ᠣᠶᠢᠷ᠎ᠠ ᠳᠤ᠂ ᠣᠷᠳᠣᠰ ᠬᠤᠲᠠ ᠶᠢᠨ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠥᠪ ᠤᠨ ᠰᠢᠨ᠎ᠡ | ᠪᠠᠶᠢᠷᠢᠯᠠᠯ ᠤᠨ ᠭᠡᠷ ᠳᠣᠲᠣᠷᠠᠬᠢ ᠵᠠᠰᠠᠯ ᠴᠢᠮᠡᠭᠯᠡᠯ ᠤᠨ ᠠᠵᠢᠯ ᠢ ᠨᠢᠭᠡᠨᠲᠡ ᠳᠠᠭᠤᠰᠬᠠᠵᠤ᠂ ᠤᠳᠠᠯ ᠥᠬᠡᠶ | ᠠᠰᠢᠭᠯᠠᠯᠲᠠ ᠳᠤ ᠣᠷᠣᠭᠤᠯᠬᠤ ᠪᠠᠷ ᠪᠤᠢ᠃ | ᠣᠶᠢᠯᠠᠭᠠᠭᠰᠠᠨ ᠢᠶᠠᠷ᠂ ᠵᠠᠰᠠᠭ ᠤᠨ ᠶᠠᠪᠤᠳᠠᠯ ᠤᠨ ᠰᠢᠨ᠎ᠡ ᠦᠶᠯᠡᠴᠢᠯᠡᠭᠡᠨ ᠤ ᠲᠥᠪ ᠤᠨ ᠴᠢᠳᠠᠮᠵᠢ ᠶᠢ ᠤᠯᠠᠮ | ᠲᠡᠭᠦᠯᠳᠡᠷᠵᠢᠭᠦᠯᠬᠦ ᠨᠢ ᠠᠷᠠᠳ ᠤᠨ ᠲᠥᠯᠥᠭᠡ ᠬᠡᠷᠡᠭ ᠡᠷᠬᠢᠯᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠬᠦ ᠳᠤ ᠨᠡᠩ | ᠲᠣᠰᠠᠳᠠᠢ ᠪᠠᠶᠢᠳᠠᠭ᠃ 2018 ᠣᠨ 7 ᠳ᠋ᠤᠭᠠᠷ ᠰᠠᠷ᠎ᠠ ᠠᠴᠠ ᠡᠬᠢᠯᠡᠨ᠂ ᠬᠤᠲᠠ ᠶᠢᠨ ᠨᠠᠮ ᠤᠨ ᠬᠤᠷᠢᠶ᠎ᠠ᠂ | ᠬᠤᠲᠠ ᠶᠢᠨ ᠵᠠᠰᠠᠭ ᠤᠨ ᠣᠷᠳᠣᠨ ᠤ ᠡᠷᠡᠰ ᠪᠠᠲᠤ ᠤᠳᠤᠷᠢᠳᠤᠯᠭ᠎ᠠ ᠪᠠ ᠰᠢᠩᠲ᠋ᠠᠢ ᠪᠦᠯᠦᠭᠯᠡᠯ ᠤᠨ ᠬᠦᠴᠣᠳᠠᠢ | ᠳᠡᠮᠵᠢᠯᠭᠡ ᠳᠣᠤᠷ᠎ᠠ᠂ CBD ︵ᠰᠢᠩᠲ᠋ᠠᠢ ᠬᠤᠳᠠᠯᠳᠤᠭᠠᠨ ᠤ ᠶᠠᠪᠤᠳᠠᠯ ᠤᠨ ᠠᠭᠤᠳᠠᠮ ᠲᠠᠯᠠᠪᠠᠢ︶ ᠶᠢᠨ T1-T3 | ᠬᠤᠷᠮᠤᠢ ᠠᠰᠠᠷ ᠢ ᠰᠢᠨᠡᠳᠬᠡᠨ ᠵᠠᠰᠠᠪᠠ᠃ ᠬᠤᠲᠠ ᠶᠢᠨ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠥᠪ ᠤᠨ | ᠰᠢᠨ᠎ᠡ ᠪᠠᠶᠢᠷᠢᠯᠠᠯ ᠤᠨ ᠶᠡᠷᠦᠩᠬᠡᠶ ᠪᠠᠷᠢᠯᠭ᠎ᠠ ᠶᠢᠨ ᠲᠠᠯᠠᠪᠠᠢ ᠨᠢ 6.45 ᠲᠦᠮᠡᠨ ᠲᠡᠭᠰᠢ ᠳᠥᠷᠪᠡᠯᠵᠢᠨ ᠮᠧᠲᠷ᠂ | ᠵᠢᠱᠢᠯᠲᠡ ᠪᠠᠷ 89 ᠰᠠᠯᠠᠭ᠎ᠠ ᠮᠥᠴᠢᠷ ︵ᠡᠭᠦᠨ ᠳᠤ ᠬᠤᠲᠠ ᠶᠢᠨ ᠰᠢᠭᠤᠳ ᠬᠠᠷᠢᠶ᠎ᠠ ᠰᠠᠯᠠᠭ᠎ᠠ ᠮᠥᠴᠢᠷ 26᠂ ᠡᠵᠡᠨ | ᠬᠤᠷᠤᠭ᠎ᠠ ᠬᠤᠰᠢᠭᠤᠨ ᠤ ᠰᠠᠯᠠᠭ᠎ᠠ ᠮᠥᠴᠢᠷ 43᠂ ᠬᠢᠶ᠎ᠡ ᠪᠠᠭᠰᠢ ᠲᠤᠭᠤᠷᠢᠭ ᠤᠨ ᠰᠠᠯᠠᠭ᠎ᠠ ᠮᠥᠴᠢᠷ 20 ᠪᠤᠢ︶ | ᠣᠷᠣᠵᠤ ᠰᠠᠭᠤᠷᠢᠰᠢᠨ᠂1600 ᠭᠠᠷᠤᠶ ᠦᠶᠯᠡᠴᠢᠯᠡᠭᠡᠨ ᠤ ᠵᠦᠶᠯᠡᠰ ᠲᠠᠢ ᠪᠤᠯᠵᠤ᠂ ᠡᠮᠦᠨ᠎ᠡ ᠲᠠᠪᠴᠠᠩ ᠨᠢ 386 | ᠴᠣᠩᠬᠤ ᠲᠠᠢ᠂ 800 ᠭᠠᠷᠤᠶ ᠠᠵᠢᠯᠲᠠᠨ ᠣᠷᠣᠵᠣ ᠰᠠᠭᠤᠷᠢᠰᠢᠬᠤ ᠪᠤᠯᠤᠨ᠎ᠠ᠃ ᠵᠠᠰᠠᠭ ᠤᠨ ᠶᠠᠪᠣᠳᠠᠯ ᠤᠨ ᠰᠢᠨ᠎ᠡ | ᠦᠢᠯᠡᠴᠢᠯᠡᠭᠡᠨ ᠤ ᠲᠥᠪ ᠨᠢ ᠠᠰᠢᠭᠯᠠᠯᠳᠠ ᠳᠤ ᠣᠷᠣᠭᠰᠠᠨ ᠤ ᠲᠠᠷᠠᠭ᠎ᠠ᠂ ᠵᠢᠱᠢᠯᠲᠡ ᠪᠠᠷ ᠬᠦᠮᠦᠨ ᠤ ᠶᠠᠪᠣᠯᠴᠠᠭ᠎ᠠ | ᠡᠳᠦᠷ ᠪᠦᠷᠢ 5000 ᠬᠥᠮᠥᠨ ᠳᠤ ᠬᠦᠷᠴᠦ᠂ ᠵᠢᠯ ᠪᠦᠷᠢ 100 ᠲᠦᠮᠡᠨ ᠬᠤᠪᠢ ᠲᠤᠬᠠᠶᠢᠯᠠᠭᠰᠠᠨ ᠠᠵᠢᠯ ᠢ | ᠭᠦᠢᠴᠡᠳᠬᠡᠬᠦ ᠪᠣᠯᠤᠨ᠎ᠠ᠃ ᠨᠢᠭᠡᠳᠦᠭᠡᠷ ᠳᠠᠪᠬᠤᠷᠭ᠎ᠠ ᠨᠢ ᠳᠣᠲᠣᠭᠠᠳᠤ ᠶᠢ ᠬᠠᠮᠠᠭᠠᠯᠠᠬᠤ ᠦᠶᠯᠡᠴᠢᠯᠡᠭᠡᠨ ᠤ ᠲᠣᠭᠤᠷᠢᠭ᠂ | ᠭᠠᠶᠢᠯᠢ ᠶᠢᠨ ᠶᠠᠪᠤᠳᠠᠯ ᠤᠨ ᠦᠶᠯᠡᠴᠢᠯᠡᠭᠡᠨ ᠤ ᠲᠣᠭᠤᠷᠢᠭ ᠪᠣᠯᠤᠨ ᠠᠷᠠᠳ ᠲᠤ ᠳᠥᠭᠦᠮ ᠦᠵᠡᠭᠦᠯᠬᠦ | ᠦᠶᠯᠡᠴᠢᠯᠡᠭᠡᠨ ᠤ ᠲᠣᠭᠤᠷᠢᠭ ᠪᠣᠯᠤᠨ᠎ᠠ᠃ ᠣᠷᠣᠵᠤ ᠰᠠᠭᠤᠷᠢᠰᠢᠬᠤ ᠰᠠᠯᠠᠭ᠎ᠠ ᠮᠥᠴᠢᠷ ᠲᠤ ᠬᠤᠲᠠ ᠶᠢᠨ ᠬᠢᠯᠢ ᠪᠠᠷ | ᠨᠡᠪᠲᠡᠷᠡᠬᠦ ᠠᠵᠢᠯ ᠤᠨ ᠬᠠᠮᠢᠶᠠᠷᠤᠯᠲᠠ ᠶᠢᠨ ᠲᠣᠪᠴᠢᠶ᠎ᠠ᠂ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠪᠤᠷᠢ ᠠᠩᠭᠢ᠂ | ᠡᠵᠡᠨ ᠬᠤᠷᠤᠭ᠎ᠠ ᠬᠤᠰᠢᠭᠤᠨ ᠤ ᠬᠢᠯᠢ ᠪᠠᠷ ᠨᠡᠪᠳᠡᠷᠡᠬᠦ ᠠᠵᠢᠯ ᠤᠨ ᠬᠠᠮᠢᠶᠠᠷᠤᠯᠲᠠ ᠶᠢᠨ ᠲᠣᠪᠴᠢᠶ᠎ᠠ᠂ ᠠᠮᠤᠷ ᠢ | ᠬᠠᠮᠠᠭᠠᠯᠠᠬᠤ ᠶᠡᠭᠡ ᠠᠩᠭᠢ ︵ᠡᠷᠦᠬᠡ ᠠᠮᠠ ᠶᠢᠨ ᠶᠠᠪᠤᠳᠠᠯ︶᠂ ᠵᠠᠮ ᠬᠠᠷᠢᠯᠴᠠᠭᠠᠨ ᠤ ᠴᠠᠭᠳᠠᠭᠠᠨ ᠤ ᠶᠡᠭᠡ ᠠᠩᠭᠢ | ︵ᠮᠠᠰᠢᠨ ᠲᠡᠷᠬᠡᠨ ᠤ ᠬᠠᠮᠢᠶᠠᠷᠣᠯᠳᠠ ᠶᠢᠨ ᠭᠠᠵᠠᠷ︶᠂ ᠭᠠᠶᠢᠯᠢ ᠶᠢᠨ ᠶᠠᠪᠤᠳᠠᠯ ᠤᠨ ᠲᠣᠪᠴᠢᠶ᠎ᠠ ᠪᠣᠯᠤᠨ ᠬᠢᠶ᠎ᠡ ᠪᠠᠭᠰᠢ | ᠲᠤᠭᠤᠷᠢᠭ ᠤᠨ ᠠᠮᠤᠷ ᠢ ᠬᠠᠮᠠᠭᠠᠯᠠᠬᠤ ᠶᠡᠭᠡ ᠠᠩᠭᠢ ︵ᠡᠷᠦᠬᠡ ᠠᠮᠠ ᠶᠢᠨ ᠶᠠᠪᠤᠳᠠᠯ︶᠂ ᠭᠠᠶᠢᠯᠢ ᠶᠢᠨ ᠶᠠᠪᠤᠳᠠᠯ ᠤᠨ | ᠲᠣᠪᠴᠢᠶ᠎ᠠ ᠪᠠᠭᠲᠠᠨ᠎ᠠ᠃ ᠬᠤᠶᠠᠳᠤᠭᠠᠷ ᠳᠠᠪᠬᠤᠷᠭ᠎ᠠ ᠨᠢ ᠨᠡᠶᠢᠭᠡᠮ ᠤᠨ ᠳᠠᠭᠠᠳᠬᠠᠯ ᠤᠨ ᠦᠶᠯᠡᠴᠢᠯᠡᠭᠡᠨ ᠤ ᠲᠣᠭᠤᠷᠢᠭ᠂ | ᠡᠮ ᠡᠮᠨᠡᠯᠭᠡ ᠶᠢᠨ ᠳᠠᠭᠠᠳᠬᠠᠯ ᠤᠨ ᠦᠶᠯᠡᠴᠢᠯᠡᠭᠡᠨ ᠤ ᠲᠣᠭᠤᠷᠢᠭ ᠪᠣᠯᠤᠨ ᠦᠯᠤ ᠬᠦᠳᠡᠯᠬᠦ ᠬᠦᠷᠣᠩᠬᠡ ᠶᠢ ᠳᠠᠩᠰᠠᠯᠠᠨ | ᠲᠡᠮᠳᠡᠭᠯᠡᠬᠦ ᠦᠶᠯᠡᠴᠢᠯᠡᠭᠡᠨ ᠤ ᠲᠣᠭᠤᠷᠢᠭ ᠪᠣᠯᠤᠨ᠎ᠠ᠃ ᠣᠷᠣᠵᠤ ᠰᠠᠭᠤᠷᠢᠰᠢᠬᠤ ᠰᠠᠯᠠᠭ᠎ᠠ ᠮᠥᠴᠢᠷ ᠲᠤ ᠬᠤᠲᠠ ᠶᠢᠨ | ᠲᠣᠰ ᠱᠠᠳᠣ᠂ ᠡᠵᠡᠨ ᠬᠤᠷᠤᠭ᠎ᠠ ᠬᠤᠰᠢᠭᠤ᠂ ᠬᠢᠶ᠎ᠡ ᠪᠠᠭᠰᠢ ᠲᠤᠭᠤᠷᠢᠭ ᠤᠨ ᠨᠡᠶᠢᠭᠡᠮ ᠤᠨ ᠳᠠᠭᠠᠳᠬᠠᠯ ᠤᠨ ᠲᠣᠪᠴᠢᠶ᠎ᠠ᠂ | ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ᠂ ᠬᠤᠲᠠ ᠶᠢᠨ ᠦᠯᠤ ᠬᠦᠳᠡᠯᠬᠦ ᠬᠥᠷᠥᠩᠭᠡ ᠶᠢ ᠳᠠᠩᠰᠠᠯᠠᠨ | ᠲᠡᠮᠳᠡᠭᠯᠡᠬᠦ ᠲᠥᠪ ᠪᠣᠯᠤᠨ ᠡᠵᠡᠨ ᠬᠤᠷᠤᠭ᠎ᠠ ᠬᠤᠰᠢᠭᠤᠨ ᠤ ᠦᠯᠤ ᠬᠦᠳᠡᠯᠬᠦ ᠬᠥᠷᠥᠩᠭᠡ ᠶᠢ ᠳᠠᠩᠰᠠᠯᠠᠨ ᠲᠡᠮᠳᠡᠭᠯᠡᠬᠦ | ᠲᠥᠪ ᠪᠠᠭᠲᠠᠨ᠎ᠠ᠃ ᠭᠤᠷᠪᠠᠳᠤᠭᠠᠷ ᠳᠠᠪᠬᠤᠷᠭ᠎ᠠ ᠨᠢ ᠡᠵᠡᠨ ᠬᠤᠷᠤᠭ᠎ᠠ ᠬᠤᠰᠢᠭᠤᠨ ᠤ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠣᠭᠤᠷᠢᠭ ᠪᠣᠯᠤᠨ ᠬᠢᠶ᠎ᠡ ᠪᠠᠭᠰᠢ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠲᠣᠭᠤᠷᠢᠭ ᠪᠣᠯᠤᠨ᠎ᠠ᠃ ᠳᠥᠷᠪᠡᠳᠦᠭᠡᠷ ᠳᠠᠪᠬᠤᠷᠭ᠎ᠠ ᠨᠢ ᠬᠤᠲᠠ ᠶᠢᠨ ᠲᠤᠰ ᠱᠠᠲᠤᠨ ᠤ ᠪᠡᠯᠡ ᠣᠷᠣᠭᠤᠯᠤᠯᠲᠠ ᠶᠢᠨ | ᠲᠥᠷᠥᠯ ᠵᠦᠶᠯ ᠤᠨ ᠦᠶᠯᠡᠴᠢᠯᠡᠭᠡᠨ ᠤ ᠲᠣᠭᠤᠷᠢᠭ᠂ ᠬᠤᠳᠠᠯᠳᠤᠭᠠᠨ ᠤ ᠵᠦᠢᠯᠡᠰ ᠤᠨ ᠳᠠᠩᠰᠠᠯᠠᠨ ᠲᠡᠮᠳᠡᠭᠯᠡᠬᠦ | ᠦᠶᠯᠡᠴᠢᠯᠡᠭᠡᠨ ᠤ ᠲᠣᠭᠤᠷᠢᠭ᠂ ᠨᠡᠶᠢᠭᠡᠮ ᠤᠨ ᠬᠡᠷᠡᠭ ᠶᠠᠪᠤᠳᠠᠯ ᠤᠨ ᠦᠶᠯᠡᠴᠢᠯᠡᠭᠡᠨ ᠤ ᠲᠣᠭᠤᠷᠢᠭ ᠪᠠ ᠨᠡᠶᠢᠲᠡ ᠶᠢᠨ | ᠬᠤᠷᠠᠮᠳᠤᠭᠤᠯᠭ᠎ᠠ ᠶᠢᠨ ᠮᠥᠩᠭᠦ ᠶᠢᠨ ᠬᠠᠮᠢᠶᠠᠷᠤᠯᠲᠠ ᠶᠢᠨ ᠦᠶᠯᠡᠴᠢᠯᠡᠭᠡᠨ ᠤ ᠲᠣᠭᠤᠷᠢᠭ ᠪᠣᠯᠤᠨ᠎ᠠ᠃ | ᠣᠶᠢᠷ᠎ᠠ ᠶᠢᠨ ᠵᠢᠯ ᠤᠨ ᠲᠤᠷᠰᠢ᠂ ᠣᠷᠳᠣᠰ ᠬᠤᠲᠠ ᠵᠥᠭᠡᠯᠡᠨ ᠤᠷᠴᠢᠨ ᠢ ᠬᠦᠴᠦᠯᠡᠨ ᠰᠢᠯᠢᠳᠡᠭᠵᠢᠭᠦᠯᠵᠦ᠂ | ᠵᠥᠭᠡᠯᠡᠨ ᠪᠣᠳᠠᠲᠤ ᠬᠦᠴᠦᠨ ᠢᠶᠠᠨ ᠴᠢᠩᠭᠠᠷᠠᠭᠤᠯᠣᠨ᠂ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠪᠠ | ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠳᠦᠷᠢᠮ ᠤᠨ ᠥᠭᠡᠷᠡᠴᠢᠯᠡᠯᠲᠡ ᠶᠢ ᠲᠠᠰᠤᠷᠠᠯᠲᠠ ᠥᠬᠡᠶ | ᠴᠢᠩᠭᠠᠳᠬᠠᠭᠰᠠᠨ ᠤ ᠬᠠᠮᠲᠤ᠂ ᠵᠠᠰᠠᠭ ᠤᠨ ᠶᠠᠪᠤᠳᠠᠯ ᠤᠨ ᠦᠶᠯᠡᠴᠢᠯᠡᠭᠡ ᠶᠢᠨ ᠠᠷᠠᠳ ᠲᠤ ᠳᠥᠭᠦᠮ ᠦᠵᠡᠭᠦᠯᠬᠦ ᠪᠠᠷ | ᠤᠳᠤᠷᠢᠳᠤᠮᠵᠢ ᠪᠣᠯᠭᠠᠵᠤ᠂ ᠵᠠᠰᠠᠭ ᠤᠨ ᠶᠠᠪᠤᠳᠠᠯ ᠤᠨ ᠦᠶᠯᠡᠴᠢᠯᠡᠭᠡ ᠶᠢ ︽ᠳᠠᠷᠤᠶᠢᠬᠠᠨ ᠭᠦᠶᠴᠡᠳᠬᠡᠬᠦ᠂ ᠰᠦᠯᠵᠢᠶᠡᠨ | ᠳᠡᠭᠡᠷ᠎ᠡ ᠭᠦᠶᠴᠡᠳᠬᠡᠬᠦ᠂ ᠣᠶᠢᠷ᠎ᠠ ᠬᠠᠪᠢ ᠳᠤ ᠨᠢ ᠭᠦᠶᠴᠡᠳᠬᠡᠬᠦ᠂ ᠨᠢᠭᠡ ᠯᠠ ᠤᠳᠠᠭ᠎ᠠ ᠳᠤ ᠭᠦᠶᠴᠡᠳᠬᠡᠬᠦ︾ ᠵᠢᠴᠢ | ︽ᠦᠬᠡᠳᠡᠷᠬᠡᠭ ᠦᠶᠯᠡᠴᠢᠯᠡᠬᠦ︾ ᠶᠢ ᠪᠠᠶᠠᠯᠠᠬᠦᠯᠦᠨ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ︽ᠰᠢᠯᠣᠭᠤᠨ ᠵᠠᠮ︾ ᠢ | ᠨᠡᠬᠡᠬᠡᠵᠡᠢ᠃ |