ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠮᠤᠭ ᠤᠨ ᠭᠤᠶᠣ ᠵᠠᠭᠤᠨ ᠰᠤᠪᠢᠯᠠᠭᠴᠢ ᠪᠣᠯᠣᠨ ᠬᠠᠮᠤᠭ ᠤᠨ ᠭᠤᠶᠣ ᠵᠠᠭᠤᠨ ᠰᠤᠪᠢᠯᠠᠭᠴᠢ ᠶᠢᠨ ᠳᠠᠷᠤᠭ᠎ᠠ ᠬᠥᠬᠢᠭᠦᠯᠦᠭᠳᠡᠪᠡ
ᠨᠡᠶᠢᠲᠡᠯᠡᠭᠰᠡᠨ ᠴᠠᠭ᠄
2019/5/7
     5 ᠳ᠋ᠤᠭᠠᠷ ᠰᠠᠷ᠎ᠠ ᠶᠢᠨ 6᠎ ᠤ ᠡᠳᠦᠷ᠂ 5 · 12 ᠣᠯᠠᠨ ᠤᠯᠤᠰ ᠤᠨ ᠵᠠᠭᠤᠨ ᠠᠷᠪᠠᠨ ᠨᠠᠢᠮᠠᠳᠠᠭᠢ ᠰᠣᠪᠢᠯᠠᠭᠴᠢᠳ ᠤᠨ ᠪᠠᠶᠠᠷ ᠬᠦᠷᠴᠦ ᠢᠷᠡᠬᠦ ᠳᠤ᠂ ᠥᠪᠥᠷ ᠮᠣᠩᠭᠤᠯ ᠤᠨ ᠡᠮᠨᠡᠯᠭᠡ ᠶᠢᠨ ᠬᠤᠷᠢᠶ᠎ᠠ ᠶᠢᠨ ᠨᠡᠶᠢᠭᠡᠮᠯᠢᠭ ᠠᠴᠠ ᠡᠷᠭᠢᠯᠡᠭᠰᠡᠨ ︽ᠤᠯᠤᠰ ᠪᠠᠶᠢᠭᠤᠯᠤᠭᠳᠠᠭᠰᠠᠨ 70 ᠵᠢᠯ ᠤᠨ ᠣᠢ ᠶᠢ ᠤᠭᠲᠤᠬᠤ ᠵᠢᠴᠢ 5 · 12 ᠣᠯᠠᠨ ᠤᠯᠤᠰ ᠤᠨ ᠰᠣᠪᠢᠯᠠᠭᠴᠢᠳ ᠤᠨ ᠪᠠᠶᠠᠷ ᠢ ᠳᠤᠷᠠᠰᠬᠠᠬᠤ — ᠪᠥᠬᠦ ᠣᠷᠣᠨ ᠤ ᠣᠯᠠᠨ ᠲᠦᠮᠡᠨ ᠤ ᠳᠡᠷᠭᠡᠳᠡᠬᠢ ᠬᠠᠮᠤᠭ ᠤᠨ ᠭᠤᠶᠣ ᠰᠤᠪᠢᠯᠠᠭᠴᠢ᠂ ᠬᠠᠮᠤᠭ ᠤᠨ ᠭᠤᠶᠣ ᠰᠤᠪᠢᠯᠠᠭᠴᠢ ᠶᠢᠨ ᠳᠠᠷᠤᠭ᠎ᠠ ᠶᠢᠨ ᠵᠢᠱᠢᠶᠡᠴᠢ ᠶᠠᠪᠤᠳᠠᠯ ᠢ ᠮᠡᠳᠡᠭᠦᠯᠬᠦ ᠬᠤᠷᠠᠯ︾ ᠬᠥᠬᠡᠬᠤᠲᠠ ᠳᠤ ᠬᠤᠷᠠᠯᠳᠤᠵᠤ᠂ ᠮᠠᠨ ᠤ ᠣᠷᠣᠨ ᠤ 2018 ᠣᠨ᠂ 2019 ᠣᠨ ᠤ ᠬᠠᠮᠤᠭ ᠤᠨ ᠭᠤᠶᠣ ᠵᠠᠭᠤᠨ ᠰᠤᠪᠢᠯᠠᠭᠴᠢ ᠪᠣᠯᠣᠨ ᠬᠠᠮᠤᠭ ᠤᠨ ᠭᠤᠶᠣ ᠵᠠᠭᠤᠨ ᠰᠤᠪᠢᠯᠠᠭᠴᠢ ᠶᠢᠨ ᠳᠠᠷᠤᠭ᠎ᠠ ᠶᠢ ᠦᠪᠡᠳᠡᠭᠰᠢ ᠶᠡᠭᠡ ᠪᠠᠷ ᠬᠦᠬᠢᠭᠦᠯᠪᠡ᠃      ᠮᠡᠳᠡᠭᠦᠯᠦᠯᠲᠡ ᠶᠢᠨ ᠬᠤᠷᠠᠯ ᠳᠡᠭᠡᠷ᠎ᠡ᠂ ᠮᠠᠨ ᠤ ᠣᠷᠣᠨ ᠤ ᠠᠩᠬᠠᠳᠠᠭᠴᠢ ᠨᠠᠨᠲ᠋ᠢᠩᠧᠷ ᠱᠠᠩᠨᠠᠯ ᠤᠨ ᠮᠧᠲᠡᠯ ᠬᠦᠷᠲᠡᠭᠴᠢ ᠰᠢᠩ ᠼᠠᠢ ᠰᠢᠶᠠ ᠱᠠᠩᠨᠠᠯ ᠬᠦᠷᠲᠡᠭᠰᠡᠨ ᠬᠠᠮᠤᠭ ᠤᠨ ᠭᠤᠶᠤ ᠰᠤᠪᠢᠯᠠᠭᠴᠢ ᠶᠢᠨ ᠲᠥᠯᠥᠭᠡᠯᠡᠭᠴᠢ ᠳᠤ ᠱᠠᠩᠨᠠᠯ ᠭᠠᠷᠳᠠᠭᠤᠯᠪᠠ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠤᠷᠪᠠᠳᠤᠭᠠᠷ ᠡᠮᠨᠡᠯᠭᠡ ᠶᠢᠨ ᠬᠤᠷᠢᠶ᠎ᠠ ᠶᠢᠨ ᠣᠶᠣᠨ ᠮᠡᠳᠡᠷᠡᠯ ᠤᠨ ᠨᠢᠭᠡᠳᠦᠭᠡᠷ ᠰᠠᠯᠠᠭᠠᠨ ᠤ ᠰᠤᠪᠢᠯᠠᠭᠴᠢ ᠶᠢᠨ ᠳᠠᠷᠤᠭ᠎ᠠ ᠳ᠋ᠦ᠋ ᠰᠢᠶᠣᠤ ᠯᠢ ᠵᠡᠷᠭᠡ 6 ᠬᠠᠮᠤᠭ ᠤᠨ ᠭᠤᠶᠣ ᠰᠤᠪᠢᠯᠠᠭᠴᠢ᠂ ᠰᠤᠪᠢᠯᠠᠭᠴᠢ ᠶᠢᠨ ᠳᠠᠷᠤᠭ᠎ᠠ ᠶᠢᠨ ᠲᠥᠯᠥᠭᠡᠯᠡᠭᠴᠢ ᠵᠢᠱᠢᠶᠡᠴᠢ ᠶᠠᠪᠤᠳᠠᠯ ᠤᠨ ᠮᠡᠳᠡᠭᠦᠯᠦᠯᠲᠡ ᠬᠢᠭᠰᠡᠨ ᠪᠠᠢᠨ᠎ᠠ᠃ ᠪᠥᠬᠦ ᠣᠷᠣᠨ ᠤ ᠡᠯ᠎ᠡ ᠠᠶᠢᠮᠠᠭ ᠬᠤᠲᠠ ᠠᠴᠠ ᠢᠷᠡᠭᠰᠡᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠲᠥᠯᠥᠭᠡᠯᠡᠭᠴᠢ᠂ ᠡᠮᠨᠡᠯᠭᠡ ᠶᠢᠨ ᠬᠤᠷᠢᠶ᠎ᠠ ᠶᠢᠨ ᠨᠡᠶᠢᠭᠡᠮᠯᠢᠭ ᠤᠨ ᠰᠤᠪᠢᠯᠠᠯᠲᠠ ᠶᠢᠨ ᠬᠠᠮᠢᠶᠠᠷᠤᠯᠲᠠ ᠶᠢᠨ ᠲᠤᠰᠬᠠᠶ ᠵᠥᠪᠯᠡᠯ ᠤᠨ ᠬᠠᠷᠢᠭᠤᠴᠠᠯᠭᠠᠲᠠᠨ ᠵᠢᠴᠢ ᠱᠠᠩᠨᠠᠯ ᠬᠦᠷᠲᠡᠭᠰᠡᠨ ᠬᠠᠮᠤᠭ ᠤᠨ ᠭᠤᠶᠣ ᠰᠤᠪᠢᠯᠠᠭᠴᠢ ᠶᠢᠨ ᠳᠠᠷᠤᠭ᠎ᠠ᠂ ᠬᠠᠮᠤᠭ ᠤᠨ ᠭᠤᠶᠣ ᠰᠤᠪᠢᠯᠠᠭᠴᠢ᠂ ᠬᠥᠬᠡᠬᠤᠲᠠ ᠶᠢᠨ ᠡᠮᠴᠢᠯᠡᠭᠡᠨ ᠤ ᠪᠠᠢᠭᠤᠯᠤᠮᠵᠢ ᠳᠤ ᠪᠠᠶᠢᠭ᠎ᠠ ᠰᠤᠪᠢᠯᠠᠭᠴᠢ ᠶᠢᠨ ᠲᠥᠯᠥᠭᠡᠯᠡᠭᠴᠢ 300 ᠭᠠᠷᠤᠶ ᠬᠥᠮᠥᠨ ᠮᠡᠳᠡᠭᠦᠯᠦᠯᠲᠡ ᠶᠢᠨ ᠬᠤᠷᠠᠯ ᠳᠤ ᠣᠷᠣᠯᠴᠠᠵᠠᠶ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号