ᠠᠯᠠᠱᠨ ᠠᠶᠢᠮᠠᠭ ᠣᠢ ᠰᠢᠭᠤᠶ ᠡᠪᠡᠰᠦ ᠪᠡᠯᠴᠢᠭᠡᠷ ᠤᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠢ ᠯᠠᠪᠳᠠᠭᠤᠨ ᠪᠠᠲᠤᠲᠠᠶ ᠠᠬᠢᠭᠤᠯᠵᠤ ᠪᠤᠢ
ᠨᠡᠶᠢᠲᠡᠯᠡᠭᠰᠡᠨ ᠴᠠᠭ᠄
2019/5/30
     4 ᠳ᠋ᠦ᠋ᠭᠡᠷ ᠰᠠᠷ᠎ᠠ ᠶᠢᠨ ᠡᠴᠦᠰ ᠪᠣᠯᠬᠤ ᠳᠤ᠂ ᠠᠯᠠᠱᠨ ᠠᠶᠢᠮᠠᠭ ᠨᠢᠭᠡᠨᠲᠡ 148 ᠲᠦᠮᠡᠨ ᠮᠤ᠋ ᠣᠶᠢᠵᠢᠭᠤᠯᠬᠤ ᠡᠭᠦᠷᠭᠡ ᠶᠢ ᠪᠡᠶᠡᠯᠡᠭᠦᠯᠦᠨ᠂ 413 ᠲᠦᠮᠡᠨ ᠮᠤ᠋ ᠨᠤᠲᠤᠭ ᠪᠡᠯᠴᠢᠭᠡᠷ ᠤᠨ ᠬᠠᠮᠠᠭᠠᠯᠠᠯᠲᠠ ᠪᠣᠯᠣᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ ᠪᠡᠶᠡᠯᠡᠭᠦᠯᠵᠦ᠂ ᠲᠥᠪ ᠤᠨ ᠲᠥᠰᠦᠪ ᠤᠨ ᠳᠣᠲᠣᠷᠠᠬᠢ ᠠᠮᠢ ᠠᠬᠤᠢ ᠶᠢᠨ ᠬᠠᠮᠠᠭᠠᠯᠠᠯᠲᠠ ᠶᠢᠨ ᠪᠦᠲᠦᠭᠡᠨ ᠪᠠᠶᠢᠭᠤᠯᠤᠯᠲᠠ ᠪᠣᠯᠣᠨ ᠲᠥᠪ ᠤᠨ ᠡᠳ᠋ ᠤᠨ ᠵᠠᠰᠠᠭ ᠤᠨ 66956 ᠲᠦᠮᠡᠨ ᠲᠥᠭᠦᠷᠢᠭ ᠤᠨ ᠶᠡᠷᠦᠩᠬᠡᠶ ᠪᠠᠯᠠ ᠣᠷᠣᠭᠤᠯᠤᠯᠲᠠ ᠶᠢ ᠨᠠᠶᠢᠳᠠᠪᠤᠷᠢᠵᠢᠭᠤᠯᠪᠠ᠃ ᠡᠭᠦᠨ ᠳᠤ᠂ ᠠᠷᠠᠳ ᠤᠨ ᠠᠮᠢᠳᠤᠷᠠᠯ ᠤᠨ ᠬᠦᠷᠢᠶᠡᠨ ᠳᠤ ᠬᠤᠯᠪᠣᠭᠳᠠᠭᠰᠠᠨ ᠣᠢ ᠰᠢᠭᠤᠶ ᠶᠢᠨ ᠠᠮᠢ ᠠᠬᠤᠢ ᠶᠢᠨ ᠦᠷ᠎ᠡ ᠠᠰᠢᠭ ᠤᠨ ᠨᠥᠬᠦᠪᠥᠷᠢ᠂ ᠪᠠᠶᠢᠭᠠᠯᠢᠯᠢᠭ ᠣᠢ ᠶᠢᠨ ᠡᠬᠢ ᠪᠠᠶᠠᠯᠢᠭ ᠤᠨ ᠬᠠᠮᠠᠭᠠᠯᠠᠯᠲᠠ ᠶᠢᠨ ᠢᠨᠵᠧᠨᠧᠷᠢᠩ ᠤᠨ ᠬᠠᠮᠢᠶᠠᠷᠤᠯᠲᠠ ᠬᠠᠮᠠᠭᠠᠯᠠᠯᠲᠠ᠂ ᠣᠢ ᠰᠢᠭᠤᠶ ᠶᠢᠨ ᠳᠣᠲᠣᠭᠠᠳᠤ ᠶᠢ ᠬᠠᠮᠠᠭᠠᠯᠠᠬᠤ ᠨᠥᠬᠦᠪᠥᠷᠢ᠂ ᠲᠠᠷᠢᠶᠠᠯᠠᠬᠤ ᠶᠢ ᠵᠣᠭᠰᠣᠭᠠᠵᠤ ᠣᠢ ᠰᠢᠭᠤᠶ ᠶᠢ ᠰᠡᠷᠭᠦᠭᠡᠬᠦ ᠪᠤᠶᠢᠵᠢᠭᠤᠯᠤᠯᠲᠠ ᠶᠢᠨ ᠨᠥᠬᠦᠪᠥᠷᠢ᠂ ᠣᠢ ᠰᠢᠭᠤᠶ ᠶᠢᠨ ᠬᠥᠨᠥᠭᠡᠯᠲᠦ ᠠᠮᠢᠳᠤ ᠪᠣᠳᠠᠰ ᠢ ᠰᠡᠷᠭᠡᠶᠢᠯᠡᠨ ᠵᠠᠰᠠᠬᠤ ᠨᠥᠬᠦᠪᠥᠷᠢ ᠵᠡᠷᠭᠡ ᠣᠢ ᠰᠢᠭᠤᠶ ᠶᠢᠨ ᠦᠢᠯᠡᠰ ᠤᠨ ᠥᠭᠡᠷᠡᠴᠢᠯᠡᠯᠲᠡ ᠬᠥᠭᠵᠢᠯᠲᠡ ᠶᠢᠨ ᠪᠠᠯᠠ ᠮᠥᠩᠭᠦ ᠵᠢᠴᠢ ᠪᠠᠶᠢᠭᠠᠯᠢᠯᠢᠭ ᠣᠢ ᠶᠢᠨ ᠡᠬᠢ ᠪᠠᠶᠠᠯᠢᠭ ᠤᠨ ᠬᠠᠮᠠᠭᠠᠯᠠᠯᠲᠠ ᠶᠢᠨ ᠢᠨᠵᠧᠨᠧᠷᠢᠩ ᠤᠨ ᠨᠡᠶᠢᠭᠡᠮ ᠤᠨ ᠳᠠᠭᠠᠳᠬᠠᠯ᠂ ᠲᠥᠷᠥ ᠶᠢᠨ ᠪᠣᠳᠣᠯᠭ᠎ᠠ ᠶᠢᠨ ᠴᠢᠨᠠᠷᠲᠠᠶ ᠨᠡᠶᠢᠭᠡᠮ ᠤᠨ ᠴᠢᠨᠠᠷᠲᠠᠶ ᠵᠠᠷᠤᠯᠭ᠎ᠠ ᠶᠢᠨ ᠨᠥᠬᠦᠪᠥᠷᠢ ᠵᠡᠷᠭᠡ ᠳᠤ 36675 ᠲᠦᠮᠡᠨ ᠲᠥᠭᠦᠷᠢᠭ ᠨᠠᠶᠢᠳᠠᠪᠤᠷᠢᠵᠢᠭᠤᠯᠵᠠᠢ ᠃ ᠨᠡᠶᠢᠭᠡᠮ ᠤᠨ ᠨᠡᠶᠢᠲᠡ ᠶᠢᠨ ᠠᠰᠠᠷᠠᠮᠵᠢ ᠶᠢᠨ ᠣᠶᠢᠵᠢᠭᠤᠯᠤᠯᠲᠠ ᠶᠢᠨ ᠲᠥᠷᠥᠯ ᠵᠦᠢᠯ ᠢ ᠨᠠᠶᠢᠳᠠᠪᠤᠷᠢᠵᠢᠭᠤᠯᠬᠤ ᠳᠤ 8295 ᠲᠦᠮᠡᠨ ᠲᠥᠭᠦᠷᠢᠭ ᠤᠨ ᠪᠠᠯᠠ ᠣᠷᠣᠭᠤᠯᠪᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号