ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠭᠤᠣᠯ ᠲᠤᠷᠰᠢᠯᠲᠠ ᠶᠢᠨ ᠴᠢᠭ ᠤᠨ ᠠᠵᠢᠯ ᠢ | ᠯᠠᠪᠳᠠᠭᠤᠨ ᠪᠠᠲᠤᠲᠠᠢ ᠠᠬᠢᠭᠤᠯᠣᠨ᠂ ᠨᠡᠶᠢᠬᠡᠮ ᠵᠢᠷᠤᠮ ᠤᠨ ᠭᠤᠣᠯᠯᠠᠭᠴᠢ ᠥᠷᠲᠡᠭ ᠤᠨ ᠦᠵᠡᠯᠲᠡ ᠪᠣᠯᠤᠨ | ᠳᠤᠮᠳᠠᠳᠤ ᠶᠢᠨ ᠵᠡᠭᠦᠳᠦ ᠶᠢᠨ ᠬᠥᠮᠦᠵᠢᠯ ᠢ ᠰᠠᠶᠢᠳᠦᠷ ᠠᠳᠬᠤᠵᠣ᠂ ᠬᠢᠯᠢ ᠶᠢᠨ ᠪᠣᠭᠤᠮᠲᠠ ᠶᠢᠨ ᠰᠤᠷᠲᠠᠯ | ᠤᠬᠠᠭᠤᠯᠭ᠎ᠠ᠂ ᠦᠵᠡᠯ ᠰᠠᠨᠠᠭ᠎ᠠ᠂ ᠰᠣᠶᠣᠯ ᠪᠣᠯᠪᠠᠰᠣᠷᠠᠯ ᠤᠨ ᠠᠵᠢᠯ ᠪᠠ ᠣᠶᠣᠨ ᠤ ᠪᠣᠯᠪᠠᠰᠤᠨ ᠤ | ᠪᠠᠶᠢᠭᠤᠯᠣᠯᠳᠠ ᠶᠢ ᠤᠯᠠᠮ ᠴᠢᠩᠭᠠᠳᠬᠠᠬᠤ ᠶᠢᠨ ᠲᠦᠯᠦᠬᠡ᠂ ᠪᠣᠭᠤᠮᠲᠠ ᠪᠠᠷ ᠦᠩᠬᠡᠷᠡᠬᠦ ᠤᠯᠤᠰ ᠤᠨ ᠲᠣᠳᠣᠭᠠᠳᠣ | ᠭᠠᠳᠠᠭᠠᠳᠣ ᠶᠢᠨ ᠬᠤᠳᠠᠯᠳᠤᠭᠠᠴᠢᠨ ᠳᠠᠬᠢ ᠤᠬᠠᠭᠤᠯᠭ᠎ᠠ ᠬᠥᠮᠦᠵᠢᠯ ᠪᠣᠯᠤᠨ ᠦᠢᠯᠡᠴᠢᠯᠡᠭᠡ ᠬᠠᠮᠢᠶᠠᠷᠤᠯᠲᠠ ᠶᠢ | ᠬᠦᠴᠦᠯᠡᠨ ᠴᠢᠩᠭᠠᠳᠬᠠᠨ᠂ ᠳᠤᠮᠳᠠᠳᠤ ᠤᠯᠤᠰ ᠶᠢᠨ ᠬᠢᠯᠢ ᠶᠢᠨ ᠪᠣᠭᠤᠮᠲᠠ ᠶᠢᠨ ᠣᠶᠣᠨ ᠤ ᠪᠣᠯᠪᠠᠰᠤᠨ ᠤ | ᠪᠠᠶᠢᠭᠤᠯᠤᠯᠲᠠ ᠶᠢᠨ ᠲᠦᠪᠰᠢᠨ ᠢ ᠢᠳᠡᠪᠬᠢᠲᠡᠢ ᠢᠯᠡᠷᠡᠬᠦᠯᠬᠦ ᠶᠢᠨ ᠲᠣᠰᠠᠳᠠ᠂ ᠡᠷᠢᠶᠡᠨ ᠬᠤᠲᠠ ᠪᠠᠨ ᠤᠯᠤᠰ ᠪᠠ | ᠥᠪᠡᠷᠲᠡᠭᠡᠨ ᠵᠠᠰᠠᠬᠤ ᠣᠷᠣᠨ ᠤ ᠰᠠᠶᠢᠨ ᠰᠠᠶᠢᠬᠠᠨ ᠪᠣᠯᠪᠠᠰᠤᠨ ᠳᠦᠷᠢ ᠲᠥᠷᠬᠦ ᠶᠢ ᠭᠠᠳᠠᠭᠠᠳᠤ ᠳᠤ ᠳᠡᠯᠭᠡᠨ | ᠦᠵᠡᠭᠦᠯᠬᠦ ᠴᠢᠬᠤᠯᠠ ᠴᠣᠩᠬᠤ ᠪᠣᠯᠭᠠᠨ ᠪᠦᠲᠦᠭᠡᠨ ᠪᠠᠶᠢᠭᠤᠯᠵᠣ ᠪᠠᠶᠢᠨ᠎ᠠ᠃ | ᠡᠷᠢᠶᠡᠨ ᠪᠣᠭᠤᠮᠲᠠ ᠶᠢᠨ ᠡᠯ᠎ᠡ ᠬᠤᠯᠪᠣᠭᠠᠯᠠᠨ ᠪᠠᠶᠢᠴᠠᠭᠠᠬᠤ ᠨᠢᠭᠡᠴᠢ ᠨᠢ ᠡᠬᠢ ᠪᠠᠶᠠᠯᠢᠭ ᠢᠶᠠᠨ ᠨᠢᠬᠡᠳᠬᠡᠵᠣ᠂ | ᠲᠤᠬᠠᠶ ᠶᠢᠨ ᠲᠠᠯᠠᠪᠠᠢ ᠶᠢᠨ ᠠᠵᠢᠯ ᠤᠨ ᠪᠣᠳᠠᠲᠠᠶ ᠲᠠᠢ ᠪᠠᠨ ᠤᠶᠠᠯᠳᠤᠭᠤᠯᠤᠨ᠂ ᠠᠷᠭ᠎ᠠ ᠪᠠᠷᠢᠯ ᠢᠶᠠᠨ ᠰᠢᠨᠡᠴᠢᠯᠠᠵᠣ᠂ | ᠬᠢᠯᠢ ᠠᠴᠠ ᠭᠠᠷᠬᠤ ᠠᠵᠢᠯ ᠤᠨ ᠶᠡᠭᠡ ᠲᠢᠩᠬᠢᠮ ᠳᠤ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠣᠯᠬᠡ ᠶᠢᠨ | ᠠᠵᠢᠯ ᠤᠨ ᠥᠷᠲᠡᠭᠡ ᠵᠢᠴᠢ ᠪᠣᠭᠤᠮᠲᠠ ᠶᠢᠨ ᠣᠨᠴᠠᠯᠢᠭ ᠲᠠᠢ ᠰᠠᠶᠢᠨ ᠳᠤᠷᠠᠴᠤᠳ ᠤᠨ ᠦᠢᠯᠡᠴᠢᠯᠡᠬᠡᠨ ᠤ ᠡᠩᠨᠡᠭᠡ ᠶᠢ | ᠪᠠᠶᠢᠭᠤᠯᠵᠣ᠂ ᠬᠢᠯᠢ ᠪᠠᠷ ᠦᠩᠬᠡᠷᠡᠬᠦ ᠤᠯᠤᠰ ᠤᠨ ᠲᠣᠳᠣᠭᠠᠳᠣ ᠭᠠᠳᠠᠭᠠᠳᠣ ᠶᠢᠨ ᠵᠣᠴᠢᠳ ᠲᠤ ᠦᠢᠯᠡᠴᠢᠯᠡᠭᠡ | ᠬᠠᠩᠭᠠᠵᠣ ᠪᠠᠶᠢᠨ᠎ᠠ᠃ | ᠦᠢᠯᠡᠴᠢᠯᠡᠭᠡᠨ ᠤ ᠥᠷᠲᠡᠭᠡ ᠨᠢ ᠭᠠᠳᠠᠭᠠᠳᠤ ᠤᠬᠠᠭᠤᠯᠭ᠎ᠠ ᠶᠢᠨ ᠴᠣᠩᠬᠤ ᠭᠠᠷᠭᠠᠬᠤ᠂ ᠤᠬᠠᠭᠤᠯᠭ᠎ᠠ ᠶᠢᠨ | ᠬᠠᠭᠤᠳᠠᠰᠤ ᠲᠠᠷᠬᠠᠭᠠᠬᠤ ᠪᠠ ᠬᠠᠯᠠᠭᠤᠮᠰᠤᠭ ᠰᠠᠨᠠᠭᠤᠯᠤᠮᠵᠢ ᠶᠢᠨ ᠺᠠᠷᠲ ᠲᠠᠷᠬᠠᠭᠠᠬᠤ ᠵᠡᠷᠭᠡ ᠠᠷᠭ᠎ᠠ ᠬᠡᠯᠪᠡᠷᠢ ᠪᠠᠷ | ᠳᠤᠮᠳᠠᠳᠤ ᠤᠯᠤᠰ ᠤᠨ ᠠᠷᠠᠯᠵᠢᠶᠠᠴᠢᠳ ᠲᠤ ᠡᠬᠡ ᠤᠯᠤᠰ ᠤᠨ ᠢᠶᠠᠨ ᠳᠦᠷᠢ ᠲᠥᠷᠬᠦ ᠪᠠᠨ ᠢᠮᠠᠭᠳᠠ ᠬᠠᠮᠠᠭᠠᠯᠠᠬᠤ ᠶᠢ | ᠰᠠᠨᠠᠭᠤᠯᠵᠣ᠂ ᠬᠠᠷᠢ ᠤᠯᠤᠰ ᠤᠨ ᠬᠥᠮᠦᠰ ᠢ ᠵᠢᠯᠣᠭᠤᠳᠣᠨ ᠰᠠᠬᠢᠯᠭ᠎ᠠ ᠳᠦᠷᠢᠮ ᠢ ᠵᠢᠷᠣᠮᠯᠠᠭᠤᠯᠵᠣ᠂ ᠤᠶᠣᠨ ᠤ | ᠪᠣᠯᠪᠠᠰᠤᠨ ᠤ ᠪᠦᠳᠣᠬᠡᠨ ᠪᠠᠶᠢᠭᠤᠯᠣᠯᠳᠠ ᠳᠤ ᠢᠳᠡᠪᠬᠢᠲᠡᠢ ᠣᠷᠣᠯᠴᠠᠭᠤᠯᠵᠣ᠂ ᠰᠢᠨ᠎ᠡ ᠴᠠᠭ ᠦᠶ᠎ᠡ ᠶᠢᠨ | ᠪᠣᠯᠪᠠᠰᠤᠨ ᠤ ᠦᠢᠯᠡᠳᠦᠯᠭᠡ ᠶᠢᠨ ᠲᠥᠪ ᠤᠨ ᠰᠠᠭᠤᠷᠢᠨ ᠭᠠᠵᠠᠷ ᠤᠨ ᠦᠢᠯᠡᠳᠦᠯ᠂ ᠨᠢᠭᠲᠠᠷᠠᠭᠤᠯᠬᠤ ᠦᠢᠯᠡᠳᠦᠯ ᠪᠠ | ᠨᠥᠯᠥᠭᠡᠯᠡᠬᠦ ᠦᠢᠯᠡᠳᠦᠯ ᠢ ᠭᠦᠢᠴᠡᠳ ᠪᠠᠳᠠᠷᠠᠭᠤᠯᠵᠤ᠂ ᠳᠤᠮᠳᠠᠳᠤ ᠤᠯᠤᠰ ᠤᠨ ᠤᠮᠠᠷᠠᠲᠤ ᠣᠷᠣᠨ ᠤ ᠲᠡᠷᠢᠭᠦᠨ | ᠵᠡᠷᠭᠡ ᠶᠢᠨ ᠪᠣᠭᠤᠮᠲᠠ ᠬᠤᠲᠠ ᠶᠢ ᠪᠠᠶᠢᠭᠤᠯᠬᠤ ᠳᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ | ᠬᠦᠴᠦᠷᠬᠡᠭ ᠶᠡᠭᠡ ᠬᠦᠴᠦᠨ ᠴᠢᠳᠠᠯ ᠢ ᠣᠯᠭᠤᠵᠣ ᠪᠠᠶᠢᠨ᠎ᠠ᠃ | | |