᠡᠨ ᠤ ᠲᠠᠪᠴᠠᠩ᠂ ᠬᠥᠮᠥᠨ ᠤ ᠬᠦᠴᠦᠨ ᠤ ᠡᠬᠢ ᠪᠠᠶᠠᠯᠢᠭ ᠤᠨ ᠵᠠᠭᠤᠴᠢ ᠪᠠᠶᠢᠭᠤᠯᠤᠮᠵᠢ ᠵᠡᠷᠭᠡ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠢᠨ ᠤ ᠲᠠᠪᠴᠠᠩ ᠪᠠᠶᠢᠭᠤᠯᠬᠤ ᠶᠢ ᠵᠣᠷᠢᠬᠵᠢᠭᠤᠯᠤᠨ ᠳᠡᠮᠵᠢᠵᠦ᠂ ᠠᠵᠢᠯᠴᠢᠨ ᠬᠡᠷᠡᠭᠯᠡᠬᠦ ᠪᠠᠷ ᠣᠯᠠᠨ ᠪᠣᠯᠣᠨ ᠴᠦᠬᠡᠨ ᠪᠠᠶᠢᠭ᠎ᠠ ᠵᠢᠴᠢ ᠢᠯᠡᠭᠦᠳᠡᠵᠦ ᠳᠤᠲᠠᠭᠳᠠᠵᠤ ᠪᠠᠶᠢᠭ᠎ᠠ ᠶᠢ ᠲᠣᠬᠢᠷᠠᠭᠤᠯᠤᠨ ᠨᠡᠶᠢᠴᠡᠭᠦᠯᠬᠦ ᠵᠡᠷᠭᠡ ᠦᠢᠯᠡᠴᠢᠯᠡᠭᠡ ᠥᠷᠨᠢᠭᠦᠯᠵᠦ ᠪᠠᠶᠢᠪᠠᠯ᠂ ᠡᠯ᠎ᠡ ᠭᠠᠵᠠᠷ ᠣᠷᠣᠨ ᠤ ᠠᠵᠢᠯ ᠣᠯᠭᠤᠨ ᠦᠢᠯᠡᠰ ᠴᠣᠭᠴᠠᠯᠠᠬᠤ ᠦᠢᠯᠡᠴᠢᠯᠡᠭᠡᠨ ᠤ ᠬᠡᠪᠴᠢᠶᠡᠨ ᠳᠤ ᠣᠷᠣᠭᠤᠯᠵᠤ ᠪᠣᠯᠣᠨ᠎ᠠ᠃ ︵ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠰᠤᠷᠭᠠᠨ ᠬᠥᠮᠥᠵᠢᠯ ᠤᠨ ᠲᠢᠩᠬᠢᠮ ᠵᠡᠷᠭᠡ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠣᠨ ᠨᠢᠭᠡᠴᠢ ᠬᠠᠷᠢᠭᠤᠴᠠᠨ᠎ᠠ︶      ᠨᠠᠢᠮᠠ᠂ ᠮᠡᠷᠭᠡᠵᠢᠯ ᠤᠷ᠎ᠠ ᠮᠡᠷᠭᠡᠰᠢᠯ ᠢᠶᠠᠨ ᠳᠡᠭᠡᠭᠰᠢᠯᠡᠭᠦᠯᠬᠦ ᠨᠡᠮᠡᠭᠦᠷᠢ ᠭᠤᠶᠤᠴᠢᠯᠠᠬᠤ ᠨᠥᠬᠦᠴᠡᠯ ᠢ ᠠᠭᠤᠵᠢᠭᠤ ᠪᠣᠯᠭᠠᠨ᠎ᠠ      2019 ᠣᠨ ᠤ 1 ᠳ᠋ᠤᠭᠡᠷ ᠰᠠᠷ᠎ᠠ ᠶᠢᠨ 1 ᠤ ᠡᠳᠦᠷ ᠠᠴᠠ 2020 ᠣᠨ ᠤ 12 ᠳ᠋ᠤᠭᠠᠷ ᠰᠠᠷ᠎ᠠ ᠶᠢᠨ 31 ᠤ ᠡᠳᠦᠷ ᠪᠣᠯᠲᠠᠯ᠎ᠠ᠂ ᠮᠡᠷᠭᠡᠵᠢᠯ ᠤᠷ᠎ᠠ ᠮᠡᠷᠭᠡᠰᠢᠯ ᠢᠶᠠᠨ ᠳᠡᠭᠡᠭᠰᠢᠯᠡᠭᠦᠯᠬᠦ ᠨᠡᠮᠡᠭᠦᠷᠢ ᠭᠤᠶᠤᠴᠢᠯᠠᠬᠤ ᠨᠥᠬᠦᠴᠡᠯ ᠢ ᠠᠵᠤ ᠠᠬᠤᠶᠢᠯᠠᠯ ᠳᠤ ᠠᠵᠢᠯᠯᠠᠵᠤ ᠪᠠᠶᠢᠭ᠎ᠠ ᠠᠵᠢᠯᠲᠠᠨ ᠠᠵᠢᠯᠴᠢᠨ ᠤ ᠠᠵᠢᠯ ᠠᠯᠳᠠᠭᠰᠠᠳ ᠤᠨ ᠳᠠᠭᠠᠳᠬᠠᠯ ᠳᠤ ᠣᠷᠣᠯᠴᠠᠭᠠᠳ 3 ᠵᠢᠯ ︵3 ᠵᠢᠯ ᠪᠣᠯᠣᠭᠰᠠᠨ ᠢ ᠪᠠᠭᠲᠠᠭᠠᠨ᠎ᠠ︶ ᠠᠴᠠ ᠳᠡᠭᠡᠭᠰᠢᠬᠢ ᠪᠠᠶᠢᠭᠰᠠᠨ ᠢ ᠨᠢ ᠠᠵᠢᠯ ᠠᠯᠳᠠᠭᠰᠠᠳ ᠤᠨ ᠳᠠᠭᠠᠳᠬᠠᠯ ᠳᠤ ᠣᠷᠣᠯᠴᠠᠭᠠᠳ 1 ᠵᠢᠯ ︵1 ᠵᠢᠯ ᠪᠣᠯᠣᠭᠰᠠᠨ ᠢ ᠪᠠᠭᠲᠠᠭᠠᠨ᠎ᠠ︶ ᠠᠴᠠ ᠳᠡᠭᠡᠭᠰᠢᠬᠢ ᠪᠣᠯᠲᠠᠯ᠎ᠠ ᠠᠭᠤᠵᠢᠭᠤ ᠲᠠᠯᠪᠢᠨ᠎ᠠ᠃ ᠳᠠᠭᠠᠳᠬᠠᠯ ᠳᠤ ᠣᠷᠣᠯᠴᠠᠭᠰᠠᠨ ᠠᠵᠢᠯᠲᠠᠨ ᠠᠵᠢᠯᠴᠢᠨ ᠨᠢ ᠠᠵᠢᠯ ᠮᠡᠷᠭᠡᠵᠢᠯ ᠤᠨ ᠬᠢᠷᠢ ᠬᠡᠮ ᠤᠨ ᠦᠨᠡᠮᠯᠡᠯ ᠪᠤᠶᠤ ᠠᠵᠢᠯ ᠮᠡᠷᠭᠡᠵᠢᠯ ᠤᠨ ᠤᠷ᠎ᠠ ᠮᠡᠷᠭᠡᠰᠢᠯ ᠤᠨ ᠵᠡᠷᠭᠡ ᠳᠡᠰ ᠤᠨ ᠦᠨᠡᠮᠯᠡᠯ ᠣᠯᠣᠭᠰᠠᠨ ᠪᠠᠶᠢᠪᠠᠯ᠂ ᠳᠠᠭᠠᠳᠬᠠᠯ ᠳᠤ ᠣᠷᠣᠯᠴᠠᠭᠰᠠᠨ ᠭᠠᠵᠠᠷ ᠲᠤ ᠪᠠᠨ ᠮᠡᠷᠭᠡᠵᠢᠯ ᠤᠷ᠎ᠠ ᠮᠡᠷᠭᠡᠰᠢᠯ ᠢᠶᠠᠨ ᠳᠡᠭᠡᠭᠰᠢᠯᠡᠭᠦᠯᠬᠦ ᠨᠡᠮᠡᠭᠦᠷᠢ ᠶᠢ ᠭᠤᠶᠤᠴᠢᠯᠠᠵᠤ ᠪᠣᠯᠣᠨ᠎ᠠ᠂ ᠬᠡᠷᠡᠭᠰᠡᠬᠦ ᠪᠡᠯᠡ ᠮᠥᠩᠭᠦ ᠶᠢ ᠠᠵᠢᠯ ᠠᠯᠳᠠᠭᠰᠠᠳ ᠤᠨ ᠳᠠᠭᠠᠳᠬᠠᠯ ᠤᠨ ᠰᠠᠭᠤᠷᠢ ᠮᠥᠩᠭᠦᠨ ᠠᠴᠠ ᠵᠠᠷᠤᠴᠠᠭᠤᠯᠤᠨ᠎ᠠ᠂ ᠪᠣᠳᠠᠲᠠᠢ ᠨᠡᠮᠡᠭᠦᠷᠢ ᠶᠢᠨ ᠪᠠᠷᠢᠮᠵᠢᠶ᠎ᠠ ᠶᠢ ᠠᠩᠬ᠎ᠠ ᠵᠡᠷᠭᠡ ︵ᠲᠠᠪᠤᠳᠤᠭᠠᠷ ᠳᠡᠰ︶᠂ ᠳᠤᠮᠳᠠ ᠵᠡᠷᠭᠡ ︵ᠳᠥᠷᠪᠡᠳᠦᠭᠡᠷ ᠳᠡᠰ︶᠂ ᠳᠡᠭᠡᠳᠦ ᠵᠡᠷᠭᠡ ︵ᠭᠤᠷᠪᠠᠳᠤᠭᠠᠷ ᠳᠡᠰ︶ ᠤᠨ ᠠᠵᠢᠯ ᠮᠡᠷᠭᠡᠵᠢᠯ ᠤᠨ ᠬᠢᠷᠢ ᠬᠡᠮ ᠤᠨ ᠦᠨᠡᠮᠯᠡᠯ ᠣᠯᠣᠭᠰᠠᠨ ᠪᠤᠶᠤ ᠠᠵᠢᠯ ᠮᠡᠷᠭᠡᠵᠢᠯ ᠤᠨ ᠤᠷ᠎ᠠ ᠮᠡᠷᠭᠡᠰᠢᠯ ᠤᠨ ᠵᠡᠷᠭᠡ ᠳᠡᠰ ᠲᠠᠢ ᠪᠣᠯᠣᠭᠰᠠᠨ ᠢᠶᠠᠷ ᠨᠢ ᠲᠤᠰ ᠲᠤᠰ 1000 ᠲᠥᠭᠦᠷᠢᠭ᠂ 1500 ᠲᠥᠭᠦᠷᠢᠭ᠂ 2000 ᠲᠥᠭᠦᠷᠢᠭ ᠠᠴᠠ ᠳᠠᠪᠠᠭᠤᠯᠬᠤ ᠦᠭᠡᠢ ᠬᠡᠮᠵᠢᠶᠡᠨ ᠤ ᠪᠣᠯᠪᠠᠰᠤᠷᠠᠭᠤᠯᠤᠯ ᠤᠨ ᠨᠡᠮᠡᠭᠦᠷᠢ ᠣᠯᠭᠤᠨ᠎ᠠ᠃ ︵ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ ᠬᠠᠷᠢᠭᠤᠴᠠᠨ᠎ᠠ︶      ᠶᠢᠰᠦ᠂ ᠠᠵᠢᠯ ᠠᠯᠳᠠᠭᠰᠠᠨ ᠢᠶᠠᠨ ᠲᠡᠮᠳᠡᠭᠯᠡᠭᠦᠯᠦᠭᠰᠡᠨ ᠪᠠᠶᠢᠩᠭᠤ ᠰᠠᠭᠤᠭ᠎ᠠ ᠭᠠᠵᠠᠷ ᠲᠤ ᠦᠢᠯᠡᠴᠢᠯᠡᠭᠡ ᠬᠠᠩᠭᠠᠵᠤ ᠥᠭᠭᠦᠨ᠎ᠡ      ᠬᠠᠤᠯᠢ ᠶᠣᠰᠣᠨ ᠤ ᠬᠦᠳᠡᠯᠮᠦᠷᠢᠯᠡᠬᠦ ᠨᠠᠰᠤᠨ ᠤ ᠳᠣᠲᠣᠷᠠᠬᠢ᠂ ᠬᠦᠳᠡᠯᠮᠦᠷᠢᠯᠡᠬᠦ ᠴᠢᠳᠠᠪᠤᠷᠢ ᠲᠠᠢ᠂ ᠠᠵᠢᠯ ᠣᠯᠬᠤ ᠱᠠᠭᠠᠷᠳᠠᠯᠭ᠎ᠠ ᠲᠠᠢ᠂ ᠠᠵᠢᠯ ᠦᠭᠡᠢ ᠪᠠᠶᠢᠭ᠎ᠠ ᠪᠠᠶᠢᠳᠠᠯ ᠲᠠᠢ ᠠᠵᠢᠯ ᠠᠯᠳᠠᠭᠰᠠᠳ ᠪᠠᠶᠢᠩᠭᠤ ᠰᠠᠭᠤᠭ᠎ᠠ ᠭᠠᠵᠠᠷ ᠤᠨ ᠣᠯᠠᠨ ᠨᠡᠶᠢᠲᠡ ᠶᠢᠨ ᠠᠵᠢᠯ ᠣᠯᠭᠤᠬᠤ ᠦᠢᠯᠡᠴᠢᠯᠡᠭᠡᠨ ᠤ ᠪᠠᠶᠢᠭᠤᠯᠤᠮᠵᠢ ᠳᠤ ᠠᠵᠢᠯ ᠠᠯᠳᠠᠭᠰᠠᠨ ᠢᠶᠠᠨ ᠲᠡᠮᠳᠡᠭᠯᠡᠭᠦᠯᠵᠦ᠂ ᠪᠠᠶᠢᠩᠭᠤ ᠰᠠᠭᠤᠭ᠎ᠠ ᠭᠠᠵᠠᠷ ᠤᠨ ᠠᠵᠢᠯ ᠣᠯᠭᠤᠨ ᠦᠢᠯᠡᠰ ᠴᠣᠭᠴᠠᠯᠠᠬᠤ ᠦᠢᠯᠡᠴᠢᠯᠡᠭᠡ᠂ ᠠᠵᠢᠯ ᠣᠯᠭᠤᠬᠤ ᠶᠢ ᠲᠡᠳᠬᠦᠬᠦ ᠲᠥᠷᠥ ᠶᠢᠨ ᠪᠣᠳᠣᠯᠭ᠎ᠠ᠂ ᠭᠤᠣᠯᠳᠠᠯᠭ᠎ᠠ ᠲᠠᠢ ᠬᠥᠮᠥᠰ ᠤᠨ ᠠᠵᠢᠯ ᠣᠯᠵᠤ ᠦᠢᠯᠡᠰ ᠴᠣᠭᠴᠠᠯᠠᠬᠤ ᠳᠤ ᠭᠠᠶᠢᠯᠢ ᠲᠠᠲᠠᠪᠤᠷᠢ ᠶᠢᠨ ᠬᠠᠷᠠᠭᠠᠯᠵᠠᠯ ᠦᠵᠡᠭᠦᠯᠬᠦ ᠲᠥᠷᠥ ᠶᠢᠨ ᠪᠣᠳᠣᠯᠭ᠎ᠠ ᠶᠢ ᠬᠦᠷᠲᠡᠬᠦ ᠪᠠᠷ ᠭᠤᠶᠤᠴᠢᠯᠠᠬᠤ ᠶᠢ ᠨᠢ ᠵᠥᠪᠰᠢᠶᠡᠷᠡᠨ᠎ᠡ᠃ ᠠᠵᠢᠯ ᠠᠯᠳᠠᠭᠰᠠᠨ ᠢᠶᠠᠨ ᠲᠡᠮᠳᠡᠭᠯᠡᠭᠦᠯᠬᠦ ᠨᠥᠬᠦᠴᠡᠯ ᠳᠤ ᠨᠡᠶᠢᠴᠡᠬᠦ ᠬᠥᠮᠥᠰ ᠢ ᠥᠪᠡᠷ ᠤᠨ ᠪᠡᠶ᠎ᠡ ᠪᠣᠯᠣᠨ ᠡᠷᠦᠬᠡ ᠠᠮᠠ ᠨᠢ ᠰᠠᠯᠤᠩᠭᠢᠳᠠ ᠪᠠᠶᠢᠬᠤ᠂ ᠡᠷᠦᠬᠡ ᠠᠮᠠ ᠨᠢ ᠲᠤᠰ ᠭᠠᠵᠠᠷ ᠲᠤ ᠪᠠᠶᠢᠬᠤ ᠦᠭᠡᠢ ᠪᠤᠶᠤ ᠳᠠᠩᠰᠠ ᠡᠪᠬᠡᠮᠡᠯ ᠪᠠᠶᠢᠬᠤ ᠦᠭᠡᠢ ᠵᠡᠷᠭᠡ ᠰᠢᠯᠲᠠᠭᠠᠨ ᠢᠶᠠᠷ ᠬᠦᠯᠢᠶᠡᠨ ᠠᠪᠬᠤ ᠦᠭᠡᠢ ᠪᠠᠶᠢᠵᠤ ᠪᠣᠯᠬᠤ ᠦᠭᠡᠢ᠃ ᠠᠵᠢᠯ ᠣᠯᠬᠤ ᠳᠤ ᠬᠦᠴᠢᠷᠲᠡᠢ ᠪᠠᠶᠢᠬᠤ ᠨᠥᠬᠦᠴᠡᠯ ᠳᠤ ᠨᠡᠶᠢᠴᠡᠬᠦ ᠬᠥᠮᠥᠰ ᠨᠢ ᠪᠠᠶᠢᠩᠭᠤ ᠰᠠᠭᠤᠭ᠎ᠠ ᠭᠠᠵᠠᠷ ᠲᠤ ᠪᠠᠨ ᠠᠵᠢᠯ ᠣᠯᠬᠤ ᠳᠤ ᠬᠦᠴᠢᠷᠲᠡᠢ ᠪᠠᠶᠢᠭ᠎ᠠ ᠬᠥᠮᠥᠰ ᠢᠶᠠᠷ ᠮᠠᠭᠠᠳᠯᠠᠨ ᠲᠣᠭᠲᠠᠭᠠᠯᠭᠠᠬᠤ ᠶᠢ ᠭᠤᠶᠤᠴᠢᠯᠠᠵᠤ᠂ ᠠᠵᠢᠯ ᠣᠯᠭᠤᠬᠤ ᠲᠤᠰᠠᠯᠠᠮᠵᠢ ᠬᠦᠷᠲᠡᠵᠦ ᠪᠣᠯᠣᠨ᠎ᠠ᠃ ᠡᠯ᠎ᠡ ᠱᠠᠲᠤᠨ ᠤ ᠣᠯᠠᠨ ᠨᠡᠶᠢᠲᠡ ᠶᠢᠨ ᠠᠵᠢᠯ ᠣᠯᠭᠤᠵᠤ ᠦᠢᠯᠡᠴᠢᠯᠡᠬᠦ ᠪᠠᠶᠢᠭᠤᠯᠤᠮᠵᠢ ᠨᠢ ᠠᠵᠢᠯ ᠣᠯᠭᠤᠬᠤ ᠨᠠᠷᠢᠯᠢᠬᠵᠢᠭᠤᠯᠤᠭᠰᠠᠨ᠂ ᠤᠷᠲᠤ ᠬᠤᠭᠤᠴᠠᠭᠠᠨ ᠤ ᠪᠦᠲᠦᠮᠵᠢᠲᠡᠢ ᠪᠠᠶᠢᠬᠤ ᠲᠤᠰᠠᠯᠠᠮᠵᠢ ᠶᠢ ᠴᠠᠭ ᠲᠤᠬᠠᠢ ᠳᠤ ᠨᠢ ᠬᠠᠩᠭᠠᠨ ᠥᠭᠴᠦ᠂ ᠲᠣᠭᠲᠠᠭᠠᠯ ᠶᠣᠰᠣᠭᠠᠷ ᠨᠡᠶᠢᠭᠡᠮ ᠤᠨ ᠳᠠᠭᠠᠳᠬᠠᠯ ᠤᠨ ᠨᠡᠮᠡᠭᠦᠷᠢ᠂ ᠠᠵᠢᠯ ᠤᠨ ᠪᠠᠶᠢᠷᠢ ᠶᠢᠨ ᠨᠡᠮᠡᠭᠦᠷᠢ ᠵᠡᠷᠭᠡ ᠶᠢᠨ ᠲᠡᠳᠬᠦᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠢ᠃ ᠨᠥᠬᠦᠴᠡᠯ ᠳᠤ ᠨᠡᠶᠢᠴᠡᠬᠦ ᠠᠵᠢᠯ ᠠᠯᠳᠠᠭᠰᠠᠳ ᠲᠤ᠂ ᠠᠵᠢᠯ ᠠᠯᠳᠠᠭᠰᠠᠳ ᠤᠨ ᠳᠠᠭᠠᠳᠬᠠᠯ ᠤᠨ ᠰᠠᠭᠤᠷᠢ ᠮᠦᠩᠭᠦᠨ ᠠᠴᠠ ᠠᠵᠢᠯ ᠠᠯᠳᠠᠭᠰᠠᠨ ᠳᠠᠭᠠᠳᠬᠠᠯ ᠤᠨ ᠮᠥᠩᠭᠦ ᠣᠯᠭᠤᠵᠤ᠂ ᠬᠤᠪᠢ ᠬᠥᠮᠥᠨ ᠤ ᠲᠤᠰᠢᠶᠠᠪᠠᠰᠤ ᠵᠣᠬᠢᠬᠤ ᠡᠮᠴᠢᠯᠡᠭᠡᠨ ᠤ ᠦᠨᠳᠦᠰᠦᠨ ᠳᠠᠭᠠᠳᠬᠠᠯ ᠤᠨ ᠰᠦᠢᠳᠬᠡᠯ ᠢ ᠨᠢ ᠠᠵᠢᠯ ᠠᠯᠳᠠᠭᠰᠠᠳ ᠤᠨ ᠳᠠᠭᠠᠳᠬᠠᠯ ᠤᠨ ᠰᠠᠭᠤᠷᠢ ᠮᠥᠩᠭᠦᠨ ᠠᠴᠠ ᠵᠠᠷᠤᠴᠠᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ᠂ ᠥᠪᠥᠷ ᠮᠣᠩᠭᠤᠯ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠬᠠᠷᠢᠭᠤᠴᠠᠨ᠎ᠠ︶      ᠠᠷᠪᠠ᠂ ᠬᠦᠴᠢᠷᠳᠡᠯᠲᠡᠢ ᠬᠥᠮᠥᠰ ᠤᠨ ᠠᠮᠢᠳᠤᠷᠠᠯ ᠳᠤ ᠲᠤᠰᠠᠯᠠᠵᠤ ᠬᠠᠪᠰᠤᠷᠬᠤ ᠶᠢ ᠴᠢᠩᠭᠠᠳᠬᠠᠨ᠎ᠠ      ᠬᠤᠲᠠ ᠬᠦᠳᠡᠭᠡ ᠶᠢ ᠠᠭᠤᠰᠤᠯᠴᠠᠭᠤᠯᠤᠭᠰᠠᠨ ᠠᠵᠢᠯ ᠣᠯᠭᠤᠬᠤ ᠲᠥᠷᠥ ᠶᠢᠨ ᠪᠣᠳᠣᠯᠭ᠎ᠠ ᠶᠢ ᠰᠦᠪᠡᠭᠴᠢᠯᠡᠨ ᠲᠡᠭᠦᠯᠳᠡᠷᠵᠢᠭᠦᠯᠵᠦ᠂ ᠠᠵᠢᠯ ᠣᠯᠬᠤ ᠳᠤ ᠬᠦᠴᠢᠷᠲᠡᠢ ᠬᠥᠮᠥᠰ ᠤᠨ ᠬᠡᠪᠴᠢᠶ᠎ᠡ ᠶᠢ ᠴᠠᠭ ᠲᠤ ᠨᠢ ᠵᠣᠬᠢᠴᠠᠭᠤᠯᠤᠨ ᠲᠣᠬᠢᠷᠠᠭᠤᠯᠤᠨ᠎ᠠ᠃ ᠡᠯ᠎ᠡ ᠭᠠᠵᠠᠷ ᠣᠷᠣᠨ ᠢ ᠵᠣᠷᠢᠬᠵᠢᠭᠤᠯᠵᠤ ᠪᠠᠶᠢᠭᠠᠳ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢ ᠢᠳᠡᠪᠬᠢᠲᠡᠢ ᠪᠠᠷ ᠭᠠᠷᠭᠠᠵᠤ᠂ ᠵᠠᠬ᠎ᠠ ᠳᠡᠯᠭᠡᠭᠦᠷᠴᠢᠯᠡᠭᠰᠡᠨ ᠠᠷᠭ᠎ᠠ ᠵᠠᠮ ᠢᠶᠠᠷ ᠳᠠᠮᠵᠢᠭᠤᠯᠤᠨ ᠠᠵᠢᠯ ᠣᠯᠬᠤ ᠳᠤ ᠪᠡᠷᠬᠡ ᠪᠠᠶᠢᠭ᠎ᠠ ᠬᠦᠴᠢᠷᠳᠡᠯᠲᠡᠢ ᠬᠥᠮᠥᠰ ᠢ ᠪᠠᠲᠤᠯᠠᠨ ᠳᠠᠭᠠᠭᠠᠵᠤ ᠲᠥᠪᠬᠢᠨᠡᠭᠦᠯᠦᠨ᠂ ᠠᠵᠢᠯ ᠲᠠᠢ ᠬᠥᠮᠥᠨ ᠦᠭᠡᠢ ᠭᠡᠷ ᠪᠦᠯᠢ ᠶᠢᠨ ᠬᠦᠳᠡᠯᠥᠩᠭᠦᠢ ᠪᠠᠷ ᠬᠠᠰᠤᠭᠳᠠᠵᠤ ᠴᠡᠪᠡᠷᠯᠡᠬᠦ ᠶᠢ ᠦᠨᠡᠨ ᠬᠦ ᠪᠠᠲᠤᠯᠠᠨ᠎ᠠ᠃ ᠠᠮᠢᠳᠤᠷᠠᠯ ᠨᠢ ᠬᠦᠴᠢᠷᠳᠡᠯᠲᠡᠢ ᠠᠵᠢᠯ ᠤᠨ ᠪᠠᠶᠢᠷᠢ ᠠᠴᠠ ᠪᠠᠭᠤᠭᠰᠠᠨ ᠨᠥᠬᠦᠴᠡᠯ ᠳᠤ ᠨᠡᠶᠢᠴᠡᠬᠦ ᠠᠵᠢᠯ ᠠᠯᠳᠠᠭᠰᠠᠳ ᠲᠤ ᠠᠮᠢᠳᠤᠷᠠᠯ ᠤᠨ ᠲᠦᠷ ᠴᠠᠭ ᠤᠨ ᠨᠥᠬᠦᠪᠦᠷᠢ ᠣᠯᠭᠤᠨ᠎ᠠ᠂ ᠨᠥᠬᠦᠪᠦᠷᠢ ᠶᠢᠨ ᠪᠠᠷᠢᠮᠵᠢᠶ᠎ᠠ ᠶᠢ ᠭᠡᠷ ᠪᠦᠯᠢ ᠶᠢᠨ ᠬᠦᠴᠢᠷᠳᠡᠯᠲᠡᠢ ᠪᠠᠶᠢᠭ᠎ᠠ ᠬᠡᠮᠵᠢᠶ᠎ᠡ᠂ ᠭᠠᠵᠠᠷ ᠣᠷᠣᠨ ᠤ ᠬᠡᠷᠡᠭᠯᠡᠭᠡ ᠶᠢᠨ ᠬᠢᠷᠢ ᠲᠦᠪᠰᠢᠨ ᠵᠡᠷᠭᠡ ᠶᠢ ᠦᠨᠳᠦᠰᠦᠯᠡᠨ ᠶᠡᠷᠦᠩᠬᠡᠢ ᠳᠤ ᠨᠢ ᠲᠣᠭᠲᠠᠭᠠᠨ᠎ᠠ᠃ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠨᠥᠬᠦᠴᠡᠯ ᠳᠤ ᠨᠡᠶᠢᠴᠡᠬᠦ ᠭᠡᠷ ᠪᠦᠯᠢ ᠶᠢ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠬᠡᠪᠴᠢᠶᠡᠨ ᠳᠤ ᠳᠠᠷᠦ᠋ᠢᠬᠠᠨ ᠣᠷᠣᠭᠤᠯᠤᠨ᠎ᠠ᠃ ᠲᠦᠷ ᠴᠠᠭ ᠤᠨ ᠲᠤᠰᠠᠯᠠᠵᠤ ᠬᠠᠪᠰᠤᠷᠬᠤ ᠨᠥᠬᠦᠴᠡᠯ ᠳᠤ ᠨᠡᠶᠢᠴᠡᠬᠦ ᠪᠣᠯ᠂ ᠲᠦᠷ ᠴᠠᠭ ᠢᠶᠠᠷ ᠲᠤᠰᠠᠯᠠᠨ ᠬᠠᠪᠰᠤᠷᠤᠨ᠎ᠠ᠂ ᠲᠤᠰᠠᠯᠠᠨ ᠬᠠᠪᠰᠤᠷᠬᠤ ᠪᠠᠷᠢᠮᠵᠢᠶ᠎ᠠ ᠶᠢ ᠡᠯ᠎ᠡ ᠭᠠᠵᠠᠷ ᠣᠷᠣᠨ ᠨᠢ ᠪᠣᠳᠠᠲᠠᠢ ᠲᠠᠢ ᠪᠠᠨ ᠤᠶᠠᠯᠳᠤᠭᠤᠯᠵᠤ ᠥᠪᠡᠰᠦᠪᠡᠨ ᠲᠣᠭᠲᠠᠭᠠᠨ᠎ᠠ᠃ ᠠᠩᠭᠢᠯᠠᠵᠤ ᠬᠠᠪᠰᠤᠷᠤᠨ ᠲᠡᠳᠬᠦᠬᠦ᠂ ᠶᠡᠷᠦᠩᠬᠡᠶᠢᠯᠡᠨ ᠪᠣᠳᠣᠯᠭ᠎ᠠ ᠬᠡᠷᠡᠭᠵᠢᠭᠦᠯᠬᠦ ᠪᠠᠷ ᠳᠠᠮᠵᠢᠭᠤᠯᠵᠤ ᠂ ᠬᠦᠴᠢᠷᠳᠡᠯᠲᠡᠢ ᠬᠥᠮᠥᠰ ᠤᠨ ᠠᠮᠢᠳᠤᠷᠠᠯ ᠤᠨ ᠬᠦᠴᠢᠷ ᠢ ᠨᠢ ᠦᠨᠡᠨ ᠬᠦ ᠰᠢᠢᠳᠪᠦᠷᠢᠯᠡᠵᠦ ᠥᠭᠭᠦᠨ᠎ᠡ᠃ ︵ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠠᠷᠠᠳ ᠤᠨ ᠶᠠᠪᠤᠳᠠᠯ ᠤᠨ ᠲᠢᠩᠬᠢᠮ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠪᠣᠯᠣᠨ ᠨᠢᠭᠡᠴᠢ ᠬᠠᠷᠢᠭᠤᠴᠠᠨ᠎ᠠ︶      ᠠᠷᠪᠠᠨ ᠨᠢᠭᠡ᠂ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠪᠣᠯᠣᠨ ᠠᠵᠢᠯ ᠣᠯᠭᠤᠬᠤ ᠦᠢᠯᠡᠴᠢᠯᠡᠭᠡ ᠶᠢ ᠢᠳᠡᠪᠬᠢᠲᠡᠢ ᠥᠷᠨᠢᠭᠦᠯᠦᠨ᠎ᠡ      ᠡᠯ᠎ᠡ ᠭᠠᠵᠠᠷ ᠣᠷᠣᠨ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠨᠢ ᠠᠵᠢᠯ ᠣᠯᠭᠤᠬᠤ ᠲᠥᠷᠥ ᠶᠢᠨ ᠪᠣᠳᠣᠯᠭ᠎ᠠ ᠶᠢ ᠢᠳᠡᠪᠬᠢᠲᠡᠢ ᠵᠣᠬᠢᠶᠠᠨ ᠪᠠᠶᠢᠭᠤᠯᠵᠤ ᠤᠬᠠᠭᠤᠯᠤᠨ᠂ ᠣᠳᠣ ᠦᠶ᠎ᠡ ᠶᠢᠨ ᠮᠡᠳᠡᠭᠡ ᠵᠠᠩᠭᠢ ᠶᠢᠨ ᠵᠠᠭᠤᠴᠢᠯᠠᠭᠤᠷ ᠢ ᠭᠦᠢᠴᠡᠳ ᠠᠰᠢᠭᠯᠠᠵᠤ ᠲᠥᠷᠥ ᠶᠢᠨ ᠪᠣᠳᠣᠯᠭ᠎ᠠ ᠶᠢᠨ ᠨᠠᠷᠢᠨ ᠬᠠᠭᠤᠳᠠᠰᠤ᠂ ᠭᠤᠶᠤᠴᠢᠯᠠᠨ ᠭᠦᠢᠴᠡᠳᠬᠡᠬᠦ ᠴᠤᠪᠤᠷᠠᠯ᠂ ᠨᠡᠮᠡᠭᠦᠷᠢ ᠶᠢᠨ ᠪᠠᠷᠢᠮᠵᠢᠶ᠎ᠠ᠂ ᠦᠢᠯᠡᠴᠢᠯᠡᠬᠦ ᠪᠠᠶᠢᠭᠤᠯᠤᠮᠵᠢ ᠵᠢᠴᠢ ᠬᠠᠷᠢᠯᠴᠠᠬᠤ ᠠᠷᠭ᠎ᠠ ᠬᠡᠯᠪᠡᠷᠢ᠂ ᠬᠢᠨᠠᠯᠲᠠ ᠲᠠᠯᠪᠢᠵᠤ ᠵᠠᠭᠠᠯᠳᠤᠬᠤ ᠤᠲᠠᠰᠤ ᠶᠢ ᠨᠡᠶᠢᠭᠡᠮ ᠳᠤ ᠨᠡᠶᠢᠲᠡᠯᠡᠵᠦ᠂ ᠠᠵᠤ ᠠᠬᠤᠶᠢᠯᠠᠯ ᠳᠤ ᠭᠦᠨᠵᠡᠭᠡᠶᠢᠷᠡᠨ ᠲᠥᠷᠥ ᠶᠢᠨ ᠪᠣᠳᠣᠯᠭ᠎ᠠ ᠶᠢ ᠤᠬᠠᠭᠤᠯᠵᠤ ᠬᠦᠴᠢᠷᠳᠡᠯ ᠢ ᠨᠢ ᠣᠶᠢᠯᠠᠭᠠᠵᠤ ᠬᠠᠪᠰᠤᠷᠴᠤ ᠲᠡᠳᠬᠦᠬᠦ ᠠᠵᠢᠯ ᠢ ᠰᠠᠶᠢᠲᠤᠷ ᠬᠢᠬᠦ ᠬᠡᠷᠡᠭᠲᠡᠢ᠃ ᠠᠵᠢᠯ ᠣᠯᠭᠤᠨ ᠦᠢᠯᠡᠰ ᠴᠣᠭᠴᠠᠯᠠᠬᠤ ᠳᠤ ᠲᠡᠳᠬᠦᠬᠦ ᠲᠥᠷᠥ ᠶᠢᠨ ᠪᠣᠳᠣᠯᠭ᠎ᠠ ᠪᠣᠯᠣᠨ ᠠᠵᠢᠯ ᠣᠯᠭᠤᠨ ᠦᠢᠯᠡᠰ ᠴᠣᠭᠴᠠᠯᠠᠬᠤ ᠳᠤ ᠦᠢᠯᠡᠴᠢᠯᠡᠬᠦ ᠶᠢ ᠬᠦᠷᠲᠡᠬᠦ ᠪᠠᠷ ᠭᠤᠶᠤᠴᠢᠯᠠᠬᠤ ᠬᠦᠴᠢᠷᠳᠡᠯ ᠳᠤ ᠲᠤᠯᠭᠠᠷᠠᠭᠰᠠᠨ ᠠᠵᠤ ᠠᠬᠤᠶᠢᠯᠠᠯ᠂ ᠠᠵᠢᠯ ᠤᠨ ᠪᠠᠶᠢᠷᠢ ᠠᠴᠠ ᠪᠠᠭᠤᠵᠤ ᠠᠵᠢᠯ ᠠᠯᠳᠠᠭᠰᠠᠳ ᠲᠤ ᠦᠨᠡᠨ ᠨᠡᠷ᠎ᠡ ᠶᠢᠨ ᠳᠦᠷᠢᠮ ᠢ ᠬᠡᠷᠡᠭᠵᠢᠭᠦᠯᠦᠨ᠂ ᠬᠠᠮᠢᠶ᠎ᠠ ᠪᠦᠬᠦᠢ ᠮᠡᠳᠡᠭᠡ ᠵᠠᠩᠭᠢ ᠶᠢ ᠴᠠᠭ ᠲᠤᠬᠠᠢ ᠳᠤ ᠨᠢ ᠮᠡᠳᠡᠭᠡ ᠵᠠᠩᠭᠢ ᠶᠢᠨ ᠰᠢᠰᠲ᠋ᠧᠮ ᠳᠤ ᠣᠷᠣᠭᠤᠯᠬᠤ ᠶᠢᠨ ᠬᠠᠮᠲᠤ ᠴᠠᠭ ᠲᠤ ᠨᠢ ᠲᠣᠬᠢᠷᠠᠭᠤᠯᠤᠨ ᠰᠢᠨᠡᠳᠬᠡᠬᠦ ᠬᠡᠷᠡᠭᠲᠡᠢ᠃ ᠦᠢᠯᠡᠴᠢᠯᠡᠬᠦ ᠴᠤᠪᠤᠷᠠᠯ ᠢ ᠰᠢᠯᠢᠳᠡᠭᠵᠢᠭᠦᠯᠦᠨ᠂ ᠭᠡᠷᠡᠴᠢᠯᠡᠬᠦ ᠮᠠᠲ᠋ᠧᠷᠢᠶᠠᠯ ᠢ ᠴᠤᠮᠬᠠᠳᠬᠠᠵᠤ᠂ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ᠂ ᠪᠡᠯᠡ ᠮᠥᠩᠭᠦ ᠶᠢᠨ ᠳᠡᠮᠵᠢᠬᠦ ᠶᠢ ᠪᠣᠳᠠᠲᠠᠶᠢᠵᠢᠭᠤᠯᠬᠤ᠂ ᠦᠢᠯᠡᠴᠢᠯᠡᠭᠡ ᠶᠢᠨ ᠲᠥᠬᠦᠮ ᠠᠪᠰᠠᠷᠬᠠᠨ ᠪᠣᠯᠬᠤ ᠶᠢ ᠦᠨᠡᠨ ᠬᠦ ᠪᠠᠲᠤᠯᠠᠵᠤ᠂ ᠡᠳᠡᠭᠡᠷ ᠢ ᠬᠦᠷᠲᠡᠬᠦ ᠬᠥᠮᠥᠰ ᠲᠤ ᠪᠥᠬᠦ ᠲᠠᠯ᠎ᠠ ᠪᠠᠷ ᠬᠦᠷᠲᠡᠭᠡᠬᠦ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠪᠣᠯᠣᠨ ᠨᠢᠭᠡᠴᠢ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠬᠠᠷᠢᠭᠤᠴᠠᠨ᠎ᠠ︶      ᠠᠷᠪᠠᠨ ᠬᠤᠶᠠᠷ᠂ ᠠᠵᠢᠯ ᠣᠯᠭᠤᠬᠤ ᠶᠢ ᠠᠬᠢᠭᠤᠯᠬᠤ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠬᠤ ᠶᠢ ᠨᠢ ᠴᠢᠩᠭᠠᠷᠠᠭᠤᠯᠤᠨ᠎ᠠ      ᠡᠯ᠎ᠡ ᠭᠠᠵᠠᠷ ᠣᠷᠣᠨ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠪᠣᠯᠣᠨ ᠨᠢᠭᠡᠴᠢ ᠨᠢ ᠦᠵᠡᠯ ᠰᠠᠨᠠᠭᠠᠨ ᠤ ᠲᠠᠨᠢᠯᠲᠠ ᠪᠠᠨ ᠨᠢᠭᠡᠳᠬᠡᠨ᠂ ᠠᠵᠢᠯ ᠣᠯᠭᠤᠬᠤ ᠶᠢ ᠲᠡᠷᠢᠭᠦᠨ ᠳᠤ ᠲᠠᠯᠪᠢᠬᠤ ᠪᠠᠶᠢᠯᠳᠤᠬᠤ ᠪᠣᠳᠤᠯᠭ᠎ᠠ ᠶᠢ ᠬᠡᠷᠡᠭᠵᠢᠭᠦᠯᠵᠦ᠂ ᠠᠵᠢᠯ ᠣᠯᠭᠤᠬᠤ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠬᠤ ᠬᠡᠷᠡᠭᠲᠡᠢ ᠃ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠲᠤᠰ ᠭᠠᠵᠠᠷ ᠣᠷᠣᠨ ᠤ ᠠᠵᠢᠯ ᠣᠯᠭᠤᠬᠤ ᠶᠢ ᠠᠬᠢᠭᠤᠯᠬᠤ ᠠᠵᠢᠯ ᠳᠠᠬᠢ ᠭᠤᠣᠯ ᠴᠣᠭᠴᠠ ᠶᠢᠨ ᠬᠠᠷᠢᠭᠤᠴᠠᠯᠭ᠎ᠠ ᠶᠢ ᠦᠨᠡᠨ ᠬᠦ ᠡᠭᠦᠷᠭᠡᠯᠡᠨ ᠳᠠᠭᠠᠭᠠᠵᠤ᠂ ᠠᠵᠢᠯ ᠣᠯᠭᠤᠬᠤ ᠠᠵᠢᠯ ᠢ ᠵᠣᠬᠢᠶᠠᠨ ᠪᠠᠶᠢᠭᠤᠯᠵᠤ ᠤᠳᠤᠷᠢᠳᠬᠤ ᠪᠠᠨ ᠤᠯᠠᠮ ᠨᠢᠭᠡ ᠠᠯᠬᠤᠮ ᠴᠢᠩᠭᠠᠳᠬᠠᠨ᠂ ᠠᠵᠢᠯ ᠤᠨ ᠲᠣᠭᠲᠠᠴᠠ ᠶᠢ ᠪᠦᠷᠢᠨᠰᠢᠭᠦᠯᠵᠦ᠂ ᠨᠢᠭᠡᠳᠦᠯᠲᠡᠢ ᠲᠥᠯᠥᠪᠵᠢᠭᠦᠯᠵᠦ ᠲᠣᠬᠢᠷᠠᠭᠤᠯᠬᠤ ᠶᠢ ᠴᠢᠩᠭᠠᠷᠠᠭᠤᠯᠤᠨ᠂ ᠱᠠᠲᠤ ᠬᠤᠪᠢᠶᠠᠨ ᠰᠡᠷᠡᠮᠵᠢᠯᠡᠭᠦᠯᠬᠦ ᠪᠠ ᠤᠷᠢᠶᠠᠯᠠᠨ ᠳᠠᠭᠠᠭᠤᠯᠵᠤ᠂ ᠲᠤᠬᠠᠢ ᠶᠢᠨ ᠭᠠᠵᠠᠷ ᠤᠨ ᠪᠠᠶᠢᠳᠠᠯ ᠳᠤ ᠪᠠᠨ ᠲᠣᠬᠢᠷᠠᠭᠤᠯᠤᠨ ᠲᠥᠷᠥᠯ ᠬᠤᠪᠢᠶᠠᠵᠤ ᠪᠣᠳᠣᠯᠭ᠎ᠠ ᠬᠡᠷᠡᠭᠵᠢᠭᠦᠯᠦᠨ᠂ ᠲᠤᠰ ᠭᠠᠵᠠᠷ ᠣᠷᠣᠨ ᠤ ᠠᠵᠢᠯ ᠣᠯᠭᠤᠬᠤ ᠶᠢ ᠠᠬᠢᠭᠤᠯᠬᠤ ᠠᠵᠢᠯ ᠢ ᠰᠠᠶᠢᠲᠤᠷ ᠬᠢᠬᠦ ᠬᠡᠷᠡᠭᠲᠡᠢ᠃ ᠢᠯᠠᠩᠭᠤᠶ᠎ᠠ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠠᠪᠤᠴᠠ ᠳᠤ ᠪᠡᠯᠡ ᠮᠥᠩᠭᠦ ᠬᠡᠷᠡᠭᠯᠡᠬᠦ ᠲᠣᠭᠲᠠᠭᠠᠯ ᠢ ᠴᠢᠩᠭ᠎ᠠ ᠵᠢᠷᠤᠮᠯᠠᠨ ᠰᠠᠬᠢᠵᠤ᠂ ᠪᠡᠯᠡ ᠮᠥᠩᠭᠦ ᠶᠢ ᠬᠢᠨᠠᠨ ᠬᠠᠮᠢᠶᠠᠷᠬᠤ ᠡᠷᠴᠢᠮ ᠢᠶᠠᠨ ᠴᠢᠩᠭᠠᠷᠠᠭᠤᠯᠤᠨ᠂ ᠪᠡᠯᠡ ᠮᠥᠩᠭᠦ ᠬᠡᠷᠡᠭᠯᠡᠬᠦ ᠦᠷ᠎ᠡ ᠠᠰᠢᠭ ᠢ ᠳᠡᠭᠡᠭᠰᠢᠯᠡᠭᠦᠯᠵᠦ᠂ ᠪᠡᠯᠡ ᠮᠥᠩᠭᠦ ᠶᠢ ᠲᠣᠭᠲᠠᠭᠠᠯ ᠠᠴᠠ ᠵᠥᠷᠢᠴᠡᠨ ᠬᠠᠷᠢᠴᠠᠯ ᠪᠣᠯᠣᠨ ᠬᠡᠪᠴᠢᠶ᠎ᠡ ᠠᠴᠠ ᠬᠡᠲᠦᠷᠡᠭᠦᠯᠵᠦ ᠬᠡᠷᠡᠭᠯᠡᠭᠰᠡᠨ ᠪᠠᠶᠢᠪᠠᠯ᠂ ᠴᠢᠩᠭ᠎ᠠ ᠪᠠᠶᠢᠴᠠᠭᠠᠨ ᠰᠢᠢᠳᠬᠡᠵᠦ᠂ ᠬᠠᠷᠢᠭᠤᠴᠠᠯᠭ᠎ᠠ ᠨᠡᠬᠡᠮᠵᠢᠯᠡᠵᠦ ᠬᠠᠷᠢᠭᠤᠴᠠᠯᠭ᠎ᠠ ᠬᠡᠯᠡᠯᠴᠡᠬᠦ ᠬᠡᠷᠡᠭᠲᠡᠢ᠃ ᠡᠯ᠎ᠡ ᠠᠶᠢᠮᠠᠭ ᠬᠤᠲᠠ ᠨᠢ ᠲᠤᠰ ᠮᠡᠳᠡᠭᠳᠡᠯ ᠪᠠᠭᠤᠭᠰᠠᠨ ᠡᠳᠦᠷ ᠠᠴᠠ ᠡᠬᠢᠯᠡᠨ 30 ᠡᠳᠦᠷ ᠲᠤ ᠪᠣᠳᠠᠲᠠᠢ ᠬᠡᠷᠡᠭᠵᠢᠭᠦᠯᠬᠦ ᠨᠠᠷᠢᠨ ᠳᠦᠷᠢᠮ ᠪᠣᠯᠣᠨ ᠠᠵᠢᠯ ᠶᠠᠪᠤᠳᠠᠯ ᠭᠦᠢᠴᠡᠳᠬᠡᠬᠦ ᠵᠦᠭᠯᠡᠭᠦᠷ ᠢᠶᠠᠨ ᠲᠣᠭᠲᠠᠭᠠᠵᠤ ᠲᠡᠭᠦᠯᠳᠡᠷᠵᠢᠭᠦᠯᠬᠦ ᠬᠡᠷᠡᠭᠲᠡᠢ᠃ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠨᠢ ᠠᠵᠢᠯ ᠣᠯᠭᠤᠬᠤ ᠶᠢ ᠠᠬᠢᠭᠤᠯᠬᠤ ᠲᠥᠷᠥ ᠶᠢᠨ ᠪᠣᠳᠣᠯᠭ᠎ᠠ ᠲᠣᠭᠲᠠᠭᠠᠬᠤ᠂ ᠰᠢᠮᠳᠠᠭᠤᠯᠤᠨ ᠨᠠᠶᠢᠳᠠᠪᠤᠷᠢᠵᠢᠭᠤᠯᠬᠤ᠂ ᠪᠦᠷᠢᠳᠬᠡᠨ ᠬᠢᠨᠠᠵᠤ ᠰᠢᠨᠵᠢᠬᠦ ᠵᠡᠷᠭᠡ ᠠᠵᠢᠯ ᠢ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠬᠡᠷᠡᠭᠲᠡᠢ᠃ ᠡᠳ᠋ ᠤᠨ ᠵᠠᠰᠠᠭ ᠤᠨ ᠰᠠᠯᠠᠭ᠎ᠠ ᠮᠥᠴᠢᠷ ᠨᠢ ᠪᠡᠯᠡ ᠮᠥᠩᠭᠦ ᠪᠠᠷ ᠳᠡᠮᠵᠢᠬᠦ ᠡᠷᠴᠢᠮ ᠢᠶᠠᠨ ᠴᠢᠩᠭᠠᠷᠠᠭᠤᠯᠤᠨ᠂ ᠠᠵᠢᠯ ᠤᠯᠭᠤᠬᠤ ᠶᠢ ᠠᠬᠢᠭᠤᠯᠬᠤ ᠲᠦᠷᠥ ᠶᠢᠨ ᠪᠤᠳᠤᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠪᠠᠲᠤᠯᠠᠬᠤ ᠬᠡᠷᠡᠭᠲᠡᠢ᠃ ᠡᠯ᠎ᠡ ᠬᠠᠮᠢᠶ᠎ᠠ ᠪᠦᠬᠦᠢ ᠰᠠᠯᠠᠭ᠎ᠠ ᠮᠦᠴᠢᠷ ᠨᠢ ᠵᠤᠬᠢᠶᠠᠨ ᠪᠠᠶᠢᠭᠤᠯᠵᠤ ᠵᠤᠬᠢᠴᠠᠭᠤᠯᠬᠤ ᠬᠠᠷᠢᠭᠤᠴᠠᠯᠭ᠎ᠠ ᠪᠠᠨ ᠭᠦᠢᠴᠡᠳᠭᠡᠨ᠂ ᠡᠭᠦᠷᠭᠡ ᠴᠢᠳᠠᠪᠤᠷᠢ ᠲᠤᠰᠢᠶᠠᠯ ᠬᠠᠷᠢᠭᠤᠴᠠᠯᠭ᠎ᠠ ᠳᠤ ᠪᠠᠨ ᠰᠠᠭᠤᠷᠢᠯᠠᠵᠤ᠂ ᠣᠶᠢᠯᠠᠭᠠᠯᠴᠠᠨ ᠨᠡᠪᠲᠡᠷᠡᠯᠴᠡᠵᠦ ᠬᠠᠮᠵᠢᠯᠴᠠᠬᠤ ᠪᠠᠨ ᠴᠢᠩᠭᠠᠳᠬᠠᠨ᠂ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠬᠤ ᠶᠢ ᠰᠠᠶᠢᠲᠤᠷ ᠬᠢᠬᠦ ᠬᠡᠷᠡᠭᠲᠡᠢ᠃ ᠬᠦᠴᠢᠷᠳᠡᠯ ᠳᠤ ᠲᠤᠯᠭᠠᠷᠠᠭᠰᠠᠨ ᠠᠵᠤ ᠠᠬᠤᠶᠢᠯᠠᠯ ᠢ ᠵᠢᠯᠣᠭᠤᠳᠴᠤ ᠪᠠᠶᠢᠭᠠᠳ ᠨᠡᠶᠢᠭᠡᠮ ᠤᠨ ᠬᠠᠷᠢᠭᠤᠴᠠᠯᠭ᠎ᠠ ᠶᠢ ᠨᠢ ᠭᠦᠢᠴᠡᠳᠬᠡᠯᠭᠡᠵᠦ᠂ ᠣᠯᠠᠨ ᠠᠷᠭ᠎ᠠ ᠵᠠᠮ ᠢᠶᠠᠷ ᠠᠵᠢᠯᠲᠠᠨ ᠠᠵᠢᠯᠴᠢᠨ ᠢ ᠲᠤᠬᠢᠷᠠᠭᠤᠯᠵᠤ ᠲᠥᠪᠬᠢᠨᠡᠭᠦᠯᠦᠨ᠂ ᠬᠦᠳᠡᠯᠮᠦᠷᠢ ᠶᠢᠨ ᠬᠠᠷᠢᠴᠠᠭ᠎ᠠ ᠶᠢ ᠬᠠᠤᠯᠢ ᠶᠣᠰᠣᠭᠠᠷ ᠰᠢᠢᠳᠪᠦᠷᠢᠯᠡᠬᠦ ᠬᠡᠷᠡᠭᠲᠡᠢ᠃ ᠠᠵᠤ ᠠᠬᠤᠶᠢᠯᠠᠯ ᠨᠢ ᠠᠵᠢᠯᠲᠠᠨ ᠠᠵᠢᠯᠴᠢᠨ ᠢᠶᠠᠨ ᠬᠥᠲᠥᠯᠥᠨ ᠵᠢᠯᠣᠭᠤᠳᠴᠤ ᠪᠠᠶᠢᠭᠠᠳ ᠠᠵᠤ ᠠᠬᠤᠶᠢᠯᠠᠯ ᠤᠨ ᠣᠷᠣᠰᠢᠨ ᠲᠣᠭᠲᠠᠨᠢᠵᠤ ᠬᠥᠭᠵᠢᠬᠦ ᠶᠢ ᠬᠠᠯᠠᠮᠵᠢᠯᠠᠭᠤᠯᠵᠤ᠂ ᠴᠠᠯᠢᠩ ᠬᠥᠯᠥᠰᠦ ᠶᠢ ᠵᠥᠪᠳᠡᠯᠴᠡᠬᠦ᠂ ᠠᠵᠢᠯ ᠤᠨ ᠪᠠᠶᠢᠷᠢ ᠪᠠᠨ ᠰᠣᠯᠢᠪᠴᠠᠭᠤᠯᠬᠤ ᠪᠠ ᠡᠭᠡᠯᠵᠢᠯᠡᠨ ᠠᠮᠠᠷᠠᠬᠤ᠂ ᠠᠵᠢᠯ ᠤᠨ ᠪᠠᠶᠢᠷᠢ ᠳᠤ ᠪᠣᠯᠪᠠᠰᠤᠷᠠᠭᠤᠯᠬᠤ ᠵᠡᠷᠭᠡ ᠠᠷᠭ᠎ᠠ ᠬᠡᠮᠵᠢᠶ᠎ᠡ ᠪᠠᠷ᠂ ᠠᠵᠢᠯ ᠣᠯᠭᠤᠬᠤ ᠠᠵᠢᠯ ᠤᠨ ᠪᠠᠶᠢᠷᠢ ᠲᠠᠢ ᠪᠠᠶᠢᠯᠭᠠᠵᠤ᠂ ᠬᠦᠳᠡᠯᠮᠦᠷᠢ ᠶᠢᠨ ᠬᠠᠷᠢᠴᠠᠭ᠎ᠠ ᠶᠢ ᠲᠣᠭᠲᠠᠪᠤᠷᠢᠵᠢᠭᠤᠯᠬᠤ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠪᠣᠯᠣᠨ ᠨᠢᠭᠡᠴᠢ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠬᠠᠷᠢᠭᠤᠴᠠᠨ᠎ᠠ︶      ᠤᠯᠤᠰ ᠤᠨ ᠠᠵᠤ ᠦᠢᠯᠡᠳᠪᠦᠷᠢ ᠠᠵᠤ ᠠᠬᠤᠶᠢᠯᠠᠯ ᠤᠨ ᠪᠦᠲᠦᠴᠡ ᠲᠣᠬᠢᠷᠠᠭᠤᠯᠬᠤ ᠲᠤᠰᠬᠠᠢ ᠱᠠᠩᠨᠠᠵᠤ ᠲᠤᠰᠠᠯᠠᠬᠤ ᠪᠡᠯᠡ ᠮᠥᠩᠭᠦᠨ ᠤ ᠳᠣᠲᠣᠷ᠎ᠠ ᠠᠴᠠ ᠲᠣᠬᠢᠷᠠᠭᠤᠯᠤᠭᠰᠠᠨ ᠠᠵᠢᠯ ᠣᠯᠭᠤᠬᠤ ᠳᠤ ᠨᠥᠬᠦᠪᠦᠷᠢ ᠥᠭᠬᠦ ᠪᠡᠯᠡ ᠮᠥᠩᠭᠦ ᠶᠢ ᠪᠣᠯ᠂ ᠣᠳᠣᠬᠠᠨ ᠤ ᠠᠵᠢᠯ ᠣᠯᠭᠤᠬᠤ ᠶᠢ ᠲᠣᠭᠲᠠᠭᠤᠨ ᠪᠠᠶᠢᠯᠭᠠᠬᠤ ᠠᠵᠢᠯ ᠳᠤ ᠲᠤᠰᠬᠠᠶᠢᠯᠠᠨ ᠬᠡᠷᠡᠭᠯᠡᠨ᠎ᠡ᠃ ᠡᠯ᠎ᠡ ᠭᠠᠵᠠᠷ ᠣᠷᠣᠨ ᠨᠢ ᠲᠤᠰ ᠬᠡᠷᠡᠭᠵᠢᠭᠦᠯᠬᠦ ᠰᠠᠨᠠᠯ ᠢ ᠲᠤᠭᠤᠰᠢᠯᠠᠭᠤᠯᠵᠤ ᠬᠡᠷᠡᠭᠵᠢᠭᠦᠯᠦᠭᠰᠡᠨ ᠬᠤᠯᠪᠣᠭᠳᠠᠯ ᠪᠦᠬᠦᠢ ᠪᠠᠶᠢᠳᠠᠯ ᠪᠣᠯᠣᠨ ᠢᠯᠡᠷᠡᠭᠰᠡᠨ ᠴᠢᠬᠤᠯᠠ ᠠᠰᠠᠭᠤᠳᠠᠯ ᠢᠶᠠᠨ ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠳᠤ ᠳᠠᠷᠦ᠋ᠢᠬᠠᠨ ᠮᠡᠳᠡᠭᠦᠯᠬᠦ ᠬᠡᠷᠡᠭᠲᠡᠢ᠃                                 ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ