ᠣᠶᠢᠷ᠎ᠠ ᠶᠢᠨ ᠵᠢᠯ ᠳᠤ᠂ ᠤᠯᠠᠭᠠᠨᠬᠠᠳᠠ ᠬᠤᠳᠠ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ | ᠦᠵᠡᠯ ᠰᠠᠨᠠᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠢ ᠰᠢᠭᠤᠢ ᠶᠢᠨ ᠠᠮᠢ ᠠᠬᠤᠢ | ᠶᠢᠨ ᠰᠣᠶᠣᠯ ᠤᠨ ᠲᠣᠰᠬᠤᠨ ᠤ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠪᠦᠬᠦ ᠬᠤᠳᠠ ᠭᠤᠣᠯᠳᠠᠯᠭ᠎ᠠ ᠲᠠᠢ | ᠠᠮᠢ ᠠᠬᠤᠢ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠳᠤ ᠲᠦᠰᠢᠭᠯᠡᠨ᠂ ᠮᠣᠳᠣ ᠲᠠᠷᠢᠵᠤ ᠣᠶᠢᠵᠢᠭᠤᠯᠬᠤ᠂ | ᠠᠮᠢ ᠠᠬᠤᠢ ᠶᠢᠨ ᠵᠢᠭᠤᠯᠴᠢᠯᠠᠯ ᠢ ᠬᠥᠭᠵᠢᠭᠦᠯᠬᠦ᠂ ᠬᠤᠸᠠᠷ ᠴᠡᠴᠡᠭ ᠲᠠᠷᠢᠬᠤ ᠪᠠ ᠵᠢᠮᠢᠰ ᠲᠠᠷᠢᠬᠤ ᠵᠡᠷᠭᠡ ᠠᠵᠤ | ᠦᠢᠯᠡᠰ ᠢᠶᠠᠷ ᠳᠠᠮᠵᠢᠭᠠᠳ᠂ ᠬᠥᠳᠡᠭᠡ ᠲᠣᠰᠬᠤᠨ ᠤ ᠣᠶᠢᠵᠢᠭᠤᠯᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠶᠢ | ᠢᠳᠡᠪᠬᠢᠲᠡᠢ ᠠᠬᠢᠭᠤᠯᠵᠤ᠂ ᠤᠢ ᠰᠢᠭᠤᠢ ᠶᠢᠨ ᠠᠵᠤ ᠦᠢᠯᠡᠰ ᠤᠨ ᠬᠥᠭᠵᠢᠯᠲᠡ ᠶᠢ ᠲᠦᠷᠭᠡᠳᠬᠡᠵᠦ᠂ ᠠᠮᠢ ᠠᠬᠤᠢ | ᠶᠢᠨ ᠰᠣᠶᠣᠯ ᠢ ᠪᠠᠳᠠᠷᠠᠭᠤᠯᠤᠨ᠂ ᠠᠮᠢ ᠠᠬᠤᠢ ᠶᠢᠨ ᠣᠷᠴᠢᠨ ᠨᠥᠬᠦᠴᠡᠯ ᠢᠶᠠᠷ ᠰᠠᠶᠢᠨ᠂ ᠠᠮᠢ ᠠᠬᠤᠢ ᠶᠢᠨ ᠰᠣᠶᠣᠯ | ᠴᠡᠴᠡᠭᠯᠡᠨ ᠬᠥᠭᠵᠢᠵᠦ᠂ ᠠᠮᠢ ᠠᠬᠤᠢ ᠶᠢᠨ ᠠᠵᠤ ᠦᠢᠯᠡᠰ ᠪᠠᠳᠠᠷᠠᠨ ᠮᠠᠨᠳᠤᠭᠰᠠᠨ᠂ ᠬᠥᠮᠥᠨ ᠪᠠᠶᠢᠭᠠᠯᠢ ᠡᠶ᠎ᠡ | ᠵᠣᠬᠢᠴᠠᠯ ᠲᠠᠢ᠂ ᠵᠢᠱᠢᠶ᠎ᠡ ᠦᠵᠡᠭᠦᠯᠬᠦ ᠦᠢᠯᠡᠳᠦᠯ ᠳᠣᠪᠤᠶᠢᠮ᠎ᠠ ᠨᠢᠭᠡ ᠪᠦᠯᠦᠭ ᠵᠢᠱᠢᠶ᠎ᠡ ᠦᠵᠡᠭᠦᠯᠬᠦ ᠭᠠᠴᠠᠭ᠎ᠠ | ᠪᠠᠯᠭᠠᠰᠤ ᠶᠢ ᠪᠠᠶᠢᠭᠤᠯᠵᠤ᠂ ᠲᠤᠬᠠᠶ ᠶᠢᠨ ᠭᠠᠵᠠᠷ ᠤᠨ ᠤᠢ ᠰᠢᠭᠤᠶ ᠶᠢᠨ ᠪᠦᠷᠬᠦᠴᠡ ᠶᠢᠨ ᠨᠤᠷᠮ᠎ᠠ ᠶᠢ ᠢᠯᠡᠳᠲᠡ | ᠳᠡᠭᠡᠭᠰᠢᠯᠡᠭᠦᠯᠵᠦ᠂ ᠠᠮᠢ ᠠᠬᠤᠢ ᠶᠢᠨ ᠣᠷᠴᠢᠨ ᠨᠥᠬᠦᠴᠡᠯ ᠢ ᠦᠷᠭᠦᠯᠵᠢᠯᠡᠨ ᠰᠠᠶᠢᠵᠢᠷᠠᠭᠤᠯᠵᠤ᠂ ᠠᠮᠢ ᠠᠬᠤᠢ ᠶᠢᠨ | ᠪᠣᠯᠪᠠᠰᠤᠨ ᠤ ᠣᠨᠣᠯᠵᠢᠬᠤᠨ ᠢ ᠬᠥᠮᠦᠰ ᠤᠨ ᠰᠡᠳᠬᠢᠯ ᠳᠤ ᠬᠠᠳᠠᠩᠰᠢᠭᠤᠯᠵᠤ᠂ ᠬᠥᠳᠡᠭᠡ ᠲᠣᠰᠬᠤᠨ ᠤ ᠨᠡᠶᠢᠭᠡᠮ | ᠠᠵᠤ ᠠᠬᠤᠢ ᠶᠢᠨ ᠦᠷᠭᠦᠯᠵᠢᠯᠡᠬᠦ ᠬᠥᠭᠵᠢᠯᠲᠡ ᠶᠢ ᠲᠦᠯᠬᠢᠨ ᠠᠬᠢᠭᠤᠯᠤᠭᠰᠠᠨ ᠪᠠᠶᠢᠨ᠎ᠠ᠃ | ᠣᠳᠣᠬᠠᠨ ᠳᠤ᠂ ᠤᠯᠠᠭᠠᠨᠬᠠᠳᠠ ᠬᠤᠲᠠ ᠶᠢᠨ ᠠᠮᠢ ᠠᠬᠤᠢ ᠶᠢᠨ ᠰᠣᠶᠣᠯ ᠤᠨ ᠲᠣᠰᠬᠤᠨ ᠤ ᠪᠦᠲᠦᠭᠡᠨ | ᠪᠠᠶᠢᠭᠤᠯᠤᠯᠲᠠ ᠠᠩᠬ᠎ᠠ ᠠᠯᠬᠤᠮ ᠤᠨ ᠦᠷ᠎ᠡ ᠪᠦᠲᠦᠮᠵᠢ ᠣᠯᠪᠠ᠃ 2009 ᠣᠨ ᠳᠤ ᠯᠢᠨᠰᠢ ᠰᠢᠶᠠᠨ ᠤ ᠴᠢ ᠾᠧ | ᠳᠠᠩ ᠲᠣᠰᠬᠤᠨ ᠪᠦᠬᠦ ᠤᠯᠤᠰ ᠤᠨ ᠠᠩᠬᠠᠳᠠᠭᠴᠢ ᠪᠦᠯᠦᠭ ︽ᠪᠦᠬᠦ ᠤᠯᠤᠰ ᠤᠨ ᠠᠮᠢ ᠠᠬᠤᠢ ᠶᠢᠨ ᠰᠣᠶᠣᠯ ᠤᠨ | ᠲᠣᠰᠬᠤᠨ︾ ᠤ ᠴᠣᠯᠠ ᠶᠢ ᠣᠯᠵᠤ᠂ ᠬᠠᠷᠠᠴᠢᠨ ᠬᠤᠰᠢᠭᠤᠨ ᠤ ᠾᠸᠢ ᠱᠠᠨ ᠭᠸᠦ ᠲᠣᠰᠬᠤᠨ᠂ ᠨᠢᠩᠴᠧᠩ ᠰᠢᠶᠠᠨ | ᠤ ᠯᠢᠦ ᠱᠤ᠋ ᠶᠢᠩᠽᠢ ᠲᠣᠰᠬᠤᠨ᠂ ᠶᠤᠸᠠᠨ ᠪᠤᠤ ᠱᠠᠨ ᠲᠣᠭᠤᠷᠢᠭ ᠤᠨ ᠴᠢᠶᠠᠨ ᠶᠢᠨ ᠲᠣᠰᠬᠤᠨ ᠲᠤᠰ ᠲᠤᠰ | 2010 ᠣᠨ᠂ 2012 ᠣᠨ ᠪᠠ 2014 ᠣᠨ ᠳᠤ ᠪᠦᠬᠦ ᠤᠯᠤᠰ ᠤᠨ ᠠᠮᠢ ᠠᠬᠤᠢ ᠶᠢᠨ ᠰᠣᠶᠣᠯ ᠤᠨ | ᠲᠣᠰᠬᠤᠨ ᠢᠶᠠᠷ ᠨᠡᠷᠡᠶᠢᠳᠦᠭᠳᠡᠵᠦ᠂ 2018 ᠣᠨ ᠳᠤ᠂ ᠬᠠᠷᠠᠴᠢᠨ ᠬᠤᠰᠢᠭᠤ ᠶᠢᠨ ᠰᠢ ᠴᠢᠶᠣᠣ ᠪᠠᠯᠭᠠᠰᠤ ᠶᠢᠨ ᠯᠸᠢ | ᠶᠢᠩᠽᠢ ᠲᠤᠰᠬᠤᠨ᠂ ᠱᠢ ᠵᠢᠶ᠋ᠨ ᠮᠠᠨᠵᠤ ᠦᠨᠳᠦᠰᠦᠲᠡᠨ ᠤ ᠰᠢᠶᠠᠩ ᠯᠸᠢ ᠶᠢᠩᠽᠢ ᠲᠤᠰᠬᠤᠨ ︽ᠪᠦᠬᠦ ᠤᠯᠤᠰ ᠤᠨ | ᠠᠮᠢ ᠠᠬᠤᠢ ᠶᠢᠨ ᠰᠣᠶᠣᠯ ᠤᠨ ᠲᠣᠰᠬᠤᠨ︾ ᠤ ᠴᠣᠯᠠ ᠶᠢ ᠳᠠᠬᠢᠨᠲᠠ ᠬᠦᠷᠲᠡᠪᠡ᠃ ᠡᠳᠦᠭᠡ ᠪᠣᠯᠲᠠᠯ᠎ᠠ᠂ | ᠤᠯᠠᠭᠠᠨᠬᠠᠳᠠ ᠬᠤᠲᠠ ᠶᠢᠨ 6 ᠲᠣᠰᠬᠤᠨ ᠨᠢᠭᠡᠨᠲᠡ ︽ᠪᠥᠬᠦ ᠤᠯᠤᠰ ᠤᠨ ᠠᠮᠢ ᠠᠬᠤᠢ ᠶᠢᠨ ᠰᠣᠶᠣᠯ ᠤᠨ | ᠲᠣᠰᠬᠤᠨ︾ ᠢᠶᠠᠷ ᠨᠡᠷᠡᠶᠢᠳᠦᠭᠳᠡᠵᠦ᠂ ᠲᠤᠭ᠎ᠠ ᠨᠢ ᠥᠪᠡᠷᠲᠡᠭᠡᠨ ᠵᠠᠰᠠᠬᠤ ᠣᠷᠣᠨ ᠳᠤ ᠲᠡᠷᠢᠭᠦᠯᠡᠪᠡ᠃ | ᠨᠣᠭᠤᠭᠠᠨ ᠦᠩᠭᠡ ᠪᠣᠯ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠠᠭᠤᠷᠢ ᠦᠩᠭᠡ ᠮᠥᠨ᠃ | ᠠᠮᠢ ᠠᠬᠤᠢ ᠣᠷᠣᠰᠢᠨ ᠰᠠᠭᠤᠬᠤ ᠳᠤ ᠲᠣᠬᠢᠷᠠᠮᠵᠢᠲᠠᠢ ᠪᠠᠶᠢᠬᠤ ᠪᠣᠯ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠴᠢᠬᠤᠯᠠ ᠡᠭᠦᠷᠭᠡ ᠮᠥᠨ᠂ 2019 ᠣᠨ ᠳᠤ᠂ ᠤᠯᠠᠭᠠᠨᠬᠠᠳᠠ ᠬᠤᠲᠠ | ᠪᠣᠬᠢᠷᠲᠤᠯ ᠦᠭᠡᠢ ᠲᠣᠮᠣ ᠬᠤᠳᠠ ᠶᠢᠨ ᠬᠥᠭᠵᠢᠯᠲᠡ ᠶᠢᠨ ᠬᠠᠷᠠᠯᠲᠠ ᠪᠣᠯᠤᠨ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠤᠢ ᠰᠢᠭᠤᠢ ᠶᠢᠨ ᠲᠤᠷᠰᠢᠯᠲᠠ ᠶᠢᠨ ᠵᠢᠱᠢᠶ᠎ᠡ ᠦᠵᠡᠭᠦᠯᠬᠦ ᠪᠦᠰᠡ ᠶᠢ ᠪᠦᠲᠦᠭᠡᠨ ᠪᠠᠶᠢᠭᠤᠯᠬᠤ ᠡᠭᠦᠷᠭᠡ | ᠶᠢ ᠳᠤᠷᠠᠳᠴᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ︽ᠠᠵᠤ ᠦᠢᠯᠡᠰ ᠬᠥᠭᠵᠢᠨ᠂ ᠠᠮᠢ ᠠᠬᠤᠢ | ᠣᠷᠣᠰᠢᠨ ᠰᠠᠭᠤᠬᠤ ᠳᠤ ᠲᠠᠭᠠᠯᠠᠮᠵᠢᠲᠠᠢ᠂ ᠬᠥᠳᠡᠭᠡ ᠲᠣᠰᠬᠤᠨ ᠤ ᠰᠤᠷᠲᠠᠯ ᠪᠣᠯᠪᠠᠰᠤᠨ᠂ ᠵᠠᠰᠠᠯᠲᠠ ᠪᠦᠲᠦᠮᠵᠢᠲᠡᠢ᠂ | ᠠᠮᠢᠳᠤᠷᠠᠯ ᠪᠠᠶᠠᠨ ᠴᠢᠨᠡᠭᠡᠯᠢᠭ︾ ᠪᠠᠶᠢᠬᠤ ᠶᠡᠷᠦᠩᠬᠡᠢ ᠱᠠᠭᠠᠷᠳᠠᠯᠭ᠎ᠠ ᠶᠣᠰᠣᠭᠠᠷ᠂ ᠬᠥᠳᠡᠭᠡ ᠲᠣᠰᠬᠤᠨ ᠢ | ᠭᠤᠶᠦᠵᠢᠭᠤᠯᠵᠤ ᠣᠶᠢᠵᠢᠭᠤᠯᠬᠤ ᠶᠢ ᠲᠦᠷᠭᠡᠳᠬᠡᠨ ᠠᠬᠢᠭᠤᠯᠵᠤ ᠪᠤᠢ᠃ ᠠᠮᠢ ᠠᠬᠤᠢ ᠶᠢᠨ ᠰᠣᠶᠣᠯ ᠤᠨ ᠲᠣᠰᠬᠤᠨ | ᠤ ᠪᠦᠲᠦᠭᠡᠨ ᠪᠠᠶᠢᠭᠤᠯᠤᠯᠲᠠ ᠶᠢ ᠬᠥᠲᠥᠯᠥᠨ ᠵᠢᠯᠣᠭᠤᠳᠴᠤ ᠥᠷᠨᠢᠭᠦᠯᠬᠦ ᠪᠠᠷ ᠳᠠᠮᠵᠢᠭᠤᠯᠤᠨ᠂ ᠬᠥᠳᠡᠭᠡ ᠲᠣᠰᠬᠤᠨ | ᠤ ᠠᠮᠢ ᠠᠬᠤᠢ ᠶᠢᠨ ᠰᠣᠶᠣᠯ ᠢ ᠤᠯᠠᠮ ᠨᠢᠭᠡ ᠠᠯᠬᠤᠮ ᠪᠠᠳᠠᠷᠠᠭᠤᠯᠵᠤ᠂ ᠦᠵᠡᠰᠬᠦᠯᠡᠩᠲᠦ ᠰᠠᠶᠢᠬᠠᠨ ᠠᠮᠢ ᠠᠬᠤᠢ | ᠶᠢᠨ ᠣᠷᠴᠢᠨ ᠲᠣᠭᠤᠷᠢᠨ ᠢ ᠪᠤᠢ ᠪᠣᠯᠭᠠᠨ᠂ ᠤᠯᠠᠭᠠᠨᠬᠠᠳᠠ ᠬᠤᠲᠠ ᠶᠢᠨ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠬᠡᠷᠡᠭᠵᠢᠭᠦᠯᠦᠯᠲᠡ ᠶᠢ ᠪᠦᠲᠦᠮᠵᠢᠲᠡᠶ ᠠᠬᠢᠭᠤᠯᠵᠤ᠂ ᠪᠣᠬᠢᠷᠲᠤᠯ ᠥᠬᠡᠶ | ᠲᠣᠮᠣ ᠬᠤᠲᠠ ᠳᠤ ᠦᠩᠭᠡ ᠪᠤᠳᠤᠭ ᠨᠡᠮᠡᠷᠢᠯᠡᠬᠦ ᠪᠠᠷ ᠪᠠᠶᠢᠨ᠎ᠠ᠃ |