ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ 2019 ᠣᠨ ᠤ 6 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2019/5/7

     4 ᠳ᠋ᠦ᠋ᠭᠡᠷ ᠰᠠᠷ᠎ᠠ ᠶᠢᠨ 26 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠪᠦ᠋ ᠰᠢᠶᠣᠤ ᠯᠢᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠪᠦᠬᠦ ᠣᠷᠣᠨ ᠤ ᠠᠶᠤᠯ ᠦᠭᠡᠢ ᠦᠢᠯᠡᠳᠪᠦᠷᠢᠯᠡᠯ᠂ ᠢᠳᠡᠭᠡᠨ ᠪᠠ ᠡᠮ ᠤᠨ ᠵᠦᠢᠯᠡᠰ ᠤᠨ ᠠᠮᠤᠷ ᠲᠦᠪᠰᠢᠨ᠂ ᠠᠵᠢᠯ ᠣᠯᠭᠤᠯᠲᠠ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠵᠡᠷᠭᠡ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠥᠪᠡᠷᠲᠡᠭᠡᠨ ᠵᠠᠰᠠᠬᠤ ᠣᠷᠣᠨ ᠤ ᠳᠡᠮᠦᠷᠯᠢᠭ ᠪᠠ ᠲᠡᠮᠦᠷᠯᠢᠭ ᠪᠤᠰᠤ ᠠᠭᠤᠷᠬᠠᠢ ᠶᠢᠨ ᠠᠵᠤ ᠠᠬᠤᠢᠢᠯᠠᠯ ᠤᠨ ᠠᠭᠤᠷᠬᠠᠢ ᠶᠢᠨ ᠳᠠᠷᠤᠭ᠎ᠠ ᠶᠢᠨ ᠬᠠᠮᠢᠶᠠᠷᠤᠯᠲᠠ ᠶᠢᠨ ᠳᠦᠷᠢᠮ ᠵᠡᠷᠭᠡ ᠵᠦᠢᠯᠡᠰ ᠢ ᠰᠤᠳᠤᠯᠪᠠ᠃
     ᠬᠤᠷᠠᠯ ᠠᠴᠠ ᠴᠢᠬᠤᠯᠠᠴᠢᠯᠠᠬᠰᠠᠨ ᠨᠢ᠂ ᠮᠠᠨ ᠤ ᠣᠷᠣᠨ ᠤ ᠠᠶᠤᠯ ᠦᠭᠡᠢ ᠦᠢᠯᠡᠳᠪᠦᠷᠢᠯᠡᠯ ᠤᠨ ᠬᠦᠷᠢᠶᠡᠨ ᠳᠠᠬᠢ ᠪᠠᠭᠤᠷᠠᠢ ᠭᠤᠭᠴᠤᠭ᠎ᠠ ᠪᠣᠯᠤᠨ ᠬᠡᠮ ᠰᠣᠭᠤᠭ ᠤᠨ ᠠᠰᠠᠭᠤᠳᠠᠯ ᠮᠥᠨ ᠭᠦ ᠲᠣᠪᠤᠶᠢᠮ᠎ᠠ ᠪᠠᠶᠢᠨ᠎ᠠ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠳ ᠡᠷᠬᠡᠪᠰᠢ ᠬᠤᠷᠢᠭ᠎ᠠ ᠱᠤᠭᠤᠮ ᠤᠨ ᠰᠡᠳᠬᠢᠬᠦᠢ ᠪᠣᠯᠤᠨ ᠤᠯᠠᠭᠠᠨ ᠱᠤᠭᠤᠮ ᠤᠨ ᠤᠬᠠᠮᠰᠠᠷ ᠢᠶᠠᠨ ᠴᠢᠩᠭᠠᠳᠬᠠᠵᠤ᠂ ︽ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ᠂ ᠨᠢᠭᠡ ᠠᠵᠢᠯ ᠤᠨ ᠪᠠᠶᠢᠷᠢᠨ ᠳᠤ ᠬᠤᠣᠰ ᠬᠠᠷᠢᠭᠤᠴᠠᠯᠭ᠎ᠠ ᠡᠭᠦᠷᠭᠡᠯᠡᠬᠦ︾ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠥ᠂ ᠠᠶᠤᠯ ᠦᠭᠡᠢ ᠦᠢᠯᠡᠳᠪᠦᠷᠢᠯᠡᠯ  ᠤᠨ ᠠᠳᠡᠯ ᠪᠠᠶᠢᠨ ᠳᠠᠬᠢᠨ ᠭᠠᠷᠬᠤ ᠪᠠᠶᠢᠳᠠᠯ ᠢ ᠡᠷᠡᠰ ᠬᠤᠷᠢᠬᠯᠠᠵᠤ᠂ ᠠᠷᠠᠳ ᠣᠯᠠᠨ ᠤ ᠠᠮᠢ ᠨᠠᠰᠤᠨ ᠤ ᠠᠮᠤᠷ ᠲᠦᠪᠰᠢᠨ ᠪᠣᠯᠤᠨ ᠨᠡᠶᠢᠭᠡᠮ ᠤᠨ ᠶᠡᠭᠡ ᠲᠠᠯ᠎ᠠ ᠶᠢᠨ ᠠᠮᠤᠷ ᠲᠣᠭᠲᠠᠭᠤᠨ ᠢ ᠪᠠᠲᠤᠯᠠᠬᠤ ᠬᠡᠷᠡᠭᠲᠡᠢ᠃ ᠠᠰᠠᠭᠤᠳᠠᠯ ᠪᠣᠯᠤᠨ ᠬᠡᠮ ᠰᠣᠭᠤᠭ ᠢ ᠪᠦᠬᠦ ᠲᠠᠯ᠎ᠠ ᠪᠠᠷ ᠰᠢᠭᠰᠢᠨ ᠪᠠᠶᠢᠴᠠᠭᠠᠵᠤ᠂ ᠠᠶᠤᠯ ᠲᠠᠢ ᠬᠢᠮᠢ ᠶᠢᠨ ᠪᠣᠳᠠᠰ ᠢ ᠲᠤᠰᠬᠠᠢ ᠴᠡᠭᠴᠡᠯᠡᠨ ᠵᠠᠰᠠᠬᠤ ᠠᠵᠢᠯ ᠢ ᠦᠨᠡᠨ ᠬᠦ ᠰᠠᠶᠢᠲᠤᠷ ᠠᠳᠬᠤᠵᠤ᠂ ᠠᠵᠤ ᠠᠬᠤᠢᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠪᠣᠯᠤᠨ ᠲᠤᠰᠬᠠᠶᠢᠵᠢᠭᠰᠠᠨ ᠬᠠᠮᠢᠶᠠᠷᠤᠯᠲᠠ ᠶᠢᠨ ᠴᠢᠳᠠᠪᠤᠷᠢ ᠶᠢ ᠤᠯᠠᠮ ᠨᠢᠬᠡ ᠠᠯᠬᠤᠮ ᠴᠢᠩᠭᠠᠳᠬᠠᠵᠤ᠂ ᠤᠷᠢᠳᠴᠢᠯᠠᠨ ᠰᠡᠷᠭᠡᠶᠢᠯᠡᠬᠦ ᠬᠡᠷᠡᠭᠲᠡᠢ ᠭᠡᠵᠡᠢ᠃
     ᠬᠤᠷᠠᠯ ᠠᠴᠠ ᠴᠢᠬᠤᠯᠠᠴᠢᠯᠠᠬᠰᠠᠨ ᠨᠢ᠂ ᠢᠳᠡᠭᠡᠨ ᠤ ᠠᠮᠤᠷ ᠲᠦᠪᠰᠢᠨ ᠨᠢ ᠠᠷᠠᠳ ᠣᠯᠠᠨ ᠤ ᠠᠮᠢ ᠨᠠᠰᠤ ᠡᠷᠡᠭᠦᠯ ᠮᠡᠨᠳᠦ ᠶᠢᠨ ᠠᠮᠤᠷ ᠲᠦᠪᠰᠢᠨ ᠲᠠᠢ ᠬᠤᠯᠪᠣᠭᠳᠠᠨ᠎ᠠ᠃ ᠬᠠᠷᠢᠭᠤᠴᠠᠯᠭ᠎ᠠ ᠶᠢ ᠴᠢᠩᠭᠠᠳᠬᠠᠵᠤ᠂ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠠᠵᠢᠯ ᠢ ᠰᠠᠶᠢᠲᠤᠷ ᠠᠳᠬᠤᠵᠤ᠂ ︽ᠳᠥᠷᠪᠡᠨ ᠬᠠᠮᠤᠭ ᠤᠨ ᠴᠢᠩᠭ᠎ᠠ︾ ᠱᠠᠭᠠᠷᠳᠠᠯᠭ᠎ᠠ ᠶᠢ ᠪᠦᠬᠦ ᠲᠠᠯ᠎ᠠ ᠪᠠᠷ‌ᠨᠠᠶᠢᠳᠠᠪᠤᠷᠢᠵᠢᠭᠤᠯᠵᠤ᠂ ᠬᠢᠨᠠᠨ ᠬᠠᠮᠢᠶᠠᠷᠬᠤ ᠴᠢᠳᠠᠪᠤᠷᠢ ᠪᠣᠯᠤᠨ ᠠᠵᠢᠯ ᠤᠨ ᠦᠷ᠎ᠡ ᠪᠦᠲᠦᠮᠵᠢ ᠪᠠᠨ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠢᠳᠡᠭᠡᠨ ᠪᠠ ᠡᠮ ᠤᠨ ᠵᠦᠢᠯᠡᠰ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠨᠢᠭᠡᠪᠦᠷᠢ ᠶᠢ ᠡᠷᠡᠰ ᠴᠢᠩᠭ᠎ᠠ ᠰᠠᠬᠢᠬᠤ ᠬᠡᠷᠡᠭᠲᠡᠢ ᠭᠡᠵᠡᠢ᠃
     ᠬᠤᠷᠠᠯ ᠠᠴᠠ ᠵᠢᠭᠠᠵᠤ ᠭᠠᠷᠭᠠᠬᠰᠠᠨ ᠨᠢ᠂ ᠠᠵᠢᠯ ᠣᠯᠭᠤᠯᠲᠠ ᠶᠢ ᠤᠷᠢᠳ ᠢᠶᠠᠷ ᠪᠤᠳᠤᠯᠬᠢᠯᠠᠬᠤ ᠲᠥᠷᠥ ᠶᠢᠨ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠥ᠂ ᠠᠵᠢᠯ ᠣᠯᠭᠤᠯᠲᠠ ᠶᠢ ᠨᠠᠩ ᠲᠣᠪᠤᠶᠢᠮ᠎ᠠ ᠪᠠᠶᠢᠷᠢᠨ ᠳᠤ ᠲᠠᠯᠪᠢᠵᠤ᠂ ᠠᠵᠢᠯ ᠠᠯᠳᠠᠯᠲᠠ ᠶᠢᠨ ᠪᠠᠶᠢᠳᠠᠯ ᠢ ᠤᠷᠢᠳᠴᠢᠯᠠᠨ ᠰᠡᠷᠡᠮᠵᠢᠯᠡᠭᠦᠯᠬᠦ ᠬᠢᠨᠠᠨ ᠬᠡᠮᠵᠢᠬᠦ ᠠᠵᠢᠯ ᠢ ᠴᠢᠩᠭᠠᠳᠬᠠᠵᠤ᠂ ᠦᠨᠡᠨ ᠪᠣᠳᠠᠲᠠᠶ ᠠᠷᠭᠠᠴᠠᠭᠠᠬᠤ ᠠᠷᠭ᠎ᠠ ᠬᠡᠮᠵᠢᠶ᠎ᠡ ᠠᠪᠴᠤ᠂ ᠠᠵᠢᠯ ᠣᠯᠭᠤᠯᠲᠠ ᠶᠢᠨ ᠲᠣᠭᠲᠠᠭᠤᠨ ᠪᠠᠶᠢᠬᠤ ᠪᠠ ᠠᠵᠢᠯ ᠠᠯᠳᠠᠯᠲᠠ ᠶᠢ ᠡᠵᠡᠮᠳᠡᠵᠦ ᠳᠡᠶᠢᠯᠬᠦ ᠶᠢ ᠦᠨᠡᠨ ᠬᠦ ᠪᠠᠲᠤᠯᠠᠬᠤ ᠬᠡᠷᠡᠭᠲᠡᠶ ᠭᠡᠵᠡᠢ᠃
     ᠬᠤᠷᠠᠯ ᠠᠴᠠ ᠵᠢᠭᠠᠵᠤ ᠭᠠᠷᠭᠠᠭᠰᠠᠨ ᠨᠢ᠂ ᠰᠢᠢᠳᠪᠦᠷᠢᠲᠦ ᠢᠯᠠᠯᠲᠠ ᠶᠢ ᠣᠯᠬᠤ ᠣᠶᠣᠨ ᠰᠠᠨᠠᠭᠠᠨ ᠤ ᠳᠦᠷᠰᠦ ᠪᠠᠶᠢᠳᠠᠯ  ᠢᠶᠠᠷ ᠪᠦᠬᠦ ᠬᠦᠴᠦᠨ ᠢᠶᠠᠷ ᠢᠶᠠᠨ ᠰᠢᠪᠲᠤᠯᠤᠯᠲᠠ ᠬᠢᠵᠦ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠢ ᠲᠠᠰᠤᠷᠠᠯᠲᠠ ᠦᠭᠡᠢ ᠭᠦᠨᠵᠡᠭᠡᠶᠢᠷᠡᠭᠦᠯᠬᠦ ᠬᠡᠷᠡᠭᠲᠡᠢ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠪᠦᠬᠦ ᠬᠦᠴᠦᠨ ᠢᠶᠠᠷ ᠢᠶᠠᠨ ᠬᠠᠮᠵᠢᠯᠴᠠᠵᠤ᠂ ᠨᠢᠭᠲᠠ ᠬᠠᠮᠵᠢᠯᠴᠠᠬᠤ ᠬᠡᠷᠡᠭᠲᠡᠢ᠃ ︽ᠬᠠᠮᠠᠭᠠᠯᠠᠯᠲᠠ ᠶᠢᠨ ᠰᠢᠬᠦᠷ︾ ᠬᠡᠬᠦ ᠵᠠᠩᠬᠢᠯᠠᠭ᠎ᠠ ᠶᠢᠨ ᠴᠡᠭ ᠢ ᠭᠦᠨᠵᠡᠬᠡᠢ ᠠᠭᠤᠳᠠᠯᠵᠤ ᠲᠦᠢᠯᠪᠤᠷᠢᠲᠠᠶ ᠪᠠᠶᠢᠴᠠᠭᠠᠬᠤ ᠶᠢ ᠪᠠᠲᠤ ᠡᠵᠡᠮᠳᠡᠵᠦ᠂ ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠤᠨ ᠢᠯᠵᠠᠷᠠᠯ ᠢ ᠡᠰᠡᠷᠭᠦᠴᠡᠬᠦ ᠠᠵᠢᠯ ᠲᠠᠢ ᠤᠶᠠᠯᠳᠤᠭᠤᠯᠤᠨ᠂ ᠬᠠᠷ᠎ᠠ ᠪᠦᠯᠦᠭᠳᠡᠨ ᠬᠠᠷᠬᠢᠰ ᠬᠦᠴᠦᠨ ᠪᠠᠶᠢᠪᠠᠯ ᠵᠠᠪᠠᠯ ᠴᠣᠬᠢᠬᠤ᠂ ᠢᠯᠵᠠᠷᠠᠯ ᠪᠠᠶᠢᠪᠠᠯ ᠵᠠᠪᠠᠯ ᠪᠠᠶᠢᠴᠠᠭᠠᠬᠤ᠂ ᠬᠠᠮᠠᠭᠠᠯᠠᠯᠳᠠ ᠶᠢᠨ ᠰᠢᠬᠦᠷ ᠪᠠᠶᠢᠪᠠᠯ ᠵᠠᠪᠠᠯ ᠢᠯᠡᠷᠡᠬᠦᠯᠬᠦ ᠶᠢ ᠪᠠᠷᠢᠮᠲᠠᠯᠠᠵᠤ᠂ ᠲᠤᠰᠬᠠᠶ ᠲᠡᠮᠡᠴᠡᠯ ᠤᠨ ᠪᠦᠬᠦ ᠲᠠᠯ᠎ᠠ ᠶᠢᠨ ᠢᠯᠠᠯᠲᠠ ᠶᠢ ᠴᠢᠷᠮᠠᠶᠢᠨ ᠲᠡᠮᠡᠴᠡᠨ ᠣᠯᠬᠤ ᠬᠡᠷᠡᠭᠲᠡᠶ ᠭᠡᠵᠡᠢ᠃
     ᠬᠤᠷᠠᠯ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠮᠦᠷᠯᠢᠭ ᠪᠠ ᠲᠡᠮᠦᠷᠯᠢᠭ ᠪᠤᠰᠤ ᠠᠭᠤᠷᠬᠠᠶ ᠶᠢᠨ ᠠᠵᠤ ᠠᠬᠤᠢᠢᠯᠠᠯ ᠤᠨ ᠠᠭᠤᠷᠬᠠᠶ ᠶᠢᠨ ᠳᠠᠷᠤᠭ᠎ᠠ ᠶᠢᠨ ᠬᠠᠮᠢᠶᠠᠷᠤᠯᠲᠠ ᠶᠢᠨ ᠳᠦᠷᠢᠮ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠳᠦᠷᠢᠮ ︵ᠲᠥᠰᠦᠯ︶︾᠂ ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠲᠠ ᠬᠥᠳᠡᠭᠡ ᠶᠢᠨ ᠲᠥᠯᠥᠪᠵᠢᠭᠦᠯᠭᠡ ᠶᠢᠨ ᠳᠦᠷᠢᠮ﹀ ᠵᠡᠷᠭᠡ 3 ᠬᠤᠪᠢ ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ ᠳᠤ ᠵᠠᠰᠠᠪᠤᠷᠢ ᠣᠷᠣᠭᠤᠯᠬᠤ ᠲᠥᠰᠦᠯ ︵ᠲᠥᠰᠦᠯ︶︾ ᠢ ᠶᠠᠷᠢᠯᠴᠠᠨ ᠪᠠᠲᠤᠯᠠᠪᠠ᠃ ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠵᠠᠢ᠃

ᠢᠷᠡᠯᠲᠡ᠄ ᠥᠪᠥᠷ ᠮᠣᠩᠭᠤᠯ ᠤᠨ ᠡᠳᠦᠷ  ᠤᠨ ᠰᠣᠨᠢᠨ