ᠤᠨᠴᠠᠭᠠᠢ ᠠᠵᠢᠯ ᠤᠨ ᠪᠠᠶᠢᠷᠢ ᠶᠢᠨ ᠪᠦᠷᠢᠨ ᠰᠠᠯᠠᠭᠠᠨ ᠤ ᠡᠮᠴᠢ ᠵᠢᠯ ᠪᠦᠷᠢ ᠡᠳ᠋ ᠤᠨ ᠵᠠᠰᠠᠭ ᠤᠨ 7 ᠲᠦᠮᠡᠨ ᠲᠥᠭᠦᠷᠢᠭ ᠤᠨ ᠨᠥᠬᠦᠪᠥᠷᠢ ᠶᠢ ᠣᠯᠵᠤ ᠪᠣᠯᠤᠨ᠎ᠠ
ᠨᠡᠶᠢᠲᠡᠯᠡᠭᠰᠡᠨ ᠴᠠᠭ᠄
2019/5/29
     ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠥᠪᠡᠷᠲᠡᠭᠡᠨ ᠵᠠᠰᠠᠬᠤ ᠣᠷᠣᠨ ᠤ ᠣᠷᠣᠨ ᠲᠤᠭ᠎ᠠ ᠶᠢᠨ ᠠᠯᠪᠠᠨ ᠭᠡᠷ᠂ ᠡᠳ᠋ ᠤᠨ ᠵᠠᠰᠠᠭ ᠤᠨ ᠲᠢᠩᠬᠢᠮ᠂ ᠬᠥᠮᠦᠨ ᠤ ᠬᠦᠴᠦᠨ ᠤ ᠡᠬᠢ ᠪᠠᠶᠠᠯᠢᠭ ᠪᠣᠯᠤᠨ ᠨᠡᠶᠢᠬᠡᠮ ᠤᠨ ᠪᠠᠲᠤᠯᠠᠭ᠎ᠠ ᠶᠢᠨ ᠲᠢᠩᠬᠢᠮ ᠲᠠᠢ ᠬᠠᠮᠲᠤᠷᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠢᠯᠢ ᠬᠢᠵᠠᠭᠠᠷ ᠤᠨ ᠬᠠᠲᠠᠭᠤ ᠪᠡᠷᠬᠡᠰᠢᠶᠡᠯᠲᠡᠶ ᠭᠠᠵᠠᠷ ᠣᠷᠣᠨ ᠤ ᠪᠦᠷᠢᠨ ᠰᠠᠯᠠᠭᠠᠨ ᠤ ᠡᠮᠴᠢ ᠶᠢᠨ ᠣᠨᠴᠠᠭᠠᠢ ᠠᠵᠢᠯ ᠤᠨ ᠪᠠᠶᠢᠷᠢ ᠶᠢᠨ ᠲᠥᠯᠥᠪᠯᠡᠭᠡ ᠥᠷᠨᠢᠭᠦᠯᠬᠦ ᠠᠵᠢᠯ ᠤᠨ ᠬᠡᠷᠡᠭᠵᠢᠭᠦᠯᠬᠦ ᠲᠥᠰᠦᠯ︾ ︵ᠳᠣᠷᠣᠭᠰᠢ ︽ᠬᠡᠷᠡᠭᠵᠢᠭᠦᠯᠬᠦ ᠲᠥᠰᠦᠯ︾ ᠭᠡᠵᠦ ᠲᠣᠪᠴᠢᠯᠠᠨ᠎ᠠ︶᠎ ᠢ ᠨᠡᠶᠢᠲᠡᠯᠡᠵᠦ᠂ 2019 ᠤᠨ ᠤ ᠠᠩᠬ᠎ᠠ ᠪᠦᠯᠦᠭ ᠲᠤ ᠤᠯᠤᠰ ᠤᠨ ᠳᠡᠰ ᠤᠨ ᠭᠤᠤᠯᠳᠠᠯᠭ᠎ᠠ ᠲᠠᠢ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ 26 ᠬᠤᠰᠢᠭᠤ ᠰᠢᠶᠠᠨ ᠳᠤ ᠣᠨᠴᠠᠭᠠᠢ ᠠᠵᠢᠯ ᠤᠨ ᠪᠠᠶᠢᠷᠢ ᠶᠢᠨ ᠪᠦᠷᠢᠨ ᠰᠠᠯᠠᠭᠠᠨ ᠤ ᠡᠮᠴᠢ ᠶᠢ 119 ᠤᠷᠢᠨ ᠵᠠᠯᠠᠵᠤ᠂ ᠬᠥᠮᠥᠨ ᠪᠦᠷᠢ ᠵᠢᠯ ᠳᠤ 7 ᠲᠦᠮᠡᠨ ᠲᠥᠭᠦᠷᠢᠭ ᠤᠨ ᠪᠠᠷᠢᠮᠵᠢᠶ᠎ᠠ ᠪᠠᠷ ᠪᠣᠳᠠᠲᠠᠶ ᠠᠵᠢᠯ ᠤᠨ ᠪᠠᠶᠢᠷᠢ ᠳᠤ ᠭᠠᠷᠤᠭᠰᠠᠨ ᠬᠥᠮᠦᠰ ᠲᠤ ᠡᠳ᠋ ᠤᠨ ᠵᠠᠰᠠᠭ ᠤᠨ ᠨᠥᠬᠦᠪᠥᠷᠢ ᠥᠭᠬᠦ ᠪᠠᠷ ᠲᠣᠳᠣᠷᠬᠠᠶ ᠲᠣᠭᠲᠠᠭᠠᠪᠠ᠃ ᠡᠭᠦᠨ ᠳᠤ᠂ ᠲᠥᠪ ᠤᠨ ᠡᠳ᠋ ᠤᠨ ᠵᠠᠰᠠᠭ ᠠᠴᠠ 5 ᠲᠦᠮᠡᠨ ᠲᠥᠭᠦᠷᠢᠭ ᠨᠦᠬᠦᠪᠦᠷᠢᠯᠡᠵᠤ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ 2 ᠲᠦᠮᠡᠨ ᠲᠥᠭᠦᠷᠢᠭ ᠨᠦᠬᠦᠪᠦᠷᠢᠯᠡᠵᠦ᠂ ᠨᠢᠭᠡ ᠤᠷᠢᠵᠤ ᠬᠡᠷᠡᠭᠯᠡᠬᠦ ᠬᠤᠭᠤᠴᠠᠭᠠᠨ ᠎ ᠳᠤ ᠵᠠᠯᠭᠠᠭ᠎ᠠ ᠪᠠᠷ 4 ᠵᠢᠯ ᠨᠥᠬᠦᠪᠥᠷᠢᠯᠡᠨ᠎ᠡ᠃      ︽ᠬᠡᠷᠡᠭᠵᠢᠭᠦᠯᠬᠦ ᠲᠥᠰᠦᠯ︾᠎ ᠳᠤ ᠵᠢᠭᠠᠵᠤ ᠭᠠᠷᠭᠠᠭᠰᠠᠨ ᠨᠢ᠂ ᠬᠠᠲᠠᠭᠤ ᠪᠡᠷᠬᠡᠰᠢᠶᠡᠯᠲᠡᠶ ᠬᠢᠯᠢ ᠬᠢᠵᠠᠭᠠᠷ ᠣᠷᠣᠨ ᠤ ᠪᠦᠷᠢᠨ ᠰᠠᠯᠠᠭᠠᠨ ᠤ ᠡᠮᠴᠢ ᠶᠢᠨ ᠣᠨᠴᠠᠭᠠᠢ ᠠᠵᠢᠯ ᠤᠨ ᠪᠠᠶᠢᠷᠢ ᠶᠢᠨ ᠲᠥᠯᠥᠪᠯᠡᠭᠡ ᠶᠢ ᠬᠡᠷᠡᠭᠵᠢᠭᠦᠯᠬᠦ ᠶᠢᠨ ᠵᠣᠷᠢᠯᠭ᠎ᠠ ᠨᠢ ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠶᠢᠨ ᠪᠦᠷᠢᠨ ᠰᠠᠯᠠᠭᠠᠨ ᠤ ᠡᠮᠴᠢ ᠳᠤᠲᠠᠭᠤᠳᠠᠵᠤ ᠪᠠᠶᠢᠭ᠎ᠠ ᠪᠠ ᠠᠵᠢᠯ ᠡᠷᠬᠢᠯᠡᠬᠦ ᠡᠮᠴᠢ ᠳᠤᠲᠠᠭᠤᠳᠠᠵᠤ ᠪᠠᠶᠢᠭ᠎ᠠ ᠠᠰᠠᠭᠤᠳᠠᠯ ᠢ ᠠᠯᠬᠤᠮ ᠠᠯᠬᠤᠮ ᠢᠶᠠᠷ ᠰᠢᠢᠳᠪᠦᠷᠢᠯᠡᠵᠦ᠂ ᠦᠨᠳᠦᠰᠦᠨ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠴᠢᠳᠠᠪᠤᠷᠢᠲᠠᠨ ᠤ ᠡᠩᠨᠡᠭᠡ ᠶᠢᠨ ᠪᠠᠢᠭᠤᠯᠤᠯᠲᠠ ᠶᠢ ᠠᠬᠢᠭᠤᠯᠬᠤ ᠶᠢᠨ ᠲᠥᠯᠥᠭᠡ ᠶᠤᠮ᠃ ᠤᠯᠤᠰ ᠤᠨ ᠲᠠᠰ ᠤᠨ ᠭᠤᠣᠯᠳᠠᠯᠭ᠎ᠠ ᠲᠠᠢ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠬᠤᠰᠢᠭᠤ ᠰᠢᠶᠠᠨ ᠵᠡᠷᠭᠡ ᠬᠦᠴᠢᠷᠳᠡᠯᠲᠡᠢ ᠬᠢᠯᠢ ᠬᠢᠵᠠᠭᠠᠷ ᠣᠷᠣᠨ ᠤ ᠶᠠᠳᠠᠭᠤ ᠬᠦᠴᠢᠷᠳᠡᠯᠲᠡᠢ ᠬᠤᠰᠢᠭᠤ ᠰᠢᠶᠠᠨ ᠳᠤ ᠤᠷᠢᠳᠠᠪᠠᠷ ᠤᠷᠢᠬᠤ ᠲᠥᠯᠥᠪᠯᠡᠭᠡ ᠪᠠᠭᠤᠯᠭᠠᠬᠤ ᠪᠠᠷ ᠳᠠᠮᠵᠢᠭᠤᠯᠤᠨ᠂ ᠪᠦᠷᠢᠨ ᠰᠠᠯᠠᠭᠠᠨ ᠤ ᠡᠮᠴᠢ ᠥᠬᠡᠶ ᠰᠢᠶᠠᠩ ᠪᠠᠯᠭᠠᠰᠤ ᠶᠢᠨ ᠡᠷᠡᠭᠦᠯ ᠬᠠᠮᠠᠭᠠᠯᠠᠯ ᠤᠨ ᠬᠤᠷᠢᠶ᠎ᠠ ᠳᠤ ᠤᠷᠢᠨ ᠵᠠᠯᠠᠵᠤ᠂ 2020 ᠣᠨ ᠤ ᠵᠢᠯ ᠤᠨ ᠡᠴᠦᠰ ᠪᠣᠯᠬᠤ ᠳᠤ᠂ ᠡᠳᠡᠭᠡᠷ ᠬᠦᠴᠢᠷᠳᠡᠯᠲᠡᠢ ᠬᠢᠯᠢ ᠬᠢᠵᠠᠭᠠᠷ ᠤᠨ ᠬᠤᠰᠢᠭᠤ ᠰᠢᠶᠠᠨ ᠤ ᠰᠢᠶᠠᠩ ᠪᠠᠯᠭᠠᠰᠤ ᠶᠢᠨ ᠡᠷᠡᠭᠦᠯ ᠬᠠᠮᠠᠭᠠᠯᠠᠯ ᠤᠨ ᠬᠤᠷᠢᠶ᠎ᠠ ᠨᠢᠭᠡᠪᠦᠷᠢ ᠳᠤ ᠠᠳᠠᠭ ᠲᠤ ᠪᠠᠨ 1 ᠪᠦᠷᠢᠨ ᠰᠠᠯᠠᠭᠠᠨ ᠤ ᠡᠮᠴᠢ ᠲᠠᠢ ᠪᠠᠶᠢᠯᠭᠠᠬᠤ ᠬᠠᠷᠠᠯᠲᠠ ᠶᠢ ᠪᠡᠶᠡᠯᠡᠭᠦᠯᠵᠦ᠂ ᠡᠬᠦᠨ ᠤ ᠤᠯᠠᠮ ᠢᠶᠠᠷ ᠦᠨᠳᠦᠰᠦᠨ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡ ᠶᠢ ᠨᠠᠩ ᠰᠠᠶᠢᠲᠤᠷ ᠠᠬᠢᠭᠤᠯᠤᠨ᠂ ᠠᠷᠠᠳ ᠤᠯᠠᠨ ᠳᠤ ᠠᠮᠤᠷ ᠲᠦᠪᠰᠢᠨ᠂ ᠪᠦᠲᠦᠮᠵᠢᠲᠡᠢ᠂  ᠳᠥᠭᠦᠮ ᠳᠥᠲᠡ᠂ ᠦᠨ᠎ᠡ ᠬᠢᠮᠳᠠ ᠦᠳᠤᠰᠤᠨ ᠡᠮᠨᠡᠯᠭᠡ ᠶᠢᠨ ᠦᠢᠯᠡᠴᠢᠯᠡᠭᠡ ᠶᠢ ᠬᠠᠩᠭᠠᠨ᠎ᠠ ᠭᠡᠵᠡᠢ᠃      ︽ᠬᠡᠷᠡᠭᠵᠢᠭᠦᠯᠬᠦ ᠲᠥᠰᠦᠯ︾᠎ ᠳᠤ ᠱᠠᠭᠠᠷᠳᠠᠭᠰᠠᠨ ᠨᠢ᠂ ᠣᠨᠴᠠᠭᠠᠢ ᠠᠵᠢᠯ ᠤᠨ ᠪᠠᠶᠢᠷᠢ ᠶᠢᠨ ᠪᠦᠷᠢᠨ ᠰᠠᠯᠠᠭᠠᠨ ᠤ ᠡᠮᠴᠢ ᠤᠷᠢᠨ ᠵᠠᠯᠠᠬᠤ ᠡᠯᠰᠡᠬᠦ ᠠᠵᠢᠯ ᠳᠤ ︽ᠢᠯᠠ ᠪᠠᠶᠢᠯᠭᠠᠬᠤ᠂ ᠡᠷᠬᠡ ᠲᠡᠭᠰᠢ ᠪᠠᠶᠢᠯᠭᠠᠬᠤ᠂ ᠥᠷᠢᠰᠦᠯᠳᠦᠬᠦ᠂ ᠰᠢᠯᠢᠳᠡᠭ ᠢ ᠨᠢ ᠰᠣᠩᠭᠤᠬᠤ︾ ᠵᠠᠷᠴᠢᠮ ᠢ ᠵᠢᠷᠤᠮᠯᠠᠵᠤ᠂ ᠠᠵᠢᠯ ᠦᠢᠯᠡᠰ ᠤᠨ ᠨᠢᠭᠡᠴᠢ ᠶᠢᠨ ᠢᠯᠡ ᠪᠠᠷ ᠠᠵᠢᠯᠲᠠᠨ ᠡᠯᠰᠡᠬᠦ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠡᠷᠡᠭᠵᠢᠭᠦᠯᠬᠦ ᠬᠡᠷᠡᠭᠲᠡᠶ ᠭᠡᠵᠡᠢ᠃ ᠣᠶᠢᠯᠠᠭᠠᠭᠰᠠᠨ ᠢᠶᠠᠷ᠂ ᠪᠦᠷᠢᠨ ᠰᠠᠯᠠᠭᠠᠨ ᠤ ᠡᠮᠴᠢ ᠶᠢᠨ ᠣᠨᠴᠠᠭᠠᠢ ᠲᠣᠬᠢᠷᠠᠭᠤᠯᠤᠭᠰᠠᠨ ᠠᠵᠢᠯ ᠤᠨ ᠪᠠᠶᠢᠷᠢ ᠪᠣᠯ ᠬᠤᠰᠢᠭᠤ ᠰᠢᠶᠠᠨ ᠤ ᠱᠠᠲᠤᠨ ᠤ ᠠᠯᠪᠠᠨ ᠠᠴᠠ ᠪᠠᠶᠢᠭᠤᠯᠤᠭᠰᠠᠨ ᠡᠮᠴᠢᠯᠡᠭᠡᠨ ᠤ ᠪᠠᠢᠭᠤᠯᠤᠮᠵᠢ ᠳᠤ ᠲᠤᠰᠬᠠᠶᠢᠯᠠᠨ ᠲᠣᠬᠢᠷᠠᠭᠤᠯᠵᠤ᠂ ᠤᠷᠢᠨ ᠵᠠᠯᠠᠭᠰᠠᠨ ᠪᠦᠷᠢᠨ ᠰᠠᠯᠠᠭᠠᠨ ᠤ ᠡᠮᠴᠢ ᠶᠢ ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠶᠢᠨ ᠪᠠᠶᠢᠩᠭᠤ ᠶᠢᠨ ᠪᠤᠰᠤ ᠠᠵᠢᠯ ᠤᠨ ᠪᠠᠶᠢᠷᠢ ᠳᠤ ᠲᠣᠮᠢᠯᠠᠨ ᠰᠠᠭᠤᠯᠭᠠᠵᠤ᠂ ᠬᠤᠰᠢᠭᠤ ᠰᠢᠶᠠᠨ ᠤ ᠱᠠᠲᠤᠨ ᠤ ᠠᠯᠪᠠᠨ ᠠᠴᠠ ᠪᠠᠢᠭᠤᠯᠤᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠠᠵᠢᠯ ᠤᠨ ᠪᠠᠶᠢᠷᠢ ᠶᠢᠨ ᠪᠦᠷᠢᠨ ᠬᠡᠮᠵᠢᠶ᠎ᠡ᠂ ᠬᠠᠮᠤᠭ ‍ᠤᠨ‌‍ᠲ᠋ᠡᠭᠡᠳᠦ ᠳᠡᠰ ᠪᠠ ᠪᠦᠲᠦᠴᠡ ᠶᠢᠨ ᠬᠠᠷᠢᠴᠠᠯ ᠳᠤ ᠬᠢᠵᠠᠭᠠᠷᠯᠠᠭᠳᠠᠬᠤ ᠦᠬᠡᠢ ᠪᠠᠶᠢᠯᠭᠠᠵᠤ᠂ ᠭᠤᠤᠯᠳᠠᠭᠤ ᠤᠷᠢᠳᠴᠢᠯᠠᠨ ᠰᠡᠷᠭᠡᠶᠢᠯᠡᠬᠦ ᠡᠷᠡᠭᠦᠯᠵᠢᠬᠦᠯᠬᠦ᠂ ᠪᠠᠶᠢᠩᠭᠤ ᠲᠣᠬᠢᠶᠠᠯᠳᠤᠳᠠᠭ ᠡᠪᠡᠳᠴᠢᠨ ᠪᠠ ᠣᠯᠠᠨ ᠡᠭᠦᠰᠬᠦ ᠡᠪᠡᠳᠴᠢᠨ ᠢ ᠣᠨᠣᠰᠢᠯᠠᠨ ᠡᠮᠨᠡᠬᠦ᠂ ᠡᠪᠡᠳᠴᠢᠲᠡᠨ ᠢ ᠡᠷᠡᠭᠦᠯᠵᠢᠭᠦᠯᠬᠦ ᠬᠢᠭᠡᠳ ᠤᠵᠢᠭ ᠴᠢᠨᠠᠷᠲᠠᠶ ᠡᠪᠡᠳᠴᠢᠨ ᠤ ᠬᠠᠮᠢᠶᠠᠷᠬᠤ᠂ ᠡᠷᠡᠭᠦᠯ ᠮᠡᠨᠳᠦ ᠶᠢᠨ ᠬᠥᠮᠦᠵᠢᠯ ᠬᠢᠭᠡᠳ ᠬᠠᠮᠢᠶᠠᠷᠤᠯᠲᠠ ᠬᠢᠬᠦ ᠵᠡᠷᠭᠡ ᠦᠷᠭᠦᠯᠵᠢᠯᠡᠭᠰᠡᠨ ᠴᠢᠨᠠᠷᠲᠠᠶ᠂ ᠶᠡᠷᠦᠩᠬᠡᠶᠢᠯᠡᠭᠰᠡᠨ ᠴᠢᠨᠠᠷᠲᠠᠶ᠂ ᠨᠢᠭᠡ ᠴᠣᠭᠴᠠᠵᠢᠭᠤᠯᠤᠭᠰᠠᠨ ᠦᠢᠯᠡᠴᠢᠯᠡᠭᠡ ᠵᠡᠷᠭᠡ ᠶᠢ ᠡᠭᠦᠷᠭᠡᠯᠡᠬᠦᠯᠦᠨ᠎ᠡ᠃ ᠲᠤᠰ ᠤᠳᠠᠭᠠᠨ ᠤ ᠪᠥᠬᠦ ᠣᠷᠣᠨ ᠤ ᠠᠩᠬ᠎ᠠ ᠪᠦᠯᠦᠭ ᠣᠨᠴᠠᠭᠠᠢ ᠠᠵᠢᠯ ᠤᠨ ᠪᠠᠶᠢᠷᠢ ᠶᠢᠨ ᠪᠦᠷᠢᠨ ᠰᠠᠯᠠᠭᠠᠨ ᠤ ᠡᠮᠴᠢ ᠶᠢ ᠤᠷᠢᠨ ᠡᠯᠰᠡᠬᠦ ᠠᠵᠢᠯ ᠢ ᠡᠨᠡ ᠵᠢᠯ ᠤᠨ 6 ᠳ᠋ᠤᠭᠠᠷ ᠰᠠᠷ᠎ᠠ ᠶᠢᠨ ᠡᠴᠦᠰ ᠠᠴᠠ ᠡᠮᠦᠨ᠎ᠡ ᠳᠠᠭᠤᠰᠬᠠᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号