ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠰᠦᠯᠵᠢᠶᠡᠵᠢᠯᠲᠡ᠂ ᠮᠡᠳᠡᠭᠡ ᠵᠠᠩᠬᠢᠴᠢᠯᠠᠯᠲᠠ ᠶᠢᠨ ᠠᠬᠢᠴᠠ ᠶᠢ | ᠲᠦᠷᠭᠡᠳᠬᠡᠨ ᠠᠬᠢᠭᠤᠯᠵᠤ᠂ ᠵᠠᠰᠠᠭ ᠵᠠᠬᠢᠷᠭᠠᠨ ᠤ ᠦᠶᠯᠡᠴᠢᠯᠡᠭᠡᠨ ᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ | ᠣᠯᠠᠨ ᠲᠦᠮᠡᠨ ᠤ ᠭᠦᠶᠦᠬᠦ ᠶᠢ ᠪᠠᠭᠠᠰᠬᠠᠬᠤ ᠶᠢᠨ ᠲᠤᠰᠠᠳᠠ᠂ ᠡᠷᠢᠶᠡᠨ ᠬᠤᠲᠠ ᠠᠯᠪᠠᠨ ᠲᠠᠮᠠᠭ᠎ᠠ ᠰᠡᠶᠢᠯᠬᠦ ᠠᠵᠤ | ᠠᠬᠤᠶᠢᠯᠠᠯ ᠢ ᠢᠳᠡᠪᠬᠢᠲᠡᠶ ᠵᠣᠬᠢᠴᠠᠭᠤᠯᠤᠨ ᠠᠬᠢᠭᠤᠯᠵᠤ ᠪᠠᠶᠢᠭᠠᠳ ᠸᠢᠴᠠᠲ ᠢᠶᠠᠷ ᠬᠦᠷᠭᠡᠬᠦ ᠫᠷᠤᠭ᠍ᠷᠠᠮ ᠢ ᠨᠡᠭᠡᠭᠡᠨ | ᠬᠥᠭᠵᠢᠭᠦᠯᠵᠦ ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠳᠣᠲᠣᠭᠠᠳᠤ ᠶᠢ ᠬᠠᠮᠠᠭᠠᠯᠠᠬᠤ ᠰᠠᠯᠠᠭ᠎ᠠ | ᠮᠥᠴᠢᠷ ᠤᠨ ᠬᠠᠮᠢᠶ᠎ᠠ ᠪᠦᠬᠦᠢ ᠲᠤᠭ᠎ᠠ ᠪᠠᠷᠢᠮᠲᠠ ᠶᠢᠨ ᠲᠠᠪᠴᠠᠩ ᠢ ᠬᠤᠯᠪᠣᠨ ᠨᠡᠪᠲᠡᠷᠡᠭᠦᠯᠵᠦ᠂ ᠪᠥᠬᠦ ᠣᠷᠣᠨ ᠤ | ᠬᠡᠪᠴᠢᠶᠡᠨ ᠳᠤ ᠲᠠᠮᠠᠭ᠎ᠠ ᠰᠡᠶᠢᠯᠬᠦ ᠵᠦᠶᠯᠡᠰ ᠢ ᠪᠥᠬᠦ ᠶᠠᠪᠤᠴᠠ ᠪᠠᠷ ᠰᠦᠯᠵᠢᠶᠡᠨ ᠳᠡᠭᠡᠷ᠎ᠡ ᠭᠦᠶᠴᠡᠳᠬᠡᠬᠦ ᠠᠷᠭ᠎ᠠ ᠵᠠᠮ ᠢ | ᠲᠦᠷᠦᠭᠦᠯᠡᠨ ᠨᠡᠭᠡᠭᠡᠬᠦ ᠶᠢᠨ ᠬᠠᠮᠲᠤ ᠲᠤᠷᠰᠢᠨ ᠠᠵᠢᠯᠯᠠᠭᠤᠯᠵᠤ ᠡᠬᠢᠯᠡᠪᠡ᠃ ᠠᠵᠤ ᠠᠬᠤᠶᠢᠯᠠᠯ ᠨᠡᠬᠡᠬᠡᠨ ᠡᠷᠬᠢᠯᠡᠬᠦ | ᠬᠡᠷᠡᠭᠯᠡᠭᠴᠢᠳ ᠲᠠᠮᠠᠭ᠎ᠠ ᠰᠡᠶᠢᠯᠬᠦ ᠭᠠᠷᠳᠠᠮ ᠭᠦᠢᠴᠡᠳᠬᠡᠬᠦ ᠳᠤ ᠪᠠᠨ ᠵᠥᠪᠬᠡᠨ ᠸᠢᠴᠠᠲ ᠳᠡᠭᠡᠷ᠎ᠡ ︽ᠰᠢᠷᠪᠢᠬᠦ᠂ | ᠲᠠᠭᠯᠠᠬᠤ︾᠂ ᠭᠡᠷᠡᠴᠢ ᠦᠨᠡᠮᠯᠡᠯ ᠢᠶᠠᠨ ᠳᠠᠮᠵᠢᠭᠤᠯᠬᠤ ᠶᠢᠨ ᠬᠠᠮᠲᠤ ᠬᠠᠮᠢᠶ᠎ᠠ ᠪᠦᠬᠦᠢ ᠮᠡᠳᠡᠭᠡ ᠵᠠᠩᠭᠢ ᠪᠠᠨ | ᠣᠷᠣᠭᠤᠯᠵᠤ᠂ ᠳᠣᠲᠣᠭᠠᠳᠤ ᠶᠢ ᠬᠠᠮᠠᠭᠠᠯᠠᠬᠤ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠰᠢᠰᠲ᠋ᠧᠮ ᠨᠢ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠰᠢᠰᠲ᠋ᠧᠮ ᠯᠦᠭᠡ ᠵᠣᠯᠭᠠᠭᠤᠯᠬᠤ ᠪᠠᠷ | ᠳᠠᠮᠵᠢᠭᠤᠯᠤᠨ᠂ ᠮᠡᠳᠡᠭᠡ ᠵᠠᠩᠭᠢ ᠶᠢ ᠬᠢᠨᠠᠨ ᠵᠥᠪᠰᠢᠶᠡᠷᠡᠵᠦ ᠪᠠᠲᠤᠯᠠᠭᠰᠠᠨ ᠤ ᠳᠠᠷᠠᠭ᠎ᠠ ᠲᠠᠮᠠᠭ᠎ᠠ ᠰᠡᠶᠢᠯᠬᠦ | ᠬᠠᠷᠠᠭᠠᠯᠵᠠᠭᠰᠠᠨ ᠳ᠋ᠤᠭᠠᠷ ᠢ ᠨᠢ ᠬᠠᠷᠢᠭᠤ ᠲᠤᠰᠬᠠᠪᠠᠯ᠂ ᠲᠠᠮᠠᠭ᠎ᠠ ᠰᠡᠶᠢᠯᠬᠦ ᠠᠵᠤ ᠠᠬᠤᠶᠢᠯᠠᠯ ᠨᠢ ᠰᠡᠶᠢᠯᠬᠦ | ᠶᠠᠪᠤᠴᠠ ᠳᠤ ᠣᠷᠣᠵᠤ ᠪᠣᠯᠤᠨ᠎ᠠ᠃ ᠰᠢᠰᠲ᠋ᠧᠮ ᠳᠤ ᠪᠠᠰᠠ ᠭᠠᠷ ᠤᠲᠠᠰᠤᠨ ᠤ ᠣᠬᠤᠷ ᠮᠡᠳᠡᠭᠡ ᠪᠠᠷ ᠰᠠᠨᠠᠭᠤᠯᠬᠤ ᠪᠠ | ᠭᠠᠷ ᠤᠨ ᠦᠰᠦᠭ ᠵᠢᠷᠤᠬᠤ ᠴᠢᠳᠠᠪᠬᠢ ᠲᠠᠢ ᠪᠠᠶᠢᠳᠠᠭ᠃ ᠡᠵᠡᠩᠨᠡᠯᠲᠡ ᠶᠢᠨ ᠦᠨᠡᠮᠯᠡᠯ ᠢᠶᠠᠨ ᠣᠯᠤᠭᠰᠠᠨ ᠤ ᠲᠠᠷᠠᠭ᠎ᠠ | ᠲᠠᠮᠠᠭ᠎ᠠ ᠰᠡᠶᠢᠯᠬᠦ ᠠᠵᠤ ᠠᠬᠤᠶᠢᠯᠠᠯ ᠢ ᠥᠪᠡᠷᠲᠡᠭᠡᠨ ᠡᠵᠡᠨ ᠮᠡᠳᠡᠵᠦ ᠰᠣᠩᠭᠤᠬᠤ᠂ ᠮᠡᠳᠡᠭᠡ ᠵᠠᠩᠭᠢ ᠪᠠᠨ ᠲᠠᠭᠯᠠᠨ | ᠮᠡᠳᠡᠭᠦᠯᠬᠦ᠂ ᠲᠠᠪᠴᠠᠩ ᠰᠣᠩᠭᠤᠨ ᠣᠷᠴᠢᠭᠤᠯᠬᠤ᠂ ᠲᠠᠮᠠᠭ᠎ᠠ ᠶᠢᠨ ᠲᠥᠷᠥᠯ ᠵᠦᠢᠯ ᠢᠶᠠᠨ ᠰᠣᠩᠭᠤᠬᠤ ᠠᠴᠠ | ᠠᠪᠤᠭᠠᠳ ᠣᠬᠤᠷ ᠮᠡᠳᠡᠭᠡ ᠪᠠᠷ ︽ᠲᠠᠮᠠᠭ᠎ᠠ ᠶᠢ ᠰᠡᠶᠢᠯᠦᠨ ᠦᠢᠯᠡᠳᠴᠦ ᠳᠠᠭᠤᠰᠪᠠ︾ ᠬᠦᠷᠲᠡᠯ᠎ᠡ᠂ ᠬᠤᠶᠠᠷᠬᠠᠨ | ᠴᠠᠭ ᠤᠨ ᠳᠣᠲᠣᠷ᠎ᠠ ᠳᠠᠷᠤᠶ ᠲᠠᠮᠠᠭ᠎ᠠ ᠪᠠᠨ ᠭᠠᠷᠭᠠᠨ ᠠᠪᠴᠤ ᠪᠣᠯᠤᠨ᠎ᠠ᠃ ᠣᠳᠣᠬᠠᠨ ᠳᠤ ᠪᠥᠬᠦ ᠬᠤᠲᠠ ᠶᠢᠨ ᠠᠵᠤ | ᠠᠬᠤᠶᠢᠯᠠᠯ ᠡᠷᠬᠢᠯᠡᠬᠦ ᠴᠢᠬᠤᠯᠠ ᠨᠥᠬᠦᠴᠡᠯ ᠨᠢ ᠪᠦᠷᠢᠨ ᠭᠦᠶᠴᠡᠳ ᠪᠣᠯᠣᠭᠰᠠᠨ ᠪᠠᠶᠢᠳᠠᠯ ᠳᠣᠤᠷ᠎ᠠ 5 ᠡᠳᠦᠷ ᠤᠨ | ᠬᠤᠭᠤᠴᠠᠭᠠᠨ ᠳᠤ ᠰᠢᠶᠳᠪᠦᠷᠢᠯᠡᠬᠦ ᠪᠠᠷ ᠠᠮᠠᠯᠠᠭᠰᠠᠨ ᠪᠠᠶᠢᠳᠠᠭ᠂ ᠡᠭᠦᠨ ᠳᠤ ᠠᠵᠤ ᠦᠶᠯᠡᠳᠪᠦᠷᠢ ᠬᠤᠳᠠᠯᠳᠤᠭᠠᠨ ᠤ | ᠳᠡᠩᠰᠡᠯᠡᠯᠲᠡ ᠨᠢ 3 ᠡᠳᠦᠷ᠂ ᠭᠠᠶᠢᠯᠢ ᠶᠢᠨ ᠶᠠᠪᠤᠳᠠᠯ ᠳᠤ ᠪᠠᠷᠢᠮᠲᠠ ᠭᠤᠶᠤᠴᠢᠯᠠᠬᠤ ᠨᠢ 1 ᠡᠳᠦᠷ᠂ ᠠᠯᠪᠠᠨ | ᠲᠠᠮᠠᠭ᠎ᠠ ᠰᠡᠶᠢᠯᠬᠦ ᠨᠢ 1 ᠡᠳᠦᠷ ᠪᠣᠯᠣᠨ᠎ᠠ᠂ ᠲᠤᠰ ᠫᠷᠤᠭ᠍ᠷᠠᠮ ᠢ ᠠᠰᠢᠭᠯᠠᠯᠲᠠ ᠳᠤ ᠣᠷᠤᠭᠤᠯᠤᠭᠰᠠᠨ ᠠᠴᠠ ᠠᠵᠤ | ᠠᠬᠤᠶᠢᠯᠠᠯ ᠤᠨ ᠭᠦᠢᠴᠡᠳᠬᠡᠬᠦ ᠴᠠᠭ ᠢ ᠳᠠᠬᠢᠨᠲᠠ ᠪᠦᠲᠦᠮᠵᠢᠲᠡᠶ ᠪᠣᠭᠤᠨᠢᠰᠬᠠᠭᠰᠠᠨ ᠪᠠᠶᠢᠨ᠎ᠠ᠃ |