ᠬᠤᠲᠠ ᠶᠢᠨ ᠵᠠᠰᠠᠭ ᠤᠨ ᠣᠷᠳᠣᠨ ᠣᠶᠢᠷ᠎ᠠ ᠳᠤ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠳᠠᠬᠢ ᠠᠭᠤᠷᠬᠠᠶ | ᠶᠢᠨ ᠦᠢᠯᠡᠰ ᠤᠨ ᠡᠷᠬᠡ ᠶᠢ ᠪᠤᠴᠠᠭᠠᠬᠤ ᠳᠤ ᠨᠥᠬᠦᠪᠥᠷᠢ ᠥᠭᠬᠦ ᠠᠷᠭ᠎ᠠ ᠶᠢ ᠳᠠᠷᠤᠮᠠᠯᠯᠠᠨ ᠲᠠᠷᠬᠠᠭᠠᠪᠠ᠃ ᠲᠤᠰ | ᠨᠥᠬᠦᠪᠥᠷᠢ ᠶᠢᠨ ᠠᠷᠭ᠎ᠠ ᠳᠤ᠂ 2020 ᠣᠨ ᠤ 6 ᠳ᠋ᠤᠭᠠᠷ ᠰᠠᠷ᠎ᠠ ᠶᠢᠨ ᠡᠴᠦᠰ ᠠᠴᠠ ᠡᠮᠦᠨ᠎ᠡ᠂ ᠳᠠᠯᠠᠨ ᠬᠠᠷ᠎ᠠ | ᠠᠭᠤᠯᠠ ᠶᠢᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠠᠭᠤᠷᠬᠠᠶ ᠶᠢᠨ ᠦᠢᠯᠡᠰ ᠤᠨ ᠡᠷᠬᠡ ᠶᠢ ᠪᠦᠬᠦᠨ ᠢ | ᠪᠤᠴᠠᠭᠠᠨ᠎ᠠ ᠭᠡᠵᠦ ᠲᠣᠳᠣᠷᠬᠠᠶ ᠲᠣᠭᠲᠠᠭᠠᠵᠠᠶ᠃ | ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠪᠥᠬᠦ ᠲᠠᠯ᠎ᠠ ᠪᠠᠷ ᠲᠦᠯᠬᠢᠨ ᠠᠬᠢᠭᠤᠯᠵᠤ᠂ ᠮᠠᠨ ᠤ | ᠬᠤᠲᠠ ᠶᠢᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠳᠠᠬᠢ ᠠᠭᠤᠷᠬᠠᠶ ᠶᠢᠨ ᠦᠢᠯᠡᠰ ᠤᠨ ᠡᠷᠬᠡ ᠶᠢ ᠪᠤᠴᠠᠭᠠᠬᠤ | ᠶᠢ ᠲᠦᠷᠭᠡᠳᠬᠡᠨ᠂ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠳᠠᠬᠢ ᠠᠭᠤᠷᠬᠠᠶ ᠶᠢᠨ ᠠᠵᠤ ᠠᠬᠤᠢᠯᠠᠯ ᠤᠨ ᠬᠠᠶᠢᠨ | ᠪᠠᠶᠢᠴᠠᠭᠠᠵᠤ ᠨᠡᠭᠡᠭᠡᠨ ᠬᠥᠭᠵᠢᠭᠦᠯᠵᠦ ᠪᠦᠲᠦᠭᠡᠨ ᠪᠠᠶᠢᠭᠤᠯᠬᠤ ᠠᠵᠢᠯᠯᠠᠭ᠎ᠠ ᠠᠴᠠ ᠪᠣᠯᠤᠭᠰᠠᠨ ᠠᠮᠢ ᠠᠬᠤᠢ ᠶᠢᠨ | ᠣᠷᠴᠢᠨ ᠲᠣᠭᠤᠷᠢᠨ ᠤ ᠠᠰᠠᠭᠤᠳᠠᠯ ᠢ ᠲᠤᠶᠢᠯᠪᠤᠷᠢᠲᠠᠶ ᠰᠢᠶᠳᠪᠦᠷᠢᠯᠡᠵᠦ᠂ ᠠᠭᠤᠷᠬᠠᠶ ᠶᠢᠨ ᠦᠢᠯᠡᠰ ᠤᠨ ᠡᠷᠬᠡ ᠶᠢ | ᠵᠦᠶ ᠵᠣᠬᠢᠰᠲᠠᠶ ᠪᠤᠴᠠᠭᠠᠬᠤ ᠠᠰᠠᠭᠤᠳᠠᠯ ᠢ ᠬᠠᠤᠯᠢ ᠲᠣᠭᠲᠠᠭᠠᠯ ᠶᠣᠰᠣᠭᠠᠷ ᠰᠢᠶᠳᠪᠦᠷᠢᠯᠡᠬᠦ ᠶᠢᠨ ᠲᠥᠯᠥᠭᠡ᠂ ᠲᠤᠰ | ᠨᠥᠬᠦᠪᠥᠷᠢ ᠶᠢᠨ ᠠᠷᠭ᠎ᠠ ᠳᠤ ᠵᠠᠰᠠᠭ ᠤᠨ ᠣᠷᠳᠣᠨ ᠢᠶᠠᠷ ᠭᠤᠤᠯᠯᠠᠭᠤᠯᠵᠤ᠂ ᠨᠢᠭᠡᠳᠦᠯᠲᠡᠶ ᠲᠥᠯᠥᠪᠯᠡᠨ ᠠᠬᠢᠭᠤᠯᠬᠤ᠂ | ᠬᠠᠤᠯᠢ ᠪᠤᠰᠤ ᠶᠢ ᠴᠠᠭᠠᠵᠠᠯᠠᠨ᠂ ᠬᠠᠤᠯᠢ ᠶᠣᠰᠣᠨ ᠳᠤ ᠨᠡᠶᠢᠴᠡᠭᠰᠡᠨ ᠳᠤ ᠨᠢ ᠨᠥᠬᠦᠪᠦᠷᠢ ᠥᠭᠬᠦ᠂ ᠰᠠᠶᠢᠨ ᠳᠤᠷ᠎ᠠ | ᠠᠴᠠ ᠪᠠᠨ ᠵᠥᠪᠳᠡᠯᠴᠡᠵᠦ᠂ ᠵᠦᠶ ᠵᠣᠬᠢᠰᠲᠠᠶ ᠲᠥᠯᠥᠪᠦᠷᠢ ᠥᠭᠬᠦ᠂ ᠬᠡᠨ ᠠᠰᠢᠭ ᠬᠦᠷᠲᠡᠪᠡᠯ ᠬᠡᠨ ᠲᠥᠯᠥᠪᠦᠷᠢ | ᠥᠭᠬᠦ᠂ ᠬᠡᠨ ᠡᠪᠳᠡᠪᠡᠯ ᠬᠡᠨ ᠵᠠᠰᠠᠬᠤ ᠵᠡᠷᠭᠡ ᠵᠠᠷᠴᠢᠮ ᠢ ᠬᠡᠷᠡᠭᠵᠢᠭᠦᠯᠬᠦ ᠶᠢ ᠪᠠᠷᠢᠮᠲᠠᠯᠠᠵᠤ᠂ 2019 ᠣᠨ ᠤ 12 | ᠳ᠋ᠤᠭᠠᠷ ᠰᠠᠷ᠎ᠠ ᠶᠢᠨ ᠡᠴᠦᠰ ᠠᠴᠠ ᠡᠮᠦᠨ᠎ᠡ᠂ ᠡᠯ᠎ᠡ ᠬᠤᠰᠢᠭᠤ ᠰᠢᠶᠠᠨ ᠲᠣᠭᠤᠷᠢᠭ ᠤᠨ ᠵᠠᠰᠠᠭ ᠤᠨ ᠣᠷᠳᠣᠨ ᠨᠢ | ᠠᠭᠤᠷᠬᠠᠶ ᠮᠠᠯᠲᠠᠬᠤ ᠠᠵᠤ ᠠᠬᠤᠶᠢᠯᠠᠯ ᠲᠠᠢ ᠡᠷᠬᠡ ᠶᠢ ᠪᠤᠴᠠᠭᠠᠬᠤ ᠨᠥᠬᠦᠪᠥᠷᠢ ᠥᠭᠬᠦ ᠵᠥᠪᠳᠡᠯᠴᠡᠭᠡᠷ ᠢ ᠬᠠᠤᠯᠢ | ᠶᠣᠰᠣᠭᠠᠷ ᠲᠣᠭᠲᠠᠭᠠᠬᠤ ᠶᠢᠨ ᠬᠠᠮᠲᠤ ᠨᠥᠬᠦᠪᠥᠷᠢ ᠥᠭᠬᠦ ᠶᠢ ᠬᠡᠷᠡᠭᠵᠢᠭᠦᠯᠵᠦ᠂ ᠡᠯ᠎ᠡ ᠬᠤᠯᠪᠣᠭᠳᠠᠯ ᠪᠦᠬᠦᠢ ᠰᠠᠯᠠᠭ᠎ᠠ | ᠮᠥᠴᠢᠷ ᠤᠳ ᠠᠵᠤ ᠠᠬᠤᠢᠯᠠᠯ ᠤᠳ ᠤᠨ ᠬᠠᠮᠢᠶ᠎ᠠ ᠪᠦᠬᠦᠢ ᠭᠡᠷᠡᠴᠢ ᠦᠨᠡᠮᠯᠡᠯ ᠢ ᠬᠠᠤᠯᠢ ᠶᠣᠰᠣᠭᠠᠷ ᠬᠦᠴᠦᠨ ᠥᠬᠡᠶ | ᠪᠣᠯᠭᠠᠬᠤ ᠬᠡᠷᠡᠭᠲᠡᠢ ᠭᠡᠵᠦ ᠱᠠᠭᠠᠷᠳᠠᠪᠠ᠃ ᠲᠤᠰ ᠨᠥᠬᠦᠪᠦᠷᠢ ᠶᠢᠨ ᠠᠷᠭ᠎ᠠ ᠳᠤ ᠬᠠᠮᠠᠭᠠᠯᠠᠯᠲᠠ ᠶᠢᠨ ᠣᠷᠣᠨ ᠤ | ᠳᠣᠲᠣᠷᠠᠬᠢ ᠨᠢᠭᠡᠨᠲᠡ ᠪᠠᠶᠢᠭᠤᠯᠤᠭᠰᠠᠨ ᠠᠭᠤᠷᠬᠠᠢ ᠶᠢᠨ ᠦᠢᠯᠡᠰ ᠤᠨ ᠡᠷᠬᠡ ᠶᠢ ᠬᠦᠴᠦᠨ ᠥᠬᠡᠶ ᠪᠣᠯᠭᠠᠬᠤ᠂ | ᠠᠭᠤᠷᠬᠠᠢ ᠶᠢᠨ ᠣᠷᠣᠨ ᠤ ᠬᠡᠪᠴᠢᠶ᠎ᠡ ᠶᠢ ᠪᠠᠭᠠᠰᠬᠠᠬᠤ᠂ ᠵᠥᠪᠳᠡᠯᠴᠡᠨ ᠨᠥᠬᠦᠪᠥᠷᠢᠯᠡᠬᠦ ᠭᠤᠷᠪᠠᠨ ᠵᠦᠢᠯ ᠤᠨ ᠠᠷᠭ᠎ᠠ | ᠬᠡᠯᠪᠡᠷᠢ ᠪᠠᠷ ᠲᠥᠷᠥᠯ ᠬᠤᠪᠢᠶᠠᠨ ᠡᠷᠬᠡ ᠶᠢ ᠪᠤᠴᠠᠭᠠᠵᠤ᠂ ᠬᠤᠰᠢᠭᠤ ᠰᠢᠶᠠᠨ ᠤ ᠠᠷᠠᠳ ᠤᠨ ᠵᠠᠰᠠᠭ ᠤᠨ ᠣᠷᠳᠣᠨ | ᠨᠢ ᠨᠥᠬᠦᠪᠥᠷᠢᠯᠡᠬᠦ ᠨᠥᠬᠦᠴᠡᠯ ᠳᠤ ᠨᠡᠶᠢᠴᠡᠬᠦ ᠠᠭᠤᠷᠬᠠᠢ ᠶᠢᠨ ᠦᠢᠯᠡᠰ ᠤᠨ ᠡᠷᠬᠡ ᠶᠢ ᠵᠥᠪᠳᠡᠯᠴᠡᠭᠰᠡᠨ ᠪᠤᠶᠤ ᠬᠢᠨᠠᠨ | ᠲᠣᠭᠲᠠᠭᠠᠭᠰᠠᠨ ᠤ ᠳᠠᠷᠠᠭᠠᠬᠢ ᠭᠤᠷᠪᠠᠳᠠᠬᠢ ᠡᠲᠡᠭᠡᠳ ᠤᠨ ᠦᠨᠡᠯᠡᠨ ᠵᠢᠱᠢᠭᠰᠡᠨ ᠦᠷ᠎ᠡ ᠳ᠋ᠦᠩ ᠢ ᠦᠨᠳᠦᠰᠦᠯᠡᠨ᠂ | ᠠᠭᠤᠷᠬᠠᠢ ᠶᠢᠨ ᠦᠢᠯᠡᠰ ᠤᠨ ᠡᠷᠬᠡᠲᠦ ᠬᠥᠮᠥᠨ ᠤ ᠬᠠᠶᠢᠨ ᠪᠠᠶᠢᠴᠠᠭᠠᠯᠲᠠ᠂ ᠪᠦᠲᠦᠭᠡᠨ ᠪᠠᠶᠢᠭᠤᠯᠤᠯᠲᠠ ᠶᠢᠨ | ᠣᠷᠣᠭᠤᠯᠤᠯᠲᠠ ᠪᠣᠯᠤᠨ ᠪᠤᠴᠠᠭᠠᠵᠤ ᠥᠭᠬᠦ ᠶᠣᠰᠣᠲᠠᠢ ᠵᠣᠭᠤᠰ ᠵᠢᠴᠢ ᠵᠣᠬᠢᠴᠠᠩᠭᠤᠢ ᠵᠠᠰᠠᠵᠤ ᠰᠡᠷᠭᠦᠭᠡᠭᠰᠡᠨ ᠵᠡᠷᠭᠡ | ᠵᠠᠷᠤᠳᠠᠯ ᠢ ᠶᠡᠷᠦᠩᠬᠡᠶᠢᠯᠡᠵᠦ ᠪᠠᠶᠢᠭᠠᠳ᠂ ᠬᠠᠮᠤᠭ ᠤᠨ ᠡᠴᠦᠰ ᠤᠨ ᠨᠥᠬᠦᠵᠦ ᠲᠥᠯᠥᠬᠦ ᠵᠣᠭᠤᠰ ᠤᠨ ᠲᠤᠭ᠎ᠠ ᠶᠢ | ᠵᠦᠢ ᠵᠣᠬᠢᠰᠲᠠᠢ ᠲᠣᠭᠲᠠᠭᠠᠬᠤ ᠶᠢᠨ ᠬᠠᠮᠲᠤ ᠠᠭᠤᠷᠬᠠᠢ ᠶᠢᠨ ᠦᠢᠯᠡᠰ ᠤᠨ ᠡᠷᠬᠡᠲᠦ ᠬᠥᠮᠥᠨ ᠯᠦᠭᠡ ᠡᠷᠬᠡ ᠶᠢ | ᠪᠤᠴᠠᠭᠠᠬᠤ ᠨᠥᠬᠦᠪᠦᠷᠢ ᠶᠢᠨ ᠵᠥᠪᠳᠡᠯᠴᠡᠭᠡᠷ ᠲᠣᠭᠲᠠᠬᠤ ᠬᠡᠷᠡᠭᠲᠡᠢ ᠭᠡᠵᠡᠢ᠃ ᠲᠤᠰ ᠨᠥᠬᠦᠪᠥᠷᠢᠯᠡᠬᠦ ᠠᠷᠭ᠎ᠠ ᠳᠤ ᠪᠠᠰᠠ | ᠳᠤᠷᠠᠳᠤᠭᠰᠠᠨ ᠨᠢ᠂ ᠮᠠᠨ ᠤ ᠬᠤᠲᠠ ᠶᠢᠨ ᠬᠢᠵᠠᠭᠠᠷ ᠳᠣᠲᠣᠷᠠᠬᠢ ᠬᠤᠰᠢᠭᠤ ᠰᠢᠶᠠᠨ ᠤ ᠱᠠᠲᠤᠨ ᠤ ᠪᠠᠶᠢᠭᠠᠯᠢ ᠶᠢᠨ | ᠬᠠᠮᠠᠭᠠᠯᠠᠯᠲᠠ ᠶᠢᠨ ᠣᠷᠣᠨ ᠳᠠᠬᠢ ᠠᠭᠤᠷᠬᠠᠶ ᠶᠢᠨ ᠠᠵᠤ ᠠᠬᠤᠶᠢᠯᠠᠯ ᠢ 2020 ᠣᠨ ᠤ 6 ᠳ᠋ᠤᠭᠠᠷ ᠰᠠᠷ᠎ᠠ ᠶᠢᠨ | ᠡᠴᠦᠰ ᠠᠴᠠ ᠡᠮᠦᠨ᠎ᠡ ᠪᠦᠬᠦᠨ ᠢ ᠡᠮᠬᠢ ᠵᠢᠷᠤᠮ ᠲᠠᠢ ᠪᠠᠷ ᠤᠬᠤᠷᠢᠨ ᠭᠠᠷᠭᠠᠬᠤ ᠬᠡᠷᠡᠭᠲᠡᠶ ᠭᠡᠵᠡᠢ᠃ | |