ᠠᠮᠢ ᠠᠬᠤᠢ ᠶᠢ ᠤᠷᠢᠳ ᠢᠶᠠᠷ ᠪᠤᠳᠤᠯᠬᠢᠯᠠᠵᠤ ᠪᠤᠬᠢᠷᠳᠤᠯ ᠦᠭᠡᠢ ᠬᠦᠭᠵᠢᠯᠳᠠ ᠪᠠᠷ ᠤᠳᠤᠷᠢᠳᠤᠮᠵᠢ | ᠪᠤᠯᠭᠠᠬᠤ ᠶᠢ ᠪᠠᠷᠢᠮᠳᠠᠯᠠᠵᠤ ᠮᠠᠯ ᠠᠵᠦ ᠠᠬᠤᠢ ᠲᠠᠷᠢᠶᠠᠯᠠᠩ ᠮᠠᠯᠵᠢᠬᠤ ᠲᠠᠷᠢᠶᠠᠯᠠᠬᠤ ᠤᠷᠤᠨ ᠤ ᠴᠢᠨᠠᠷ ᠰᠠᠶᠢᠳᠠᠢ | ᠬᠦᠭᠵᠢᠯᠳᠡ ᠶᠢ ᠠᠬᠢᠭᠤᠯᠤᠶ᠎ᠠ | ᠯᠢ ᠪᠢᠩ ᠷᠦᠩ | | | ᠬᠦᠳᠡᠭᠡ ᠲᠤᠰᠬᠤᠨ ᠢ ᠬᠦᠭᠵᠢᠬᠦᠯᠤᠨ ᠮᠠᠨᠳᠤᠭᠤᠯᠬᠤ ᠪᠠ ᠮᠠᠯ ᠠᠵᠦ ᠠᠬᠤᠢ ᠲᠠᠷᠢᠶᠠᠯᠠᠩ ᠮᠠᠯᠵᠢᠬᠤ | ᠲᠠᠷᠢᠶᠠᠯᠠᠬᠤ ᠤᠷᠤᠨ ᠤ ᠤᠳᠤᠬᠢᠴᠢᠯᠠᠯᠳᠠ ᠶᠢ ᠠᠬᠢᠭᠤᠯᠬᠤ ᠪᠠᠶᠢᠯᠳᠤᠬᠤ ᠪᠤᠳᠤᠯᠭ᠎ᠠ ᠶᠢᠨ ᠱᠠᠭᠠᠷᠳᠠᠯᠭ᠎ᠠ ᠶᠢᠨ | ᠲᠤᠭᠤᠷᠢᠨ ᠳᠤ᠂ ᠠᠮᠢ ᠠᠬᠤᠢ ᠶᠢ ᠤᠷᠢᠳ ᠢᠶᠠᠷ ᠪᠤᠳᠤᠯᠬᠢᠯᠠᠵᠦ᠂ ᠪᠤᠬᠢᠷᠳᠤᠯ ᠦᠭᠡᠢ ᠬᠦᠭᠵᠢᠯᠳᠡ ᠪᠠᠷ | ᠤᠳᠤᠷᠢᠳᠤᠮᠵᠢ ᠪᠤᠯᠭᠠᠨ᠂ ᠮᠠᠯ ᠠᠵᠦ ᠠᠬᠤᠢ ᠲᠠᠷᠢᠶᠠᠯᠠᠩ ᠮᠠᠯᠵᠢᠬᠤ ᠲᠠᠷᠢᠶᠠᠯᠠᠬᠤ ᠤᠷᠤᠨ ᠤ ᠴᠢᠨᠠᠷ ᠰᠠᠶᠢᠳᠠᠢ | ᠬᠦᠭᠵᠢᠯᠳᠡ ᠶᠢ ᠠᠬᠢᠭᠤᠯᠬᠤ ᠲᠠᠯ᠎ᠠ ᠪᠠᠷ ᠭᠤᠤᠯᠳᠠᠭᠤᠯᠵᠦ ᠭᠤᠷᠪᠠᠨ ᠲᠦᠷᠦᠭᠳᠡᠯ ᠢᠶᠠᠨ ᠶᠠᠷᠢᠶ᠎ᠠ᠃ | ᠨᠢᠭᠡ᠂ ᠪᠠᠶᠢᠯᠳᠤᠬᠤ ᠪᠤᠳᠤᠯᠭ᠎ᠠ ᠶᠢᠨ ᠲᠤᠬᠳᠠᠯ ᠬᠦᠴᠦᠨ ᠢ ᠪᠠᠳᠤᠯᠠᠵᠤ᠂ ᠠᠮᠢ ᠠᠬᠤᠢ ᠶᠢᠨ ᠬᠠᠮᠠᠭᠠᠯᠠᠯᠳᠠ | ᠰᠡᠷᠭᠦᠭᠡᠯᠳᠡ ᠶᠢ ᠠᠬᠢᠭᠤᠯᠬᠤ ᠶᠢ ᠭᠤᠶᠢᠪᠢᠰᠢ ᠦᠭᠡᠢ ᠪᠠᠷᠢᠮᠲᠠᠯᠠᠬᠤ ᠬᠡᠷᠡᠭᠲᠡᠢ᠃ ᠦᠪᠦᠷ ᠮᠤᠩᠭᠤᠯ ᠢᠶᠠᠨ ᠮᠠᠨ ᠤ | ᠤᠯᠤᠰ ᠤᠨ ᠤᠮᠠᠷᠠᠳᠦ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠪᠤᠯᠭᠠᠨ ᠪᠦᠲᠦᠭᠡᠨ | ᠪᠠᠶᠢᠭᠤᠯᠬᠤ ᠪᠤᠯ᠂ ᠶᠡᠷᠦᠩᠬᠡᠢ ᠱᠦᠵᠢ ᠰᠢ ᠶᠢᠨ ᠫᠢᠩ ᠪᠣᠯᠣᠨ ᠨᠠᠮ ᠤᠨ ᠲᠦᠪ ᠬᠤᠷᠢᠶ᠎ᠠ ᠶᠢᠨ ᠪᠦᠬᠦ ᠤᠯᠤᠰ ᠤᠨ | ᠬᠦᠭᠵᠢᠯᠳᠡ ᠶᠢᠨ ᠶᠡᠭᠡ ᠲᠠᠯ᠎ᠠ ᠲᠤ ᠰᠠᠭᠤᠷᠢᠯᠠᠵᠦ ᠪᠢᠳᠡᠨ ᠲᠤ ᠲᠤᠭᠳᠠᠭᠠᠭᠰᠠᠨ ᠪᠠᠶᠢᠯᠳᠤᠬᠤ ᠪᠤᠳᠤᠯᠭ᠎ᠠ ᠶᠢᠨ ᠪᠠᠶᠢᠷᠢ | ᠲᠤᠭᠳᠠᠭᠠᠯᠳᠠ ᠮᠦᠨ᠂ ᠡᠷᠭᠡᠪᠰᠢ ᠤᠬᠠᠮᠰᠠᠷ ᠠᠴᠠ ᠪᠠᠨ ᠡᠭᠦᠷᠭᠡᠯᠡᠬᠦ ᠴᠢᠬᠤᠯᠠ ᠶᠡᠭᠡ ᠬᠠᠷᠢᠭᠤᠴᠠᠯᠭ᠎ᠠ ᠪᠤᠯᠤᠨ᠎ᠠ᠃ | ᠤᠯᠠᠨ ᠵᠢᠯ ᠤᠨ ᠲᠤᠷᠰᠢᠬᠢ ᠴᠦᠬᠦᠷᠡᠰᠢ ᠦᠭᠡᠢ ᠴᠢᠷᠮᠠᠶᠢᠯᠭ᠎ᠠ ᠪᠠᠷ ᠳᠠᠮᠵᠢᠨ᠂ ᠮᠠᠨ ᠤ ᠤᠷᠤᠨ ᠤ ᠠᠮᠢ ᠠᠬᠤᠢ | ᠤᠷᠴᠢᠨ ᠲᠤᠭᠤᠷᠢᠨ ᠤ ᠪᠦᠳᠦᠭᠡᠨ ᠪᠠᠶᠢᠭᠤᠯᠤᠯᠳᠠ ︽ᠪᠦᠬᠦ ᠲᠠᠯ᠎ᠠ ᠪᠠᠷ ᠬᠤᠷᠢᠬᠯᠠᠵᠤ᠂ ᠭᠡᠰᠡᠭ ᠲᠠᠯ᠎ᠠ ᠨᠢ | ᠰᠠᠶᠢᠵᠢᠷᠠᠭᠰᠠᠨ︾ ᠴᠢᠬᠤᠯᠠ ᠶᠡᠭᠡ ᠬᠤᠪᠢᠷᠠᠯᠳᠠ ᠶᠢ ᠪᠡᠶᠡᠯᠡᠬᠦᠯᠵᠠᠢ᠂ ᠬᠡᠪᠡᠴᠦ ᠪᠦᠬᠦᠯᠢ ᠴᠤᠭᠴᠠ ᠶᠢᠨ ᠠᠮᠢ ᠠᠬᠤᠢ | ᠤᠷᠴᠢᠨ ᠪᠠᠰᠠ ᠬᠠᠷᠠᠬᠠᠨ ᠠᠨᠠᠢ ᠪᠠᠶᠢᠭᠰᠠᠭᠠᠷ ᠶᠤᠮ᠃ ᠪᠠᠶᠢᠯᠳᠤᠬᠤ ᠪᠤᠳᠤᠯᠭ᠎ᠠ ᠶᠢᠨ ᠲᠤᠬᠳᠠᠯ ᠬᠦᠴᠦᠨ ᠢᠶᠠᠨ | ᠡᠷᠭᠡᠪᠰᠢ ᠢᠮᠠᠭᠳᠠ ᠪᠠᠷᠢᠮᠳᠠᠯᠠᠵᠦ᠂ ᠠᠮᠢ ᠠᠬᠤᠢ ᠶᠢ ᠤᠷᠢᠳ ᠢᠶᠠᠷ ᠪᠤᠳᠤᠯᠬᠢᠯᠠᠬᠰᠠᠨ᠂ ᠪᠤᠬᠢᠷᠳᠦᠯ ᠦᠭᠡᠢ | ᠬᠦᠭᠵᠢᠯᠳᠡ ᠶᠢᠨ ᠣᠨᠣᠯᠵᠢᠬᠤᠨ ᠢ ᠪᠠᠳᠤ ᠪᠤᠢ ᠪᠤᠯᠭᠠᠨ᠂ ᠠᠭᠤᠯᠠ ᠤᠰᠤ ᠤᠢ ᠮᠤᠳᠤ ᠭᠠᠵᠠᠷ ᠲᠠᠷᠢᠶ᠎ᠠ ᠨᠠᠭᠤᠷ | ᠪᠦᠷᠳᠤ ᠨᠤᠳᠤᠭ ᠪᠠᠯᠴᠢᠭᠡᠷ ᠡᠪᠡᠰᠦ ᠡᠯᠡᠰᠦ ᠶᠢ ᠰᠢᠰᠲ᠋ᠧᠮ ᠲᠠᠢ ᠵᠠᠰᠠᠬᠤ ᠶᠢ ᠪᠠᠷᠢᠮᠳᠠᠯᠠᠵᠦ᠂ ᠠᠮᠢ ᠠᠬᠤᠢ ᠶᠢᠨ | ᠬᠠᠮᠠᠭᠠᠯᠠᠯᠳᠠ ᠰᠡᠷᠬᠦᠬᠡᠯᠳᠡ ᠶᠢ ᠬᠡᠵᠢᠶ᠎ᠠ ᠡᠭᠦᠷᠢᠳᠡ ᠠᠬᠢᠭᠤᠯᠬᠤ ᠬᠡᠷᠡᠭᠲᠡᠢ᠃ ᠨᠢᠭᠡ ᠳᠤ ᠭᠠᠵᠠᠷ ᠳᠤᠤᠷᠠᠬᠢ ᠤᠰᠤ ᠶᠢ | ᠬᠡᠳᠦ ᠠᠰᠢᠬᠯᠠᠬᠤ ᠶᠢ ᠵᠠᠰᠠᠬᠤ ᠬᠦᠴᠦᠯᠡᠴᠡ ᠪᠠᠨ ᠡᠷᠭᠡᠪᠰᠢ ᠴᠢᠩᠭᠠᠷᠠᠭᠤᠯᠵᠦ᠂ 2020 ᠣᠨ ᠪᠤᠯᠳᠠᠯ᠎ᠠ ᠪᠦᠬᠦ | ᠤᠷᠤᠨ ᠤ ᠭᠠᠵᠠᠷ ᠳᠤᠤᠷᠠᠬᠢ ᠤᠰᠤ ᠶᠢ ᠬᠡᠳᠦᠷᠡᠳᠡᠯ᠎ᠡ ᠠᠰᠢᠭᠯᠠᠵᠤ ᠪᠠᠶᠢᠭ᠎ᠠ 33 ᠤᠷᠤᠨ ᠢ ᠴᠦᠬᠡᠳᠬᠡᠬᠦ ᠡᠭᠦᠷᠭᠡ | ᠶᠢ ᠦᠨᠳᠦᠰᠦᠨ ᠳᠤ ᠪᠠᠨ ᠪᠡᠶᠡᠯᠡᠭᠦᠯᠬᠦ ᠬᠡᠷᠡᠭᠲᠡᠢ᠃ ᠡᠭᠦᠨ ᠤ ᠵᠡᠷᠭᠡ ᠪᠠᠷ᠂ ᠭᠠᠵᠠᠷ ᠳᠤᠤᠷᠠᠬᠢ ᠤᠰᠤᠨ ᠤ | ᠲᠠᠭᠠᠭᠠᠴᠠ ᠶᠢᠨ ᠴᠢᠳᠠᠪᠤᠷᠢ ᠶᠢ ᠦᠨᠳᠦᠰᠦᠯᠡᠵᠦ᠂ ᠤᠰᠤᠯᠠᠯᠳᠠ ᠶᠢᠨ ᠲᠠᠷᠢᠶ᠎ᠠ ᠶᠢᠨ ᠲᠠᠯᠠᠪᠠᠢ ᠶᠢ ᠬᠢᠨᠠᠨ ᠲᠤᠭᠳᠠᠭᠠᠵᠦ᠂ | ᠦᠨᠳᠦᠷ ᠦᠷ᠎ᠡ ᠠᠰᠢᠭᠳᠤ ᠠᠷᠪᠢᠳᠠᠢ ᠤᠰᠤᠯᠠᠯᠳᠠ ᠶᠢᠨ ᠦᠭᠡᠷᠡᠴᠢᠯᠡᠯᠳᠡ ᠶᠢ ᠪᠦᠬᠦ ᠲᠠᠯ᠎ᠠ ᠪᠠᠷ ᠠᠬᠢᠭᠤᠯᠬᠤ | ᠬᠡᠷᠡᠭᠲᠡᠢ᠃ ᠬᠤᠶᠠᠷ᠂ ᠭᠤᠤᠯ ᠮᠦᠷᠡᠨ ᠨᠠᠭᠤᠷ ᠪᠦᠷᠢᠳᠦ ᠶᠢᠨ ᠤᠰᠤᠨ ᠤ ᠠᠮᠢ ᠠᠬᠤᠢ ᠶᠢᠨ ᠵᠠᠰᠠᠯᠳᠠ ᠶᠢ | ᠴᠢᠩᠭᠠᠳᠬᠠᠵᠦ᠂ ᠭᠤᠤᠯ ᠮᠦᠷᠡᠨ ᠨᠠᠭᠤᠷ ᠪᠦᠷᠢᠳᠦ ᠶᠢᠨ ᠳᠠᠷᠤᠭ᠎ᠠ ᠶᠢᠨ ᠳᠦᠷᠢᠮ ᠢ ᠰᠠᠶᠢᠳᠤᠷ ᠨᠠᠶᠢᠳᠠᠪᠤᠷᠢᠵᠢᠭᠤᠯᠵᠦ᠂ | ︽ᠬᠦᠯᠦᠨ ᠨᠠᠭᠤᠷ᠂ ᠤᠯᠠᠭᠠᠨᠰᠤᠬᠠᠢ᠂ ᠳᠠᠭ᠎ᠠ ᠶᠢᠨ ᠨᠠᠭᠤᠷ︾ ᠤᠨ ᠶᠡᠷᠦᠩᠬᠡᠢ ᠵᠠᠰᠠᠯᠳᠠ ᠶᠢ ᠠᠬᠢᠭᠤᠯᠵᠦ᠂ | ᠤᠰᠤᠨ ᠤ ᠡᠬᠢ ᠪᠠᠶᠠᠯᠢᠭ ᠤᠨ ᠬᠠᠮᠠᠭᠠᠯᠠᠯᠳᠠ᠂ ᠤᠰᠤᠨ ᠤ ᠪᠤᠬᠢᠷᠳᠦᠯ ᠢ ᠰᠡᠷᠭᠡᠶᠢᠯᠡᠨ ᠵᠠᠰᠠᠯᠳᠠ᠂ ᠤᠰᠤᠨ ᠤ | ᠤᠷᠴᠢᠨ ᠤ ᠵᠠᠰᠠᠯᠳᠠ᠂ ᠤᠰᠤᠨ ᠤ ᠠᠮᠢ ᠠᠬᠤᠢ ᠶᠢᠨ ᠰᠡᠷᠭᠦᠭᠡᠯᠳᠡ ᠪᠤᠯᠤᠨ ᠭᠤᠤᠯ ᠨᠠᠭᠤᠷ ᠤᠨ ᠤᠰᠤᠨ ᠤ ᠤᠷᠤᠨ | ᠤ ᠡᠷᠬᠢ ᠲᠠᠭᠠᠤ ᠶᠢᠨ ᠬᠠᠮᠢᠶᠠᠷᠤᠯᠳᠠ ᠶᠢ ᠪᠦᠬᠦ ᠲᠠᠯ᠎ᠠ ᠪᠠᠷ ᠴᠢᠩᠭᠠᠳᠬᠠᠬᠤ ᠬᠡᠷᠡᠭᠲᠡᠢ᠃ ᠭᠤᠷᠪᠠ ᠳᠤ ᠲᠠᠷᠢᠶᠠᠯᠠᠬᠤ | ᠶᠢ ᠵᠤᠭᠰᠤᠭᠠᠨ ᠤᠢᠢᠵᠢᠭᠤᠯᠵᠦ ᠨᠤᠭᠤᠭᠠᠷᠠᠭᠤᠯᠬᠤ ᠶᠢ ᠭᠡᠷᠡᠭᠵᠢᠬᠦᠯᠵᠦ᠂ ᠲᠡᠦᠭᠡᠨ ᠳᠡᠭᠡᠷᠡᠬᠢ ᠤᠢ ᠰᠢᠭᠤᠢ ᠲᠠᠯ᠎ᠠ | ᠨᠤᠳᠤᠭ ᠢ ᠬᠠᠭᠠᠯᠪᠤᠷᠢᠯᠠᠭᠰᠠᠨ ᠪᠦᠭᠡᠳ ᠲᠠᠷᠢᠶᠠᠯᠠᠬᠤ ᠳᠤ ᠵᠤᠬᠢᠰ ᠦᠭᠡᠢ ᠲᠠᠷᠢᠶ᠎ᠠ᠂ ᠤᠰᠤ ᠬᠦᠷᠦᠰᠦᠨ ᠤ ᠢᠳᠡᠭᠳᠡᠯ | ᠬᠦᠨᠳᠦ ᠨᠤᠴᠢᠳᠠᠢ ᠲᠡᠷᠢᠶ᠎ᠠ ᠶᠢ ᠲᠦᠯᠦᠪᠯᠡᠭᠡ ᠶᠤᠰᠤᠭᠠᠷ ᠣᠨ ᠵᠢᠯ ᠬᠤᠪᠢᠶᠠᠨ ᠲᠠᠷᠢᠶᠠᠯᠠᠬᠤ ᠶᠢ ᠵᠤᠭᠰᠤᠭᠠᠨ | ᠤᠢᠢᠵᠢᠭᠤᠯᠵᠦ ᠨᠤᠭᠤᠭᠠᠷᠠᠭᠤᠯᠬᠤ ᠶᠢ ᠬᠡᠷᠡᠭᠵᠢᠭᠦᠯᠬᠦ ᠬᠡᠷᠡᠭᠲᠡᠢ᠃ ᠳᠦᠷᠪᠡ ᠳᠤ ᠨᠤᠳᠤᠭ ᠪᠡᠯᠴᠢᠭᠡᠷ ᠤᠨ ᠠᠮᠢ | ᠠᠬᠤᠢ ᠶᠢᠨ ᠬᠠᠮᠠᠭᠠᠯᠠᠯᠳᠠ ᠶᠢᠨ ᠡᠷᠴᠢᠮ ᠢᠶᠠᠨ ᠴᠢᠩᠭᠠᠷᠠᠭᠤᠯᠵᠦ᠂ ᠮᠠᠯᠵᠢᠬᠤ ᠤᠷᠤᠨ ᠤ ᠮᠠᠯᠴᠢᠳ ᠤᠨ ᠪᠡᠯᠴᠢᠭᠡᠷ | ᠤᠨ ᠲᠠᠭᠠᠭᠠᠴᠠ ᠶᠢ ᠰᠢᠨᠵᠢᠯᠡᠬᠦ ᠤᠬᠠᠭᠠᠨᠴᠢ ᠪᠠᠷ ᠬᠢᠨᠠᠨ ᠲᠤᠭᠳᠠᠭᠠᠵᠦ᠂ ᠪᠡᠯᠴᠢᠭᠡᠷᠯᠡᠬᠦᠯᠬᠦ ᠶᠢ ᠵᠤᠭᠰᠤᠭᠠᠬᠤ ᠪᠠ ᠮᠠᠯ | ᠪᠡᠯᠴᠢᠭᠡᠷ ᠢ ᠳᠡᠩᠴᠡᠬᠦᠷᠢᠰᠢᠬᠦᠯᠬᠦ ᠳᠦᠷᠢᠮ ᠢ ᠪᠤᠳᠠᠳᠠᠢ ᠳᠤ ᠨᠠᠶᠢᠳᠠᠪᠤᠷᠢᠵᠢᠭᠤᠯᠬᠤ ᠬᠡᠷᠡᠭᠲᠡᠢ᠃ ᠲᠠᠪᠤ ᠳᠤ | ᠡᠯᠡᠰᠦᠷᠭᠡᠭᠵᠢᠵᠦ ᠴᠦᠯᠯᠡᠷᠭᠡᠭᠵᠢᠬᠦ ᠶᠢ ᠰᠡᠷᠭᠡᠶᠢᠯᠠᠨ ᠵᠠᠰᠠᠬᠤ ᠶᠢ ᠦᠷᠬᠦᠯᠵᠢᠯᠡᠨ ᠠᠬᠢᠭᠤᠯᠵᠦ᠂ ᠭᠤᠤᠯᠳᠠᠯᠭ᠎ᠠ ᠲᠠᠢ | ᠠᠮᠢ ᠠᠬᠤᠢ ᠶᠢᠨ ᠢᠨᠵᠧᠨᠧᠷᠢᠩ ᠢ ᠭᠤᠶᠢᠪᠢᠰᠢ ᠦᠭᠡᠢ ᠰᠠᠶᠢᠳᠤᠷ ᠭᠡᠷᠡᠭᠵᠢᠬᠦᠯᠵᠦ᠂ ᠬᠤᠯᠠᠠ ᠰᠢᠷᠭ᠎ᠠ ᠳᠠᠭ᠎ᠠ᠂ | ᠬᠤᠷᠴᠢᠨ ᠵᠡᠷᠭᠡ ᠡᠯᠡᠰᠦᠷᠭᠡᠭ ᠭᠠᠵᠠᠷ ᠤᠨ ᠵᠠᠰᠠᠯᠳᠠ ᠶᠢ ᠰᠠᠶᠢᠳᠤᠷ ᠠᠳᠬᠤᠵᠦ᠂ ︽ᠠᠮᠢ ᠠᠬᠤᠢ᠂ ᠦᠢᠯᠡᠳᠪᠦᠷᠢᠯᠡᠯ᠂ | ᠠᠮᠢᠳᠤᠷᠠᠯ︾ ᠤᠨ ᠭᠤᠷᠮᠤᠰᠤᠨ ᠢᠯᠠᠯᠳᠠ ᠶᠢ ᠪᠡᠶᠡᠯᠡᠭᠦᠯᠬᠦ ᠬᠡᠷᠡᠭᠲᠡᠢ᠃ | ᠬᠤᠶᠠᠷ᠂ ᠴᠢᠨᠠᠷ ᠰᠠᠶᠢᠳᠠᠢ ᠬᠦᠭᠵᠢᠯᠳᠡ ᠶᠢ ᠪᠠᠷᠢᠮᠳᠠᠯᠠᠵᠦ᠂ ᠤᠳᠤ ᠦᠶ᠎ᠡ ᠶᠢᠨ ᠲᠠᠷᠢᠶᠠᠯᠠᠩ ᠮᠠᠯ ᠠᠵᠦ | ᠠᠬᠤᠢ ᠶᠢᠨ ᠦᠢᠯᠡᠰ ᠢ ᠶᠡᠭᠡ ᠪᠠᠷ ᠬᠦᠭᠵᠢᠭᠦᠯᠬᠦ ᠬᠡᠷᠡᠭᠲᠡᠢ᠃ ᠤᠳᠤᠬᠠᠨ ᠤ ᠪᠠᠶᠢᠳᠠᠯ ᠠᠴᠠ ᠠᠪᠴᠦ ᠦᠵᠡᠬᠦ ᠳᠤ᠂ | ᠲᠠᠷᠢᠶᠠᠯᠠᠩ ᠮᠠᠯ ᠠᠵᠦ ᠠᠬᠤᠢ ᠮᠦᠨ ᠯᠠ ︽ᠳᠦᠷᠪᠡᠨ ᠤᠳᠤᠬᠢᠴᠢᠯᠠᠯᠳᠠ ᠶᠢ ᠬᠠᠮᠳᠤ ᠪᠠᠷ ᠬᠦᠭᠵᠢᠬᠦᠯᠬᠦ︾ ᠶᠢᠨ | ᠪᠠᠭᠤᠷᠠᠢ ᠲᠠᠯ᠎ᠠ ᠪᠠᠶᠢᠵᠦ᠂ ᠮᠠᠯᠵᠢᠬᠤ ᠲᠠᠷᠢᠶᠠᠯᠠᠬᠤ ᠤᠷᠤᠨ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠭᠦ ᠶᠢᠨ | ᠳᠤᠳᠠᠭᠤᠳᠠᠯ ᠪᠠᠶᠢᠭᠰᠠᠭᠠᠷ ᠶᠤᠮ᠃ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ | ᠶᠢ ᠭᠡᠷᠡᠭᠵᠢᠬᠦᠯᠬᠦ ᠳᠤ᠂ ᠲᠡᠷᠢᠬᠦᠨ ᠴᠢᠬᠤᠯᠠ ᠡᠭᠦᠷᠭᠡ ᠪᠤᠯ ᠳᠠᠷᠤᠢ ᠤᠳᠤ ᠦᠶ᠎ᠡ ᠶᠢᠨ ᠲᠠᠷᠢᠶᠠᠯᠠᠩ ᠮᠠᠯ ᠠᠵᠦ | ᠠᠬᠤᠢ ᠶᠢᠨ ᠦᠢᠯᠡᠰ ᠢ ᠲᠦᠷᠭᠡᠳᠭᠡᠨ ᠬᠦᠭᠵᠢᠬᠦᠯᠵᠦ᠂ ᠴᠢᠨᠠᠷ ᠰᠠᠶᠢᠳᠠᠢ ᠬᠦᠭᠵᠢᠯᠳᠡ ᠶᠢᠨ ᠵᠠᠮ ᠢᠶᠠᠷ ᠵᠠᠮᠨᠠᠬᠤ | ᠶᠠᠪᠤᠳᠠᠯ ᠪᠤᠯᠤᠨ᠎ᠠ᠃ ᠨᠢᠭᠡ ᠳᠤ ᠮᠠᠯᠵᠢᠬᠤ ᠲᠠᠷᠢᠶᠠᠯᠠᠬᠤ ᠤᠷᠤᠨ ᠤ ᠪᠠᠶᠢᠷᠢᠰᠢᠭᠤᠯᠤᠯᠳᠠ ᠶᠢ ᠤᠯᠠᠮ ᠨᠢᠭᠡ ᠠᠯᠬᠤᠮ | ᠰᠢᠯᠢᠳᠡᠭᠵᠢᠬᠦᠯᠵᠦ᠂ ᠤᠰᠤ ᠬᠦᠷᠦᠰᠦᠨ ᠤ ᠡᠬᠢ ᠪᠠᠶᠠᠯᠢᠬ ᠪᠠ ᠠᠵᠦ ᠦᠢᠯᠡᠰ ᠤᠨ ᠰᠠᠭᠤᠷᠢ ᠨᠡᠯᠢᠶᠡᠳ ᠰᠠᠶᠢᠨ | ᠭᠠᠵᠠᠷ ᠤᠷᠤᠨ ᠤ ᠬᠡᠪᠴᠢᠶᠡᠵᠢᠭᠰᠡᠨ ᠡᠵᠡᠩᠨᠡᠯᠳᠡ ᠬᠢᠬᠦ᠂ ᠤᠷᠢᠳ ᠢᠶᠠᠷ ᠬᠦᠭᠵᠢᠬᠦ᠂ ᠲᠠᠷᠢᠶᠠᠯᠠᠩ ᠮᠠᠯ ᠠᠵᠦ ᠠᠬᠤᠢ | ᠰᠤᠯᠪᠢᠴᠠᠬᠰᠠᠨ᠂ ᠭᠠᠩ ᠬᠠᠭᠤᠷᠠᠢ᠂ ᠬᠠᠭᠠᠰ ᠭᠠᠩ ᠬᠠᠭᠤᠷᠠᠢ ᠭᠠᠵᠠᠷ ᠤᠷᠤᠨ ᠤ ᠲᠠᠯᠠᠪᠠᠢ ᠶᠢ ᠪᠠᠭᠠᠰᠬᠠᠨ | ᠰᠢᠯᠵᠢᠬᠦᠯᠬᠦ᠂ ᠲᠦᠪᠯᠡᠷᠡᠬᠦᠯᠦᠨ ᠬᠦᠭᠵᠢᠬᠦᠯᠬᠦ᠂ ᠠᠮᠢ ᠠᠬᠤᠢ ᠬᠡᠪᠡᠷᠡᠭ ᠭᠠᠵᠠᠷ ᠤᠷᠤᠨ ᠤ ᠬᠠᠮᠠᠭᠠᠯᠠᠯᠳᠠ ᠶᠢ ᠤᠷᠢᠳ | ᠢᠶᠠᠷ ᠪᠤᠳᠤᠯᠬᠢᠯᠠᠵᠤ᠂ ᠨᠡᠭᠡᠭᠡᠯᠳᠡ ᠬᠢᠬᠦ ᠶᠢ ᠬᠢᠵᠠᠭᠠᠷᠯᠠᠬᠤ ᠶᠢ ᠠᠬᠢᠭᠤᠯᠬᠤ ᠬᠡᠷᠡᠭᠲᠡᠢ᠂ ᠡᠭᠦᠨ ᠤ ᠵᠡᠷᠭᠡ ᠪᠠᠷ ᠮᠠᠯᠵᠢᠬᠤ | ᠲᠠᠷᠢᠶᠠᠯᠠᠬᠤ ᠤᠷᠤᠨ ᠤ ᠲᠠᠷᠢᠬᠤ᠂ ᠲᠡᠵᠢᠭᠡᠬᠦ᠂ ᠤᠷᠤᠰᠢᠨ ᠰᠠᠭᠤᠷᠢᠰᠢᠬᠤ ᠵᠡᠷᠬᠡ ᠴᠢᠳᠠᠪᠬᠢ ᠶᠢᠨ ᠪᠠᠶᠢᠷᠢᠰᠢᠭᠤᠯᠤᠯᠳᠠ | ᠶᠢ ᠰᠢᠯᠢᠳᠡᠭᠵᠢᠭᠦᠯᠬᠦ ᠬᠡᠷᠡᠭᠲᠡᠢ᠃ ᠬᠤᠶᠠᠷ ᠲᠤ ᠲᠠᠷᠢᠶᠠᠯᠠᠩ ᠮᠠᠯ ᠠᠵᠦ ᠠᠬᠤᠢ ᠶᠢᠨ ᠬᠠᠩᠭᠠᠯᠭ᠎ᠠ ᠶᠢᠨ ᠲᠠᠯ᠎ᠠ ᠶᠢᠨ | ᠪᠦᠲᠦᠴᠡ ᠶᠢᠨ ᠴᠢᠨᠠᠷᠳᠠᠢ ᠦᠭᠡᠷᠡᠴᠢᠯᠡᠯᠳᠡ ᠶᠢ ᠬᠦᠨᠵᠡᠭᠡᠶᠢᠷᠡᠬᠦᠯᠵᠦ᠂ ᠲᠠᠷᠢᠶᠠᠯᠠᠩ ᠮᠠᠯ ᠠᠵᠦ ᠠᠬᠤᠢ ᠶᠢᠨ ᠠᠵᠤ | ᠦᠢᠯᠡᠰ ᠤᠨ ᠪᠦᠲᠦᠭᠡᠭᠳᠡᠬᠦᠨ ᠤ ᠪᠦᠲᠦᠴᠡ ᠶᠢ ᠵᠤᠬᠢᠴᠠᠭᠤᠯᠤᠨ ᠰᠢᠯᠢᠳᠡᠭᠵᠢᠬᠦᠯᠵᠦ᠂ ᠦᠷᠢᠰᠦᠯᠳᠦᠭᠡᠨ ᠤ | ᠳᠠᠪᠠᠭᠤᠯᠢᠭ ᠲᠠᠢ᠂ ᠭᠠᠵᠠᠷ ᠤᠷᠤᠨ ᠤ ᠤᠨᠴᠠᠯᠢᠭ ᠲᠠᠢ ᠭᠤᠤᠯᠯᠠᠬᠴᠢ ᠠᠵᠦ ᠦᠢᠯᠡᠰ ᠪᠤᠯᠤᠨ ᠤᠨᠴᠠᠯᠢᠬᠳᠦ ᠠᠵᠦ | ᠦᠢᠯᠡᠰ ᠢ ᠪᠤᠶᠢᠵᠢᠭᠤᠯᠤᠨ ᠪᠤᠵᠠᠭᠠᠢᠢᠷᠠᠭᠤᠯᠵᠦ᠂ ᠭᠠᠷᠤᠯᠳᠠ ᠶᠢ ᠬᠦᠭᠡᠭᠡᠴᠡᠯᠳᠦᠵᠦ ᠪᠠᠶᠢᠭᠰᠠᠨ ᠠᠴᠠ ᠨᠡᠩ ᠰᠢᠯᠢᠳᠡᠭ | ᠨᠡᠩ ᠦᠨᠳᠦᠷ ᠦᠷ᠎ᠡ ᠠᠰᠢᠭ ᠲᠠᠢ ᠪᠣᠯᠭᠠᠬᠤ ᠲᠡᠶᠢᠰᠢ ᠬᠤᠪᠢᠷᠠᠭᠤᠯᠬᠤ ᠬᠡᠷᠡᠭᠲᠡᠢ᠃ ᠭᠤᠷᠪᠠ ᠳᠤ ᠶᠠᠰᠤ ᠴᠢᠨᠠᠷ ᠢᠶᠠᠷ | ᠲᠠᠷᠢᠶᠠᠯᠠᠩ ᠢ ᠬᠦᠭᠵᠢᠬᠦᠯᠬᠦ᠂ ᠪᠤᠬᠢᠷᠳᠦᠯ ᠦᠭᠡᠢ ᠪᠠᠷ ᠲᠠᠷᠢᠶᠠᠯᠠᠩ ᠢ ᠬᠦᠭᠵᠢᠬᠦᠯᠬᠦ᠂ ᠲᠦᠷᠦᠯ ᠳᠡᠮᠳᠡᠭ ᠢᠶᠠᠷ | ᠲᠠᠷᠢᠶᠠᠯᠠᠩ ᠢ ᠬᠦᠴᠦᠷᠭᠡᠭᠵᠢᠬᠦᠯᠬᠦ ᠶᠢ ᠪᠠᠷᠢᠮᠳᠠᠯᠠᠵᠦ᠂ ᠪᠤᠬᠢᠷᠳᠦᠯ ᠦᠭᠡᠢ ᠤᠷᠭᠠᠨᠢᠭ ᠦᠢᠯᠡᠳᠪᠦᠷᠢᠯᠡᠯ ᠤᠨ | ᠰᠢᠰᠲ᠋ᠧᠮᠵᠢ᠂ ᠶᠠᠰᠤ ᠴᠢᠨᠠᠷ ᠤᠨ ᠪᠠᠷᠢᠮᠵᠢᠶ᠎ᠠ ᠶᠢᠨ ᠰᠢᠰᠲ᠋ᠧᠮᠵᠢ᠂ ᠶᠠᠰᠤ ᠴᠢᠨᠠᠷ ᠤᠨ ᠠᠮᠤᠷ ᠲᠦᠪᠰᠢᠨ ᠢ ᠮᠦᠷᠳᠡᠬᠦ | ᠰᠢᠰᠲ᠋ᠧᠮᠵᠢ ᠶᠢ ᠲᠦᠷᠭᠡᠳᠭᠡᠨ ᠴᠤᠭᠴᠠᠯᠠᠵᠦ᠂ ᠪᠤᠬᠢᠷᠳᠦᠯ ᠦᠭᠡᠢ᠂ ᠤᠷᠠᠭᠠᠨᠢᠭ ᠪᠠ ᠭᠠᠵᠠᠷ ᠵᠦᠢ ᠶᠢᠨ | ᠢᠯᠡᠷᠬᠡᠶᠢᠯᠡᠯᠳᠦ ᠳᠡᠮᠳᠡᠭ ᠤᠨ ᠭᠡᠷᠡᠴᠢᠯᠡᠯᠳᠡ ᠪᠠ ᠬᠠᠮᠢᠶᠠᠷᠤᠯᠳᠠ ᠶᠢ ᠴᠢᠩᠭᠠᠳᠬᠠᠵᠦ᠂ ᠲᠦᠷᠦᠯ ᠳᠡᠮᠳᠡᠭ ᠤᠨ ᠵᠠᠬ᠎ᠠ | ᠳᠡᠯᠭᠡᠭᠦᠷ ᠤᠨ ᠡᠵᠡᠮᠰᠢᠯ ᠤᠨ ᠨᠤᠷᠮ᠎ᠠ ᠪᠠ ᠪᠦᠲᠦᠭᠡᠭᠳᠡᠬᠦᠨ ᠤ ᠦᠷᠳᠡᠭ ᠤᠨ ᠨᠡᠮᠡᠭᠳᠡᠯ ᠤᠨ ᠤᠷᠤᠨ ᠵᠠᠢ ᠶᠢ | ᠦᠷᠭᠡᠳᠭᠡᠨ᠎ᠡ᠃ ᠳᠦᠷᠪᠡ ᠳᠤ ᠮᠠᠯᠵᠢᠬᠤ ᠲᠠᠷᠢᠶᠠᠯᠠᠬᠤ ᠤᠷᠤᠨ ᠤ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠦ | ᠦᠢᠯᠡᠰ ᠤᠨ ᠠᠭᠤᠰᠤᠯᠴᠠᠨ ᠬᠦᠭᠵᠢᠬᠦ ᠶᠢ ᠠᠬᠢᠭᠤᠯᠵᠦ᠂ ᠠᠮᠤ ᠪᠤᠳᠠᠭ᠎ᠠ ᠪᠡ ᠠᠵᠦ ᠠᠬᠤᠢ ᠶᠢᠨ ᠲᠠᠷᠢᠮᠠᠯ᠂ | ᠪᠤᠷᠳᠤᠭ᠎ᠠ ᠶᠢ ᠨᠢᠭᠡᠳᠦᠯᠳᠠᠢ ᠲᠦᠯᠦᠪᠵᠢᠬᠦᠯᠬᠦ᠂ ᠲᠠᠷᠢᠶᠠᠯᠠᠩ ᠮᠠᠯ ᠠᠵᠦ ᠠᠬᠤᠢ ᠤᠢ ᠰᠢᠭᠤᠢ ᠶᠢᠨ ᠠᠵᠦ ᠠᠬᠤᠢ ᠶᠢ | ᠤᠶᠠᠯᠳᠤᠭᠤᠯᠬᠤ᠂ ᠲᠠᠷᠢᠵᠦ ᠲᠡᠵᠢᠭᠡᠬᠦ ᠡᠳ᠋ᠰᠢᠬᠦᠯᠬᠦ ᠶᠢ ᠨᠢᠭᠡ ᠴᠤᠭᠴᠠᠵᠢᠭᠤᠯᠬᠤ ᠶᠢ ᠪᠠᠷᠢᠮᠳᠠᠯᠠᠵᠦ᠂ ᠠᠵᠦ ᠦᠢᠯᠡᠰ | ᠤᠨ ᠬᠡᠯᠬᠢᠶᠡᠵᠢᠯ ᠢ ᠤᠷᠳᠤᠳᠬᠠᠨ᠂ ᠮᠠᠯ ᠤᠨ ᠠᠰᠢᠭ ᠰᠢᠮ᠎ᠠ ᠲᠠᠷᠢᠶᠠᠯᠠᠩ ᠤᠨ ᠪᠦᠲᠦᠭᠡᠭᠳᠡᠬᠦᠨ ᠢ ᠬᠤᠪᠢᠷᠠᠭᠤᠯᠬᠤ | ᠦᠷᠳᠡᠭ ᠤᠨ ᠨᠡᠮᠡᠭᠳᠡᠯ ᠤᠨ ᠨᠤᠷᠮ᠎ᠠ ᠪᠤᠯᠤᠨ ᠨᠠᠷᠢᠯᠢᠭ ᠡᠳ᠋ᠰᠢᠬᠦᠯᠬᠦ ᠲᠦᠪᠰᠢᠨ ᠢ ᠶᠡᠭᠡ ᠪᠠᠷ ᠳᠡᠭᠡᠭᠰᠢᠯᠡᠭᠦᠯᠬᠦ | ᠬᠡᠷᠡᠭᠲᠡᠢ᠃ ᠲᠠᠪᠤ ᠳᠤ ᠳᠠᠭᠠᠭᠤᠯᠤᠭᠴᠢ ᠠᠵᠦ ᠠᠬᠤᠢᠢᠯᠠᠯ᠂ ᠲᠤᠰᠬᠠᠢ ᠬᠤᠷᠰᠢᠶ᠎ᠠ ᠬᠠᠤᠯᠢ ᠶᠤᠰᠤᠭᠠᠷ ᠡᠮᠬᠢ | ᠵᠢᠷᠦᠮ ᠲᠠᠢ ᠪᠠᠷ ᠮᠠᠯᠴᠢᠨ ᠲᠠᠷᠢᠶᠠᠴᠢᠨ ᠤ ᠭᠠᠵᠠᠷ ᠰᠢᠷᠤᠢ ᠪᠡᠯᠴᠢᠭᠡᠷ ᠤᠨ ᠡᠵᠡᠩᠨᠡᠯᠳᠡ ᠶᠢᠨ ᠡᠷᠭᠡ ᠶᠢ ᠰᠢᠯᠵᠢᠬᠦᠯᠬᠦ | ᠶᠢ ᠬᠦᠳᠦᠯᠦᠨ ᠵᠢᠯᠤᠭᠤᠳᠬᠤ ᠪᠤᠯᠤᠨ ᠵᠤᠷᠢᠭᠵᠢᠭᠤᠯᠵᠦ᠂ ᠠᠰᠢᠭ ᠲᠤᠰᠠ ᠶᠢᠨ ᠬᠤᠯᠪᠤᠭᠠᠨ ᠤ ᠲᠤᠭᠳᠠᠴᠠ ᠶᠢ | ᠲᠡᠬᠦᠯᠳᠡᠷᠵᠢᠬᠦᠯᠦᠨ ᠪᠦᠷᠢᠨᠰᠢᠬᠦᠯᠵᠦ᠂ ᠮᠠᠯᠴᠢᠨ ᠲᠠᠷᠢᠶᠠᠴᠢᠨ ᠢ ᠠᠵᠦ ᠦᠢᠯᠡᠰ ᠤᠨ ᠬᠦᠭᠵᠢᠯᠳᠡ ᠶᠢᠨ ᠶᠠᠪᠤᠴᠠ ᠲᠤ | ᠪᠦᠷᠢᠮᠦᠰᠦᠨ ᠤᠷᠤᠯᠴᠠᠭᠤᠯᠤᠨ᠎ᠠ᠃ ᠵᠢᠷᠭᠤᠭ᠎ᠠ ᠳᠤ ᠬᠦᠳᠡᠭᠡ ᠲᠤᠰᠬᠤᠨ ᠤ ᠴᠢᠳᠠᠪᠤᠷᠢᠳᠠᠨ ᠢ ᠪᠤᠶᠢᠵᠢᠭᠤᠯᠤᠨ | ᠤᠷᠢᠬᠤ ᠲᠤᠭᠳᠠᠴᠠ ᠶᠢᠨ ᠰᠢᠨ᠎ᠡ ᠶᠢ ᠡᠭᠦᠳᠴᠦ᠂ ᠰᠢᠨ᠎ᠡ ᠮᠠᠶ᠋ᠢᠭ ᠤᠨ ᠠᠵᠢᠯ ᠮᠡᠷᠭᠡᠵᠢᠯ ᠤᠨ ᠮᠠᠯᠴᠢᠨ ᠲᠠᠷᠢᠶᠠᠴᠢᠨ | ᠢ ᠲᠦᠷᠭᠡᠳᠭᠡᠨ ᠪᠤᠶᠢᠵᠢᠭᠤᠯᠵᠦ᠂ ᠬᠦᠳᠡᠭᠡ ᠲᠤᠰᠬᠤᠨ ᠤ ᠲᠤᠰᠬᠠᠢ ᠮᠡᠷᠭᠡᠵᠢᠯ ᠤᠨ ᠴᠢᠳᠠᠪᠤᠷᠢᠳᠠᠨ ᠤ ᠡᠩᠨᠡᠭᠡ ᠶᠢᠨ | ᠪᠠᠶᠢᠭᠤᠯᠤᠯᠳᠠ ᠶᠢ ᠴᠢᠩᠭᠠᠳᠬᠠᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠳᠠᠪᠤᠷᠢᠳᠠᠨ ᠤ | ᠲᠤᠯᠭᠠᠭᠤᠷᠢᠯᠠᠬᠤ ᠦᠢᠯᠡᠳᠦᠯ ᠢ ᠪᠠᠳᠠᠷᠠᠭᠤᠯᠵᠦ᠂ ᠨᠡᠶᠢᠭᠡᠮ ᠤᠨ ᠡᠯ᠎ᠡ ᠡᠳᠡᠭᠡᠳ ᠤᠨ ᠬᠦᠳᠡᠭᠡ ᠲᠤᠰᠬᠤᠨ ᠤ | ᠪᠦᠲᠦᠭᠡᠨ ᠪᠠᠶᠢᠭᠤᠯᠤᠯᠳᠠ ᠳᠤ ᠤᠷᠤᠯᠴᠠᠬᠤ ᠶᠢ ᠨᠢ ᠵᠣᠷᠢᠭᠵᠢᠭᠤᠯᠬᠤ ᠬᠡᠷᠡᠭᠲᠡᠢ᠃ | ᠭᠤᠷᠪᠠ᠂ ᠠᠮᠢᠳᠤᠷᠠᠨ ᠰᠠᠭᠤᠷᠢᠰᠢᠬᠤ ᠳᠤ ᠳᠠᠭᠠᠯᠠᠮᠵᠢᠳᠠᠢ ᠬᠦᠳᠡᠭᠡ ᠲᠤᠰᠬᠤᠨ ᠢ ᠪᠦᠲᠦᠭᠡᠨ ᠪᠠᠶᠢᠭᠤᠯᠬᠤ | ᠬᠡᠷᠡᠭᠲᠡᠢ᠂ ᠮᠠᠯᠵᠢᠬᠤ ᠲᠠᠷᠢᠶᠠᠯᠠᠬᠤ ᠤᠷᠤᠨ ᠤ ᠠᠮᠢᠳᠤᠷᠠᠨ ᠰᠠᠭᠤᠷᠢᠰᠢᠬᠤ ᠤᠷᠴᠢᠨ ᠢ ᠴᠡᠭᠴᠡᠯᠡᠨ ᠵᠠᠰᠠᠬᠤ ᠶᠢ | ᠲᠦᠷᠭᠡᠳᠭᠡᠨ ᠠᠬᠢᠭᠤᠯᠬᠤ ᠬᠡᠷᠡᠭᠲᠡᠢ᠃ ᠬᠦᠳᠡᠭᠡ ᠲᠤᠰᠬᠤᠨ ᠤ ᠬᠦᠮᠦᠰ ᠤᠨ ᠠᠮᠢᠳᠤᠷᠠᠨ ᠰᠠᠭᠤᠷᠢᠰᠢᠬᠤ ᠤᠷᠴᠢᠨ | ᠪᠤᠯ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠭᠡᠷᠡᠭᠵᠢᠬᠦᠯᠬᠦ ᠠᠩᠬᠠᠳᠤᠭᠠᠷ | ᠲᠠᠯᠠᠪᠠᠢ ᠬᠠᠳᠠᠭᠤ ᠲᠠᠶᠢᠯᠠᠯᠳᠤᠭᠠᠨ ᠶᠤᠮ᠂ ᠵᠧᠵᠢᠶᠠᠩ ᠤᠨ ︽ᠮᠢᠩᠭᠠᠨ ᠲᠦᠮᠡᠨ ᠢᠨᠵᠧᠨᠧᠷᠢᠩ︾ ᠤᠨ ᠳᠤᠷᠰᠢᠯᠭ᠎ᠠ | ᠶᠢ ᠬᠦᠨᠵᠡᠭᠡᠢ ᠰᠤᠷᠤᠯᠴᠠᠵᠦ᠂ ᠮᠠᠯᠵᠢᠬᠤ ᠲᠠᠷᠢᠶᠠᠯᠠᠬᠤ ᠤᠷᠤᠨ ᠤ ᠬᠦᠮᠦᠰ ᠤᠨ ᠠᠮᠢᠳᠤᠷᠠᠨ ᠰᠠᠭᠤᠷᠢᠰᠢᠬᠤ ᠤᠷᠴᠢᠨ | ᠢ ᠴᠡᠭᠴᠡᠯᠡᠨ ᠵᠠᠰᠠᠬᠤ ᠶᠢ ᠪᠦᠬᠦ ᠲᠠᠯ᠎ᠠ ᠪᠠᠷ ᠲᠤᠭᠳᠠᠭᠤᠨ ᠠᠬᠢᠭᠤᠯᠬᠤ ᠬᠡᠷᠡᠭᠲᠡᠢ᠃ ᠨᠢᠭᠡ ᠳᠤ ᠮᠠᠯᠵᠢᠬᠤ ᠲᠠᠷᠢᠶᠠᠯᠠᠬᠤ | ᠤᠷᠤᠨ ᠤ ᠵᠤᠷᠯᠤᠩ ᠤᠨ ᠬᠤᠪᠢᠰᠬᠠᠯ ᠢ ᠳᠤᠪᠤᠶᠢᠮ᠎ᠠ ᠠᠳᠬᠤᠬᠤ ᠬᠡᠷᠡᠭᠲᠡᠢ᠃ ᠬᠤᠶᠠᠷ ᠲᠤ ᠠᠮᠢᠳᠤᠷᠠᠯ ᠤᠨ | ᠬᠠᠶᠠᠭᠳᠠᠮᠠᠯ ᠪᠤᠳᠠᠰ ᠤᠨ ᠵᠠᠰᠠᠯᠳᠠ ᠶᠢ ᠠᠬᠢᠭᠤᠯᠬᠤ ᠬᠡᠷᠡᠭᠲᠡᠢ᠃ ᠭᠤᠷᠪᠠ ᠳᠤ ᠭᠡᠷ ᠤᠨ ᠲᠡᠵᠢᠭᠡᠪᠦᠷᠢ ᠶᠢᠨ | ᠢᠯᠭᠠᠳᠠᠰᠤ ᠪᠤᠳᠠᠰ ᠢ ᠡᠬᠢ ᠪᠠᠶᠠᠯᠢᠬᠵᠢᠭᠤᠯᠤᠨ ᠠᠰᠢᠬᠯᠠᠬᠤ ᠶᠢ ᠠᠬᠢᠭᠤᠯᠬᠤ ᠬᠡᠷᠡᠭᠲᠡᠢ᠃ ᠳᠦᠷᠪᠡ ᠳᠤ ᠲᠠᠷᠢᠶᠠᠯᠠᠩ | ᠤᠨ ᠰᠤᠯᠢᠶᠤᠤ ᠪᠦᠷᠭᠦᠪᠴᠢ ᠶᠢ ᠪᠤᠴᠠᠭᠠᠨ ᠬᠤᠷᠢᠶᠠᠵᠦ ᠠᠰᠢᠬᠯᠠᠬᠤ ᠶᠢ ᠠᠬᠢᠭᠤᠯᠬᠤ ᠬᠡᠷᠡᠭᠲᠡᠢ᠃ ᠲᠠᠪᠤ ᠳᠤ | ᠬᠢᠮᠢ ᠶᠢᠨ ᠪᠤᠷᠳᠤᠭᠤᠷ ᠲᠠᠷᠢᠶᠠᠨ ᠡᠮ ᠤᠨ ᠬᠡᠷᠡᠭᠯᠡᠬᠦ ᠬᠡᠮᠵᠢᠶ᠎ᠡ ᠶᠢ ᠴᠢᠩᠭ᠎ᠠ ᠡᠵᠡᠮᠳᠡᠵᠦ᠂ ᠲᠠᠷᠢᠶᠠᠨ ᠡᠮ ᠤᠨ ᠬᠡᠮᠵᠢᠶ᠎ᠡ | ᠶᠢ ᠪᠠᠭᠠᠰᠬᠠᠵᠦ ᠬᠤᠤᠷᠳᠠᠯ ᠢ ᠬᠢᠵᠠᠭᠠᠷᠯᠠᠬᠤ ᠬᠡᠷᠡᠭᠲᠡᠢ᠃ |