ᠴᠡᠯᠮᠡᠭ ᠬᠥᠬᠡ ᠲᠩᠷᠢ ᠶᠢᠨ ᠳᠣᠣᠷ᠎ᠠ᠂ ᠴᠡᠯ ᠨᠣᠭᠤᠭᠠᠨ ᠡᠪᠡᠰᠦᠲᠦ ᠲᠠᠯ᠎ᠠ ᠲᠡᠭᠷᠢ ᠲᠠᠢ ᠵᠠᠯᠭᠠᠯᠳᠤᠨ᠂ | ᠮᠤᠷᠤᠶᠢᠯᠵᠠᠨ ᠲᠣᠬᠤᠶᠢᠷᠠᠨ ᠤᠷᠤᠰᠬᠤ ᠭᠤᠣᠯ ᠭᠤᠷᠤᠬ᠎ᠠ ᠶᠢᠨ ᠳᠡᠷᠭᠡᠳᠡ ᠤᠯᠠᠭᠠᠨ ᠪᠤᠷᠭᠠᠰᠤ ᠰᠠᠯᠬᠢᠨ ᠤ ᠠᠶ᠎ᠠ ᠪᠠᠷ | ᠨᠠᠶᠢᠭᠤᠨ᠎ᠠ᠃ ᠬᠡ ᠤᠭᠠᠯᠵᠠ ᠮᠡᠲᠦ ᠶᠢᠰᠦ ᠶᠢᠰᠦ ᠪᠠᠷ ᠲᠠᠬᠢᠷᠯᠠᠭᠰᠠᠨ ᠤᠯᠠᠭᠠᠢ ᠭᠤᠣᠯ ᠠᠴᠠ ᠭᠠᠳᠠᠨ᠎ᠠ᠂ ᠷᠠᠰᠢᠶᠠᠨ | ᠪᠦᠯᠢᠶᠡᠨ ᠪᠤᠯᠠᠭ᠂ ︽ᠴᠢᠨ᠋ᠸ᠎ᠠ ᠲᠣᠲ᠋ᠧᠮ︾ ᠭᠡᠬᠦ ᠺᠢᠨᠣ᠋ ᠶᠢ ᠵᠢᠷᠤᠭ ᠠᠪᠴᠤ ᠰᠡᠭᠦᠳᠡᠷᠯᠡᠭᠰᠡᠨ ᠦᠵᠡᠮᠵᠢ ᠶᠢᠨ ᠣᠷᠣᠨ | ᠵᠡᠷᠭᠡ ᠨᠢ ᠶᠠᠭ ᠯᠠ ᠨᠢᠭᠡᠨ ᠭᠡᠷᠡᠯᠲᠦ ᠰᠤᠪᠤᠳ ᠰᠢᠭ᠋ ᠡᠨᠡ ᠬᠦ ᠦᠵᠡᠰᠬᠦᠯᠡᠩᠲᠦ ᠰᠠᠶᠢᠬᠠᠨ ᠲᠠᠯ᠎ᠠ ᠨᠤᠲᠤᠭ ᠲᠤ | ᠴᠢᠮᠡᠭᠯᠡᠭᠳᠡᠵᠦ ᠪᠠᠶᠢᠨ᠎ᠠ᠃ ᠡᠳᠡᠭᠡᠷ ᠳᠠᠪᠠᠭᠤᠯᠢᠭ ᠨᠥᠬᠦᠴᠡᠯ ᠳᠤ ᠪᠠᠨ ᠲᠦᠰᠢᠭᠯᠡᠨ᠂ᠣᠶᠢᠷ᠎ᠠ ᠶᠢᠨ ᠵᠢᠯ ᠠᠴᠠ ᠨᠠᠭᠠᠰᠢ᠂ | ᠤᠯᠠᠭᠠᠶ ᠬᠠᠮᠢᠶᠠᠷᠤᠯᠲᠠ ᠶᠢᠨ ᠣᠷᠣᠨ ᠨᠢ ᠪᠠᠶᠢᠭᠠᠯᠢᠯᠢᠭ ᠠᠮᠢ ᠠᠬᠤᠢ ᠨᠤᠲᠤᠭ ᠪᠡᠯᠴᠢᠭᠡᠷ ᠤᠨ ᠬᠠᠮ ᠵᠢᠭᠤᠯᠴᠢᠯᠠᠯ ᠤᠨ | ᠦᠢᠯᠡᠰ ᠪᠣᠯᠤᠨ ᠥᠪᠡᠷᠮᠢᠴᠡ ᠣᠨᠴᠠᠯᠢᠭᠲᠤ ᠵᠢᠭᠤᠯᠴᠢᠯᠠᠯ ᠤᠨ ᠨᠠᠷᠠᠲᠤ ᠪᠠᠯᠭᠠᠰᠤ ᠶᠢᠨ ᠪᠦᠲᠦᠭᠡᠨ | ᠪᠠᠶᠢᠭᠤᠯᠤᠯᠲᠠ ᠪᠠᠨ ᠲᠦᠷᠭᠡᠳᠬᠡᠵᠦ᠂ ᠵᠢᠭᠤᠯᠴᠢᠯᠠᠯ ᠵᠢᠴᠢ ᠬᠠᠮᠢᠶ᠎ᠠ ᠪᠦᠬᠦᠢ ᠠᠵᠤ ᠦᠢᠯᠡᠰ ᠦᠳᠲᠡᠷ ᠲᠦᠷᠭᠡᠨ | ᠬᠥᠭᠵᠢᠵᠦ᠂ ᠮᠠᠰᠢ ᠤᠯᠠᠨ ᠬᠥᠮᠦᠰ ᠠᠵᠢᠯ ᠬᠢᠵᠦ ᠦᠢᠯᠡᠰ ᠴᠣᠭᠴᠠᠯᠠᠬᠤ ᠪᠠᠷ ᠢᠷᠡᠭᠰᠡᠨ ᠪᠠᠶᠢᠨ᠎ᠠ᠃ | ᠰᠡᠷᠭᠦᠯᠡᠩ ᠪᠣᠯ ᠪᠠᠶᠠᠨᠬᠤᠰᠢᠭᠤ ᠪᠠᠯᠭᠠᠰᠤᠨ ᠤ ᠨᠢᠭᠡᠨ ᠣᠨᠴᠠ ᠭᠠᠷᠤᠯᠲᠠ ᠶᠢᠨ ᠳᠡᠯᠭᠡᠭᠦᠷ ᠤᠨ ᠡᠭᠦᠳᠦᠨ | ᠪᠠᠶᠢᠭᠤᠯᠤᠭᠴᠢ ᠮᠥᠨ᠂ ᠬᠠᠮᠢᠶᠠᠷᠤᠯᠲᠠ ᠶᠢᠨ ᠣᠷᠣᠨ ᠤ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ | ᠲᠦᠷᠭᠡᠨ ᠪᠠᠶᠢᠬᠤ ᠶᠢ ᠣᠯᠵᠤ ᠬᠠᠷᠠᠭᠠᠳ᠂ ᠲᠡᠷᠡ 2016 ᠣᠨ ᠳᠤ ᠮᠠᠯᠵᠢᠬᠤ ᠣᠷᠣᠨ ᠠᠴᠠ ᠬᠤᠲᠠ ᠣᠷᠣᠵᠤ | ᠦᠶᠯᠡᠰ ᠴᠣᠭᠴᠠᠯᠠᠭᠰᠠᠨ ᠪᠥᠭᠡᠳ ᠠᠵᠠ ᠲᠣᠬᠢᠶᠠᠯ ᠢ ᠠᠮᠵᠢᠨ ︽ᠲᠡᠭᠷᠢ ᠶᠢᠨ ᠬᠢᠵᠠᠭᠠᠷ ᠤᠨ ᠲᠡᠷᠭᠡᠯ ᠲᠠᠯ᠎ᠠ ᠤᠯᠠᠭᠠᠶ︾ | ᠭᠡᠬᠦ ᠲᠠᠸᠠᠷ ᠤᠨ ᠲᠡᠮᠳᠡᠭ ᠢ ᠳᠠᠩᠰᠠᠯᠠᠭᠤᠯᠵᠤ᠂ ᠥᠪᠡᠷ ᠤᠨ ᠢᠶᠠᠨ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ | ᠰᠢᠮ᠎ᠡ ᠪᠠᠨ ᠪᠣᠷᠣᠯᠠᠭᠤᠯᠤᠭᠰᠠᠨ ᠪᠠᠶᠢᠨ᠎ᠠ᠃ ᠡᠳᠦᠷ ᠪᠦᠷᠢ ᠳᠡᠯᠭᠡᠭᠦᠷ ᠠᠴᠠ ᠬᠤᠷᠤᠳ᠂ ᠪᠢᠰᠢᠯᠠᠭ᠂ ᠬᠠᠲᠠᠭᠠᠮᠠᠯ | ᠮᠢᠬ᠎ᠠ ᠬᠤᠳᠠᠯᠳᠤᠨ ᠠᠪᠲᠠᠭ ᠵᠣᠴᠢᠳ ᠨᠢ ᠲᠠᠰᠤᠷᠠᠭ᠎ᠠ ᠦᠭᠡᠢ᠃ ︽ᠮᠠᠨ ᠤ ᠢᠳᠡᠭᠡᠨ ᠪᠣᠬᠢᠷᠲᠤᠯ ᠥᠬᠡᠶ ᠪᠦᠭᠡᠳ | ᠪᠠᠶᠢᠭᠠᠯᠢᠯᠢᠭ ᠪᠣᠯᠬᠤᠷ ᠬᠡᠷᠡᠭᠯᠡᠭᠴᠢᠳ ᠤᠨ ᠲᠠᠭᠠᠰᠢᠶᠠᠯ ᠢ ᠣᠯᠳᠠᠭ︾ ᠬᠡᠮᠡᠨ ᠪᠠᠶᠠᠷᠲᠠᠶᠢᠬᠠᠨ ᠶᠠᠷᠢᠨ᠎ᠠ᠃ | ᠪᠦᠷᠢᠳᠬᠡᠯ ᠢ ᠦᠨᠳᠦᠰᠦᠯᠡᠪᠡᠯ᠂ 2018 ᠣᠨ ᠳᠤ᠂ ᠤᠯᠠᠭᠠᠶ ᠬᠠᠮᠢᠶᠠᠷᠤᠯᠲᠠ ᠶᠢᠨ ᠣᠷᠣᠨ ᠤ ᠬᠦᠯᠢᠶᠡᠨ | ᠠᠪᠤᠭᠰᠠᠨ ᠵᠢᠭᠤᠯᠴᠢᠯᠠᠭᠴᠢᠳ ᠤᠨ ᠲᠤᠭ᠎ᠠ ᠨᠢ 106 ᠲᠦᠮᠡᠨ ᠬᠥᠮᠥᠨ ᠤᠳᠠᠭ᠎ᠠ ᠳᠤ ᠬᠦᠷᠴᠦ᠂ ᠵᠢᠭᠤᠯᠴᠢᠯᠠᠯ ᠤᠨ | ᠣᠷᠣᠯᠭ᠎ᠠ ᠶᠢ 4.24 ᠳ᠋ᠦᠩᠰᠢᠭᠤᠷ ᠲᠥᠭᠦᠷᠢᠭ ᠪᠡᠶᠡᠯᠡᠭᠦᠯᠦᠨ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ | ᠬᠢ ᠠᠴᠠ ᠲᠤᠰ ᠲᠤᠰ 18.7% ᠪᠠ 48.8% ᠨᠡᠮᠡᠭᠳᠡᠪᠡ᠃ ᠵᠢᠭᠤᠯᠴᠢᠯᠠᠯ ᠤᠨ ᠦᠢᠯᠡᠰ ᠤᠨ ᠲᠠᠲᠠᠯᠲᠠ ᠠᠴᠠ | ᠪᠣᠯᠵᠤ᠂ ᠤᠯᠠᠭᠠᠶ ᠬᠠᠮᠢᠶᠠᠷᠤᠯᠲᠠ ᠶᠢᠨ ᠣᠷᠣᠨ ᠳᠤ ᠰᠡᠷᠭᠦᠯᠡᠩ ᠲᠠᠢ ᠠᠳᠠᠯᠢ ᠣᠨᠴᠠ ᠭᠠᠷᠤᠯᠲᠠ ᠶᠢᠨ ᠳᠡᠯᠭᠡᠭᠦᠷ | ᠡᠵᠡᠩᠨᠡᠭᠴᠢ 30 ᠰᠢᠬᠠᠮ ᠡᠷᠦᠬᠡ ᠪᠠᠶᠢᠨ᠎ᠠ᠂ ᠡᠭᠦᠨ ᠠᠴᠠ ᠭᠠᠳᠠᠨ᠎ᠠ᠂ ᠦᠨᠳᠦᠰᠦᠲᠡᠨ ᠤ ᠬᠤᠪᠴᠠᠰᠤ ᠵᠠᠰᠠᠯ ᠬᠢᠬᠦ᠂ | ᠭᠤᠸ᠎ᠠ ᠵᠢᠮᠢᠰ ᠲᠡᠭᠦᠬᠦ᠂ ᠮᠠᠯᠴᠢᠳ ᠤᠨ ᠭᠡᠷ ᠪᠦᠯᠢ ᠵᠡᠷᠭᠡ ᠵᠢᠭᠤᠯᠴᠢᠯᠠᠯ ᠤᠨ ᠠᠵᠤ ᠦᠶᠯᠡᠰ ᠨᠢ | ᠵᠢᠭᠤᠯᠴᠢᠯᠠᠭᠴᠢᠳ ᠤᠨ ᠬᠦᠷᠢᠶᠡᠯᠡᠯ ᠢ ᠣᠯᠵᠤ ᠪᠠᠶᠢᠨ᠎ᠠ᠃ ᠬᠤᠨᠤᠭ ᠢᠳᠡᠭᠡᠨ ᠤᠮᠳᠠᠭᠠᠨ ᠤ ᠦᠢᠯᠡᠰ ᠤᠨ | ᠡᠷᠦᠬᠡ ᠶᠢᠨ ᠲᠤᠭ᠎ᠠ ᠦᠳᠲᠡᠷ ᠲᠦᠷᠭᠡᠨ ᠨᠡᠮᠡᠭᠳᠡᠵᠦ᠂ ᠣᠳᠣ ᠪᠣᠯᠲᠠᠯ᠎ᠠ ᠬᠠᠮᠢᠶᠠᠷᠤᠯᠲᠠ ᠶᠢᠨ ᠣᠷᠣᠨ ᠳᠤ ᠬᠤᠨᠤᠭ | ᠢᠳᠡᠭᠡᠨ ᠤᠮᠳᠠᠭᠠᠨ ᠤ ᠦᠢᠯᠡᠰ ᠤᠨ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠪᠣᠯᠣᠨ ᠠᠵᠤ | ᠠᠬᠤᠶᠢᠯᠠᠯ ᠨᠡᠶᠢᠲᠡ 450 ᠭᠠᠷᠤᠶ ᠪᠠᠶᠢᠵᠤ᠂ ᠡᠳᠦᠷ ᠤᠨ ᠬᠦᠯᠢᠶᠡᠨ ᠠᠪᠬᠤ ᠴᠢᠳᠠᠪᠤᠷᠢ 8000 ᠭᠠᠷᠤᠶ ᠬᠥᠮᠥᠨ | ᠤᠳᠠᠭ᠎ᠠ ᠳᠤ ᠬᠦᠷᠴᠡᠶ᠃ ᠡᠭᠦᠨ ᠤ ᠬᠠᠮᠲᠤ᠂ ᠡᠯᠧᠺᠲᠷᠣᠨ ᠬᠤᠳᠠᠯᠳᠤᠭᠠᠨ ᠤ ᠦᠶᠯᠡᠰ ᠲᠣᠭᠲᠠᠭᠤᠨ ᠢᠶᠠᠷ | ᠬᠥᠭᠵᠢᠵᠦ᠂ ᠡᠯ᠎ᠡ ᠲᠥᠷᠥᠯ ᠤᠨ ᠡᠯᠧᠺᠲᠷᠣᠨ ᠬᠤᠳᠠᠯᠳᠤᠭᠠᠨ ᠤ ᠲᠠᠪᠴᠠᠩ ᠢᠶᠠᠷ ᠳᠠᠮᠵᠢᠭᠤᠯᠤᠨ ᠨᠤᠲᠤᠭ ᠤᠨ | ᠣᠨᠴᠠ ᠭᠠᠷᠤᠯᠲᠠ᠂ ᠦᠬᠡᠷ ᠬᠤᠨᠢᠨ ᠮᠢᠬ᠎ᠠ᠂ ᠴᠠᠭᠠᠨ ᠢᠳᠡᠭᠡ ᠪᠣᠷᠣᠯᠠᠭᠤᠯᠵᠤ ᠪᠠᠶᠢᠭ᠎ᠠ ᠡᠷᠦᠬᠡ 16 ᠪᠠᠶᠢᠨ᠎ᠠ᠃ | ᠡᠨᠡ ᠵᠢᠯ᠂ ᠤᠯᠠᠭᠠᠶ ᠬᠠᠮᠢᠶᠠᠷᠤᠯᠲᠠ ᠶᠢᠨ ᠣᠷᠣᠨ ᠨᠢ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ | ᠪᠣᠯᠤᠨ ᠪᠦᠬᠦᠯᠢ ᠴᠣᠭᠴᠠ ᠶᠢᠨ ᠣᠷᠴᠢᠨ ᠲᠣᠭᠤᠷᠢᠨ ᠤ ᠴᠣᠭᠴᠠᠯᠠᠯᠲᠠ ᠪᠠᠨ ᠦᠷᠭᠦᠯᠵᠢᠯᠡᠨ ᠴᠢᠩᠭᠠᠳᠬᠠᠵᠤ᠂ | ᠤᠯᠠᠭᠠᠶ ᠲᠠᠯ᠎ᠠ ᠨᠤᠲᠤᠭ ᠤᠨ ᠵᠢᠭᠤᠯᠴᠢᠯᠠᠯ ᠤᠨ ᠨᠠᠷᠠᠲᠤ ᠲᠡᠮᠳᠡᠭ ᠢ ᠨᠠᠩ ᠬᠠᠩᠭᠢᠨᠠᠭᠤᠯᠤᠨ᠂ ᠵᠢᠭᠤᠯᠴᠢᠯᠠᠭᠴᠢᠳ ᠨᠢ | ᠤᠯᠠᠮ ᠠᠴᠠ ᠤᠯᠠᠮ ᠨᠡᠮᠡᠭᠳᠡᠵᠦ᠂ ᠨᠠᠩ ᠣᠯᠠᠨ ᠬᠥᠮᠦᠨ ᠤ ᠠᠵᠢᠯ ᠬᠢᠵᠦ ᠦᠢᠯᠡᠰ ᠴᠣᠭᠴᠠᠯᠠᠬᠤ ᠬᠠᠯᠠᠭᠤᠨ | ᠬᠥᠷᠥᠰᠥ ᠪᠣᠯᠵᠠᠢ᠃ |