ᠲᠦᠩᠯᠢᠶᠣᠤ ᠬᠤᠲᠠ ᠪᠠᠶᠢᠴᠠᠭᠠᠨ ᠢᠯᠡᠷᠡᠬᠦᠯᠦᠭᠰᠡᠨ 1813 ︽ᠰᠠᠷᠠᠪᠴᠢᠨ ᠭᠡᠷ︾᠎ ᠤᠨ ᠠᠰᠠᠭᠤᠳᠠᠯ ᠢ ᠴᠡᠭᠴᠡᠯᠡᠨ ᠵᠠᠰᠠᠬᠤ ᠠᠵᠢᠯ ᠢᠶᠠᠨ ᠠᠮᠵᠢᠯᠳᠠ ᠲᠠᠢ ᠪᠡᠶᠡᠯᠡᠬᠦᠯᠪᠠ
ᠨᠡᠶᠢᠲᠡᠯᠡᠭᠰᠡᠨ ᠴᠠᠭ᠄
2019/5/24
     ᠣᠯᠠᠨ ᠣᠳᠠᠭᠠᠨ ᠤ ᠬᠢᠨᠠᠨ ᠪᠠᠶᠢᠴᠠᠭᠠᠯᠳᠠ ᠪᠠ ᠲᠦᠪᠯᠡᠷᠡᠩᠬᠦᠢ ᠵᠠᠰᠠᠯᠲᠠ ᠪᠠᠷ ᠳᠠᠮᠵᠢᠨ᠂ ᠲᠦᠩᠯᠢᠶᠣᠤ ᠬᠤᠲᠠ 1813 ︽ᠰᠠᠷᠠᠪᠴᠢᠨ ᠭᠡᠷ︾᠎ ᠤᠨ ᠠᠰᠠᠭᠤᠳᠠᠯ ᠢ ᠪᠠᠶᠢᠴᠠᠭᠠᠨ ᠢᠯᠡᠷᠡᠬᠦᠯᠵᠣ᠂ ᠣᠳᠣᠬᠠᠨ ᠪᠣᠯᠳᠠᠯ᠎ᠠ ᠪᠦᠬᠦᠶᠢᠯᠡ ᠴᠡᠭᠴᠡᠯᠡᠨ ᠵᠠᠰᠠᠬᠤ ᠠᠵᠢᠯ ᠢᠶᠠᠨ ᠠᠮᠵᠢᠯᠳᠠ ᠲᠠᠢ ᠪᠡᠶᠡᠯᠡᠬᠦᠯᠦᠨ᠂ ᠲᠠᠷᠢᠶᠠᠯᠠᠩ ᠤᠨ ᠦᠶᠯᠡᠳᠪᠦᠷᠢᠯᠡᠯ ᠤᠨ ᠴᠢᠳᠠᠮᠵᠢ ᠶᠢ ᠨᠡᠶᠢᠳᠠ 763.35 ᠮᠤ᠋ ᠰᠡᠷᠭᠦᠭᠡᠭᠰᠡᠨ ᠪᠠᠶᠢᠨ᠎ᠠ᠃      ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠢᠨᠠᠨ ᠪᠠᠶᠢᠴᠠᠭᠠᠯᠳᠠ ᠠᠴᠠ ᠬᠠᠷᠢᠭᠤ ᠲᠤᠰᠬᠠᠭᠰᠠᠨ ᠰᠠᠨᠠᠯ ᠳᠠᠬᠢ ᠲᠦᠩᠯᠢᠶᠣᠤ ᠬᠤᠲᠠ ᠲᠠᠢ ᠬᠤᠯᠪᠣᠭᠳᠠᠭᠰᠠᠨ ᠬᠠᠤᠯᠢ ᠠᠴᠠ ᠵᠥᠷᠢᠴᠡᠨ ᠨᠤᠲᠤᠭ ᠪᠡᠯᠴᠢᠭᠡᠷ ᠢ ᠲᠠᠲᠠᠪᠤᠷᠢᠯᠠᠨ ᠬᠡᠷᠡᠭᠯᠡᠭᠰᠡᠨ 463 ᠲᠦᠷᠦᠯ ᠵᠦᠢᠯ ᠢ ᠨᠢᠬᠡᠨᠳᠡ ᠴᠡᠭᠴᠡᠯᠡᠨ ᠵᠠᠰᠠᠵᠤ ᠳᠠᠭᠤᠰᠬᠠᠪᠠ᠃ ᠭᠤᠷᠪᠠᠳᠠᠬᠢ ᠤᠳᠠᠭᠠᠨ ᠤ ᠰᠢᠭᠰᠢᠨ ᠪᠠᠶᠢᠴᠠᠭᠠᠯᠳᠠ ᠵᠢᠴᠢ ᠳᠠᠷᠠᠭᠠᠴᠢ ᠶᠢᠨ ᠪᠠᠶᠢᠴᠠᠭᠠᠯᠳᠠ ᠳᠤ ᠨᠤᠲᠤᠭ ᠪᠡᠯᠴᠢᠭᠡᠷ ᠢ ᠬᠠᠤᠯᠢ ᠪᠤᠰᠤ ᠪᠠᠷ ᠲᠠᠲᠠᠪᠤᠷᠢᠯᠠᠨ ᠬᠡᠷᠡᠭᠯᠡᠭᠰᠡᠨ 380 ᠲᠥᠷᠥᠯ ᠵᠦᠶᠯ ᠪᠣᠢ᠂ ᠡᠬᠦᠨ ᠳᠤ ᠬᠤᠲᠠ ᠶᠢᠨ ᠱᠠᠲᠤᠨ ᠳᠤ ᠬᠢᠨᠠᠨ ᠪᠠᠶᠢᠴᠠᠭᠠᠭᠰᠠᠨ ᠨᠢ 245 ᠲᠦᠷᠣᠯ ᠵᠦᠢᠯ᠂ ᠬᠤᠰᠢᠭᠤ ᠰᠢᠶᠠᠨ ᠠᠩᠬ᠎ᠠ ᠬᠢᠨᠠᠭᠰᠠᠨ ᠨᠢ 39 ᠲᠦᠷᠣᠯ ᠵᠦᠢᠯ ᠪᠠᠶᠢᠵᠣ᠂ 96 ᠲᠦᠷᠣᠯ ᠵᠦᠢᠯ ᠢ ᠬᠠᠷᠠᠬᠠᠨ ᠪᠡᠶᠡᠯᠡᠬᠦᠯᠦᠬᠡ ᠦᠬᠡᠢ ᠪᠠᠶᠢᠨ᠎ᠠ᠃ 5 ᠳ᠋ᠤᠭᠠᠷ ᠰᠠᠷ᠎ᠠ ᠶᠢᠨ ᠡᠴᠦᠰ ᠠᠴᠠ ᠡᠮᠣᠨ᠎ᠠ᠂ ᠬᠤᠰᠢᠭᠤ ᠰᠢᠶᠠᠨ ᠨᠢ ᠠᠩᠬᠠᠨ ᠤ ᠬᠢᠨᠠᠯᠲᠠ ᠪᠠᠨ ᠪᠦᠭᠦᠳᠡ ᠶᠢ ᠪᠡᠶᠡᠯᠡᠬᠦᠯᠵᠤ ᠬᠤᠲᠠ ᠶᠢᠨ ᠣᠢ ᠰᠢᠭᠤᠶ ᠡᠪᠡᠰᠦ ᠪᠡᠯᠴᠢᠭᠡᠷ ᠤᠨ ᠲᠣᠪᠴᠢᠶ᠎ᠠ ᠳᠤ ᠮᠡᠳᠡᠬᠦᠯᠦᠨ ᠳᠠᠬᠢᠨ ᠬᠢᠨᠠᠭᠤᠯᠤᠨ᠎ᠠ᠃ ᠨᠤᠲᠤᠭ ᠪᠡᠯᠴᠢᠭᠡᠷ ᠤᠨ ᠠᠮᠢ ᠠᠬᠤᠢ ᠶᠢᠨ ᠣᠷᠴᠢᠨ ᠲᠣᠭᠤᠷᠢᠨ ᠤ ᠠᠰᠠᠭᠤᠳᠠᠯ ᠤᠨ ᠲᠠᠯ᠎ᠠ ᠪᠠᠷ ᠬᠢ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠣᠰᠬᠠᠢ ᠬᠢᠨᠠᠨ ᠪᠠᠶᠢᠴᠠᠭᠠᠯᠳᠠ ᠠᠴᠠ ᠬᠠᠷᠢᠭᠤ ᠲᠤᠰᠬᠠᠭᠰᠠᠨ ᠰᠠᠨᠠᠯ ᠳᠠᠬᠢ ᠲᠦᠩᠯᠢᠶᠣᠤ ᠬᠤᠳᠠ ᠎ ᠲᠠᠢ ᠬᠤᠯᠪᠣᠭᠳᠠᠭᠰᠠᠨ 4 ᠲᠠᠯ᠎ᠠ ᠶᠢᠨ 12 ᠲᠦᠷᠣᠯ ᠤᠨ ᠠᠰᠠᠭᠤᠳᠠᠯ ᠤᠨ ᠴᠡᠭᠴᠡᠯᠡᠨ ᠵᠠᠰᠠᠬᠤ ᠬᠠᠷᠢᠭᠤᠴᠠᠯᠭ᠎ᠠ ᠶᠢᠨ ᠨᠢᠬᠡᠴᠢ᠂ ᠬᠢᠨᠠᠨ ᠬᠠᠮᠢᠶᠠᠷᠬᠤ ᠨᠢᠬᠡᠴᠢ᠂ ᠬᠠᠮᠢᠶ᠎ᠠ ᠪᠦᠬᠦᠢ ᠠᠷᠭ᠎ᠠ ᠬᠡᠮᠵᠢᠶ᠎ᠡ ᠪᠣᠯᠤᠨ ᠴᠠᠭ ᠤᠨ ᠬᠢᠵᠠᠭᠠᠷ ᠢ ᠨᠢᠬᠡᠨᠳᠡ ᠨᠠᠶᠢᠳᠠᠪᠣᠷᠢᠵᠢᠭᠤᠯᠣᠭᠠᠳ ᠴᠡᠭᠴᠡᠯᠡᠨ ᠵᠠᠰᠠᠬᠤ ᠠᠷᠭ᠎ᠠ ᠬᠡᠮᠵᠢᠶ᠎ᠠ ᠶᠣᠰᠣᠭᠠᠷ ᠡᠮᠬᠢ ᠵᠢᠷᠤᠮ ᠲᠠᠢ ᠠᠬᠢᠭᠤᠯᠵᠤ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号