5 ᠳ᠋ᠤᠭᠠᠷ ᠰᠠᠷ᠎ᠠ ᠶᠢᠨ 30 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ | ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ | ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠪᠦ᠋ ᠰᠢᠶᠣᠤ ᠯᠢᠨ ᠥᠪᠡᠷᠲᠡᠭᠡᠨ ᠵᠠᠰᠠᠬᠤ ᠣᠷᠣᠨ ᠤ ᠵᠠᠰᠠᠭ | ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ | 2019 ᠣᠨ ᠤ 4 ᠳ᠋ᠤᠬᠡᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ︵ᠥᠷᠭᠡᠳᠬᠡᠭᠰᠡᠨ︶ ᠶᠢᠨ ᠬᠤᠷᠠᠯ ᠢ | ᠡᠷᠬᠢᠯᠡᠨ ᠬᠤᠷᠠᠯᠳᠤᠭᠤᠯᠵᠤ᠂ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠪᠣᠯᠤᠨ | ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ | ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠠᠮᠢ ᠠᠬᠤᠢ ᠶᠢ ᠤᠷᠢᠳ ᠢᠶᠠᠷ ᠪᠤᠳᠤᠯᠬᠢᠯᠠᠵᠤ᠂ ᠪᠣᠬᠢᠷᠲᠤᠯ ᠦᠭᠡᠢ | ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢ | ᠰᠦᠪᠡᠭᠴᠢᠯᠡᠪᠡ᠃ | ᠲᠥᠷᠥ ᠶᠢᠨ ᠶᠠᠪᠤᠳᠠᠯ ᠤᠨ ᠬᠤᠷᠢᠶᠠᠨ ᠤ ᠬᠥᠭᠵᠢᠯᠲᠡ ᠶᠢᠨ ᠰᠤᠳᠤᠯᠭᠠᠨ ᠤ ᠲᠥᠪ ᠤᠨ ᠡᠬᠢ ᠪᠠᠶᠠᠯᠢᠭ | ᠬᠢᠭᠡᠳ ᠣᠷᠴᠢᠨ ᠳᠤᠭᠤᠷᠢᠨ ᠤ ᠲᠥᠷᠥ ᠶᠢᠨ ᠪᠣᠳᠣᠯᠭ᠎ᠠ ᠰᠤᠳᠤᠯᠬᠤ ᠭᠠᠵᠠᠷ ᠤᠨ ᠳᠡᠳ᠋ ᠳᠠᠷᠤᠭ᠎ᠠ ᠯᠢ ᠽᠦᠸᠧ | ᠵᠢᠶᠦ᠋ᠨ ᠰᠤᠷᠤᠯᠴᠠᠯᠭ᠎ᠠ ᠶᠢᠨ ᠭᠤᠣᠯ ᠰᠡᠳᠦᠪ ᠤᠨ ᠲᠣᠭᠤᠷᠢᠨ ᠳᠤ ᠲᠤᠰᠬᠠᠢ ᠰᠡᠳᠦᠪᠲᠦ ᠲᠠᠶᠢᠯᠤᠮᠵᠢ ᠬᠢᠵᠦ᠂ | ᠪᠣᠬᠢᠷᠲᠤᠯ ᠦᠭᠡᠢ ᠬᠥᠭᠵᠢᠯᠲᠡ ᠶᠢ ᠬᠡᠷᠬᠢᠨ ᠵᠥᠪ ᠣᠶᠢᠯᠠᠭᠠᠬᠤ ᠵᠢᠴᠢ ᠪᠣᠬᠢᠷᠲᠤᠯ ᠦᠭᠡᠢ ᠬᠥᠭᠵᠢᠯᠲᠡ ᠶᠢᠨ | ᠰᠶᠢᠳᠪᠦᠷᠢᠯᠡᠬᠦ ᠴᠢᠬᠤᠯᠠᠲᠠᠢ ᠠᠰᠠᠭᠤᠳᠠᠯ᠂ ᠥᠷᠢᠰᠥᠯᠳᠦᠭᠡᠨ ᠢ ᠠᠷᠭᠠᠴᠠᠭᠠᠬᠤ ᠪᠠ ᠪᠡᠶᠡᠯᠡᠭᠦᠯᠬᠦ ᠠᠷᠭ᠎ᠠ ᠵᠠᠮ ᠵᠡᠷᠭᠡ | ᠴᠢᠬᠤᠯᠠ ᠣᠨᠣᠯ ᠤᠨ ᠪᠠ ᠦᠢᠯᠡᠳᠦᠯᠭᠡ ᠶᠢᠨ ᠠᠰᠠᠭᠤᠳᠠᠯ ᠤᠨ ᠲᠤᠬᠠᠢ ᠭᠦᠨᠵᠡᠭᠡᠢ ᠲᠠᠶᠢᠯᠤᠮᠵᠢ ᠬᠢᠪᠡ᠃ | ᠪᠦ᠋ ᠰᠢᠶᠣᠤ ᠯᠢᠨ ᠰᠤᠷᠤᠯᠴᠠᠯᠭ᠎ᠠ ᠶᠢ ᠡᠷᠬᠢᠯᠡᠬᠦ ᠳᠤ ᠪᠠᠨ ᠴᠢᠬᠤᠯᠠᠴᠢᠯᠠᠭᠰᠠᠨ ᠨᠢ᠂ ᠰᠤᠷᠤᠯᠴᠠᠯᠭ᠎ᠠ ᠪᠠ | ᠶᠠᠷᠢᠯᠴᠠᠭ᠎ᠠ ᠶᠢ ᠤᠯᠠᠮ ᠴᠢᠨᠠᠭᠰᠢᠳᠠ ᠭᠦᠨᠵᠡᠭᠡᠶᠢᠷᠡᠭᠦᠯᠵᠦ᠂ ᠶᠡᠷᠦᠩᠬᠡᠢ ᠱᠦᠵᠢ ᠶᠢᠨ ᠴᠢᠬᠤᠯᠠ ᠶᠠᠷᠢᠶᠠᠨ ᠤ ᠵᠣᠷᠢᠭ | ᠰᠠᠨᠠᠭ᠎ᠠ ᠶᠢ ᠪᠦᠬᠦ ᠲᠠᠯ᠎ᠠ ᠪᠠᠷ ᠣᠨᠣᠪᠴᠢᠲᠠᠢ ᠣᠶᠢᠯᠠᠭᠠᠨ ᠡᠵᠡᠮᠰᠢᠵᠦ᠂ ᠤᠬᠠᠮᠰᠠᠷ ᠠᠴᠠ ᠪᠠᠨ ᠬᠠᠷᠭᠤᠭᠤᠯᠤᠨ | ᠪᠠᠷᠢᠮᠵᠢᠶᠠᠯᠠᠵᠥ᠂ ᠠᠷᠭ᠎ᠠ ᠵᠠᠮ ᠳᠤ ᠲᠦᠰᠢᠭᠯᠡᠬᠦ᠂ ᠬᠡᠪᠰᠢᠮᠡᠯ ᠰᠡᠳᠬᠢᠬᠦᠢ ᠠᠴᠠ ᠠᠩᠭᠢᠵᠢᠷᠠᠵᠤ᠂ ᠦᠵᠡᠯ ᠰᠠᠨᠠᠭ᠎ᠠ ᠪᠠᠨ | ᠶᠡᠷᠦᠩᠬᠡᠢ ᠱᠦᠵᠢ ᠪᠠ ᠲᠥᠪ ᠬᠤᠷᠢᠶᠠᠨ ᠤ ᠱᠠᠭᠠᠷᠳᠠᠯᠭ᠎ᠠ ᠳᠡᠭᠡᠷ᠎ᠡ ᠦᠨᠡᠨ ᠬᠦ ᠨᠢᠭᠡᠳᠬᠡᠬᠦ ᠬᠡᠷᠡᠭᠲᠡᠢ᠃ ᠮᠠᠨ ᠤ | ᠣᠷᠣᠨ ᠤ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠢᠨ ᠲᠤᠬᠠᠢ ᠲᠠᠨᠢᠯᠲᠠ ᠪᠠᠨ ᠤᠯᠠᠮ ᠨᠢᠭᠡ ᠠᠯᠬᠤᠮ | ᠭᠦᠨᠵᠡᠭᠡᠶᠢᠷᠡᠭᠦᠯᠵᠦ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠬᠤ ᠪᠠᠶᠢᠯᠳᠤᠬᠤ ᠪᠣᠳᠣᠯᠭ᠎ᠠ | ᠶᠢᠨ ᠲᠣᠭᠲᠠᠯ ᠬᠦᠴᠦᠨ ᠢ ᠪᠠᠲᠤᠯᠠᠵᠤ᠂ ᠠᠮᠢ ᠠᠬᠤᠢ ᠣᠷᠴᠢᠨ ᠲᠣᠭᠤᠷᠢᠨ ᠢ ᠬᠠᠮᠠᠭᠠᠯᠠᠬᠤ ᠪᠠ ᠠᠵᠤ ᠠᠬᠤᠢ ᠶᠢ | ᠬᠥᠭᠵᠢᠭᠦᠯᠬᠦ ᠶᠢᠨ ᠬᠠᠷᠢᠴᠠᠭ᠎ᠠ ᠶᠢ ᠵᠥᠪ ᠰᠶᠢᠳᠪᠦᠷᠢᠯᠡᠬᠦ ᠬᠡᠷᠡᠭᠲᠡᠢ᠃ ᠰᠢᠨ᠎ᠡ ᠬᠥᠭᠵᠢᠯᠲᠡ ᠶᠢᠨ ᠣᠨᠤᠯᠵᠢᠬᠤᠨ | ᠶᠣᠰᠣᠭᠠᠷ᠂ ᠣᠷᠣᠨ ᠤ ᠪᠠᠶᠢᠳᠠᠯ ᠤᠨ ᠲᠤᠬᠠᠢ ᠲᠠᠨᠢᠯᠲᠠ ᠪᠠᠨ ᠲᠠᠰᠤᠷᠠᠯᠲᠠ ᠦᠭᠡᠢ ᠭᠦᠨᠵᠡᠭᠡᠶᠢᠷᠡᠭᠦᠯᠵᠦ᠂ | ᠦᠢᠯᠡᠳᠦᠯᠭᠡ ᠶᠢᠨ ᠰᠦᠪᠡᠭᠴᠢᠯᠡᠯᠲᠡ ᠪᠠᠨ ᠴᠢᠩᠭᠠᠳᠬᠠᠵᠤ᠂ ᠣᠳᠣ ᠶᠢᠨ ᠬᠡᠷᠡᠭᠵᠢᠬᠦᠯᠵᠤ ᠪᠠᠶᠢᠭ᠎ᠠ ᠬᠥᠭᠵᠢᠯᠲᠡ ᠶᠢᠨ | ᠰᠡᠳᠬᠢᠴᠡ᠂ ᠬᠥᠭᠵᠢᠯᠲᠡ ᠶᠢᠨ ᠲᠥᠯᠥᠪᠵᠢᠭᠦᠯᠭᠡ ᠪᠣᠯᠤᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠪᠦᠬᠦ | ᠲᠠᠯ᠎ᠠ ᠪᠠᠷ ᠡᠮᠬᠢᠯᠡᠨ ᠲᠢᠭᠯᠡᠵᠦ᠂ ᠲᠠᠬᠢᠨᠳᠠ ᠬᠢᠨᠠᠨ ᠰᠢᠨᠵᠢᠵᠤ᠂ ᠭᠦᠨᠵᠡᠭᠡᠢ ᠨᠤᠲᠠᠯᠠᠯᠲᠠ ᠬᠢᠵᠦ᠂ ᠴᠠᠭ ᠲᠤᠬᠠᠢ ᠳᠤ | ᠨᠢ ᠲᠤᠬᠢᠷᠠᠭᠤᠯᠤᠯᠳᠠ ᠬᠢᠵᠥ ᠲᠡᠭᠦᠯᠳᠡᠷᠵᠢᠭᠦᠯᠬᠦ ᠬᠡᠷᠡᠭᠲᠡᠢ᠃ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ | ᠭᠦᠢᠴᠡᠳᠬᠡᠯ ᠲᠤᠭ᠎ᠠ ᠶᠢᠨ ᠰᠢᠰᠲ᠋ᠧᠮᠵᠢ᠂ ᠲᠥᠷᠥ ᠶᠢᠨ ᠪᠣᠳᠣᠯᠭ᠎ᠠ ᠶᠢᠨ ᠰᠢᠰᠲ᠋ᠧᠮᠵᠢ᠂ ᠪᠠᠷᠢᠮᠵᠢᠶ᠎ᠠ ᠶᠢᠨ ᠰᠢᠰᠲ᠋ᠧᠮᠵᠢ᠂ | ᠲᠤᠭ᠎ᠠ ᠪᠦᠷᠢᠳᠬᠡᠯ ᠤᠨ ᠰᠢᠰᠲ᠋ᠧᠮᠵᠢ᠂ ᠠᠮᠵᠢᠯᠲᠠ ᠪᠦᠲᠦᠮᠵᠢ ᠶᠢ ᠦᠨᠡᠯᠡᠬᠦ ᠪᠠ ᠵᠠᠰᠠᠭ ᠤᠨ ᠠᠵᠢᠯ ᠤᠨ ᠠᠮᠵᠢᠯᠲᠠ | ᠶᠢ ᠰᠢᠯᠭᠠᠨ ᠬᠢᠨᠠᠬᠤ ᠶᠢ ᠲᠦᠷᠭᠡᠪᠴᠢᠯᠡᠨ ᠪᠦᠷᠢᠯᠳᠦᠭᠦᠯᠵᠦ᠂ ᠰᠢᠨᠵᠢᠯᠡᠬᠦ ᠤᠬᠠᠭᠠᠨᠴᠢ ᠪᠠᠷ ᠦᠨᠡᠯᠡᠵᠦ ᠰᠢᠯᠭᠠᠨ | ᠬᠢᠨᠠᠬᠤ ᠪᠠᠷ ᠦᠵᠡᠯ ᠰᠠᠨᠠᠭ᠎ᠠ ᠣᠨᠤᠯᠵᠢᠬᠤᠨ ᠪᠠ ᠬᠥᠭᠵᠢᠯᠲᠡ ᠶᠢᠨ ᠠᠷᠭ᠎ᠠ ᠬᠡᠯᠪᠡᠷᠢ ᠶᠢᠨ ᠬᠤᠪᠢᠷᠠᠯᠲᠠ ᠶᠢ | ᠠᠬᠢᠭᠤᠯᠵᠤ᠂ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠳᠤ ᠨᠡᠶᠢᠴᠡᠭᠰᠡᠨ᠂ ᠥᠪᠥᠷ ᠮᠣᠩᠭᠤᠯ ᠤᠨ | ᠣᠨᠴᠠᠯᠢᠭ ᠢ ᠢᠯᠡᠷᠡᠭᠦᠯᠦᠭᠰᠡᠨ᠂ ᠠᠮᠢ ᠠᠬᠤᠢ ᠶᠢ ᠤᠷᠢᠳ ᠢᠶᠠᠷ ᠪᠤᠳᠤᠯᠬᠢᠯᠠᠬᠤ᠂ ᠪᠣᠬᠢᠷᠲᠤᠯ ᠦᠭᠡᠢ | ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢ ᠲᠦᠷᠭᠡᠪᠴᠢᠯᠡᠨ | ᠬᠠᠶᠢᠨ ᠰᠦᠪᠡᠭᠴᠢᠯᠡᠬᠦ ᠬᠡᠷᠡᠭᠲᠡᠢ ᠬᠡᠪᠠ᠃ | ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ | ᠪᠦᠷᠢᠯᠳᠦᠬᠦᠨ᠂ ᠨᠠᠮ ᠤᠨ ᠭᠡᠰᠢᠭᠦᠨ ᠪᠤᠰᠤ ᠳᠡᠳ᠋ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ | ᠣᠷᠳᠣᠨ ᠤ ᠪᠦᠷᠢᠯᠳᠦᠬᠦᠨ ᠰᠠᠯᠠᠭ᠎ᠠ ᠮᠥᠴᠢᠷ᠂ ᠣᠨᠴᠠᠭᠠᠢ ᠪᠠᠶᠢᠭᠤᠯᠤᠭᠰᠠᠠ ᠪᠠᠶᠢᠭᠤᠯᠤᠮᠵᠢ᠂ ᠰᠢᠭᠤᠳ ᠬᠠᠷᠢᠶ᠎ᠠ | ᠪᠠᠶᠢᠭᠤᠯᠤᠮᠵᠢ᠂ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠬᠠᠮᠢᠶᠠᠷᠤᠯᠲᠠ ᠶᠢᠨ ᠪᠠᠶᠢᠭᠤᠯᠤᠮᠵᠢ ᠵᠢᠴᠢ ᠣᠷᠣᠨ | ᠤ ᠰᠢᠭᠤᠳ ᠬᠠᠷᠢᠶ᠎ᠠ ᠬᠡᠰᠡᠭ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠬᠠᠷᠢᠭᠤᠴᠠᠯᠭᠠᠲᠠᠨ ᠨᠥᠬᠦᠳ | ᠰᠤᠷᠤᠯᠴᠠᠯᠭ᠎ᠠ ᠳᠤ ᠣᠷᠣᠯᠴᠠᠪᠠ᠃ |