ᠦᠪᠦᠷ ᠮᠣᠩᠭᠤᠯ ᠲᠣᠭᠠᠴᠢᠯᠠᠭᠰᠠᠨ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠲᠦᠷᠦᠭᠦᠴᠦᠳ ᠤᠨ ᠬᠤᠷᠠᠯ ᠳᠡᠭᠡᠷ᠎ᠡ ᠲᠣᠮᠣ ᠳ᠋ᠠᠶᠢᠲ᠋ᠠ ᠶᠢᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢᠶᠠᠨ ᠳᠡᠯᠭᠡᠨ ᠦᠵᠡᠭᠦᠯᠵᠡᠢ
ᠨᠡᠶᠢᠲᠡᠯᠡᠭᠰᠡᠨ ᠴᠠᠭ᠄
2019/5/7
     ᠥᠪᠥᠷ ᠮᠣᠩᠭᠤᠯ ᠤᠯᠤᠰ ᠤᠨ ᠲᠣᠮᠣ ᠳ᠋ᠠᠶᠢᠲ᠋ᠠ ᠶᠢᠨ ᠶᠡᠷᠦᠩᠬᠡᠶᠢᠯᠡᠭᠰᠡᠨ ᠲᠤᠷᠰᠢᠯᠲᠠ ᠶᠢᠨ ᠣᠷᠣᠨ ᠢ ᠪᠦᠲᠦᠭᠡᠨ ᠪᠠᠶᠢᠭᠤᠯᠤᠭᠰᠠᠨ ᠠᠴᠠ ᠨᠠᠰᠢᠬᠢ ᠪᠦᠲᠦᠭᠡᠨ ᠪᠠᠶᠢᠭᠤᠯᠤᠯᠲᠠ ᠶᠢᠨ ᠬᠥᠭᠵᠢᠯᠲᠡ ᠶᠢᠨ ᠦᠷ᠎ᠡ ᠪᠦᠲᠦᠭᠡᠯ ᠢ ᠪᠥᠬᠦ ᠲᠠᠯ᠎ᠠ ᠪᠠᠷ ᠳᠡᠯᠭᠡᠨ ᠦᠵᠡᠭᠦᠯᠵᠦ᠂ ︽ᠡᠭᠦᠯᠡᠨ ᠪᠣᠳᠤᠯᠲᠠ ᠶᠢᠨ ᠲᠠᠪᠴᠠᠩ ᠤᠨ ᠤᠮᠠᠷᠠᠲᠤ ᠳᠠᠬᠢ ᠳᠤᠮᠳᠠᠳᠤ ᠤᠯᠤᠰ ᠎ ᠤᠨ  ᠳ᠋ᠠᠶᠢᠲ᠋ᠠ ᠶᠢᠨ ᠴᠤᠭᠯᠠᠷᠠᠯ︾᠎ ᠤᠨ ᠠᠯᠳᠠᠷᠰᠢᠯ ᠪᠠ ᠨᠥᠯᠥᠭᠡᠯᠡᠬᠦ ᠬᠦᠴᠦᠨ ᠢ ᠦᠨᠡᠨ ᠬᠦ ᠥᠷᠭᠡᠳᠬᠡᠬᠦ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠲᠣᠮᠣ ᠳ᠋ᠠᠶᠢᠲ᠋ᠠ ᠶᠢᠨ ᠲᠣᠪᠴᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ  ᠬᠤᠷᠢᠶᠠᠨ ᠤ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠭᠡᠷ ᠬᠠᠮᠲᠤ ᠪᠠᠷ ᠬᠤᠯᠪᠣᠭᠳᠠᠯ ᠪᠦᠬᠦᠢ ᠠᠶᠢᠮᠠᠭ ᠬᠤᠲᠠ᠂ ᠲᠢᠩᠬᠢᠮ ᠲᠣᠪᠴᠢᠶ᠎ᠠ᠂ ᠠᠵᠤ ᠠᠬᠤᠶᠢᠯᠠᠯ ᠵᠡᠷᠭᠡ 22 ᠨᠢᠭᠡᠴᠢ ᠶᠢ ᠵᠣᠬᠢᠶᠠᠨ ᠪᠠᠶᠢᠭᠤᠯᠵᠤ᠂ 5 ᠳ᠋ᠤᠭᠠᠷ ᠰᠠᠷ᠎ᠠ ᠶᠢᠨ 5᠎ ᠤ ᠡᠳᠦᠷ ᠹᠦᠵᠢᠶᠠᠨ ᠮᠤᠵᠢ ᠳᠤ ᠡᠷᠭᠢᠯᠡᠭᠰᠡᠨ ᠬᠤᠶᠠᠳᠤᠭᠠᠷ ᠬᠤᠭᠤᠴᠠᠭᠠᠨ ᠤ ᠲᠣᠭᠠᠴᠢᠯᠠᠭᠰᠠᠨ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠤᠨ ᠦᠵᠡᠭᠦᠯᠭᠡ ᠳᠤ ᠣᠷᠣᠯᠴᠠᠪᠠ᠃      ᠲᠡᠷᠢᠭᠦᠨᠴᠦᠳ ᠤᠨ ᠬᠤᠷᠠᠯ ᠢ ᠲᠥᠪ ᠤᠨ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠭᠡᠷ᠂ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠶᠠᠮᠤᠨ᠂ ᠹᠦᠵᠢᠶᠠᠨ ᠮᠤᠵᠢ ᠶᠢᠨ ᠵᠠᠰᠠᠭ ᠤᠨ ᠣᠷᠳᠣᠨ ᠬᠠᠮᠲᠤ ᠪᠠᠷ ᠭᠤᠣᠯᠯᠠᠨ ᠡᠷᠬᠢᠯᠡᠪᠡ᠃ ᠲᠣᠭᠠᠴᠢᠯᠠᠭᠰᠠᠨ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠤᠨ ᠦᠵᠡᠭᠦᠯᠭᠡ ᠨᠢ ᠪᠦᠬᠦ ᠤᠯᠤᠰ ᠤᠨ ᠨᠡᠶᠢᠲᠡᠯᠢᠭ ᠬᠡᠷᠡᠭ ᠤᠨ ᠵᠢᠱᠢᠶ᠎ᠡ ᠵᠢᠴᠢ ᠲᠡᠷᠢᠭᠦᠨ ᠤ ᠲᠤᠷᠰᠢᠯᠭ᠎ᠠ ᠶᠢ ᠪᠦᠬᠦ ᠲᠠᠯ᠎ᠠ ᠪᠠᠷ ᠳ᠋ᠦᠩᠨᠡᠨ ᠳᠡᠯᠭᠡᠷᠡᠭᠦᠯᠵᠦ᠂ ᠤᠯᠤᠰ ᠤᠨ ᠬᠤᠯᠪᠣᠭᠳᠠᠯ ᠪᠦᠬᠦᠢ ᠶᠠᠮᠤᠨ ᠵᠦᠪᠯᠡᠯ ᠪᠣᠯᠤᠨ ᠡᠯ᠎ᠡ ᠮᠣᠵᠢ ᠬᠤᠳᠠ᠂ ᠰᠢᠨᠵᠢᠶᠠᠩ ᠤᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠪᠢᠩᠲ᠋ᠤᠸᠠᠨ ᠵᠢᠴᠢ ᠳᠡᠯᠡᠬᠡᠢ ᠶᠢᠨ ᠪᠠ ᠤᠯᠤᠰ ᠤᠨ ᠳᠣᠲᠤᠭᠠᠳᠣᠬᠢ ᠠᠵᠢᠯ ᠲᠥᠷᠥᠯ ᠤᠨ ᠵᠣᠬᠢᠶᠠᠨ ᠪᠠᠶᠢᠭᠤᠯᠤᠯᠲᠠ᠂ ᠠᠵᠤ ᠠᠬᠤᠶᠢᠯᠠᠯ᠂ ᠶᠡᠭᠡ ᠳᠡᠭᠡᠲᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠨᠤᠭᠤᠳ ᠤᠨ ᠲᠣᠭᠠᠴᠢᠯᠠᠭᠰᠠᠨ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠲᠠᠯ᠎ᠠ ᠪᠠᠷ ᠣᠯᠤᠭᠰᠠᠨ ᠰᠢᠯᠢᠳᠡᠭ ᠦᠷ᠎ᠡ ᠪᠦᠲᠦᠭᠡᠯ ᠢ ᠲᠥᠪᠯᠡᠷᠡᠭᠦᠯᠦᠨ ᠳᠡᠯᠭᠡᠨ ᠦᠵᠡᠭᠦᠯᠵᠡᠢ᠃      ᠦᠪᠦᠷ ᠮᠣᠩᠭᠤᠯ ᠭᠤᠤᠯ ᠵᠣᠴᠢᠨ ᠮᠤᠵᠢ ᠶᠢᠨ ᠬᠡᠪᠴᠢᠶ᠎ᠡ ᠪᠠᠷ 240 ᠲᠡᠭᠰᠢ ᠳᠥᠷᠪᠡᠯᠵᠢᠨ ᠮᠧᠲᠷ ᠤᠨ ᠦᠵᠡᠭᠦᠯᠭᠡ ᠶᠢᠨ ᠲᠢᠩᠬᠢᠮ ᠪᠠᠶᠢᠭᠤᠯᠵᠤ᠂ ᠪᠤᠭᠤᠲᠤ ᠬᠤᠲᠠ᠂ ᠣᠷᠳᠣᠰ ᠬᠤᠲᠠ᠂ ᠤᠯᠠᠭᠠᠨᠴᠠᠪ ᠬᠤᠲᠠ ᠵᠢᠴᠢ ᠬᠤᠷᠢᠨᠭᠡᠷ ᠰᠢᠨ᠎ᠡ ᠲᠣᠭᠤᠷᠢᠭ ᠵᠡᠷᠭᠡ 4 ᠭᠠᠵᠠᠷ ᠣᠷᠣᠨ ᠪᠤᠯᠤᠨ ᠥᠪᠡᠷᠲᠡᠭᠡᠨ ᠵᠠᠰᠠᠬᠤ ᠣᠷᠣᠨ ᠤ ᠲᠣᠮᠣ ᠳ᠋ᠠᠶᠢᠲ᠋ᠠ ᠶᠢᠨ ᠲᠣᠪᠴᠢᠶ᠎ᠠ᠂ ᠬᠠᠤᠯᠢ ᠴᠠᠭᠠᠵᠠ ᠶᠢᠨ ᠲᠢᠩᠬᠢᠮ ᠵᠡᠷᠭᠡ 8 ᠰᠠᠯᠠᠭ᠎ᠠ ᠮᠥᠴᠢᠷ ᠵᠢᠴᠢ ᠮᠧᠩ ᠨᠢᠦ ᠪᠦᠯᠦᠭᠯᠡᠯ ᠮᠧᠩ ᠼᠤᠤ ᠪᠦᠯᠦᠭᠯᠡᠯ ᠵᠡᠷᠭᠡ 10 ᠲᠥᠯᠥᠭᠡᠯᠡᠬᠦ ᠴᠢᠨᠠᠷᠲᠠᠶ ᠠᠵᠤ ᠠᠬᠤᠶᠢᠯᠠᠯ ᠤᠨ ᠲᠣᠭᠠᠴᠢᠯᠠᠭᠰᠠᠨ ᠠᠵᠤ ᠠᠬᠤᠶ᠂ ᠲᠣᠭᠠᠴᠢᠯᠠᠭᠰᠠᠨ ᠵᠠᠰᠠᠭ ᠤᠨ ᠣᠷᠳᠣᠨ᠂ ᠤᠶᠤᠨᠲᠤ ᠨᠡᠶᠢᠭᠡᠮ ᠵᠡᠷᠭᠡ ᠬᠦᠷᠢᠶᠡᠨ ᠳᠤ ᠣᠯᠤᠭᠰᠠᠨ ᠪᠦᠲᠦᠭᠡᠨ ᠪᠠᠶᠢᠭᠤᠯᠤᠯᠲᠠ ᠶᠢᠨ ᠬᠥᠭᠵᠢᠯᠲᠡ ᠶᠢᠨ ᠠᠮᠵᠢᠯᠲᠠ ᠪᠦᠲᠦᠮᠵᠢ ᠪᠠ ᠬᠡᠷᠡᠭᠯᠡᠭᠡᠨ ᠤ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠢ ᠭᠤᠤᠯᠳᠠᠯᠭ᠎ᠠ ᠲᠠᠢ ᠳᠡᠯᠭᠡᠨ ᠦᠵᠡᠭᠦᠯᠪᠡ᠃ ᠲᠤᠰ ᠤᠳᠠᠭ᠎ᠠ ᠶᠢᠨ ᠦᠵᠡᠭᠦᠯᠭᠡ ᠨᠢ ᠥᠪᠥᠷ ᠮᠣᠩᠭᠤᠯ ᠤᠨ ᠲᠣᠮᠣ ᠳ᠋ᠠᠶᠢᠲ᠋ᠠ ᠶᠢᠨ ᠤᠬᠠᠭᠤᠯᠭ᠎ᠠ ᠶᠢ ᠴᠢᠩᠭᠠᠳᠬᠠᠵᠤ᠂ ᠲᠣᠮᠣ ᠳ᠋ᠠᠶᠢᠲ᠋ᠠ ᠶᠢᠨ ᠠᠵᠤ ᠦᠢᠯᠡᠰ ᠤᠨ ᠰᠣᠯᠢᠯᠴᠠᠭ᠎ᠠ ᠬᠠᠮᠲᠤᠷᠠᠯᠴᠠᠭ᠎ᠠ ᠶᠢ ᠠᠬᠢᠭᠤᠯᠵᠤ᠂ ᠪᠦᠬᠦ ᠤᠯᠤᠰ ᠤᠨ ᠠᠷᠠᠳ ᠲᠦᠮᠡᠨ ᠵᠢᠴᠢ ᠬᠤᠯᠪᠣᠭᠳᠠᠯ ᠪᠦᠬᠦᠢ ᠶᠠᠮᠤᠨ ᠵᠥᠪᠯᠡᠯ ᠳᠤ ᠲᠤᠷᠰᠢᠯᠲᠠ ᠶᠢᠨ ᠣᠷᠣᠨ ᠤ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠬᠠᠷᠢᠭᠤ ᠮᠡᠳᠡᠭᠦᠯᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号