| | 5 ᠳ᠋ᠤᠭᠠᠷ ᠰᠠᠷ᠎ᠠ ᠶᠢᠨ 7 ᠤ ᠡᠳᠦᠷ᠂ ᠦᠪᠡᠷᠲᠡᠭᠡᠨ ᠵᠠᠰᠠᠬᠤ ᠤᠷᠤᠨ ᠤ ᠠᠶᠤᠯ ᠦᠭᠡᠢ ᠦᠢᠯᠡᠳᠪᠤᠷᠢᠯᠡᠯ | ᠤᠨ ᠵᠦᠪᠯᠡᠯ ᠠᠴᠠ ᠲᠦᠷᠦ ᠶᠢᠨ ᠶᠠᠪᠤᠳᠠᠯ ᠤᠨ ᠬᠤᠷᠢᠶᠠᠨ ᠤ ᠠᠶᠤᠯ ᠦᠭᠡᠢ ᠦᠢᠯᠡᠳᠪᠤᠷᠢᠯᠡᠯ ᠤᠨ ᠵᠦᠪᠯᠡᠯ ᠤᠨ | ᠬᠢᠨᠡᠨ ᠰᠢᠯᠭᠠᠵᠦ ᠲᠤᠭᠤᠷᠢᠨ ᠪᠠᠶᠢᠴᠠᠭᠠᠬᠤ ᠳᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ | ᠵᠢᠴᠢ ᠪᠦᠬᠦ ᠤᠷᠤᠨ ᠤ ᠠᠶᠤᠯ ᠦᠭᠡᠢ ᠦᠢᠯᠡᠳᠪᠤᠷᠢᠯᠡᠯ ᠤᠨ ᠶᠡᠭᠡ ᠪᠠᠶᠢᠴᠠᠭᠠᠯᠳᠠ ᠶᠢᠨ ᠠᠵᠢᠯ ᠢ ᠠᠬᠢᠭᠤᠯᠬᠤ | ᠬᠤᠷᠠᠯ ᠬᠤᠷᠠᠯᠳᠤᠭᠤᠯᠪᠠ᠃ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠳᠡᠳ᠋ ᠱᠦᠵᠢ᠂ ᠦᠪᠡᠷᠲᠡᠭᠡᠨ | ᠵᠠᠰᠠᠬᠤ ᠤᠷᠤᠨ ᠤ ᠲᠡᠷᠢᠬᠦᠯᠡᠭᠴᠢ ᠪᠦ᠋ ᠰᠢᠶᠤᠤ ᠯᠢᠨ ᠬᠤᠷᠠᠯ ᠢ ᠡᠷᠬᠢᠯᠡᠨ ᠶᠠᠷᠢᠶ᠎ᠠ ᠲᠠᠯᠪᠢᠵᠦ᠂ ᠦᠪᠡᠷᠲᠡᠭᠡᠨ ᠵᠠᠰᠠᠬᠤ | ᠤᠷᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠬᠦᠨ᠂ ᠦᠪᠡᠷᠲᠡᠭᠡᠨ ᠵᠠᠰᠠᠬᠤ ᠤᠷᠤᠨ ᠤ ᠪᠠᠶᠢᠡᠭᠭᠤ ᠶᠢᠨ | ᠳᠡᠳ᠋ ᠲᠡᠷᠢᠬᠦᠯᠡᠭᠴᠢ ᠮᠠ ᠰᠢᠤᠸᠠᠢ ᠵᠢᠶᠦ᠋ᠨ ᠴᠡᠭᠴᠡᠯᠡᠨ ᠰᠠᠶᠢᠵᠢᠷᠠᠭᠤᠯᠬᠤ ᠠᠵᠢᠯ ᠢ ᠪᠠᠶᠢᠷᠢᠯᠠᠭᠤᠯᠵᠠᠢ᠃ | ᠪᠦ᠋ ᠰᠢᠶᠤᠤ ᠯᠢᠨ ᠵᠢᠭᠠᠵᠤ ᠭᠠᠷᠭᠠᠭᠰᠠᠨ ᠨᠢ᠂ ᠠᠮᠢ ᠨᠠᠰᠤᠨ ᠠᠴᠠ ᠢᠯᠡᠬᠦᠦ ᠡᠷᠬᠢᠮ ᠵᠦᠢᠯ ᠭᠡᠵᠦ ᠪᠠᠶᠢᠬᠤ | ᠦᠭᠡᠢ᠂ ᠬᠦᠭᠵᠢᠯᠲᠡ ᠨᠢ ᠠᠮᠤᠷ ᠲᠦᠪᠰᠢᠨ ᠢᠶᠠᠷ ᠦᠷᠡᠭᠳᠡᠯ ᠪᠤᠯᠭᠠᠵᠤ ᠤᠬᠳᠤ ᠪᠤᠯᠬᠤ ᠦᠭᠡᠢ᠂ ᠡᠨᠡ ᠪᠤᠯ | ᠬᠤᠷᠢᠭ᠎ᠠ ᠱᠤᠭᠤᠮ᠂ ᠪᠠᠰᠠ ᠴᠦ ᠤᠯᠠᠭᠠᠨ ᠱᠤᠭᠤᠮ ᠮᠦᠨ᠃ ᠡᠯ᠎ᠠ ᠱᠠᠳᠤᠨ ᠤ ᠨᠠᠮ ᠵᠠᠰᠠᠭ ᠤᠨ ᠤᠳᠤᠷᠢᠳᠬᠤ | ᠺᠠᠳ᠋ᠷ᠂ ᠬᠠᠤᠯᠢ ᠭᠡᠷᠡᠭᠵᠢᠬᠦᠯᠬᠦ ᠬᠢᠨᠡᠨ ᠬᠠᠮᠢᠶᠠᠷᠬᠤ ᠰᠠᠯᠠᠭ᠎ᠠ ᠮᠦᠴᠢᠷ ᠪᠠ ᠠᠵᠤ ᠠᠬᠤᠢᠢᠯᠠᠯ ᠤᠳ ᠡᠷᠭᠡᠪᠰᠢ ᠠᠶᠤᠯ | ᠦᠭᠡᠢ ᠦᠢᠯᠡᠳᠪᠤᠷᠢᠯᠡᠯ ᠤᠨ ᠬᠠᠷᠢᠭᠤᠴᠠᠯᠭ᠎ᠠ ᠶᠢ ᠲᠡᠷᠡ ᠶᠤᠰᠤᠭᠠᠷ ᠨᠢ ᠨᠠᠶᠢᠳᠠᠪᠤᠷᠢᠵᠢᠭᠤᠯᠵᠦ᠂ ᠭᠤᠤᠯ | ᠤᠳᠤᠷᠢᠳᠤᠯᠭ᠎ᠠ ᠪᠡᠶ᠎ᠠ ᠪᠠᠷ ᠢᠶᠠᠨ ᠤᠷᠤᠯᠴᠠᠨ ᠠᠬᠢᠭᠤᠯᠵᠦ᠂ ︽ᠨᠢᠭᠡ ᠤᠷᠤᠨ ᠤ ᠬᠦᠭᠵᠢᠯᠳᠠ ᠶᠢ ᠠᠬᠢᠭᠤᠯᠵᠦ᠂ | ᠨᠢᠭᠡ ᠤᠷᠤᠨ ᠤ ᠠᠮᠤᠷ ᠠᠮᠤᠭᠤᠯᠠᠩ ᠢ ᠪᠠᠳᠤᠯᠠᠬᠤ︾ ᠤᠯᠤᠰ ᠲᠦᠷᠦ ᠶᠢᠨ ᠬᠠᠷᠢᠭᠤᠴᠠᠯᠭ᠎ᠠ ᠶᠢ ᠦᠨᠡᠨ ᠬᠦ | ᠡᠬᠦᠷᠭᠡᠯᠡᠵᠦ᠂ ᠵᠤᠷᠢᠭ ᠰᠢᠭᠤᠳᠴᠦ᠂ ᠬᠦᠴᠦ ᠤᠷᠤᠭᠤᠯᠵᠦ ᠪᠠᠶᠢᠭᠠᠳ ᠠᠶᠤᠯ ᠦᠭᠡᠢ ᠦᠢᠯᠡᠳᠪᠤᠷᠢᠯᠡᠯ ᠤᠨ ᠠᠵᠢᠯ | ᠢ ᠰᠠᠶᠢᠳᠤᠷ ᠬᠢᠬᠦ ᠭᠡᠷᠡᠭᠲᠡᠢ᠃ ᠪᠦᠬᠦ ᠨᠡᠶᠢᠭᠡᠮ ᠤᠨ ᠠᠮᠤᠷ ᠲᠦᠪᠰᠢᠨ ᠤ ᠬᠦᠮᠦᠵᠢᠯ ᠢ ᠴᠢᠩᠭᠠᠳᠬᠠᠵᠦ᠂ ᠠᠮᠢ ᠨᠠᠰᠤ | ᠡᠷᠬᠢᠮ ᠳᠡᠭᠡᠳᠦ᠂ ᠠᠮᠤᠷ ᠲᠦᠪᠰᠢᠨ ᠲᠡᠷᠢᠬᠦᠨ ᠴᠢᠬᠤᠯᠠ ᠭᠡᠬᠦ ᠦᠵᠡᠯ ᠰᠠᠨᠠᠭ᠎ᠠ ᠶᠢ ᠪᠠᠳᠠᠷᠠᠭᠤᠯᠵᠦ᠂ ᠬᠦᠮᠦᠨ | ᠪᠦᠬᠦᠨ ᠤᠬᠠᠮᠰᠠᠷ ᠠᠴᠠ ᠪᠠᠨ ︽ᠠᠮᠤᠷ ᠲᠦᠪᠰᠢᠨ ᠢ ᠰᠠᠬᠢᠨ ᠬᠠᠮᠠᠭᠠᠯᠠᠬᠤ︾ ᠭᠡᠷᠡᠭᠲᠡᠢ ᠭᠡᠵᠡᠢ᠃ | ᠪᠦ᠋ ᠰᠢᠶᠤᠤ ᠯᠢᠨ ᠴᠢᠬᠤᠯᠠᠴᠢᠯᠠᠭᠰᠠᠨ ᠨᠢ᠂ ᠡᠯ᠎ᠠ ᠱᠠᠲᠤᠨ ᠤ ᠬᠢᠨ ᠴᠡᠭᠴᠡᠯᠡᠨ ᠰᠠᠶᠢᠵᠢᠷᠠᠭᠤᠯᠬᠤ ᠶᠢ | ᠰᠠᠶᠢᠲᠤᠷ ᠠᠳᠬᠤᠬᠤ ᠪᠠᠷ ᠠᠶᠤᠯ ᠦᠭᠡᠢ ᠦᠢᠯᠡᠳᠪᠦᠷᠢᠯᠡᠯ ᠤᠨ ᠠᠵᠢᠯ ᠢ ᠴᠢᠩᠭᠠᠳᠬᠠᠨ ᠰᠠᠶᠢᠵᠢᠷᠠᠭᠤᠯᠬᠤ ᠴᠢᠬᠤᠯᠠ | ᠠᠵᠠ ᠲᠤᠬᠢᠶᠠᠯ ᠪᠤᠯᠭᠠᠵᠤ᠂ ᠠᠰᠠᠭᠤᠳᠠᠯ ᠪᠤᠯᠤᠨ ᠭᠡᠮ ᠰᠤᠭᠤᠭ ᠢ ᠴᠢᠩᠭ᠎ᠠ ᠠᠩᠬᠠᠷᠴᠤ᠂ ᠬᠠᠷᠢᠭᠤᠴᠠᠯᠭᠠᠲᠤ | ᠤᠪᠤᠷ ᠢᠶᠠᠷ᠂ ᠰᠡᠳᠭᠢᠯᠭᠡ ᠲᠠᠢ ᠪᠠᠷ ᠨᠢᠭᠡᠳ ᠨᠢᠭᠡ ᠪᠠᠷ ᠰᠢᠢᠳᠪᠦᠷᠢᠯᠡᠬᠦ ᠬᠡᠷᠡᠭᠲᠡᠢ᠃ ᠡᠬᠢ ᠡᠭᠦᠰᠦᠯ ᠠᠴᠠ ᠨᠢ | ᠰᠡᠷᠭᠡᠶᠢᠯᠡᠨ ᠬᠠᠮᠢᠶᠠᠷᠤᠨ ᠡᠵᠡᠮᠳᠡᠬᠦ ᠪᠠᠨ ᠴᠢᠩᠭᠠᠳᠬᠠᠵᠤ᠂ ᠠᠶᠤᠯ ᠦᠭᠡᠢ ᠦᠢᠯᠡᠳᠪᠦᠷᠢᠯᠡᠯ ᠢ ᠬᠤᠲᠠ ᠬᠦᠳᠡᠭᠡ ᠶᠢᠨ | ᠲᠦᠯᠦᠪᠵᠢᠭᠦᠯᠭᠡ ᠶᠢᠨ ᠪᠠᠶᠢᠷᠢᠰᠢᠭᠤᠯᠤᠯᠲᠠ᠂ ᠲᠦᠯᠦᠪᠯᠡᠭᠡ᠂ ᠪᠦᠲᠦᠭᠡᠨ ᠪᠠᠶᠢᠭᠤᠯᠤᠯᠲᠠ ᠪᠤᠯᠤᠨ ᠬᠠᠮᠢᠶᠠᠷᠤᠯᠲᠠ | ᠵᠢᠴᠢ ᠠᠵᠤ ᠠᠬᠤᠢᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠠᠵᠢᠯᠯᠠᠭ᠎ᠠ ᠶᠢᠨ ᠪᠦᠬᠦ ᠶᠠᠪᠤᠴᠠ ᠳᠤ | ᠲᠤᠭᠤᠰᠢᠯᠠᠭᠤᠯᠬᠤ ᠬᠡᠷᠡᠭᠲᠡᠢ᠃ ᠪᠡᠴᠢᠮ ᠪᠠᠶᠢᠳᠠᠯ ᠢ ᠠᠷᠭᠠᠴᠠᠭᠠᠬᠤ ᠴᠢᠳᠠᠪᠤᠷᠢ ᠶᠢᠨ ᠪᠠᠶᠢᠭᠤᠯᠤᠯᠲᠠ ᠶᠢ | ᠴᠢᠩᠭᠠᠳᠬᠠᠵᠤ᠂ ᠤᠷᠤᠨ ᠪᠦᠰᠡ ᠪᠤᠯᠤᠨ ᠠᠵᠤ ᠠᠬᠤᠢᠢᠯᠠᠯ ᠤᠨ ᠦᠨᠳᠦᠰᠦᠨ ᠠᠮᠤᠷ ᠲᠦᠪᠰᠢᠨ ᠤ ᠬᠢᠷᠢ | ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠰᠢᠨ᠎ᠠ ᠳᠤᠮᠳᠠᠳᠤ ᠤᠯᠤᠰ ᠪᠠᠶᠢᠭᠤᠯᠤᠬᠳᠠᠬᠰᠠᠨ 70 ᠵᠢᠯ ᠤᠨ | ᠤᠢ ᠶᠢ ᠪᠡᠯᠭᠡᠯᠡᠬᠦ ᠳᠤ ᠰᠠᠶᠢᠨ ᠰᠠᠶᠢᠬᠠᠨ ᠤᠷᠴᠢᠨ ᠠᠬᠤᠢ ᠶᠢ ᠡᠭᠦᠳᠴᠦ ᠦᠭᠬᠦ ᠬᠡᠷᠡᠭᠲᠡᠢ ᠭᠡᠵᠡᠢ᠃ | ᠮᠠ ᠰᠢᠤᠸᠠᠢ ᠵᠢᠶᠦ᠋ᠨ ᠴᠢᠬᠤᠯᠠᠴᠢᠯᠠᠭᠰᠠᠨ ᠨᠢ᠂ ᠡᠯ᠎ᠠ ᠭᠠᠵᠠᠷ ᠤᠷᠤᠨ ᠡᠯ᠎ᠠ ᠰᠠᠯᠠᠭ᠎ᠠ ᠮᠦᠴᠢᠷ ᠤᠯᠤᠰ | ᠲᠦᠷᠦ ᠶᠢᠨ ᠵᠤᠬᠰᠤᠴᠠ ᠪᠠᠨ ᠳᠡᠭᠡᠭᠰᠢᠯᠡᠭᠦᠯᠵᠦ᠂ ᠡᠯ᠎ᠠ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ | ᠭᠤᠤᠯ ᠬᠠᠷᠢᠭᠤᠴᠠᠯᠭᠠᠲᠠᠨ ᠨᠢᠭᠡᠳᠦᠭᠡᠷ ᠬᠠᠷᠢᠭᠤᠴᠠᠯᠭᠠᠲᠠᠨ ᠪᠤᠯᠬᠤ ᠬᠠᠷᠢᠭᠤᠴᠠᠯᠭ᠎ᠠ᠂ ᠰᠠᠯᠠᠭ᠎ᠠ ᠮᠦᠴᠢᠷ ᠤᠨ ᠬᠢᠨᠠᠨ | ᠬᠠᠮᠢᠶᠠᠷᠬᠤ ᠬᠠᠷᠢᠭᠤᠴᠠᠯᠭ᠎ᠠ ᠪᠤᠯᠤᠨ ᠠᠵᠤ ᠠᠬᠤᠢᠢᠯᠠᠯ ᠤᠨ ᠭᠤᠤᠯ ᠴᠤᠬᠴᠠ ᠶᠢᠨ ᠬᠠᠷᠢᠭᠤᠴᠠᠯᠭ᠎ᠠ ᠶᠢ | ᠪᠤᠳᠠᠲᠠᠶᠢᠵᠢᠭᠤᠯᠵᠤ᠂ ᠠᠰᠠᠭᠤᠳᠠᠯ ᠭᠡᠮ ᠰᠣᠭᠤᠭ ᠢ ᠦᠨᠡᠨ ᠬᠦ ᠴᠡᠭᠴᠡᠯᠡᠨ ᠰᠠᠶᠢᠵᠢᠷᠠᠭᠤᠯᠬᠤ ᠶᠢ ᠬᠦᠴᠦᠯᠡᠨ | ᠠᠬᠢᠭᠤᠯᠬᠤ ᠬᠡᠷᠡᠭᠲᠡᠢ︔ ᠬᠢᠨᠠᠯᠲᠠ ᠲᠠᠯᠪᠢᠵᠤ ᠬᠠᠷᠢᠭᠤᠴᠠᠯᠭ᠎ᠠ ᠲᠤᠯᠭᠠᠬᠤ ᠶᠢ ᠴᠢᠩᠭᠠᠳᠬᠠᠵᠤ᠂ ᠠᠵᠢᠯ ᠤᠨ | ᠨᠡᠶᠢᠯᠡᠮᠡᠯ ᠬᠦᠴᠦᠨ ᠢ ᠪᠦᠷᠢᠯᠳᠦᠭᠦᠯᠵᠦ᠂ ᠬᠠᠷᠢᠭᠤᠴᠠᠯᠭ᠎ᠠ ᠶᠢ ᠪᠤᠳᠠᠲᠠᠢ ᠳᠤ ᠨᠠᠶᠢᠳᠠᠪᠤᠷᠢᠵᠢᠭᠤᠯᠤᠭᠰᠠᠨ ᠦᠭᠡᠢ᠂ | ᠴᠡᠭᠴᠡᠯᠡᠨ ᠰᠠᠶᠢᠵᠢᠷᠠᠭᠤᠯᠬᠤ ᠨᠢ ᠨᠠᠵᠠᠭᠠᠢ ᠪᠠᠶᠢᠪᠠᠯ ᠬᠠᠤᠯᠢ ᠲᠤᠬᠲᠠᠭᠠᠯ ᠶᠤᠰᠤᠭᠠᠷ ᠬᠠᠷᠢᠭᠤᠴᠠᠯᠭ᠎ᠠ ᠲᠤᠯᠭᠠᠨ | ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ︔ ᠠᠮᠤᠷ ᠲᠦᠪᠰᠢᠨ ᠤ ᠠᠶᠤᠯ ᠲᠦᠭᠰᠢᠭᠦᠷᠢ ᠶᠢ ᠦᠨᠡᠯᠡᠨ ᠵᠢᠱᠢᠬᠦ ᠶᠢ ᠪᠦᠬᠦ | ᠲᠠᠯ᠎ᠠ ᠪᠠᠷ ᠦᠷᠨᠢᠭᠦᠯᠵᠦ᠂ ᠲᠦᠷᠦᠯ ᠵᠦᠢᠯ ᠪᠤᠯᠤᠨ ᠠᠵᠤ ᠠᠬᠤᠢᠢᠯᠠᠯ ᠤᠨ ᠠᠮᠤᠷ ᠲᠦᠪᠰᠢᠨ ᠤ ᠦᠨᠡᠯᠡᠯᠲᠡ ᠶᠢ | ᠬᠠᠮᠢᠶᠠᠷᠤᠨ ᠡᠵᠡᠮᠳᠡᠬᠦ ᠪᠠᠨ ᠴᠢᠩᠭᠠᠳᠬᠠᠵᠤ᠂ ᠲᠤᠰᠬᠠᠢ ᠬᠠᠮᠢᠶᠠᠷᠤᠯᠲᠠ ᠶᠢᠨ ᠲᠦᠪᠰᠢᠨ ᠢᠶᠠᠨ ᠳᠡᠭᠡᠭᠰᠢᠯᠡᠭᠦᠯᠵᠦ᠂ | ᠠᠶᠤᠯᠲᠠᠢ ᠬᠢᠮᠢ ᠶᠢᠨ ᠠᠵᠢᠯ ᠲᠦᠷᠦᠯ ᠤᠨ ᠠᠶᠤᠯ ᠦᠭᠡᠢ ᠦᠢᠯᠡᠳᠪᠦᠷᠢᠯᠡᠯ ᠤᠨ ᠠᠵᠢᠯ ᠢ ᠤᠯᠠᠮ ᠴᠢᠨᠠᠬᠰᠢᠲᠠ | ᠴᠢᠩᠭᠠᠳᠬᠠᠬᠤ ᠬᠡᠷᠡᠭᠲᠡᠢ ᠭᠡᠵᠡᠢ᠃ | ᠬᠤᠷᠠᠯ ᠢ ᠬᠠᠷᠠᠭᠠᠨ ᠳᠠᠪᠲᠠᠮᠵᠢ ᠶᠢᠨ ᠬᠡᠯᠪᠡᠷᠢ ᠪᠠᠷ ᠬᠤᠷᠠᠯᠳᠤᠭᠤᠯᠵᠤ᠂ ᠦᠪᠡᠷᠲᠡᠭᠡᠨ ᠵᠠᠰᠠᠬᠤ ᠤᠷᠤᠨ ᠤ | ᠤᠳᠤᠷᠢᠳᠤᠯᠭ᠎ᠠ ᠵᠠᠩ ᠶᠤᠸᠠᠨ ᠵᠦᠩ᠂ ᠯᠢ ᠵᠢᠶᠧ ᠰᠢᠶᠠᠩ᠂ ᠠᠢ ᠯᠢ ᠬᠤᠸᠠ᠂ ᠳ᠋ᠤᠸᠠᠨ ᡁᠢ ᠴᠢᠶᠠᠩ᠂ ᠡᠸᠦ ᠶᠠᠩ | ᠰᠢᠶᠤᠤ ᠬᠤᠢ᠂ ᠯᠢ ᠪᠢᠩ ᠷᠦᠩ᠂ ᠴᠠᠩ ᠵᠢᠶᠦ᠋ᠨ ᠵᠧᠩ ᠲᠤᠰ ᠪᠦᠷᠢ ᠭᠤᠤᠯ ᠬᠤᠷᠠᠯ ᠤᠨ ᠲᠠᠯᠠᠪᠠᠢ ᠪᠤᠯᠤᠨ | ᠬᠤᠪᠢᠶᠠᠷᠢ ᠬᠤᠷᠠᠯ ᠤᠨ ᠲᠠᠯᠠᠪᠠᠢ ᠳᠤ ᠤᠷᠤᠯᠴᠠᠪᠠ᠃ | |