ᠵᠠᠰᠠᠮᠠᠯ ᠵᠠᠮ ᠤᠨ ᠵᠠᠮ ᠬᠠᠷᠢᠯᠴᠠᠭᠠᠨ ᠤ ᠰᠠᠭᠤᠷᠢ ᠪᠡᠯᠡᠳᠭᠡᠮᠵᠢ ᠶᠢᠨ ᠪᠦᠲᠦᠭᠡᠨ ᠪᠠᠶᠢᠭᠤᠯᠤᠯᠲᠠ ᠶᠢ ᠤᠯᠠᠮ ᠨᠢᠭᠡ ᠠᠯᠬᠤᠮ ᠰᠠᠶᠢᠲᠤᠷ ᠬᠢᠬᠦ ᠬᠤᠯᠪᠤᠭᠳᠠᠯ ᠪᠦᠬᠦᠢ ᠵᠦᠢᠯᠡᠰ ᠤᠨ ᠲᠤᠬᠠᠢ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠤᠨ ᠮᠡᠳᠡᠭᠳᠡᠯ
ᠨᠡᠶᠢᠲᠡᠯᠡᠭᠰᠡᠨ ᠴᠠᠭ᠄
2019/5/31

                    ᠥᠪᠥᠷ ᠵᠠᠰᠠᠭ ᠠᠯᠪᠠᠨ ᠥᠰᠥᠭ ﹇2019﹈ 8 ᠳ᠋ᠤᠭᠠᠷ ᠲᠤᠭᠠᠳᠤ


ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠤᠷᠳᠤᠨ᠂ ᠡᠯ᠎ᠡ ᠬᠤᠰᠢᠭᠤ ᠰᠢᠶᠠᠨ ᠤ ᠠᠷᠠᠳ ᠤᠨ ᠵᠠᠰᠠᠭ ᠤᠨ ᠤᠷᠳᠤᠨ᠂ ᠦᠪᠡᠷᠳᠡᠭᠡᠨ ᠵᠠᠰᠠᠬᠤ ᠤᠷᠤᠨ ᠤ ᠡᠯ᠎ᠡ ᠬᠤᠯᠪᠤᠭᠳᠠᠯ ᠪᠦᠬᠦᠢ ᠵᠦᠪᠯᠡᠯ᠂ ᠠᠯᠪᠠᠨ ᠭᠡᠷ᠂ ᠲᠢᠩᠬᠢᠮ᠂ ᠲᠤᠪᠴᠢᠶ᠎ᠠ ᠳᠤ᠄
     ︽ᠤᠳᠤ ᠦᠶ᠎ᠡ ᠶᠢᠨ ᠶᠡᠷᠦᠩᠬᠡᠶᠢᠯᠡᠭᠰᠡᠨ ᠵᠠᠮ ᠬᠠᠷᠢᠯᠴᠠᠭᠠᠨ ᠤ ᠰᠠᠭᠤᠷᠢ ᠪᠡᠯᠡᠳᠭᠡᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠭᠡᠬᠦ ᠲᠤᠬᠠᠢ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠰᠠᠨᠠᠯ︾ ︵ᠦᠪᠦᠷ ᠵᠠᠰᠠᠭ ᠲᠠᠷᠬᠠᠭᠠᠭᠰᠠᠨ ﹇2017﹈ 82 ᠳ᠋ᠤᠭᠠᠷ ᠲᠤᠭᠠᠲᠤ︶ ᠢ ᠳᠠᠷᠤᠮᠠᠯᠯᠠᠨ ᠲᠠᠷᠬᠠᠭᠠᠭᠰᠠᠨ ᠤ ᠳᠠᠷᠠᠭ᠎ᠠ᠂ ᠡᠯ᠎ᠡ ᠭᠠᠵᠠᠷ ᠤᠷᠤᠨ᠂ ᠡᠯ᠎ᠡ ᠬᠤᠯᠪᠤᠭᠳᠠᠯ ᠪᠦᠬᠦᠢ ᠰᠠᠯᠠᠭ᠎ᠠ ᠮᠦᠴᠢᠷ ᠤᠳ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠴᠢᠩᠭ᠎ᠠ ᠵᠢᠷᠤᠮᠯᠠᠨ᠂ ᠠᠵᠢᠯ ᠢᠶᠠᠨ ᠢᠳᠡᠪᠬᠢᠲᠡᠢ ᠦᠷᠨᠢᠭᠦᠯᠦᠭᠰᠡᠨ ᠠᠴᠠ ᠪᠦᠬᠦ ᠤᠷᠤᠨ ᠤ ᠵᠠᠰᠠᠮᠠᠯ ᠵᠠᠮ ᠤᠨ ᠵᠠᠮ ᠬᠠᠷᠢᠯᠴᠠᠭᠠᠨ ᠤ ᠰᠠᠭᠤᠷᠢ ᠪᠡᠯᠡᠳᠭᠡᠮᠵᠢ ᠶᠢᠨ ᠪᠦᠲᠦᠭᠡᠨ ᠪᠠᠶᠢᠭᠤᠯᠤᠯᠲᠠ ᠢᠯᠡᠳᠲᠡ ᠠᠮᠵᠢᠯᠲᠠ ᠣᠯᠪᠠ᠃ ᠭᠡᠪᠡᠴᠦ ᠤᠳᠤᠬᠠᠨ ᠤ ᠪᠠᠶᠢᠳᠠᠯ ᠠᠴᠠ ᠦᠵᠡᠪᠡᠯ᠂ ᠬᠡᠰᠡᠭ ᠭᠠᠵᠠᠷ ᠤᠷᠤᠨ ᠳᠤ ᠮᠥᠨ ᠬᠦ ᠳᠡᠭᠡᠳᠦ ᠬᠤᠷᠳᠤ ᠶᠢᠨ ᠵᠢᠴᠢ ᠤᠯᠤᠰ ᠮᠤᠵᠢ ᠶᠢᠨ ᠭᠤᠣᠯ ᠵᠠᠮ ᠱᠤᠭᠤᠮ ᠵᠡᠷᠭᠡ ᠭᠤᠣᠯᠳᠠᠯᠭ᠎ᠠ ᠲᠠᠢ ᠵᠠᠰᠠᠮᠠᠯ ᠵᠠᠮ ᠤᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠬᠢᠨᠠᠨ ᠵᠦᠪᠰᠢᠶᠡᠷᠡᠬᠦ ᠨᠢ ᠬᠤᠵᠢᠮᠳᠠᠭᠤ᠂ ᠭᠠᠵᠠᠷ ᠰᠢᠷᠦᠢ ᠲᠠᠳᠠᠪᠤᠷᠢᠯᠠᠨ ᠭᠡᠷ ᠪᠠᠶᠢᠰᠢᠩ ᠨᠤᠷᠠᠭᠠᠨ ᠨᠡᠭᠦᠯᠬᠡᠭᠰᠡᠨ ᠠᠴᠠ ᠪᠤᠯᠤᠨᠨᠰᠠᠨ ᠨᠡᠶᠢᠭᠡᠮ ᠤᠨ ᠵᠦᠷᠢᠴᠡᠯ ᠢ ᠨᠠᠮᠳᠠᠭᠠᠬᠤ ᠨᠢ ᠠᠯᠭᠤᠷ ᠤᠳᠠᠭᠠᠨ ᠪᠠᠶᠢᠬᠤ ᠵᠡᠷᠭᠡ ᠠᠰᠠᠭᠤᠳᠠᠯ ᠤᠳ ᠤᠷᠤᠰᠢᠭᠰᠠᠭᠠᠷ ᠪᠠᠶᠢᠬᠤ ᠪᠣᠯᠬᠤᠷ ᠵᠠᠰᠠᠮᠠᠯ ᠵᠠᠮ ᠤᠨ ᠵᠠᠮ ᠬᠠᠷᠢᠯᠴᠠᠭᠠᠨ ᠤ ᠰᠠᠭᠤᠷᠢ ᠪᠡᠯᠡᠳᠭᠡᠮᠵᠢ ᠶᠢᠨ ᠪᠦᠲᠦᠭᠡᠨ ᠪᠠᠶᠢᠭᠤᠯᠤᠯᠲᠠ ᠶᠢ ᠭᠦᠨᠵᠡᠭᠡᠢ ᠠᠬᠢᠭᠤᠯᠬᠤ ᠶᠢᠨ ᠲᠤᠰᠠᠲᠠ᠂ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠢᠶᠠᠷ ᠵᠦᠪᠰᠢᠶᠡᠷᠡᠭᠦᠯᠦᠭᠡᠳ᠂ ᠡᠳᠦᠭᠡ ᠬᠤᠯᠪᠤᠭᠳᠠᠯ ᠪᠦᠬᠦᠢ ᠵᠦᠢᠯᠡᠰ ᠢ ᠳᠤᠤᠷᠠᠬᠢ ᠮᠡᠳᠦ ᠮᠡᠳᠡᠭᠳᠡᠪᠡ᠃
    ᠨᠢᠭᠡ᠂ ᠲᠠᠨᠢᠯᠲᠠ ᠪᠠᠨ ᠳᠡᠭᠡᠭᠰᠢᠯᠡᠭᠦᠯᠵᠦ᠂ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠬᠤ ᠬᠡᠷᠡᠭᠲᠡᠢ
     ᠡᠯ᠎ᠡ ᠭᠠᠵᠠᠷ ᠤᠷᠤᠨ᠂ ᠡᠯ᠎ᠡ ᠬᠤᠯᠪᠤᠨᠨᠳᠠᠯ ᠪᠦᠭᠦᠢ ᠰᠠᠯᠠᠭ᠎ᠠ ᠮᠦᠴᠢᠷ ᠨᠢ ᠦᠪᠡᠷᠳᠡᠭᠡᠨ ᠵᠠᠰᠠᠬᠤ ᠤᠷᠤᠨ ᠤ ᠠᠵᠤ ᠠᠬᠤᠢ ᠨᠡᠶᠢᠭᠡᠮ ᠤᠨ ᠬᠦᠭᠵᠢᠯᠲᠡ ᠳᠠᠬᠢ ᠵᠠᠰᠠᠮᠠᠯ ᠵᠠᠮ ᠤᠨ ᠵᠠᠮ ᠬᠠᠷᠢᠯᠴᠠᠭᠠᠨ ᠤ ᠰᠠᠭᠤᠷᠢ ᠪᠡᠯᠡᠳᠭᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠴᠢᠬᠤᠯᠠ ᠴᠢᠨᠠᠷ ᠢ ᠭᠦᠢᠴᠡᠳ ᠲᠠᠨᠢᠵᠤ᠂ ᠤᠯᠤᠰ ᠲᠦᠷᠦ ᠶᠢᠨ ᠵᠤᠨᠨᠰᠤᠴᠠ ᠪᠠᠨ ᠦᠨᠡᠨ ᠬᠦ ᠲᠡᠬᠡᠭᠰᠢᠯᠡᠬᠦᠯᠦᠨ᠂ ︽ᠳᠦᠷᠪᠡᠨ ᠦᠵᠡᠯ ᠤᠬᠠᠮᠰᠠᠷ︾ ᠢᠶᠠᠨ ᠴᠢᠩᠭᠠᠳᠬᠠᠵᠤ᠂ ᠵᠠᠰᠠᠮᠠᠯ ᠵᠠᠮ ᠤᠨ ᠵᠠᠮ ᠬᠠᠷᠢᠯᠴᠠᠭᠠᠨ ᠤ ᠰᠠᠭᠤᠷᠢ ᠪᠡᠯᠡᠳᠭᠡᠮᠵᠢ ᠶᠢᠨ ᠪᠦᠲᠦᠭᠡᠨ ᠪᠠᠶᠢᠭᠤᠯᠤᠯᠲᠠ ᠶᠢ ᠲᠡᠮᠵᠢᠵᠦ ᠠᠬᠢᠭᠤᠯᠬᠤ ᠶᠢ ᠴᠢᠬᠤᠯᠠ ᠠᠵᠢᠯ ᠪᠣᠯᠭᠠᠨ ᠠᠳᠬᠤᠵᠤ᠂ ᠬᠠᠷᠢᠭᠤᠴᠠᠯᠭ᠎ᠠ ᠪᠠᠨ ᠤᠯᠠᠮ ᠨᠢᠭᠡ ᠠᠯᠬᠤᠮ ᠲᠣᠳᠣᠷᠬᠠᠶᠢᠯᠠᠨ᠂ ᠪᠦᠳᠦᠮᠵᠢᠲᠠᠢ ᠠᠷᠭ᠎ᠠ ᠬᠡᠮᠵᠢᠶ᠎ᠡ ᠬᠡᠷᠡᠭᠯᠡᠵᠦ ᠪᠠᠶᠢᠭᠠᠳ ᠵᠠᠰᠠᠮᠠᠯ ᠵᠠᠮ ᠤᠨ ᠵᠠᠮ ᠬᠠᠷᠢᠯᠴᠠᠭᠠᠨ ᠤ ᠰᠠᠭᠤᠷᠢ ᠪᠡᠯᠡᠳᠭᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠤᠨ ᠰᠠᠭᠤᠷᠢ ᠶᠢ ᠳᠠᠰᠤᠷᠠᠯᠲᠠ ᠦᠭᠡᠢ ᠪᠠᠲᠤᠵᠢᠭᠤᠯᠵᠤ᠂ ᠳᠡᠭᠡᠳᠦ ᠬᠤᠷᠳᠤ ᠶᠢᠨ ᠵᠢᠴᠢ ᠤᠯᠤᠰ ᠮᠤᠵᠢ ᠶᠢᠨ ᠭᠤᠣᠯ ᠵᠠᠮ ᠱᠤᠭᠤᠮ ᠵᠡᠷᠭᠡ ᠭᠤᠣᠯᠳᠠᠯᠭ᠎ᠠ ᠲᠠᠢ ᠵᠠᠰᠠᠮᠠᠯ ᠵᠠᠮ ᠤᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠬᠠᠤᠯᠢ ᠲᠤᠨᠨᠳᠠᠭᠠᠯ ᠶᠤᠰᠤᠭᠠᠷ ᠠᠬᠢᠭᠤᠯᠬᠤ ᠬᠡᠷᠡᠭᠲᠡᠢ᠃
     ᠬᠤᠶᠠᠷ᠂ ᠤᠯᠠᠨ ᠠᠷᠭ᠎ᠠ ᠬᠡᠮᠵᠢᠶ᠎ᠡ ᠶᠢ ᠵᠡᠷᠬᠡ ᠪᠠᠷ ᠬᠡᠷᠡᠭᠯᠡᠵᠦ᠂ ᠬᠠᠮᠳᠤ ᠪᠠᠷ ᠠᠬᠢᠭᠤᠯᠬᠤ ᠬᠡᠷᠡᠭᠲᠡᠢ
     ︵ᠨᠢᠭᠡ︶ ᠤᠷᠤᠨ ᠨᠤᠲᠤᠭ ᠤᠨ ᠵᠠᠰᠠᠭ ᠤᠨ ᠤᠷᠳᠤᠨ ᠤ ᠭᠤᠣᠯ ᠴᠤᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠢ᠃ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠤᠷᠳᠤᠨ᠂ ᠬᠤᠰᠢᠭᠤ ᠰᠢᠶᠠᠨ ︵ᠬᠤᠲᠠ᠂ ᠲᠤᠭᠤᠷᠢᠭ︶ ᠤ ᠠᠷᠠᠳ ᠤᠨ ᠵᠠᠰᠠᠭ ᠤᠨ ᠤᠷᠳᠤᠨ ᠨᠢ ᠲᠤᠰ ᠭᠠᠵᠠᠷ ᠤᠷᠤᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠤᠨ ᠭᠠᠵᠠᠷ ᠰᠢᠷᠦᠢ ᠲᠠᠳᠠᠪᠤᠷᠢᠯᠠᠬᠤ᠂ ᠭᠡᠷ ᠪᠠᠶᠢᠰᠢᠩ ᠨᠤᠷᠠᠭᠠᠨ ᠨᠡᠭᠦᠯᠭᠡᠬᠦ ᠪᠠ ᠲᠦᠪᠬᠢᠨᠡᠬᠦᠯᠬᠦ ᠠᠵᠢᠯ ᠢ ᠬᠠᠷᠢᠭᠤᠴᠠᠵᠤ᠂ ᠵᠠᠰᠠᠮᠠᠯ ᠵᠠᠮ ᠤᠨ ᠪᠦᠳᠦᠬᠡᠨ ᠪᠠᠶᠢᠭᠤᠯᠤᠯᠳᠠ ᠶᠢᠨ ᠲᠦᠷᠦᠯ ᠵᠦᠢᠯ ᠤᠨ ᠭᠠᠵᠠᠷ ᠰᠢᠷᠤᠢ ᠲᠠᠳᠠᠪᠤᠷᠢᠯᠠᠨ ᠬᠡᠷ ᠪᠠᠶᠢᠰᠢᠩ ᠨᠤᠷᠠᠭᠠᠨ ᠨᠡᠬᠦᠯᠬᠡᠬᠦ ᠠᠵᠢᠯ ᠢ ᠬᠠᠷᠢᠭᠤᠴᠠᠬᠤ ᠭᠤᠣᠯ ᠴᠤᠭᠴᠠ ᠪᠠ ᠬᠡᠷᠡᠭᠵᠢᠭᠦᠯᠬᠦ ᠭᠤᠣᠯ ᠴᠤᠭᠴᠠ ᠪᠣᠯᠤᠭᠰᠠᠨ ᠤ ᠬᠤᠪᠢ ᠳᠤ᠂ ᠲᠤᠰ ᠭᠠᠵᠠᠷ ᠤᠷᠤᠨ ᠤ ᠭᠠᠵᠠᠷ ᠰᠢᠷᠦᠢ ᠲᠠᠳᠠᠪᠤᠷᠢᠯᠠᠨ ᠭᠡᠷ ᠪᠠᠶᠢᠰᠢᠩ ᠨᠤᠷᠠᠭᠠᠨ ᠨᠡᠭᠦᠯᠭᠡᠬᠦ ᠠᠵᠢᠯ ᠳᠤ ᠶᠡᠷᠦᠩᠬᠡᠢ ᠬᠠᠷᠢᠭᠤᠴᠠᠯᠭ᠎ᠠ ᠡᠭᠦᠷᠬᠡᠯᠡᠨ᠎ᠠ᠃
     ︵ᠬᠤᠶᠠᠷ︶ ᠠᠵᠢᠯ ᠳᠠᠭᠠᠭᠠᠴᠢᠯᠠᠨ ᠬᠠᠷᠢᠭᠤᠴᠠᠬᠤ ᠵᠠᠭᠪᠤᠷ ᠢ ᠬᠡᠷᠡᠭᠵᠢᠭᠦᠯᠬᠦ ᠬᠡᠷᠡᠭᠲᠡᠢ᠃ ᠭᠠᠵᠠᠷ ᠰᠢᠷᠦᠢ ᠲᠠᠳᠠᠪᠤᠷᠢᠯᠠᠨ ᠭᠡᠷ ᠪᠠᠶᠢᠰᠢᠩ ᠨᠤᠷᠠᠭᠠᠨ ᠨᠡᠭᠦᠯᠭᠡᠬᠦ ᠠᠵᠢᠯ ᠢ ᠦᠨᠡᠨ ᠬᠦ ᠰᠠᠶᠢᠳᠤᠷ ᠬᠢᠵᠦ᠂ ᠤᠯᠠᠨ ᠲᠦᠮᠡᠨ ᠤ ᠬᠠᠤᠯᠢ ᠶᠤᠰᠤᠨ ᠤ ᠡᠷᠬᠡ ᠠᠰᠢᠭ ᠢ ᠬᠠᠮᠠᠭᠠᠯᠠᠵᠤ᠂ ᠳᠡᠭᠡᠳᠦ ᠬᠤᠷᠳᠤ ᠶᠢᠨ ᠵᠢᠴᠢ ᠤᠯᠤᠰ ᠮᠤᠵᠢ ᠶᠢᠨ ᠭᠤᠣᠯ ᠵᠠᠮ ᠱᠤᠭᠤᠮ ᠵᠡᠷᠭᠡ ᠭᠤᠣᠯᠳᠠᠯᠭ᠎ᠠ ᠲᠠᠢ ᠵᠠᠰᠠᠮᠠᠯ ᠵᠠᠮ ᠤᠨ ᠲᠦᠷᠦᠯ ᠵᠦᠢᠯ ᠤᠨ ᠪᠦᠳᠦᠬᠡᠨ ᠪᠠᠶᠢᠭᠤᠯᠤᠯᠳᠠ ᠶᠢᠨ ᠠᠬᠢᠴᠠ ᠶᠢ ᠨᠡᠩ ᠰᠠᠶᠢᠨ ᠠᠬᠢᠭᠤᠯᠬᠤ ᠶᠢᠨ ᠲᠤᠰᠠᠲᠠ᠂ ᠲᠦᠷᠦᠯ ᠵᠦᠢᠯ ᠤᠨ ᠭᠠᠵᠠᠷ ᠰᠢᠷᠦᠢ ᠲᠠᠳᠠᠪᠤᠷᠢᠯᠠᠨ ᠭᠡᠷ ᠪᠠᠶᠢᠰᠢᠩ ᠨᠤᠷᠠᠭᠠᠨ ᠨᠡᠭᠦᠯᠭᠡᠬᠦ ᠳᠤ ᠠᠵᠢᠯ ᠳᠠᠭᠠᠭᠠᠴᠢᠯᠠᠨ ᠬᠠᠷᠢᠭᠤᠴᠠᠬᠤ ᠵᠠᠭᠪᠤᠷ ᠢ ᠬᠡᠷᠡᠭᠯᠡᠵᠦ ᠵᠤᠬᠢᠶᠠᠨ ᠪᠠᠶᠢᠭᠤᠯᠵᠤ ᠦᠷᠨᠢᠭᠦᠯᠦᠨ᠎ᠡ᠃ ᠲᠦᠷᠦᠯ ᠵᠦᠢᠯ ᠤᠨ ᠬᠠᠤᠯᠢ ᠶᠢᠨ ᠡᠷᠬᠡᠲᠡᠨ ᠬᠢᠭᠡᠳ ᠲᠦᠷᠦᠯ ᠵᠦᠢᠯ ᠤᠨ ᠪᠠᠶᠢᠭ᠎ᠠ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠤᠷᠳᠤᠨ ᠪᠤᠶᠤ ᠬᠤᠰᠢᠭᠤ ᠰᠢᠶᠠᠨ ︵ᠬᠤᠲᠠ᠂ ᠲᠤᠭᠤᠷᠢᠭ︶ ᠤ ᠠᠷᠠᠳ ᠤᠨ ᠵᠠᠰᠠᠭ ᠤᠨ ᠤᠷᠳᠤᠨ ᠨᠢ ᠤᠯᠤᠰ ᠤᠨ ᠪᠠ ᠦᠪᠡᠷᠳᠡᠭᠡᠨ ᠵᠠᠰᠠᠬᠤ ᠤᠷᠤᠨ ᠤ ᠭᠠᠵᠠᠷ ᠰᠢᠷᠦᠢ ᠲᠠᠳᠠᠪᠤᠷᠢᠯᠠᠨ ᠭᠡᠷ ᠪᠠᠶᠢᠰᠢᠩ ᠨᠤᠷᠠᠭᠠᠨ ᠨᠡᠭᠦᠯᠭᠡᠬᠦ ᠨᠦᠬᠦᠪᠦᠷᠢ ᠶᠢᠨ ᠬᠠᠮᠢᠶ᠎ᠠ ᠪᠦᠬᠦᠢ ᠬᠠᠤᠯᠢ ᠴᠠᠭᠠᠵᠠ ᠶᠢᠨ ᠲᠤᠭᠳᠠᠭᠠᠯ ᠶᠤᠰᠤᠭᠠᠷ᠂ ᠭᠠᠵᠠᠷ ᠰᠢᠷᠦᠢ ᠲᠠᠳᠠᠪᠤᠷᠢᠯᠠᠨ ᠭᠡᠷ ᠪᠠᠶᠢᠰᠢᠩ ᠨᠤᠷᠠᠭᠠᠨ ᠨᠡᠭᠦᠯᠭᠡᠬᠦ ᠪᠡᠯᠡ ᠮᠦᠩᠬᠦ ᠶᠢᠨ ᠲᠠᠭᠠᠭᠠᠴᠢᠯᠠᠭᠤᠯᠬᠤ ᠠᠵᠢᠯ ᠬᠢᠭᠡᠳ ᠪᠤᠰᠤᠳ ᠨᠠᠷᠢᠨ ᠪᠤᠲᠠᠲᠠᠢ ᠵᠦᠢᠯᠡᠰ ᠢ ᠵᠦᠪᠳᠡᠯᠴᠡᠨ ᠲᠤᠭᠳᠠᠵᠣ᠂ ᠭᠠᠵᠠᠷ ᠰᠢᠷᠦᠢ ᠲᠠᠳᠠᠪᠤᠷᠢᠯᠠᠨ ᠭᠡᠷ ᠪᠠᠶᠢᠰᠢᠩ ᠨᠤᠷᠠᠭᠠᠨ ᠨᠡᠭᠦᠯᠭᠡᠬᠦ ᠵᠦᠪᠯᠡᠯᠴᠡᠭᠡᠷ ᠲᠤᠭᠳᠠᠬᠤ ᠶᠢᠨ ᠬᠠᠮᠳᠤ᠂ ᠭᠠᠵᠠᠷ ᠰᠢᠷᠦᠢ ᠲᠠᠳᠠᠪᠤᠷᠢᠯᠠᠨ ᠭᠡᠷ ᠪᠠᠶᠢᠰᠢᠩ ᠨᠤᠷᠠᠭᠠᠨ ᠨᠡᠭᠦᠯᠭᠡᠬᠦ ᠠᠵᠢᠯ ᠤᠨ ᠠᠭᠤᠯᠭ᠎ᠠ᠂ ᠠᠵᠢᠯᠯᠠᠭᠠᠨ ᠤ ᠲᠡᠰ ᠳᠠᠷᠠᠭᠠᠯᠠᠯ᠂ ᠭᠠᠵᠠᠷ ᠰᠢᠷᠦᠢ ᠲᠠᠳᠠᠪᠤᠷᠢᠯᠠᠨ ᠭᠡᠷ ᠪᠠᠶᠢᠰᠢᠩ ᠨᠤᠷᠠᠭᠠᠨ ᠨᠡᠭᠦᠯᠭᠡᠬᠦ ᠪᠠᠶᠢᠭᠤᠯᠤᠮᠵᠢ᠂ ᠪᠡᠶᠡᠯᠡᠭᠦᠯᠬᠦ ᠴᠠᠭ ᠬᠤᠭᠤᠴᠠᠭ᠎ᠠ᠂ ᠲᠦᠭᠰᠢᠭᠦᠷᠢ ᠶᠢ ᠡᠵᠡᠮᠳᠡᠬᠦ᠂ ᠱᠠᠩᠨᠠᠵᠤ ᠲᠤᠷᠭᠠᠬᠤ ᠵᠡᠷᠭᠡ ᠬᠠᠮᠢᠶ᠎ᠠ ᠪᠦᠬᠦᠢ ᠠᠭᠤᠯᠭ᠎ᠠ ᠶᠢ ᠵᠥᠪᠯᠡᠯᠴᠡᠭᠡᠷ ᠲᠤ ᠪᠠᠨ ᠳᠤᠳᠤᠷᠬᠠᠶᠢᠯᠠᠭᠰᠠᠨ ᠪᠠᠶᠢᠬᠤ ᠬᠡᠷᠡᠭᠲᠡᠢ᠃
     ︵ᠭᠤᠷᠪᠠ︶ ᠭᠠᠵᠠᠷ ᠰᠢᠷᠦᠢ ᠲᠠᠳᠠᠪᠤᠷᠢᠯᠠᠨ ᠭᠡᠷ ᠪᠠᠶᠢᠰᠢᠩ ᠨᠤᠷᠠᠭᠠᠨ ᠨᠡᠭᠦᠯᠭᠡᠬᠦ ᠬᠡᠪᠴᠢᠶ᠎ᠡ ᠪᠠ ᠲᠤᠭ᠎ᠠ ᠬᠡᠮᠵᠢᠶ᠎ᠡ ᠶᠢ ᠴᠢᠩᠭ᠎ᠠ ᠬᠢᠵᠠᠭᠠᠷᠯᠠᠬᠤ ᠬᠡᠷᠡᠭᠲᠡᠢ᠃ ᠲᠦᠷᠦᠯ ᠵᠦᠢᠯ ᠢ ᠵᠥᠪᠰᠢᠶᠡᠷᠡᠵᠦ ᠲᠤᠭᠳᠠᠭᠠᠭᠰᠠᠨ ᠤ ᠳᠠᠷᠠᠭ᠎ᠠ᠂ ᠵᠠᠮ ᠱᠣᠭᠤᠮ ᠳᠠᠭᠠᠤ ᠭᠠᠵᠠᠷ ᠤᠷᠤᠨ ᠤᠳ ᠨᠢ ᠲᠦᠷᠦᠯ ᠵᠦᠢᠯ ᠤᠨ ᠪᠠᠶᠢᠷᠢ ᠰᠤᠩᠭᠤᠬᠤ ᠬᠡᠪᠴᠢᠶᠡᠨ ᠳᠤ ᠭᠠᠵᠠᠷ ᠳᠡᠭᠡᠷᠡᠬᠢ ᠳᠠᠭᠠᠯᠲᠠ ᠪᠤᠳᠠᠰ ᠰᠢᠨ᠎ᠡ ᠪᠠᠷ ᠨᠡᠮᠡᠭᠳᠡᠬᠦ ᠶᠢ ᠴᠢᠩᠭ᠎ᠠ ᠬᠢᠵᠠᠭᠠᠷᠯᠠᠬᠤ ᠬᠡᠷᠡᠭᠲᠡᠢ᠃ ᠲᠦᠷᠦᠯ ᠵᠦᠢᠯ ᠢ ᠬᠠᠶᠢᠨ ᠪᠠᠶᠢᠴᠠᠭᠠᠵᠤ ᠵᠢᠷᠤᠵᠤ ᠲᠦᠯᠦᠪᠯᠡᠬᠦ ᠱᠠᠳᠤᠨ ᠳᠤ ᠭᠠᠵᠠᠷ ᠰᠢᠷᠦᠢ ᠲᠠᠳᠠᠪᠤᠷᠢᠯᠠᠨ ᠭᠡᠷ ᠪᠠᠶᠢᠰᠢᠩ ᠨᠤᠷᠠᠭᠠᠨ ᠨᠡᠭᠦᠯᠭᠡᠬᠦ ᠶᠢᠨ ᠠᠭᠤᠯᠭ᠎ᠠ᠂ ᠲᠤᠭ᠎ᠠ ᠬᠡᠮᠵᠢᠶ᠎ᠡ ᠶᠢ ᠪᠣᠯ ᠬᠠᠶᠢᠨ ᠪᠠᠶᠢᠴᠠᠭᠠᠵᠤ ᠵᠢᠷᠤᠵᠤ ᠲᠦᠯᠦᠪᠯᠡᠬᠦ ᠨᠢᠭᠡᠴᠢ᠂ ᠲᠦᠷᠦᠯ ᠵᠦᠢᠯ ᠤᠨ ᠬᠠᠤᠯᠢ ᠶᠢᠨ ᠡᠷᠬᠡᠲᠡᠨ ᠵᠢᠴᠢ ᠵᠠᠮ ᠱᠤᠭᠤᠮ ᠳᠠᠭᠠᠤ ᠭᠠᠵᠠᠷ ᠤᠷᠤᠨ ᠤ ᠠᠷᠠᠳ ᠤᠨ ᠵᠠᠰᠠᠭ ᠤᠨ ᠤᠷᠳᠤᠨ ᠭᠤᠷᠪᠠᠨ ᠲᠠᠯ᠎ᠠ ᠪᠠᠷ ᠢᠶᠠᠨ ᠬᠠᠮᠲᠤ ᠳᠤ ᠪᠠᠨ ᠪᠠᠶᠢᠴᠠᠭᠠᠵᠤ᠂ ᠬᠠᠷᠭᠤᠭᠤᠯᠵᠣ᠂ ᠨᠤᠲᠠᠯᠠᠬᠤ ᠬᠡᠷᠡᠭᠲᠡᠢ᠃ ᠵᠠᠮ ᠱᠤᠭᠤᠮ ᠳᠠᠭᠠᠤ ᠭᠠᠵᠠᠷ ᠤᠷᠤᠨ ᠤ ᠠᠷᠠᠳ ᠤᠨ ᠵᠠᠰᠠᠭ ᠤᠨ ᠤᠷᠳᠤᠨ ᠨᠢ ᠲᠦᠷᠦᠯ ᠵᠦᠢᠯ ᠤᠨ ᠬᠠᠤᠯᠢ ᠶᠢᠨ ᠡᠷᠬᠡᠲᠡᠨ ᠪᠣᠯᠣᠨ ᠬᠠᠶᠢᠨ ᠪᠠᠶᠢᠴᠠᠭᠠᠵᠤ ᠵᠢᠷᠤᠵᠤ ᠲᠦᠯᠦᠪᠯᠡᠬᠦ ᠨᠢᠭᠡᠴᠢ ᠲᠠᠢ ᠬᠠᠮᠳᠤ ᠪᠠᠷ ᠲᠤᠬᠠᠢ ᠶᠢᠨ ᠭᠠᠵᠠᠷ ᠲᠤ ᠨᠢ ᠬᠦᠷᠴᠦ ᠲᠤᠭ᠎ᠠ ᠪᠠᠷᠢᠮᠲᠠ ᠴᠤᠭᠯᠠᠭᠤᠯᠵᠤ᠂ ᠬᠡᠷᠡᠯ ᠵᠢᠷᠤᠭ ᠲᠠᠳᠠᠵᠦ ᠭᠡᠷᠡᠴᠢ ᠠᠪᠬᠤ᠂ ᠬᠠᠤᠯᠢ ᠠᠴᠠ ᠵᠦᠷᠢᠴᠡᠭᠰᠡᠨ ᠪᠠᠷᠢᠯᠭ᠎ᠠ ᠶᠢ ᠡᠵᠡᠮᠳᠡᠭᠰᠡᠨ ᠠᠯᠪᠠᠨ ᠵᠠᠷ ᠨᠡᠶᠢᠲᠡᠯᠡᠵᠣ᠂ ︽ᠵᠠᠪᠰᠢᠨ ᠲᠠᠯᠢᠮᠳᠠᠭᠤᠯᠵᠦ ᠪᠠᠶᠢᠭᠠᠳ ᠲᠠᠷᠢᠵᠦ ᠪᠠᠶᠢᠭᠤᠯᠬᠤ︾ ᠵᠡᠷᠭᠡ ᠠᠵᠢᠯᠯᠠᠭ᠎ᠠ ᠶᠢ ᠡᠷᠡᠰ ᠴᠠᠭᠠᠵᠠᠯᠠᠬᠤ ᠬᠡᠷᠡᠭᠲᠡᠢ᠃
     ︵ᠳᠥᠷᠪᠡ︶ ᠬᠢᠨᠠᠨ ᠵᠦᠪᠰᠢᠶᠡᠷᠡᠬᠦ ᠳᠡᠰ ᠳᠠᠷᠠᠭᠠᠯᠠᠯ ᠢ ᠵᠢᠷᠤᠮᠵᠢᠭᠤᠯᠬᠤ ᠬᠡᠷᠡᠭᠲᠡᠢ᠃ ᠳᠡᠭᠡᠳᠦ ᠬᠤᠷᠳᠤ ᠶᠢᠨ ᠵᠢᠴᠢ ᠤᠯᠤᠰ ᠮᠤᠵᠢ ᠶᠢᠨ ᠭᠤᠣᠯ ᠵᠠᠮ ᠱᠤᠭᠤᠮ ᠵᠡᠷᠭᠡ ᠭᠤᠣᠯᠳᠠᠯᠭ᠎ᠠ ᠲᠠᠢ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠳᠤ ᠤᠶᠢᠳᠤ ᠭᠠᠵᠠᠷ ᠪᠠ ᠨᠤᠲᠤᠭ ᠪᠡᠯᠴᠢᠭᠡᠷ ᠢ ᠲᠠᠲᠠᠪᠤᠷᠢᠯᠠᠨ ᠡᠵᠡᠯᠡᠵᠤ ᠬᠡᠷᠡᠭᠯᠡᠬᠦ ᠵᠢᠴᠢ ᠪᠦᠳᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠢᠨᠠᠨ ᠵᠦᠪᠰᠢᠶᠡᠷᠡᠬᠦ ᠭᠠᠷᠳᠠᠮ ᠢ ᠤᠷᠤᠨ ᠨᠤᠲᠤᠭ ᠤᠨ ᠠᠷᠠᠳ ᠤᠨ ᠵᠠᠰᠠᠭ ᠤᠨ ᠤᠷᠳᠤᠨ ᠠᠴᠠ ᠬᠠᠷᠢᠭᠤᠴᠠᠵᠤ ᠲᠦᠷᠦᠭᠦᠯᠡᠨ ᠭᠦᠢᠴᠡᠳᠭᠡᠬᠦ ᠬᠡᠷᠡᠭᠲᠡᠢ᠃ ᠵᠠᠮ ᠱᠣᠭᠤᠮ ᠳᠠᠭᠠᠤ ᠭᠠᠵᠠᠷ ᠤᠷᠤᠨ ᠤ ᠬᠢᠨ ᠲᠤᠰᠬᠠᠢ ᠬᠦᠮᠦᠨ ᠵᠢᠭᠠᠨ ᠲᠣᠭᠲᠠᠭᠠᠵᠤ ᠲᠤᠰ ᠠᠵᠢᠯ ᠢ ᠬᠠᠷᠢᠭᠤᠴᠠᠭᠤᠯᠵᠦ᠂ ᠬᠠᠮᠢᠶ᠎ᠠ ᠪᠦᠬᠦᠢ ᠰᠠᠯᠠᠭ᠎ᠠ ᠮᠦᠴᠢᠷ ᠢ ᠨᠢᠭᠡᠳᠦᠯᠲᠡᠢ ᠲᠦᠯᠦᠪᠯᠡᠵᠦ ᠵᠣᠬᠢᠴᠠᠭᠤᠯᠤᠨ᠂ ᠡᠯ᠎ᠡ ᠵᠦᠢᠯ ᠤᠨ ᠬᠢᠨᠠᠨ ᠵᠦᠪᠰᠢᠶᠡᠷᠡᠬᠦ ᠠᠵᠢᠯ ᠤᠨ ᠠᠬᠢᠴᠠ ᠶᠢ ᠲᠦᠷᠭᠡᠳᠭᠡᠵᠤ᠂ ᠲᠦᠷᠦᠯ ᠵᠦᠢᠯ ᠤᠨ ᠴᠠᠭ ᠲᠤᠬᠠᠢ ᠳᠤ ᠨᠢ ᠠᠵᠢᠯ ᠢᠶᠠᠨ ᠡᠬᠢᠯᠡᠭᠦᠯᠵᠦ ᠪᠦᠳᠦᠭᠡᠨ ᠪᠠᠶᠢᠭᠤᠯᠬᠤ ᠳᠤ ᠰᠠᠶᠢᠨ ᠰᠠᠶᠢᠬᠠᠨ ᠨᠦᠬᠦᠴᠡᠯ ᠢ ᠡᠭᠦᠳᠬᠦ ᠶᠢᠨ ᠬᠠᠮᠲᠤ᠂ ᠳᠡᠭᠡᠳᠦ ᠬᠤᠷᠳᠤ ᠶᠢᠨ ᠵᠢᠴᠢ ᠤᠯᠤᠰ ᠮᠤᠵᠢ ᠶᠢᠨ ᠭᠤᠣᠯ ᠵᠠᠮ ᠱᠤᠭᠤᠮ ᠵᠡᠷᠭᠡ ᠭᠤᠣᠯᠳᠠᠯᠭ᠎ᠠ ᠲᠠᠢ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠳᠤ ᠨᠤᠲᠤᠭ ᠪᠡᠯᠴᠢᠭᠡᠷ᠂ ᠤᠶᠢᠳᠤ ᠭᠠᠵᠠᠷ᠂ ᠭᠠᠵᠠᠷ ᠰᠢᠷᠤᠢ ᠶᠢ ᠡᠵᠡᠯᠡᠵᠤ ᠬᠡᠷᠡᠭᠯᠡᠭᠰᠡᠨ ᠵᠡᠷᠭᠡ ᠳᠡᠰ ᠳᠠᠷᠠᠭᠠᠯᠠᠯ ᠤᠨ ᠴᠢᠨᠠᠷᠲᠠᠢ ᠦᠯᠡᠳᠡᠭᠳᠡᠯ ᠠᠰᠠᠭᠤᠳᠠᠯ ᠤᠳ ᠢ ᠵᠤᠬᠢᠴᠠᠭᠤᠯᠵᠤ ᠰᠢᠢᠳᠪᠦᠷᠢᠯᠡᠬᠦ ᠶᠢ ᠴᠢᠩᠭ᠎ᠠ ᠠᠳᠬᠤᠬᠤ ᠬᠡᠷᠡᠭᠲᠡᠢ᠃ ᠲᠤᠩ ᠶᠠᠳᠠᠭᠤ ᠬᠦᠴᠢᠷᠳᠡᠯᠲᠡᠢ ᠭᠠᠵᠠᠷ ᠤᠷᠤᠨ ᠤ ᠬᠢᠨ ︽ᠲᠤᠩ ᠶᠠᠳᠠᠭᠤ ᠬᠦᠴᠢᠷᠳᠡᠯᠲᠡᠢ ᠭᠠᠵᠠᠷ ᠤᠷᠤᠨ ᠢ ᠶᠠᠳᠠᠭᠤ ᠠᠴᠠ ᠠᠩᠭᠢᠵᠢᠷᠠᠭᠤᠯᠬᠤ ᠰᠢᠪᠳᠤᠯᠤᠯᠳᠠ ᠶᠢ ᠲᠡᠮᠵᠢᠬᠦ ᠲᠤᠬᠠᠢ ᠤᠯᠤᠰ ᠤᠨ ᠭᠠᠵᠠᠷ ᠰᠢᠷᠤᠢ ᠡᠬᠢ ᠪᠠᠶᠠᠯᠢᠭ ᠤᠨ ᠶᠠᠮᠤᠨ ᠤ ᠰᠠᠨᠠᠯ︾ ︵ᠤᠯᠤᠰ ᠰᠢᠷᠣᠢ ᠡᠬᠢ ᠲᠣᠭᠲᠠᠭᠠᠯ ﹇2017﹈ 10 ᠳ᠋ᠤᠭᠠᠷ ᠲᠤᠭᠠᠲᠤ︶ ᠢ ᠦᠨᠳᠦᠰᠦᠯᠡᠵᠦ᠂ ᠵᠠᠰᠠᠮᠠᠯ ᠵᠠᠮ ᠤᠨ ᠪᠦᠳᠦᠬᠡᠨ ᠪᠠᠶᠢᠭᠤᠯᠤᠯᠳᠠ ᠶᠢᠨ ᠲᠦᠷᠦᠯ ᠵᠦᠢᠯ ᠳᠤ ᠬᠡᠷᠡᠭᠯᠡᠬᠦ ᠭᠠᠵᠠᠷ ᠢ ᠬᠢᠨᠠᠨ ᠵᠦᠪᠰᠢᠶᠡᠷᠡᠬᠦ ᠬᠠᠮᠢᠶ᠎ᠠ ᠪᠦᠬᠦᠢ ᠭᠠᠷᠳᠠᠮ ᠢ ᠭᠦᠢᠴᠡᠳᠭᠡᠵᠦ ᠪᠣᠯᠣᠨ᠎ᠠ᠃
     ︵ᠲᠠᠪᠤ︶ ᠠᠵᠢᠯ ᠬᠤᠪᠢᠶᠠᠷᠢᠯᠠᠨ ᠬᠠᠮᠵᠢᠯᠴᠠᠬᠤ ᠶᠢ ᠦᠨᠡᠨ ᠬᠦ ᠴᠢᠩᠭᠠᠳᠬᠠᠬᠤ ᠬᠡᠷᠡᠭᠲᠡᠢ᠃ ᠵᠠᠮ ᠬᠠᠷᠢᠯᠴᠠᠭ᠎ᠠ ᠲᠡᠭᠡᠭᠡᠪᠦᠷᠢ᠂ ᠤᠢ ᠰᠢᠭᠤᠢ ᠪᠠ ᠨᠤᠲᠤᠭ ᠪᠡᠯᠴᠢᠭᠡᠷ᠂ ᠮᠠᠯ ᠲᠠᠷᠢᠶᠠᠯᠠᠩ᠂ ᠪᠠᠶᠢᠭᠠᠯᠢ ᠶᠢᠨ ᠡᠬᠢ ᠪᠠᠶᠠᠯᠢᠭ ᠵᠡᠷᠭᠡ ᠬᠠᠮᠢᠶ᠎ᠠ ᠪᠦᠬᠦᠢ ᠰᠠᠯᠠᠭ᠎ᠠ ᠮᠦᠴᠢᠷ ᠤᠳ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠤᠰᠤᠭᠠᠷ᠂ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠤᠨ ᠭᠠᠵᠠᠷ ᠰᠢᠷᠤᠢ ᠲᠠᠲᠠᠪᠤᠷᠢᠯᠠᠨ ᠭᠡᠷ ᠪᠠᠶᠢᠰᠢᠩ ᠨᠤᠷᠠᠭᠠᠨ ᠨᠡᠭᠦᠯᠭᠡᠬᠦ ᠵᠢᠴᠢ ᠡᠯ᠎ᠡ ᠲᠦᠷᠦᠯ ᠤᠨ ᠬᠢᠨᠠᠨ ᠵᠦᠪᠰᠢᠶᠡᠷᠡᠵᠣ ᠭᠦᠢᠴᠡᠳᠭᠡᠬᠦ ᠠᠵᠢᠯ ᠢ ᠢᠳᠡᠪᠬᠢᠲᠡᠢ ᠠᠬᠢᠭᠤᠯᠬᠤ ᠬᠡᠷᠡᠭᠲᠡᠢ᠃ ᠲᠦᠷᠦᠯ ᠵᠦᠢᠯ ᠤᠨ ᠬᠠᠤᠯᠢ ᠶᠢᠨ ᠡᠷᠬᠡᠲᠡᠨ ᠨᠢ ᠭᠠᠵᠠᠷ ᠰᠢᠷᠤᠢ ᠲᠠᠲᠠᠪᠤᠷᠢᠯᠠᠨ ᠭᠡᠷ ᠪᠠᠶᠢᠰᠢᠩ ᠨᠤᠷᠠᠭᠠᠨ ᠨᠡᠭᠦᠯᠭᠡᠬᠦ ᠨᠦᠬᠦᠪᠦᠷᠢ ᠶᠢᠨ ᠪᠡᠯᠡ ᠮᠦᠩᠭᠦ ᠶᠢ ᠴᠠᠭ ᠲᠣᠬᠠᠢ ᠳᠤ ᠨᠢ ᠨᠠᠶᠢᠳᠠᠪᠤᠷᠢᠵᠢᠭᠤᠯᠬᠤ ᠶᠢᠨ ᠬᠠᠮᠳᠤ ᠰᠠᠯᠭᠠᠨ ᠦᠭᠴᠦ᠂ ᠤᠷᠤᠨ ᠨᠤᠲᠤᠭ ᠤᠨ ᠵᠠᠰᠠᠭ ᠤᠨ ᠤᠷᠳᠤᠨ ᠵᠢᠴᠢ ᠬᠠᠮᠢᠶ᠎ᠠ ᠪᠦᠬᠦᠢ ᠰᠠᠯᠠᠭ᠎ᠠ ᠮᠦᠴᠢᠷ ᠤᠳ ᠲᠠᠢ ᠬᠠᠮᠵᠢᠯᠴᠠᠨ ᠬᠢᠨᠠᠨ ᠵᠦᠪᠰᠢᠶᠡᠷᠡᠬᠦ ᠭᠠᠷᠳᠠᠮ ᠢ ᠭᠦᠢᠴᠡᠳᠭᠡᠬᠦ ᠬᠡᠷᠡᠭᠲᠡᠢ︔ ᠣᠢ ᠰᠢᠭᠤᠢ ᠪᠠ ᠨᠤᠲᠤᠭ ᠪᠠᠯᠴᠢᠭᠡᠷ᠂ ᠮᠠᠯ ᠲᠠᠷᠢᠶᠠᠯᠠᠩ᠂ ᠪᠠᠶᠢᠭᠠᠯᠢ ᠶᠢᠨ ᠡᠬᠢ ᠪᠠᠶᠠᠯᠢᠭ ᠵᠡᠷᠭᠡ ᠰᠠᠯᠠᠭ᠎ᠠ ᠮᠦᠴᠢᠷ ᠤᠳ ᠵᠢᠯᠤᠭᠤᠳᠤᠯᠭ᠎ᠠ ᠪᠠᠨ ᠴᠢᠩᠭᠠᠳᠬᠠᠵᠤ᠂ ᠵᠠᠰᠠᠮᠠᠯ ᠵᠠᠮ ᠤᠨ ᠵᠠᠮ ᠬᠠᠷᠢᠯᠴᠠᠭᠠᠨ ᠤ ᠰᠠᠭᠤᠷᠢ ᠪᠡᠯᠡᠳᠭᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠳᠤ ᠴᠢᠭᠯᠡᠭᠦᠯᠦᠨ ᠬᠢᠨᠠᠨ ᠪᠠᠶᠢᠴᠠᠭᠠᠬᠤ ᠪᠠ ᠬᠢᠨᠠᠨ ᠵᠦᠪᠰᠢᠶᠡᠷᠡᠬᠦ ᠪᠠᠨ ᠲᠦᠭᠦᠮ ᠰᠢᠯᠦᠭᠤᠬᠠᠨ ᠪᠤᠯᠭᠠᠵᠦ᠂ ᠡᠮᠬᠢᠯᠡᠭᠰᠡᠨ ᠵᠦᠢᠯᠡᠰ ᠢ ᠨᠢ ᠬᠢᠨᠡᠨ ᠵᠥᠪᠰᠢᠶᠡᠷᠡᠬᠦ ᠠᠬᠢᠴᠠ ᠪᠠᠨ ᠲᠦᠷᠭᠡᠳᠭᠡᠬᠦ ᠬᠡᠷᠡᠭᠲᠡᠢ᠃ ᠤᠯᠤᠰ ᠠᠴᠠ ᠬᠢᠨᠠᠨ ᠵᠦᠪᠰᠢᠶᠡᠷᠡᠭᠦᠯᠬᠦ ᠪᠠᠷ ᠮᠡᠳᠡᠭᠦᠯᠦᠨ ᠳᠡᠪᠰᠢᠭᠦᠯᠬᠦ ᠴᠢᠬᠤᠯᠠ ᠲᠠᠢ ᠲᠦᠷᠦᠯ ᠵᠦᠢᠯ ᠢ ᠪᠤᠯ ᠡᠯ᠎ᠡ ᠬᠠᠮᠢᠶ᠎ᠠ ᠪᠦᠬᠦᠢ ᠰᠠᠯᠠᠭ᠎ᠠ ᠮᠦᠴᠢᠷ ᠨᠢ ᠤᠯᠤᠰ ᠤᠨ ᠠᠵᠢᠯ ᠲᠦᠷᠦᠯ ᠨᠢᠭᠡᠲᠡᠢ ᠰᠠᠯᠠᠭ᠎ᠠ ᠮᠦᠴᠢᠷ ᠯᠦᠭᠡ ᠢᠳᠡᠪᠬᠢᠲᠡᠢ ᠵᠤᠬᠢᠴᠠᠭᠤᠯᠵᠤ᠂ ᠮᠠᠲ᠋ᠧᠷᠢᠶᠠᠯ ᠨᠦᠬᠦᠪᠦᠷᠢᠯᠡᠭᠦᠯᠬᠦ ᠠᠵᠢᠯ ᠢ ᠰᠠᠶᠢᠲᠤᠷ ᠬᠢᠵᠦ᠂ ᠬᠢᠨᠡᠨ ᠵᠦᠪᠰᠢᠶᠡᠷᠡᠬᠦ ᠠᠬᠢᠴᠠ ᠪᠠᠨ ᠲᠦᠷᠭᠡᠳᠭᠡᠬᠦ ᠬᠡᠷᠡᠭᠲᠡᠢ᠃
     ᠭᠤᠷᠪᠠ᠂ ᠬᠢᠨᠠᠯᠲᠠ ᠲᠠᠯᠪᠢᠵᠤ ᠰᠢᠯᠭᠠᠨ ᠬᠢᠨᠠᠬᠤ ᠶᠢ ᠴᠢᠩᠭᠠᠷᠠᠭᠤᠯᠬᠤ ᠬᠡᠷᠡᠭᠲᠡᠢ
     ᠦᠪᠡᠷᠳᠡᠭᠡᠨ ᠵᠠᠰᠠᠬᠤ ᠤᠷᠤᠨ ᠨᠢ ᠵᠠᠰᠠᠮᠠᠯ ᠵᠠᠮ ᠤᠨ ᠵᠠᠮ ᠬᠠᠷᠢᠯᠴᠠᠭᠠᠨ ᠤ ᠰᠠᠭᠤᠷᠢ ᠪᠡᠯᠡᠳᠭᠡᠮᠵᠢ ᠶᠢᠨ ᠲᠦᠷᠦᠯ ᠵᠦᠢᠯ ᠢ ᠪᠦᠳᠦᠬᠡᠨ ᠪᠠᠶᠢᠭᠤᠯᠬᠤ ᠠᠬᠢᠴᠠ ᠪᠠ ᠭᠠᠵᠠᠷ ᠰᠢᠷᠤᠢ ᠲᠠᠲᠠᠪᠤᠷᠢᠯᠠᠨ ᠭᠡᠷ ᠪᠠᠶᠢᠰᠢᠩ ᠨᠤᠷᠠᠭᠠᠨ ᠨᠡᠭᠦᠯᠭᠡᠬᠦ ᠵᠢᠴᠢ ᠬᠠᠮᠢᠶ᠎ᠠ ᠪᠦᠬᠦᠢ ᠳᠡᠰ ᠳᠠᠷᠠᠭᠠᠯᠠᠯ ᠢᠶᠠᠷ ᠭᠦᠢᠴᠡᠳᠭᠡᠭᠰᠡᠨ ᠪᠠᠶᠢᠳᠠᠯ ᠵᠡᠷᠭᠡ ᠶᠢ 2019 ᠣᠨ ᠤ ᠵᠢᠴᠢ ᠬᠤᠶᠢᠰᠢᠲᠠ ᠶᠢᠨ ᠣᠨ ᠤ ᠠᠮᠵᠢᠯᠲᠠ ᠪᠦᠲᠦᠮᠵᠢ ᠶᠢᠨ ᠬᠠᠷᠠᠯᠳᠠ ᠶᠢ ᠰᠢᠯᠭᠠᠨ ᠬᠢᠨᠠᠬᠤ ᠠᠭᠤᠯᠭ᠎ᠠ ᠳᠤ ᠤᠷᠤᠭᠤᠯᠵᠤ᠂ ᠡᠯ᠎ᠡ ᠱᠠᠲᠤᠨ ᠤ ᠵᠠᠰᠠᠭ ᠤᠨ ᠣᠷᠳᠤᠨ ᠤ ᠣᠨ ᠤ ᠬᠠᠷᠠᠯᠲᠠᠲᠤ ᠡᠭᠦᠷᠭᠡ ᠪᠠᠨ ᠪᠡᠶᠡᠯᠡᠭᠦᠯᠦᠭᠰᠡᠨ ᠪᠠᠶᠢᠳᠠᠯ ᠢ ᠰᠢᠯᠭᠠᠨ ᠬᠢᠨᠠᠬᠤ ᠶᠢᠨ ᠬᠠᠮᠳᠤ᠂ ᠡᠯ᠎ᠡ ᠱᠠᠲᠤᠨ ᠤ ᠵᠠᠰᠠᠭ ᠤᠨ ᠤᠷᠳᠤᠨ ᠤ ᠭᠤᠣᠯ ᠬᠠᠷᠢᠭᠤᠴᠠᠬᠤ ᠨᠦᠬᠦᠳ ᠪᠠ ᠬᠤᠪᠢᠳᠠᠨ ᠬᠠᠷᠢᠭᠤᠴᠠᠬᠤ ᠨᠦᠬᠦᠳ ᠤᠨ ᠲᠤᠰᠢᠶᠠᠯ ᠤᠨ ᠬᠤᠭᠤᠴᠠᠭᠠᠨ ᠳᠠᠬᠢ ᠬᠠᠷᠠᠯᠲᠠᠲᠤ ᠬᠠᠮᠢᠶᠠᠷᠤᠯᠲᠠ ᠶᠢᠨ ᠬᠠᠷᠢᠭᠤᠴᠠᠯᠭ᠎ᠠ ᠶᠢᠨ ᠲᠦᠷᠢᠮ ᠤᠨ ᠰᠢᠯᠭᠠᠨ ᠬᠢᠨᠠᠬᠤ ᠠᠭᠤᠯᠭ᠎ᠠ ᠳᠤ ᠤᠷᠤᠭᠤᠯᠵᠤ ᠰᠢᠯᠭᠠᠨ ᠬᠢᠨᠠᠬᠤ ᠬᠡᠷᠡᠭᠲᠡᠢ᠃
     ᠦᠪᠡᠷᠳᠡᠭᠡᠨ ᠵᠠᠰᠠᠬᠤ ᠤᠷᠤᠨ ᠤ ᠡᠯ᠎ᠡ ᠬᠠᠮᠢᠶ᠎ᠠ ᠪᠦᠬᠦᠢ ᠰᠠᠯᠠᠭ᠎ᠠ ᠮᠦᠴᠢᠷ ᠨᠢ ᠵᠤᠷᠰᠢᠯ ᠬᠤᠷᠠᠯ ᠤᠨ ᠲᠦᠷᠢᠮ ᠢ ᠪᠦᠷᠢᠯᠳᠦᠭᠦᠯᠵᠦ᠂ ᠪᠦᠬᠦ ᠤᠷᠤᠨ ᠤ ᠵᠠᠮ ᠬᠠᠷᠢᠯᠴᠠᠭᠠᠨ ᠤ ᠰᠠᠭᠤᠷᠢ ᠪᠡᠯᠡᠳᠭᠡᠮᠵᠢ ᠶᠢᠨ ᠪᠦᠳᠦᠬᠡᠨ ᠪᠠᠶᠢᠭᠤᠯᠤᠯᠲᠠ ᠶᠢᠨ ᠠᠵᠢᠯ ᠢᠶᠠᠨ ᠠᠬᠢᠭᠤᠯᠬᠤ ᠳᠤᠮᠳᠠ ᠤᠷᠤᠰᠢᠵᠤ ᠪᠠᠶᠢᠭ᠎ᠠ ᠠᠰᠠᠭᠤᠳᠠᠯ ᠤᠳ ᠢ ᠨᠠᠷᠢᠨ ᠬᠢᠨᠠᠮᠠᠭᠠᠢ ᠰᠤᠳᠤᠯᠵᠤ᠂ ᠢᠳᠡᠪᠬᠢᠲᠡᠢ ᠰᠢᠢᠳᠪᠦᠷᠢᠯᠡᠬᠦ ᠬᠡᠷᠡᠭᠲᠡᠢ᠃ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠬᠢᠨ ᠰᠠᠷ᠎ᠠ ᠪᠦᠷᠢ ᠶᠢᠨ 5 ᠤ ᠡᠳᠦᠷ ᠠᠴᠠ ᠡᠮᠦᠨ᠎ᠡ᠂ ᠲᠤᠰ ᠭᠠᠵᠠᠷ ᠤᠷᠤᠨ ᠤ ᠵᠠᠰᠠᠮᠠᠯ ᠵᠠᠮ ᠤᠨ ᠵᠠᠮ ᠬᠠᠷᠢᠯᠴᠠᠭᠠᠨ ᠤ ᠰᠠᠭᠤᠷᠢ ᠪᠡᠯᠡᠳᠭᠡᠮᠵᠢ ᠶᠢ ᠪᠦᠳᠦᠬᠡᠨ ᠪᠠᠶᠢᠭᠤᠯᠵᠤ ᠲᠦᠯᠬᠢᠨ ᠠᠬᠢᠭᠤᠯᠤᠭᠰᠠᠨ ᠪᠠᠶᠢᠳᠠᠯ ᠢᠶᠠᠨ ᠦᠪᠡᠷᠳᠡᠭᠡᠨ ᠵᠠᠰᠠᠬᠤ ᠤᠷᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠳᠤ ᠮᠡᠳᠡᠭᠦᠯᠬᠦ ᠬᠡᠷᠡᠭᠲᠡᠢ᠃

                                         ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ