ᠤᠯᠠᠭᠠᠨᠴᠠᠪ ᠬᠤᠲᠠ ᠬᠢᠭᠡᠳ ᠲᠧᠩ ᠰᠢᠶᠦ᠋ᠨ ᠺᠣᠮᠫᠠᠨᠢ ᠬᠠᠮᠲᠤᠷᠠᠯᠴᠠᠭᠠᠨ ᠤ ᠵᠥᠪᠳᠡᠯᠴᠡᠭᠡᠷ ᠲᠣᠭᠲᠠᠪᠠ
ᠨᠡᠶᠢᠲᠡᠯᠡᠭᠰᠡᠨ ᠴᠠᠭ᠄
2019/5/23
     ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠬᠢᠭᠡᠳ ᠲᠧᠩ ᠰᠢᠶᠦ᠋ᠨ ᠺᠣᠮᠫᠠᠨᠢ ᠯᠤᠭ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠵᠥᠪᠳᠡᠯᠴᠡᠭᠡᠷ ᠢ ᠰᠠᠶᠢᠲᠤᠷ ᠨᠠᠶᠢᠳᠠᠪᠤᠷᠢᠵᠢᠭᠤᠯᠬᠤ ᠶᠢᠨ ᠲᠥᠯᠥᠭᠡ᠂ 5 ᠳ᠋ᠤᠭᠠᠷ ᠰᠠᠷ᠎ᠠ ᠶᠢᠨ 22᠎ ᠤᠨ ᠡᠳᠦᠷ᠂ ᠤᠯᠠᠭᠠᠨᠴᠠᠪ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ ᠹᠧᠢ ᠳ᠋ᠦᠩ ᠪᠢᠨ ᠬᠤᠲᠠ ᠶᠢᠨ ᠲᠣᠮᠣ ᠳ᠋ᠠᠶᠢᠲ᠋ᠠ ᠶᠢᠨ ᠲᠣᠪᠴᠢᠶ᠎ᠠ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠳᠠᠭᠠᠭᠤᠯᠤᠨ 2019 ᠣᠨ ᠤ ᠲᠧᠩ ᠰᠢᠶᠦ᠋ᠨ ᠪᠥᠬᠦ ᠪᠥᠮᠪᠥᠷᠴᠡᠭ ᠤᠨ ᠲᠣᠭᠠᠴᠢᠯᠠᠭᠰᠠᠨ ᠠᠮᠢ ᠠᠬᠤᠢ ᠶᠢᠨ ᠶᠡᠭᠡ ᠬᠤᠷᠠᠯ ᠳᠤ ᠣᠷᠣᠯᠴᠠᠭᠰᠠᠨ ᠪᠥᠭᠡᠳ ᠤᠯᠠᠭᠠᠨᠴᠠᠪ ᠬᠤᠲᠠ ᠶᠢᠨ ᠵᠠᠰᠠᠭ ᠤᠨ ᠣᠷᠳᠣᠨ ᠬᠢᠭᠡᠳ ᠲᠧᠩ ᠰᠢᠶᠦ᠋ᠨ ᠺᠣᠮᠫᠠᠨᠢ ᠯᠤᠭ᠎ᠠ ᠶᠢᠨ ︽ᠲᠣᠭᠠᠴᠢᠯᠠᠭᠰᠠᠨ ᠵᠠᠰᠠᠭ ᠤᠨ ᠣᠷᠳᠣᠨ︾᠎ ᠤ ᠬᠠᠮᠲᠤᠷᠠᠯᠴᠠᠭᠠᠨ ᠤ ᠵᠥᠪᠳᠡᠯᠴᠡᠭᠡᠷ ᠲᠤ ᠭᠠᠷ ᠤᠨ ᠥᠰᠥᠭ ᠵᠢᠷᠤᠬᠤ ᠶᠢ ᠭᠡᠷᠡᠴᠢᠯᠡᠪᠡ᠃      ᠣᠶᠢᠯᠠᠭᠠᠭᠰᠠᠨ ᠢᠶᠠᠷ᠂ ᠲᠤᠰ ᠤᠳᠠᠭᠠᠨ ᠤ ᠶᠡᠭᠡ ᠬᠤᠷᠠᠯ 5 ᠳ᠋ᠤᠭᠠᠷ ᠰᠠᠷ᠎ᠠ ᠶᠢᠨ 21᠎ ᠤ ᠡᠳᠦᠷ ᠺᠦᠨᠮᠢᠩ ᠎ ᠳᠤ ᠡᠬᠢᠯᠡᠪᠡ᠂ ᠡᠨᠡ ᠪᠣᠯ ᠲᠧᠩ ᠰᠢᠶᠦ᠋ᠨ ᠪᠠᠶᠢᠯᠳᠤᠬᠤ ᠪᠣᠳᠣᠯᠭ᠎ᠠ ᠶᠢᠨ ᠳᠡᠰ ᠳᠡᠪᠰᠢᠭᠰᠡᠨ ᠤ ᠳᠠᠷᠠᠭ᠎ᠠ᠂ ᠢᠨᠲ᠋ᠧᠷ ᠰᠦᠯᠵᠢᠶ᠎ᠡ + ᠲᠣᠭᠠᠴᠢᠯᠠᠭᠰᠠᠨ ᠠᠵᠤ ᠠᠬᠤᠢ ᠶᠢᠨ ᠲᠦᠷᠦᠭᠦᠴᠦᠳ ᠤᠨ ᠬᠤᠷᠠᠯ᠂ ᠡᠭᠦᠯᠡᠨ ᠪᠣᠳᠣᠯᠲᠠ + ᠢᠷᠡᠭᠡᠳᠦᠶ ᠶᠢᠨ ᠲᠦᠷᠦᠭᠦᠴᠦᠳ ᠤᠨ ᠬᠤᠷᠠᠯ᠂ ᠲᠧᠩ ᠰᠢᠶᠦ᠋ᠨ ᠪᠥᠬᠦ ᠪᠥᠮᠪᠥᠷᠴᠡᠭ ᠤᠨ ᠬᠠᠮᠲᠤᠷᠠᠯᠴᠠᠭᠠᠨ ᠤ ᠬᠠᠨᠢᠲᠠᠨ ᠭᠡᠬᠦ ᠭᠤᠷᠪᠠᠨ ᠶᠡᠭᠡ ᠠᠵᠢᠯ ᠲᠥᠷᠥᠯ ᠤᠨ ᠶᠡᠭᠡ ᠬᠤᠷᠠᠯ ᠠᠴᠠ ᠭᠠᠷᠭᠠᠭᠰᠠᠨ ᠬᠡᠪ ᠪᠠᠷᠢᠮᠵᠢᠶ᠎ᠠ ᠪᠠᠷ ᠬᠠᠮᠤᠭ ᠎ ᠤᠨ ᠥᠨᠳᠥᠷ ᠠᠵᠢᠯ ᠲᠥᠷᠥᠯ ᠤᠨ ᠠᠮᠢ ᠠᠬᠤᠢ ᠶᠢᠨ ᠶᠡᠭᠡ ᠬᠤᠷᠠᠯ ᠪᠣᠯᠤᠨ᠎ᠠ᠂ ᠬᠤᠷᠠᠯ ᠳᠤ ᠣᠷᠣᠯᠴᠠᠭᠰᠠᠳ ᠲᠦᠮᠡᠨ ᠬᠥᠮᠦᠨ ᠢ ᠳᠠᠪᠠᠵᠠᠶ᠃      ᠵᠥᠪᠳᠡᠯᠴᠡᠭᠡᠷ ᠲᠣᠭᠲᠠᠬᠤ ᠶᠣᠰᠣᠯᠠᠯ ᠳᠡᠭᠡᠷ᠎ᠡ᠂ ᠹᠧᠢ ᠳ᠋ᠦᠩ ᠪᠢᠨ ᠲᠧᠩ ᠰᠢᠶᠦ᠋ᠨ ᠺᠣᠮᠫᠠᠨᠢ ᠶᠢᠨ ᠰᠢᠨᠵᠢᠯᠡᠬᠦ ᠤᠬᠠᠭᠠᠨ ᠤ ᠰᠤᠳᠤᠯᠭᠠᠨ᠂ ᠮᠡᠷᠭᠡᠵᠢᠯ᠂ ᠴᠢᠳᠠᠪᠤᠷᠢᠲᠠᠨ ᠪᠣᠯᠣᠨ ᠬᠥᠷᠥᠩᠭᠡ ᠶᠢᠨ ᠳᠠᠪᠠᠭᠤᠯᠢᠭ ᠢᠶᠠᠨ ᠪᠠᠳᠠᠷᠠᠭᠤᠯᠵᠤ᠂ ᠤᠯᠠᠭᠠᠨᠴᠠᠪ ᠤᠨ ᠲᠣᠭᠠᠴᠢᠯᠠᠭᠰᠠᠨ ᠵᠠᠰᠠᠭ ᠤᠨ ᠣᠷᠳᠣᠨ ᠤ ᠪᠠᠶᠢᠭᠤᠯᠤᠯᠲᠠ᠂ ᠠᠵᠤ ᠠᠬᠤᠢ ᠶᠢᠨ ᠬᠡᠯᠪᠡᠷᠢ ᠶᠢ ᠬᠤᠪᠢᠷᠠᠭᠤᠯᠤᠨ ᠳᠡᠰ ᠳᠡᠪᠰᠢᠭᠦᠯᠬᠦ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠢ ᠳᠠᠮᠵᠢᠨ ᠳᠡᠳᠬᠦᠵᠦ ᠪᠠᠶᠢᠬᠤ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ ᠲᠡᠷᠡ ᠬᠡᠯᠡᠭᠰᠡᠨ ᠨᠢ᠂ ᠲᠧᠩ ᠰᠢᠶᠦ᠋ᠨ ᠺᠣᠮᠫᠠᠨᠢ ᠶᠢᠨ ᠰᠢᠯᠵᠢᠮᠡᠯ ᠢᠨᠲ᠋ᠧᠷ ᠰᠦᠯᠵᠢᠶ᠎ᠡ᠂ ᠲᠣᠮᠣ ᠳ᠋ᠠᠶᠢᠲ᠋ᠠ᠂ ᠡᠭᠦᠯᠡᠨ ᠪᠤᠳᠤᠯᠲᠠ ᠶᠢᠨ ᠮᠡᠷᠭᠡᠵᠢᠯ ᠤᠨ ᠰᠢᠨ᠎ᠡ ᠶᠢ ᠡᠭᠦᠳᠬᠦ ᠵᠢᠴᠢ ᠮᠡᠳᠡᠭᠡ ᠵᠠᠩᠭᠢ ᠶᠢᠨ ᠡᠬᠢ ᠪᠠᠶᠠᠯᠢᠭ ᠤᠨ ᠬᠡᠪᠴᠢᠶ᠎ᠡ ᠵᠡᠷᠭᠡ ᠲᠠᠯ᠎ᠠ ᠪᠠᠷ ᠬᠢ ᠳᠠᠪᠠᠭᠤᠯᠢᠭ ᠢ ᠠᠰᠢᠭᠯᠠᠨ᠂ ᠬᠤᠶᠠᠷ ᠲᠠᠯ᠎ᠠ ᠪᠠᠷ ᠢᠶᠠᠨ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ  ᠦᠢᠯᠡᠴᠢᠯᠡᠭᠡ︾᠎ ᠶᠢᠨ ᠲᠠᠪᠴᠠᠩ᠂ ︽ᠥᠯᠵᠡᠢ︾ ᠸᠢᠴᠠᠲ ᠤᠨ ᠵᠢᠵᠢᠭ ᠫᠷᠤᠭ᠍ᠷᠠᠮ ᠢ ᠬᠠᠮᠲᠤ ᠪᠠᠷ ᠨᠡᠭᠡᠭᠡᠨ ᠬᠥᠭᠵᠢᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠨᠢᠭᠡ ᠰᠦᠯᠵᠢᠶ᠎ᠡ ᠪᠠᠷ ᠪᠦᠬᠦᠨ ᠢ ᠭᠦᠢᠴᠡᠳᠬᠡᠬᠦ︾᠎ ᠶᠢ ᠪᠡᠶᠡᠯᠡᠭᠦᠯᠵᠦ᠂ ︽ ᠲᠣᠭᠠᠴᠢᠯᠠᠭᠰᠠᠨ ᠤᠯᠠᠭᠠᠨᠴᠠᠪ︾᠎ ᠤᠨ ᠬᠥᠭᠵᠢᠯᠲᠡ ᠶᠢᠨ ᠠᠬᠢᠴᠠ ᠲᠠᠰᠤᠷᠠᠯᠲᠠ ᠥᠬᠡᠶ ᠲᠦᠷᠭᠡᠳᠴᠦ ᠪᠤᠢ ᠭᠡᠵᠡᠢ᠃      ᠹᠧᠢ ᠳ᠋ᠦᠩ ᠪᠢᠨ ᠢᠯᠡᠳᠬᠡᠭᠰᠡᠨ ᠨᠢ᠂ ᠤᠯᠠᠭᠠᠨᠴᠠᠪ ᠪᠣᠯ ᠳ᠋ᠠᠶᠢᠲ᠋ᠠ ᠶᠢᠨ ᠲᠥᠪ ᠢ ᠪᠠᠯᠠ ᠣᠷᠣᠭᠤᠯᠤᠨ ᠪᠦᠲᠦᠭᠡᠨ  ᠪᠠᠶᠢᠭᠤᠯᠬᠤ ᠳᠤ ᠬᠠᠮᠤᠭ ᠤᠨ ᠲᠣᠬᠢᠷᠠᠮᠵᠢᠲᠠᠶ ᠬᠤᠲᠠ ᠮᠥᠨ᠂ ᠣᠶᠢᠷ᠎ᠠ ᠶᠢᠨ ᠬᠡᠳᠦᠨ ᠵᠢᠯ ᠤᠨ ᠴᠥᠬᠦᠷᠡᠰᠢ ᠥᠬᠡᠶ ᠴᠢᠷᠮᠠᠶᠢᠯᠭ᠎ᠠ ᠪᠠᠷ ᠳᠠᠮᠵᠢᠨ᠂ ᠲᠧᠩ ᠰᠢᠶᠦ᠋ᠨ᠂ ᠬᠤᠸᠠ ᠸᠧᠶ᠂ ᠠ ᠯᠢ ᠪᠠ ᠪᠠ ᠵᠡᠷᠭᠡ ᠦᠯᠡᠮᠵᠢ ᠣᠯᠠᠨ ᠢᠨᠲ᠋ᠧᠷ ᠰᠦᠯᠵᠢᠶᠡᠨ ᠤ ᠳᠠᠭᠠᠭᠤᠯᠤᠭᠴᠢ ᠠᠵᠤ ᠠᠬᠤᠢᠯᠠᠯ ᠬᠤᠶᠢᠨ᠎ᠠ ᠬᠤᠶᠢᠨ᠎ᠠ ᠠᠴᠠ ᠪᠠᠨ ᠠᠳᠡ ᠡᠷᠦᠬᠡ ᠠᠮᠠ ᠣᠷᠣᠵᠤ᠂ ︽ᠡᠭᠦᠯᠡᠨ ᠠᠴᠠ ᠦᠵᠦᠭᠦᠷ ᠬᠦᠷᠬᠦ︾ ᠠᠵᠤ ᠦᠢᠯᠡᠰ ᠤᠨ ᠬᠡᠯᠬᠢᠶ᠎ᠡ ᠶᠠᠭ ᠲᠦᠷᠭᠡᠨ ᠢᠶᠠᠷ ᠪᠦᠷᠢᠯᠳᠦᠵᠦ ᠪᠠᠶᠢᠨ᠎ᠠ᠂ ︽ᠡᠮᠦᠨᠡᠲᠦ ᠶᠢᠨ ᠭᠦᠢᠶᠠᠩ ᠤᠮᠠᠷᠠᠲᠤ ᠶᠢᠨ ᠤᠯᠠᠭᠠᠨᠴᠠᠪ᠂ ᠲᠠᠯ᠎ᠠ ᠨᠤᠲᠤᠭ ᠤᠨ ᠡᠭᠦᠯᠡᠨ ᠴᠢᠯᠦᠭᠡ︾᠎ ᠨᠢ ᠤᠯᠠᠭᠠᠨᠴᠠᠪ ᠬᠤᠲᠠ ᠶᠢᠨ ᠰᠢᠨ᠎ᠡ ᠨᠡᠷ᠎ᠡ ᠶᠢᠨ ᠬᠠᠭᠤᠳᠠᠰᠤ ᠪᠣᠯᠵᠤ᠂ ᠲᠥᠷᠥ ᠶᠢᠨ ᠶᠠᠪᠤᠳᠠᠯ ᠤᠨ ᠬᠤᠷᠢᠶᠠᠨ ᠤ ᠮᠠᠭᠲᠠᠭᠠᠯ ᠰᠠᠶᠢᠰᠢᠶᠠᠯ ᠢ ᠣᠯᠪᠠ᠃ ᠲᠠᠷᠠᠭᠠᠴᠢ ᠶᠢᠨ ᠠᠯᠬᠤᠮ ᠳᠤ᠂ ᠤᠯᠠᠭᠠᠨᠴᠠᠪ ᠬᠢᠭᠡᠳ ᠲᠧᠩ ᠰᠢᠶᠦ᠋ᠨ ᠺᠣᠮᠫᠠᠨᠢ ᠰᠠᠶᠢᠨ ᠰᠠᠶᠢᠬᠠᠨ ᠬᠠᠮᠲᠤᠷᠠᠯᠴᠠᠭᠠᠨ ᠤ ᠰᠠᠭᠤᠷᠢᠨ ᠳᠡᠭᠡᠷ᠎ᠡ᠂ ᠲᠣᠭᠠᠴᠢᠯᠠᠭᠰᠠᠨ ᠵᠠᠰᠠᠭ ᠤᠨ ᠣᠷᠳᠣᠨ᠂ ᠬᠢᠮᠡᠯ ᠣᠶᠣᠨ᠂ ᠲᠣᠮᠣ ᠳ᠋ᠠᠶᠢᠲ᠋ᠠ ᠶᠢᠨ ᠠᠵᠤ ᠦᠢᠯᠡᠰ ᠵᠡᠷᠭᠡ ᠬᠦᠷᠢᠶᠡᠨ ᠳᠠᠬᠢ ᠬᠠᠮᠲᠤᠷᠠᠯᠴᠠᠭᠠᠨ ᠤ ᠣᠷᠣᠨ ᠵᠠᠶ ᠶᠢ ᠤᠯᠠᠮ ᠨᠢᠭᠡ ᠠᠯᠬᠤᠮ ᠥᠷᠭᠡᠳᠬᠡᠵᠦ᠂ ᠮᠡᠳᠡᠭᠡ ᠵᠠᠩᠭᠢ ᠶᠢᠨ ᠮᠡᠷᠭᠡᠵᠢᠯ ᠢᠶᠠᠷ ᠤᠯᠠᠭᠠᠨᠴᠠᠪ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ ᠭᠡᠵᠡᠶ᠃  
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号