ᠪᠥᠬᠦ ᠤᠯᠤᠰ ᠤᠨ ᠬᠠᠷᠠᠭ᠎ᠠ ᠦᠭᠡᠢ ᠬᠥᠮᠦᠨ ᠤ ᠡᠮᠴᠢᠯᠡᠭᠡᠨ ᠤ ᠢᠯᠢᠯᠭᠡ ᠶᠢᠨ ᠰᠢᠯᠭᠠᠯᠲᠠ ᠶᠢᠨ ᠵᠦᠪᠯᠡᠯ ᠤᠨ ᠠᠯᠪᠠᠨ ᠵᠠᠷ
ᠨᠡᠶᠢᠲᠡᠯᠡᠭᠰᠡᠨ ᠴᠠᠭ᠄
2019/5/30
ᠳᠤᠮᠳᠠᠳᠤ ᠤᠯᠤᠰ ᠤᠨ ᠵᠡᠮᠳᠡᠭᠴᠦᠳ ᠤᠨ ᠬᠤᠯᠪᠣᠭᠠᠲᠤ ᠬᠤᠷᠠᠯ ᠪᠦᠬᠦ ᠤᠯᠤᠰ ᠤᠨ ᠬᠠᠷᠠᠭ᠎ᠠ ᠦᠭᠡᠢ ᠬᠦᠮᠦᠨ ᠤ ᠡᠮᠴᠢᠯᠡᠭᠡᠨ ᠤ ᠢᠯᠢᠯᠭᠡ ᠶᠢᠨ ᠰᠢᠯᠭᠠᠯᠲᠠ ᠶᠢᠨ ᠵᠦᠪᠯᠡᠯ ᠤᠨ ᠠᠯᠪᠠᠨ ᠵᠠᠷ                           ︵10 ᠳ᠋ᠤᠭᠠᠷ ᠲᠣᠭᠠᠲᠤ︶      ︽ᠬᠠᠷᠠᠭ᠎ᠠ ᠦᠭᠡᠢ ᠬᠦᠮᠦᠨ ᠤ ᠡᠮᠴᠢᠯᠡᠭᠡᠨ ᠤ ᠢᠯᠢᠯᠭᠡ ᠶᠢᠨ ᠰᠢᠯᠭᠠᠯᠲᠠ ᠶᠢᠨ ᠲᠦᠷ ᠬᠡᠷᠡᠭᠵᠢᠭᠦᠯᠬᠦ ᠠᠷᠭ᠎ᠠ︾᠎ ᠶᠢᠨ ᠬᠠᠮᠢᠶ᠎ᠠ ᠪᠦᠬᠦᠢ ᠲᠣᠭᠲᠠᠭᠠᠯ ᠢ ᠦᠨᠳᠦᠰᠦᠯᠡᠵᠦ᠂ ᠡᠳᠦᠭᠡ 2019 ᠣᠨ ᠤ ᠪᠥᠬᠦ ᠤᠯᠤᠰ ᠤᠨ ᠬᠠᠷᠠᠭ᠎ᠠ ᠦᠭᠡᠢ ᠬᠦᠮᠦᠨ ᠤ ᠡᠮᠴᠢᠯᠡᠭᠡᠨ ᠤ ᠢᠯᠢᠯᠭᠡ ᠶᠢᠨ ᠠᠵᠢᠯᠲᠠᠨ ᠤ ᠰᠢᠯᠭᠠᠯᠲᠠ ᠳᠤ ᠨᠡᠷ᠎ᠡ ᠮᠡᠳᠡᠭᠦᠯᠬᠦ ᠬᠤᠯᠪᠣᠭᠳᠠᠯ ᠪᠦᠬᠦᠢ ᠵᠦᠶᠯᠡᠰ ᠢ ᠳᠣᠤᠷᠠᠬᠢ ᠮᠡᠲᠦ ᠵᠠᠷᠯᠠᠪᠠ᠄      ᠨᠢᠭᠡ᠂ ᠨᠡᠷ᠎ᠡ ᠮᠡᠳᠡᠭᠦᠯᠬᠦ ᠭᠠᠵᠠᠷ᠂ ᠴᠠᠭ      ᠨᠡᠷ᠎ᠡ ᠮᠡᠳᠡᠭᠦᠯᠬᠦ ᠭᠠᠵᠠᠷ᠄ ᠨᠡᠷ᠎ᠡ ᠮᠡᠳᠡᠭᠦᠯᠬᠦ ᠬᠥᠮᠦᠨ ᠤ ᠡᠷᠦᠬᠡ ᠠᠮᠠ ᠶᠢᠨ ᠳᠠᠩᠰᠠ ᠪᠠᠶᠢᠭ᠎ᠠ ᠭᠠᠵᠠᠷ ᠪᠤᠶᠤ ᠠᠵᠢᠯ ᠡᠷᠬᠢᠯᠡᠭᠰᠡᠨ ᠡᠮᠴᠢᠯᠡᠭᠡᠨ ᠤ ᠪᠠᠶᠢᠭᠤᠯᠤᠮᠵᠢ ᠶᠢᠨ ᠪᠠᠶᠢᠭ᠎ᠠ ᠭᠠᠵᠠᠷ ᠤᠨ ᠲᠣᠭᠤᠷᠢᠭ ᠪᠠᠶᠢᠭᠤᠯᠤᠭᠰᠠᠨ ᠬᠤᠲᠠ ᠶᠢᠨ ᠳᠡᠰ ᠤᠨ ᠵᠡᠮᠳᠡᠭᠴᠦᠳ ᠤᠨ ᠬᠤᠯᠪᠣᠭᠠᠲᠤ ᠬᠤᠷᠠᠯ᠃      ᠨᠡᠷ᠎ᠡ ᠮᠡᠳᠡᠭᠦᠯᠬᠦ ᠵᠢᠴᠢ ᠠᠩᠬᠠᠨ ᠤ ᠬᠢᠨᠠᠯᠲᠠ ᠶᠢᠨ ᠴᠠᠭ᠄ 2019 ᠣᠨ ᠤ 5 ᠳ᠋ᠤᠭᠠᠷ ᠰᠠᠷ᠎ᠠ ᠶᠢᠨ 6᠎ ᠤ ᠡᠳᠦᠷ — 2019 ᠣᠨ ᠤ 6 ᠳ᠋ᠤᠭᠠᠷ ᠰᠠᠷ᠎ᠠ ᠶᠢᠨ 14᠎ ᠤ ᠡᠳᠦᠷ︔      ᠨᠡᠷ᠎ᠡ ᠮᠡᠳᠡᠭᠦᠯᠦᠭᠰᠡᠨ ᠢ ᠳᠠᠬᠢᠨ ᠬᠢᠨᠠᠬᠤ ᠴᠠᠭ᠄ 2019 ᠣᠨ ᠤ 6 ᠳ᠋ᠤᠭᠠᠷ ᠰᠠᠷ᠎ᠠ ᠶᠢᠨ 15᠎ ᠤ ᠡᠳᠦᠷ — 2019 ᠣᠨ ᠤ 7 ᠳ᠋ᠤᠭᠠᠷ ᠰᠠᠷ᠎ᠠ ᠶᠢᠨ 12᠎ ᠤᠨ ᠡᠳᠦᠷ︔      ᠨᠡᠷ᠎ᠡ ᠮᠡᠳᠡᠭᠦᠯᠦᠭᠰᠡᠨ ᠦᠷ᠎ᠡ ᠳ᠋ᠦᠩ ᠢ ᠵᠠᠷᠯᠠᠨ ᠨᠡᠶᠢᠲᠡᠯᠡᠬᠦ ᠴᠠᠭ᠄ 2019 ᠣᠨ ᠤ 7 ᠳ᠋ᠤᠭᠠᠷ ᠰᠠᠷ᠎ᠠ ᠶᠢᠨ 13᠎ ᠤ ᠡᠳᠦᠷ — 2019 ᠣᠨ ᠤ 7 ᠳ᠋ᠤᠭᠠᠷ ᠰᠠᠷ᠎ᠠ ᠶᠢᠨ 19᠎ ᠤ ᠡᠳᠦᠷ᠃      ᠨᠡᠷ᠎ᠡ ᠮᠡᠳᠡᠭᠦᠯᠦᠭᠰᠡᠨ ᠭᠠᠵᠠᠷ ᠤᠨ ᠲᠣᠭᠤᠷᠢᠭ ᠪᠠᠶᠢᠭᠤᠯᠤᠭᠰᠠᠨ ᠬᠤᠲᠠ ᠶᠢᠨ ᠳᠡᠰ ᠤᠨ ᠵᠡᠮᠳᠡᠭᠴᠦᠳ ᠤᠨ ᠬᠤᠯᠪᠣᠭᠠᠲᠤ ᠬᠤᠷᠠᠯ ᠠᠴᠠ ᠪᠣᠳᠠᠲᠠᠶ ᠵᠦᠢᠯᠡᠰ ᠢ ᠠᠰᠠᠭᠤᠨ ᠯᠠᠪᠯᠠᠵᠤ ᠪᠣᠯᠤᠨ᠎ᠠ᠃      ᠬᠤᠶᠠᠷ᠂ ᠬᠡᠰᠡᠭ ᠰᠢᠯᠭᠠᠯᠲᠠ ᠶᠢᠨ ᠬᠠᠷᠢᠶᠠᠲᠤ ᠣᠷᠣᠨ ᠳᠤ ᠰᠦᠯᠵᠢᠶᠡᠨ ᠳᠡᠭᠡᠷ᠎ᠡ ᠨᠡᠷ᠎ᠡ ᠮᠡᠳᠡᠭᠦᠯᠬᠦ ᠠᠵᠢᠯ ᠢ ᠥᠷᠨᠢᠭᠦᠯᠦᠨ᠎ᠡ      2019 ᠣᠨ ᠳᠤ᠂ ᠪᠡᠭᠡᠵᠢᠩ᠂ ᠹᠦᠵᠢᠶᠠᠨ᠂ ᠭᠦᠶᠵᠧᠤ᠂ ᠭᠠᠨᠰᠦ᠂ ᠭᠤᠸᠠᠩᠰᠢ᠂ ᠬᠥᠬᠡᠨᠠᠭᠤᠷ᠂ ᠰᠢᠨᠵᠢᠶᠠᠩ ᠵᠡᠷᠭᠡ 7 ᠰᠢᠯᠭᠠᠯᠲᠠ ᠶᠢᠨ ᠬᠠᠷᠢᠶ᠎ᠠ ᠣᠷᠣᠨ ᠳᠤ ᠰᠦᠯᠵᠢᠶᠡᠨ ᠳᠡᠭᠡᠷ᠎ᠡ ᠨᠡᠷ᠎ᠡ ᠮᠡᠳᠡᠭᠦᠯᠬᠦ ᠲᠤᠷᠰᠢᠯᠲᠠ ᠶᠢᠨ ᠠᠵᠢᠯ ᠢ ᠥᠷᠨᠢᠭᠦᠯᠦᠨ᠎ᠡ᠃ ᠨᠡᠷ᠎ᠡ ᠮᠡᠳᠡᠭᠦᠯᠬᠦ ᠬᠥᠮᠦᠰ ᠵᠠᠷᠴᠢᠮ ᠳᠡᠭᠡᠷ᠎ᠡ ᠪᠠᠨ ᠰᠦᠯᠵᠢᠶᠡᠨ ᠳᠡᠭᠡᠷ᠎ᠡ ᠨᠡᠷ᠎ᠡ ᠮᠡᠳᠡᠭᠦᠯᠬᠦ ᠬᠡᠯᠪᠡᠷᠢ ᠪᠠᠷ ᠨᠡᠷ᠎ᠡ ᠮᠡᠳᠡᠭᠦᠯᠦᠨ᠎ᠡ᠃ 5 ᠳ᠋ᠤᠭᠠᠷ ᠰᠠᠷ᠎ᠠ ᠶᠢᠨ 6᠎ ᠤ ᠡᠳᠦᠷ ᠠᠴᠠ 6 ᠳ᠋ᠤᠭᠠᠷ ᠰᠠᠷ᠎ᠠ ᠶᠢᠨ 14᠎ ᠤ ᠡᠳᠦᠷ ᠪᠣᠯᠲᠠᠯ᠎ᠠ᠂ ᠳᠣᠤᠷᠠᠬᠢ ᠬᠤᠶᠠᠷ ᠵᠦᠶᠯ ᠤᠨ ᠠᠷᠭ᠎ᠠ ᠮᠠᠶ᠋ᠢᠭ ᠢᠶᠠᠷ ᠰᠢᠰᠲ᠋ᠧᠮ ᠳᠤ ᠣᠷᠣᠵᠤ ᠨᠡᠷ᠎ᠡ ᠮᠡᠳᠡᠭᠦᠯᠵᠦ ᠪᠣᠯᠤᠨ᠎ᠠ᠄      1. ᠰᠦᠯᠵᠢᠶᠡᠨ ᠤ ᠥᠷᠲᠡᠭᠡ᠄ h t t p : / / m k w b. o r g . c n᠎ ᠳᠤ ᠰᠢᠭᠤᠳ ᠤᠷᠤᠵᠤ ᠨᠡᠷ᠎ᠡ ᠮᠡᠳᠡᠭᠦᠯᠦᠨ᠎ᠡ᠃      2. ︽ᠳᠤᠮᠳᠠᠳᠤ ᠤᠯᠤᠰ ᠤᠨ ᠵᠡᠮᠳᠡᠭᠴᠦᠳ ᠤᠨ ᠠᠵᠢᠯ ᠣᠯᠵᠤ ᠦᠶᠯᠡᠰ ᠴᠣᠭᠴᠠᠯᠠᠬᠤ ᠰᠦᠯᠵᠢᠶᠡᠨ ᠤ  ᠦᠢᠯᠡᠴᠢᠯᠡᠬᠦ ᠲᠠᠪᠴᠠᠩ︾᠎ ᠳᠤ ᠭᠠᠷᠴᠤ ᠠᠯᠪᠠᠨ ᠰᠦᠯᠵᠢᠶ᠎ᠡ ᠶᠢᠨ ᠲᠦᠷᠦᠭᠦᠤ ᠨᠢᠭᠤᠷ ᠤᠨ ᠵᠡᠭᠦᠨ ᠳᠡᠭᠡᠷ᠎ᠡ ᠲᠠᠯ᠎ᠠ ᠳᠤ ﹇ᠰᠦᠯᠵᠢᠶᠡᠨ ᠳᠡᠭᠡᠷ᠎ᠡ ᠨᠡᠷ᠎ᠡ ᠮᠡᠳᠡᠭᠦᠯᠬᠦ﹈ ᠴᠥᠷᠬᠦᠯᠡᠭᠡ ᠶᠢ ᠳᠠᠷᠤᠵᠤ᠂ ᠨᠡᠷ᠎ᠡ ᠮᠡᠳᠡᠭᠦᠯᠬᠦ ᠰᠢᠰᠲ᠋ᠧᠮ ᠳᠤ ᠮᠡᠳᠡᠭᠦᠯᠦᠨ᠎ᠡ᠃      ᠭᠤᠷᠪᠠ᠂ ᠨᠡᠷ᠎ᠡ ᠮᠡᠳᠡᠭᠦᠯᠬᠦ ᠨᠥᠬᠦᠴᠡᠯ      ᠡᠮᠴᠢᠯᠡᠭᠡᠨ ᠤ ᠢᠯᠢᠯᠭᠡ ᠪᠤᠶᠤ ᠪᠠᠷᠢᠵᠦ ᠢᠯᠢᠬᠦ ᠬᠠᠮᠢᠶ᠎ᠠ ᠪᠦᠬᠦᠢ ᠡᠮᠴᠢᠯᠡᠭᠡᠨ ᠤ ᠳᠤᠮᠳᠠ ᠵᠡᠷᠭᠡ ᠶᠢᠨ ᠲᠤᠰᠬᠠᠢ ᠮᠡᠷᠭᠡᠵᠢᠯ ᠵᠢᠴᠢ ᠳᠤᠮᠳᠠ ᠵᠡᠷᠭᠡ ᠶᠢᠨ ᠲᠤᠰᠬᠠᠢ ᠮᠡᠷᠭᠡᠵᠢᠯ ᠠᠴᠠ ᠳᠡᠭᠡᠭᠰᠢ ᠰᠤᠷᠤᠯᠭ᠎ᠠ ᠶᠢᠨ ᠨᠠᠮᠲᠠᠷ ᠲᠠᠢ ᠬᠠᠷᠠᠭ᠎ᠠ ᠦᠭᠡᠢ ᠬᠦᠮᠦᠨ︔ 2009 ᠣᠨ ᠤ 9 ᠳ᠋ᠤᠭᠡᠷ ᠰᠠᠷ᠎ᠠ ᠶᠢᠨ 1᠎ ᠤ ᠡᠳᠦᠷ ᠠᠴᠠ ᠡᠮᠦᠨ᠎ᠡ᠂ ᠡᠮᠴᠢᠯᠡᠭᠡᠨ ᠤ ᠪᠠᠶᠢᠭᠤᠯᠤᠮᠵᠢ ᠳᠤ ᠬᠠᠷᠠᠭ᠎ᠠ ᠦᠭᠡᠢ ᠬᠦᠮᠦᠨ ᠤ ᠡᠮᠴᠢᠯᠡᠭᠡᠨ ᠤ ᠢᠯᠢᠯᠭᠡ ᠶᠢᠨ ᠠᠵᠢᠯ ᠢ ᠦᠷᠭᠦᠯᠵᠢᠯᠡᠨ ᠡᠷᠬᠢᠯᠡᠭᠡᠳ ᠪᠦᠬᠦᠯᠢ 2 ᠵᠢᠯ ᠠᠴᠠ ᠳᠡᠭᠡᠭᠰᠢᠬᠢ ᠠᠷᠠᠢ 15 ᠵᠢᠯ ᠪᠤᠯᠤᠭ᠎ᠠ ᠦᠭᠡᠢ ᠬᠠᠷᠠᠭ᠎ᠠ ᠦᠭᠡᠢ ᠬᠦᠮᠦᠨ ᠪᠠᠶᠢᠬᠤ ᠬᠡᠷᠡᠭᠲᠡᠢ᠃      ᠳᠥᠷᠪᠡ᠂  ᠰᠢᠯᠭᠠᠬᠤ ᠴᠠᠭ      ᠬᠠᠷᠠᠭ᠎ᠠ ᠦᠭᠡᠢ ᠬᠦᠮᠦᠨ ᠤ ᠡᠮᠴᠢᠯᠡᠭᠡᠨ ᠤ ᠢᠯᠢᠯᠲᠡ ᠶᠢᠨ ᠠᠵᠢᠯᠲᠠᠨ ᠤ ᠰᠢᠯᠭᠠᠯᠲᠠ ︵ᠺᠣᠮᠫᠢᠦ᠋ᠲ᠋ᠧᠷ ᠢᠶᠠᠷ ᠰᠢᠯᠭᠠᠬᠤ ᠶᠡᠷᠦᠩᠬᠡᠶᠢᠯᠡᠭᠰᠡᠨ ᠪᠢᠷ ᠤᠨ ᠰᠢᠯᠭᠠᠯᠲᠠ ᠪᠤᠯᠤᠨ ᠦᠶᠯᠡᠳᠦᠯᠭᠡ ᠶᠢᠨ ᠤᠷ᠎ᠠ ᠴᠢᠳᠠᠪᠤᠷᠢ ᠶᠢᠨ ᠰᠢᠯᠭᠠᠯᠲᠠ︶᠎ ᠶᠢ ᠪᠥᠬᠦ ᠤᠯᠤᠰ ᠲᠤ ᠨᠢᠭᠡᠳᠦᠯᠲᠡᠶ ᠰᠡᠳᠦᠪ ᠭᠠᠷᠭᠠᠵᠤ᠂ ᠨᠢᠭᠡᠳᠦᠯᠲᠡᠶ ᠰᠢᠯᠭᠠᠨ᠎ᠠ᠂  ᠰᠢᠯᠭᠠᠬᠤ ᠴᠠᠭ ᠨᠢ 2019 ᠣᠨ ᠤ 9 ᠳ᠋ᠤᠭᠡᠷ ᠰᠠᠷ᠎ᠠ ᠶᠢᠨ 21᠎ ᠤ ᠡᠳᠦᠷ ᠠᠴᠠ 22᠎ ᠤᠨ ᠡᠳᠦᠷ ᠪᠤᠯᠲᠠᠯ᠎ᠠ ᠶᠠᠪᠤᠭᠳᠠᠨ᠎ᠠ᠃ ᠡᠭᠦᠨ ᠳᠤ ᠶᠡᠷᠦᠩᠬᠡᠶᠢᠯᠡᠭᠰᠡᠨ ᠪᠢᠷ ᠤᠨ ᠰᠢᠯᠭᠠᠯᠲᠠ᠄ 2019 ᠣᠨ ᠤ 9 ᠳ᠋ᠤᠭᠡᠷ ᠰᠠᠷ᠎ᠠ ᠶᠢᠨ 21᠎ ᠤ ᠡᠳᠦᠷ ᠤᠨ ᠦᠳᠡ ᠶᠢᠨ ᠡᠮᠦᠨᠡᠬᠢ 9᠄ 00 — 11᠄ 30︔ ᠦᠶᠯᠡᠳᠦᠯᠭᠡ ᠶᠢᠨ ᠤᠷ᠎ᠠ ᠴᠢᠳᠠᠪᠤᠷᠢ ᠶᠢᠨ ᠰᠢᠯᠭᠠᠯᠲᠠ᠄ 2019 ᠣᠨ ᠤ 9 ᠳ᠋ᠤᠭᠡᠷ ᠰᠠᠷ᠎ᠠ ᠶᠢᠨ 21᠎ ᠤ ᠡᠳᠦᠷ ᠤᠨ ᠦᠳᠡ ᠶᠢᠨ ᠬᠤᠶᠢᠨᠠᠬᠢ 14᠄ 00 — 18᠄ 30᠂ 9 ᠳ᠋ᠤᠭᠡᠷ ᠰᠠᠷ᠎ᠠ ᠶᠢᠨ 22᠎ ᠤᠨ ᠡᠳᠦᠷ ᠤᠨ ᠦᠳᠡ ᠶᠢᠨ ᠡᠮᠦᠨᠡᠬᠢ 8᠄ 00 — 12᠄ 00᠂ ᠦᠳᠡ ᠶᠢᠨ ᠬᠤᠶᠢᠨᠠᠬᠢ 14᠄ 00 — 18᠄ 30᠃      ᠲᠠᠪᠤ᠂ ᠰᠢᠯᠭᠠᠬᠤ ᠠᠭᠤᠯᠭ᠎ᠠ      2019 ᠣᠨ ᠤ ᠪᠥᠬᠦ ᠤᠯᠤᠰ ᠤᠨ ᠬᠠᠷᠠᠭ᠎ᠠ ᠦᠭᠡᠢ ᠬᠦᠮᠦᠨ ᠤ ᠡᠮᠴᠢᠯᠡᠭᠡᠨ ᠤ ᠢᠯᠢᠯᠲᠡ ᠶᠢᠨ ᠠᠵᠢᠯᠲᠠᠨ ᠤ ᠰᠢᠯᠭᠠᠯᠲᠠ ᠶᠢᠨ ᠬᠡᠪᠴᠢᠶ᠎ᠡ ᠶᠢ ᠪᠥᠬᠦ ᠤᠯᠤᠰ ᠤᠨ ᠬᠠᠷᠠᠭ᠎ᠠ ᠦᠭᠡᠢ ᠬᠦᠮᠦᠨ ᠤ ᠡᠮᠴᠢᠯᠡᠭᠡᠨ ᠤ ᠢᠯᠢᠯᠲᠡ ᠶᠢᠨ ᠠᠵᠢᠯᠲᠠᠨ ᠤ ᠰᠢᠯᠭᠠᠯᠲᠠ ᠶᠢᠨ ᠵᠥᠪᠯᠡᠯ ᠤᠨ ᠲᠣᠭᠲᠠᠭᠠᠭᠰᠠᠨ ︽ᠪᠥᠬᠦ ᠤᠯᠤᠰ ᠤᠨ ᠬᠠᠷᠠᠭ᠎ᠠ ᠦᠭᠡᠢ ᠬᠦᠮᠦᠨ ᠤ ᠡᠮᠴᠢᠯᠡᠭᠡᠨ ᠤ ᠢᠯᠢᠯᠲᠡ ᠶᠢᠨ ᠠᠵᠢᠯᠲᠠᠨ ᠤ ᠰᠢᠯᠭᠠᠯᠲᠠ ᠶᠢᠨ ᠬᠥᠲᠥᠯᠪᠦᠷᠢ ︵2018 ᠣᠨ ᠤ ᠬᠡᠪᠯᠡᠯ︶ ︾ ︵ᠳᠤᠮᠳᠠᠳᠤ ᠤᠯᠤᠰ ᠤᠨ ᠬᠠᠷᠠᠭ᠎ᠠ ᠦᠭᠡᠢ ᠬᠦᠮᠦᠨ ᠤ ᠪᠢᠴᠢᠭ ᠤᠨ ᠬᠡᠪᠯᠡᠯ ᠤᠨ ᠬᠤᠷᠢᠶ᠎ᠠ ᠬᠡᠪᠯᠡᠭᠦᠯᠪᠡ︶᠎ ᠳᠤ ᠦᠵᠡ᠃      ᠯᠠᠪᠯᠠᠯᠲᠠ ᠪᠣᠯᠭᠠᠬᠤ ᠵᠢᠭᠠᠬᠤ ᠮᠠᠲ᠋ᠧᠷᠢᠶᠠᠯ ᠨᠢ ︽ᠪᠥᠬᠦ ᠤᠯᠤᠰ ᠤᠨ ᠬᠠᠷᠠᠭ᠎ᠠ ᠦᠭᠡᠢ ᠬᠦᠮᠦᠨ ᠤ ᠡᠮᠴᠢᠯᠡᠭᠡᠨ ᠤ ᠢᠯᠢᠯᠭᠡ ᠶᠢᠨ ᠳᠤᠮᠳᠠ ᠵᠡᠷᠭᠡ ᠶᠢᠨ ᠲᠤᠰᠬᠠᠶ ᠮᠡᠷᠭᠡᠵᠢᠯ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ︵ᠳᠥᠷᠪᠡᠳᠦᠭᠡᠷ ᠬᠡᠪᠯᠡᠯ︶︾ ︵2015 ᠣᠨ ᠤ 1 ᠳ᠋ᠤᠭᠡᠷ ᠰᠠᠷ᠎ᠠ ᠳᠤ᠂ ᠳᠤᠮᠳᠠᠳᠤ ᠤᠯᠤᠰ ᠤᠨ ᠬᠠᠷᠠᠭ᠎ᠠ ᠦᠭᠡᠢ ᠬᠦᠮᠦᠨ ᠤ ᠪᠢᠴᠢᠭ ᠤᠨ ᠬᠡᠪᠯᠡᠯ ᠤᠨ ᠬᠤᠷᠢᠶ᠎ᠠ ᠬᠡᠪᠯᠡᠪᠡ︶ ᠪᠣᠯᠤᠨ᠎ᠠ᠃      ᠵᠢᠷᠭᠤᠭ᠎ᠠ᠂ ᠪᠤᠰᠤᠳ ᠵᠦᠢᠯ      ᠡᠯ᠎ᠡ ᠰᠢᠯᠭᠠᠯᠲᠠ ᠶᠢᠨ ᠬᠠᠷᠢᠶ᠎ᠠ ᠣᠷᠣᠨ᠂ ᠲᠣᠭᠤᠷᠢᠭ ᠪᠠᠶᠢᠭᠤᠯᠤᠭᠰᠠᠨ ᠬᠤᠲᠠ ᠶᠢᠨ ᠳᠡᠰ ᠤᠨ ᠵᠡᠮᠳᠡᠭᠴᠦᠳ ᠤᠨ ᠬᠤᠯᠪᠣᠭᠠᠲᠤ ᠬᠤᠷᠠᠯ ᠪᠤᠯᠤᠨ ᠰᠢᠯᠭᠠᠭᠤᠯᠤᠭᠰᠠᠳ ᠨᠢ ᠳᠤᠮᠳᠠᠳᠤ ᠤᠯᠤᠰ ᠤᠨ ᠵᠡᠮᠳᠡᠭᠴᠦᠳ ᠤᠨ ᠬᠤᠯᠪᠣᠭᠠᠲᠤ ᠬᠤᠷᠠᠯ ᠤᠨ ᠠᠵᠢᠯ ᠣᠯᠭᠤᠯᠲᠠ ᠶᠢᠨ ᠦᠶᠯᠡᠴᠢᠯᠡᠭᠡᠨ ᠤ ᠵᠢᠯᠣᠭᠤᠳᠬᠤ ᠲᠥᠪ ᠤᠨ ᠰᠦᠯᠵᠢᠶ᠎ᠡ ᠶᠢᠨ ᠲᠦᠷᠦᠭᠦᠤ ᠨᠢᠭᠤᠷ ᠤᠨ ︽ᠮᠡᠳᠡᠭᠳᠡᠯ ᠠᠯᠪᠠᠨ ᠵᠠᠷ︾ ᠪᠤᠯᠤᠩ ᠳᠤ ᠭᠠᠷᠴᠤ ᠬᠠᠷᠠᠭ᠎ᠠ ᠦᠭᠡᠢ ᠬᠦᠮᠦᠨ ᠤ ᠡᠮᠴᠢᠯᠡᠭᠡᠨ ᠤ ᠢᠯᠢᠯᠭᠡ ᠶᠢᠨ ᠠᠵᠢᠯᠲᠠᠨ ᠤ ᠰᠢᠯᠭᠠᠯᠲᠠ ᠳᠤ ᠨᠡᠷ᠎ᠡ ᠮᠡᠳᠡᠭᠦᠯᠬᠦ ᠬᠤᠯᠪᠣᠭᠳᠠᠯ ᠪᠦᠬᠦᠢ ᠲᠣᠭᠲᠠᠭᠠᠯ ᠵᠢᠴᠢ ᠰᠢᠯᠭᠠᠯᠲᠠ ᠶᠢᠨ ᠮᠡᠳᠡᠭᠡ ᠵᠠᠩᠭᠢ ᠶᠢ ᠪᠠᠶᠢᠴᠠᠭᠠᠨ ᠯᠠᠪᠯᠠᠵᠤ ᠪᠣᠯᠤᠨ᠎ᠠ᠃      ᠭᠤᠣᠯ ᠰᠦᠯᠵᠢᠶᠡᠨ ᠤ ᠬᠠᠶ᠋ᠢᠭ᠄ h t t p : / / w w w . c d p e s . o r g l a᠃                          ᠳᠤᠮᠳᠠᠳᠤ ᠤᠯᠤᠰ ᠤᠨ ᠵᠡᠮᠳᠡᠭᠴᠦᠳ ᠤᠨ ᠬᠤᠯᠪᠣᠭᠠᠲᠤ ᠬᠤᠷᠠᠯ ᠤᠨ                          ᠪᠦᠬᠦ ᠤᠯᠤᠰ ᠤᠨ ᠰᠢᠯᠭᠠᠯᠲᠠ ᠶᠢᠨ ᠵᠥᠪᠯᠡᠯ                           2019 ᠣᠨ ᠤ 4 ᠳ᠋ᠤᠭᠡᠷ ᠰᠠᠷ᠎ᠠ ᠶᠢᠨ 13᠎ ᠤ ᠡᠳᠦᠷ
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号