︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠥᠰᠥᠪ ᠤᠨ ᠲᠣᠭᠲᠠᠭᠤᠨ ᠢ ᠲᠣᠬᠢᠷᠠᠭᠤᠯᠬᠤ ᠰᠠᠭᠤᠷᠢ ᠮᠦᠩᠭᠦ ᠶᠢᠨ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ︾ ᠶᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ
ᠨᠡᠶᠢᠲᠡᠯᠡᠭᠰᠡᠨ ᠴᠠᠭ᠄
2019/5/8

             ᠥᠪᠥᠷ ᠵᠠᠰᠠᠭ ᠠᠯᠪᠠᠨ ᠲᠠᠷᠬᠠᠭᠠᠭᠰᠠᠨ               ﹇2018﹈ 92 ᠳ᠋ᠤᠭᠠᠷ ᠲᠤᠭᠠᠳᠤ
                                                     

ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠦᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠠᠵᠢᠯ ᠦᠢᠯᠡᠰ ᠤᠨ ᠨᠢᠭᠡᠴᠢ ᠳᠤ᠄
     ᠡᠳᠦᠭᠡ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠥᠰᠥᠪ ᠤᠨ ᠲᠣᠭᠲᠠᠭᠤᠨ ᠢ ᠲᠣᠬᠢᠷᠠᠭᠤᠯᠬᠤ ᠰᠠᠭᠤᠷᠢ ᠮᠦᠩᠭᠦ ᠶᠢᠨ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ︾ ᠶᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠦᠪᠰᠢᠶᠡᠷᠡᠭᠦᠯᠦᠭᠡᠳ᠂ ᠲᠠ ᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ ᠲᠠᠢ ᠤᠶᠠᠯᠳᠤᠭᠤᠯᠤᠨ᠂ ᠬᠢᠨᠠᠮᠠᠭᠠᠢ ᠵᠢᠷᠤᠮᠯᠠᠨ ᠬᠡᠷᠡᠭᠵᠢᠭᠦᠯᠲᠦᠭᠡᠢ᠃


             ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠥᠰᠥᠪ ᠤᠨ ᠲᠣᠭᠲᠠᠭᠤᠨ ᠢ

             ᠲᠣᠬᠢᠷᠠᠭᠤᠯᠬᠤ ᠰᠠᠭᠤᠷᠢ ᠮᠦᠩᠭᠦ ᠶᠢᠨ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ


     ᠨᠢᠭᠡᠳᠦᠭᠡᠷ ᠪᠦᠯᠦᠭ    ᠶᠡᠷᠦᠩᠬᠡᠢ ᠳᠥᠷᠢᠮ


     ᠨᠢᠭᠡᠳᠦᠭᠡᠷ ᠵᠦᠢᠯ
   ᠪᠦᠬᠦ ᠲᠠᠯ᠎ᠠ ᠶᠢᠨ ᠵᠢᠷᠤᠮᠵᠢᠭᠤᠨ ᠪᠦᠭᠡᠳ ᠢᠯᠡ ᠲᠣᠳᠣ᠂ ᠪᠠᠷᠢᠮᠵᠢᠶᠠᠵᠢᠭᠤᠨ ᠰᠢᠨᠵᠢᠯᠡᠬᠦ ᠤᠬᠠᠭᠠᠨᠴᠢ᠂ ᠬᠢᠵᠠᠭᠠᠷᠯᠠᠬᠤ ᠬᠦᠴᠦᠨ ᠲᠠᠢ ᠲᠥᠰᠦᠪ ᠤᠨ ᠳᠥᠷᠢᠮ ᠢ ᠪᠠᠶᠢᠭᠤᠯᠵᠤ᠂ ᠣᠨ ᠵᠢᠯ ᠠᠯᠤᠰᠯᠠᠭᠰᠠᠨ ᠲᠥᠰᠥᠪ ᠤᠨ ᠲᠡᠩᠴᠡᠭᠦᠷᠢ ᠶᠢᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠲᠥᠰᠥᠪ ᠤᠨ ᠲᠣᠭᠲᠠᠭᠤᠨ ᠢ ᠲᠣᠬᠢᠷᠠᠭᠤᠯᠬᠤ ᠰᠠᠭᠤᠷᠢ ᠮᠦᠩᠭᠦ ᠶᠢ ᠪᠠᠶᠢᠭᠤᠯᠬᠤ᠂ ᠲᠣᠬᠢᠷᠠᠭᠤᠯᠬᠤ ᠪᠠ ᠬᠡᠷᠡᠭᠯᠡᠬᠦ ᠶᠢ ᠵᠢᠷᠤᠮᠵᠢᠭᠤᠯᠬᠤ ᠶᠢᠨ ᠲᠣᠰᠠᠳᠠ᠂ ︽ᠪᠦᠭᠦᠳᠡ ᠨᠠᠶᠢᠷᠠᠮᠳᠠᠬᠤ ᠳᠤᠮᠳᠠᠲᠤ ᠠᠷᠠᠳ ᠤᠯᠤᠰ ᠤᠨ ᠲᠥᠰᠥᠪ ᠤᠨ ᠬᠠᠤᠯᠢ︾ ︽ᠪᠦᠭᠦᠳᠡ ᠨᠠᠶᠢᠷᠠᠮᠳᠠᠬᠤ ᠳᠤᠮᠳᠠᠲᠤ ᠠᠷᠠᠳ ᠤᠯᠤᠰ ᠤᠨ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠬᠠᠤᠯᠢ︾ ᠵᠢᠴᠢ ᠡᠳ᠋ ᠤᠨ ᠵᠠᠰᠠᠭ ᠤᠨ ᠶᠠᠮᠤᠨ ᠤ ︽︿ᠲᠥᠰᠥᠪ ᠤᠨ ᠲᠣᠭᠲᠠᠭᠤᠨ ᠢ ᠲᠣᠬᠢᠷᠠᠭᠤᠯᠬᠤ ᠰᠠᠭᠤᠷᠢ ᠮᠦᠩᠭᠦ ᠶᠢᠨ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ﹀ ᠶᠢ ᠳᠠᠷᠤᠮᠠᠯᠯᠠᠨ ᠶᠠᠪᠤᠭᠤᠯᠬᠤ ᠲᠤᠬᠠᠢ ᠮᠡᠳᠡᠭᠳᠡᠯ︾ ︵ᠡᠳ᠋ ᠳᠥᠰᠥᠪ ﹇2018﹈ 35 ᠳ᠋ᠤᠭᠠᠷ ᠲᠣᠭᠠᠲᠤ︶ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠪᠠ ᠪᠢᠴᠢᠭ ᠮᠠᠲ᠋ᠧᠷᠢᠶᠠᠯ ᠤᠨ ᠬᠠᠮᠢᠶ᠎ᠠ ᠪᠦᠬᠦᠢ ᠲᠣᠭᠲᠠᠭᠠᠯ ᠤᠳ ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠪᠣᠳᠠᠲᠠᠢ ᠲᠠᠢ ᠤᠶᠠᠯᠳᠤᠭᠤᠯᠵᠤ᠂ ᠲᠤᠰ ᠠᠷᠭ᠎ᠠ ᠶᠢ ᠲᠣᠭᠲᠠᠭᠠᠪᠠ᠃
    ᠬᠤᠶᠠᠳᠤᠭᠠᠷ ᠵᠦᠢᠯ   ᠲᠤᠰ ᠠᠷᠭ᠎ᠠ ᠳᠤ ᠬᠡᠯᠡᠵᠦ ᠪᠠᠶᠢᠭ᠎ᠠ ᠲᠥᠰᠥᠪ ᠤᠨ ᠲᠣᠭᠲᠠᠭᠤᠨ ᠢ ᠲᠣᠬᠢᠷᠠᠭᠤᠯᠬᠤ ᠰᠠᠭᠤᠷᠢ ᠮᠦᠩᠭᠦ ᠪᠣᠯ ᠬᠤᠷᠸ᠎ᠠ ᠲᠣᠬᠢᠷᠠᠭᠤᠯᠤᠯᠲᠠ ᠶᠢᠨ ᠬᠠᠷᠠᠯᠲᠠ ᠶᠢ ᠪᠡᠶᠡᠯᠡᠭᠦᠯᠵᠦ᠂ ᠣᠨ ᠵᠢᠯ ᠤᠨ ᠬᠤᠭᠤᠷᠣᠨᠳᠤᠬᠢ ᠵᠠᠰᠠᠭ ᠤᠨ ᠣᠷᠳᠣᠨ ᠤ ᠲᠥᠰᠥᠪ ᠤᠨ ᠵᠤᠯᠭᠠᠭᠤᠯᠲᠠ ᠪᠠ ᠲᠣᠭᠲᠠᠭᠤᠨ ᠢ ᠪᠠᠲᠤᠯᠠᠬᠤ ᠶᠢᠨ ᠲᠤᠰᠠᠳᠠ᠂ ᠡᠯ᠎ᠡ ᠱᠠᠲᠤᠨ ᠤ ᠡᠩ ᠤᠨ ᠣᠯᠠᠨ ᠨᠡᠶᠢᠲᠡ ᠶᠢᠨ ᠲᠥᠰᠥᠪ ᠤᠨ ᠪᠠᠶᠢᠭᠤᠯᠤᠭᠰᠠᠨ ᠨᠦᠬᠡᠴᠡ ᠶᠢᠨ ᠴᠢᠨᠠᠷᠲᠠᠢ ᠪᠡᠯᠡ ᠮᠦᠩᠭᠦ ᠶᠢ ᠵᠢᠭᠠᠵᠤ ᠪᠠᠶᠢᠨ᠎ᠠ᠃ ᠡᠯ᠎ᠡ ᠱᠠᠲᠤᠨ ᠤ ᠵᠠᠰᠠᠭ ᠤᠨ ᠣᠷᠳᠣᠨ ᠤ ᠴᠢᠨᠠᠷᠲᠠᠢ ᠰᠠᠭᠤᠷᠢ ᠮᠦᠩᠭᠦ ᠶᠢᠨ ᠲᠥᠰᠥᠪ᠂ ᠤᠯᠤᠰ ᠤᠨ ᠦᠮᠴᠢᠯᠡᠯ ᠤᠨ ᠬᠦᠷᠦᠩᠭᠡ ᠶᠢᠨ ᠡᠵᠡᠩᠨᠡᠯᠲᠡ ᠶᠢᠨ ᠲᠥᠰᠥᠪ ᠪᠠ ᠨᠡᠶᠢᠭᠡᠮ ᠤᠨ ᠳᠠᠭᠠᠳᠬᠠᠯ ᠤᠨ ᠰᠠᠭᠤᠷᠢ ᠮᠦᠩᠭᠦ ᠶᠢᠨ ᠲᠥᠰᠥᠪ ᠲᠤ ᠲᠥᠰᠥᠪ ᠤᠨ ᠲᠣᠭᠲᠠᠭᠤᠨ ᠢ ᠲᠣᠬᠢᠷᠠᠭᠤᠯᠬᠤ ᠰᠠᠭᠤᠷᠢ ᠮᠦᠩᠭᠦ ᠪᠠᠶᠢᠭᠤᠯᠵᠤ ᠪᠣᠯᠬᠤ ᠦᠭᠡᠢ᠃
    ᠭᠤᠷᠪᠠᠳᠤᠭᠠᠷ ᠵᠦᠢᠯ   ᠡᠯ᠎ᠡ ᠱᠠᠲᠤᠨ ᠤ ᠵᠠᠰᠠᠭ ᠤᠨ ᠣᠷᠳᠣᠨ ᠤ ᠡᠳ᠋ ᠤᠨ ᠵᠠᠰᠠᠭ ᠤᠨ ᠰᠠᠯᠠᠭ᠎ᠠ ᠮᠦᠴᠢᠷ ᠨᠢ ᠲᠥᠰᠥᠪ ᠤᠨ ᠲᠣᠭᠲᠠᠭᠤᠨ ᠢ ᠲᠣᠬᠢᠷᠠᠭᠤᠯᠬᠤ ᠰᠠᠭᠤᠷᠢ ᠮᠦᠩᠭᠦ ᠪᠠᠶᠢᠭᠤᠯᠬᠤ᠂ ᠲᠣᠬᠢᠷᠠᠭᠤᠯᠬᠤ ᠪᠠ ᠬᠡᠷᠡᠭᠯᠡᠬᠦ ᠪᠣᠳᠠᠲᠠᠢ ᠲᠥᠰᠥᠯ ᠢ ᠳᠤᠷᠠᠳᠬᠤ ᠶᠢ ᠬᠠᠷᠢᠭᠤᠴᠠᠵᠤ᠂ ᠠᠳᠠᠯᠢ ᠱᠠᠲᠤᠨ ᠤ ᠵᠠᠰᠠᠭ ᠤᠨ ᠣᠷᠳᠣᠨ ᠳᠤ ᠮᠡᠳᠡᠭᠦᠯᠵᠦ ᠵᠦᠪᠰᠢᠶᠡᠷᠡᠭᠦᠯᠦᠭᠰᠡᠨ ᠤ ᠳᠠᠷᠠᠭ᠎ᠠ᠂ ᠲᠤᠰ ᠱᠠᠲᠤᠨ ᠤ ᠲᠦᠰᠦᠪ ᠪᠠ ᠲᠥᠰᠥᠪ ᠤᠨ ᠭᠦᠢᠴᠡᠳᠭᠡᠯ ᠤᠨ ᠡᠬᠡ ᠲᠥᠰᠥᠯ ᠪᠣᠶᠤ ᠲᠤᠰ ᠱᠠᠲᠤᠨ ᠤ ᠲᠥᠰᠥᠪ ᠤᠨ ᠲᠣᠬᠢᠷᠠᠭᠤᠯᠤᠯᠲᠠ ᠶᠢᠨ ᠲᠥᠰᠥᠯ ᠳᠤ ᠨᠠᠶᠢᠷᠠᠭᠤᠯᠤᠨ ᠣᠷᠤᠭᠤᠯᠬᠤ ᠬᠡᠷᠡᠭᠲᠡᠢ᠃
     ᠳᠥᠷᠪᠡᠳᠦᠭᠡᠷ ᠵᠦᠢᠯ   ᠡᠩ ᠤᠨ ᠤᠯᠠᠨ ᠨᠡᠶᠢᠲᠡ ᠶᠢᠨ ᠲᠥᠰᠥᠪ ᠤᠨ ᠬᠡᠲᠦ ᠣᠷᠣᠯᠭ᠎ᠠ ᠪᠠ ᠵᠠᠷᠤᠯᠭ᠎ᠠ ᠶᠢᠨ ᠥᠯᠡᠳᠡᠪᠦᠷᠢ ᠪᠡᠯᠡ ᠮᠦᠩᠭᠦ ᠶᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠣᠶᠤ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠦᠪᠰᠢᠶᠡᠷᠡᠭᠦᠯᠦᠭᠡᠳ ᠥᠪᠡᠰᠦᠪᠡᠨ ᠲᠣᠬᠢᠷᠠᠭᠤᠯᠤᠨ ᠬᠡᠷᠡᠭᠯᠡᠵᠦ ᠪᠣᠯᠣᠨ᠎ᠠ᠃ ᠮᠣᠷᠢᠨᠳᠠᠪᠠᠭ᠎ᠠ ᠶᠢᠨ ᠳᠠᠭᠤᠷ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤ᠂ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤ᠂ ᠣᠷᠴᠤᠨ ᠤ ᠥᠪᠡᠷᠲᠡᠭᠡᠨ ᠵᠠᠰᠠᠬᠤ ᠬᠤᠰᠢᠭᠤ ᠶᠢᠨ ᠡᠩ ᠤᠨ ᠣᠯᠠᠨ ᠨᠡᠶᠢᠲᠡ ᠶᠢᠨ ᠲᠥᠰᠥᠪ ᠤᠨ ᠬᠡᠲᠦ ᠣᠷᠤᠯᠭ᠎ᠠ ᠪᠠ ᠵᠠᠷᠤᠯᠭ᠎ᠠ ᠶᠢᠨ ᠦᠯᠡᠳᠡᠪᠦᠷᠢ ᠪᠡᠯᠡ ᠮᠦᠩᠭᠦ ᠶᠢ ᠥᠪᠡᠷᠲᠡᠭᠡᠨ ᠵᠠᠰᠠᠬᠤ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠣᠶᠤ ᠥᠪᠡᠷᠲᠡᠭᠡᠨ ᠵᠠᠰᠠᠬᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠢᠶᠠᠷ ᠵᠦᠪᠰᠢᠶᠡᠷᠡᠭᠦᠯᠦᠭᠡᠳ ᠥᠪᠡᠰᠦᠪᠡᠨ ᠲᠣᠬᠢᠷᠠᠭᠤᠯᠤᠨ ᠬᠡᠷᠡᠭᠯᠡᠵᠦ ᠪᠣᠯᠣᠨ᠎ᠠ᠃ ᠲᠥᠰᠥᠪ ᠤᠨ ᠲᠣᠬᠢᠷᠠᠭᠤᠯᠤᠯᠲᠠ ᠳᠤ ᠬᠤᠯᠪᠤᠭᠳᠠᠭᠰᠠᠨ ᠪᠠᠶᠢᠪᠠᠯ ᠲᠥᠰᠥᠪ ᠤᠨ ᠲᠣᠬᠢᠷᠠᠭᠤᠯᠤᠯᠲᠠ ᠶᠢᠨ ᠲᠥᠰᠥᠯ ᠳᠤ ᠵᠢᠭᠰᠠᠭᠠᠨ ᠣᠷᠤᠭᠤᠯᠬᠤ ᠶᠢᠨ ᠬᠠᠮᠲᠤ᠂ ᠲᠤᠰ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠳᠤ ᠮᠡᠳᠡᠭᠦᠯᠵᠦ ᠬᠢᠨᠠᠨ ᠪᠠᠶᠢᠴᠠᠭᠠᠯᠭᠠᠬᠤ ᠪᠠ ᠵᠦᠪᠰᠢᠶᠡᠷᠡᠭᠦᠯᠬᠦ ᠬᠡᠷᠡᠭᠲᠡᠢ᠃


     ᠬᠤᠶᠠᠳᠤᠭᠠᠷ ᠪᠦᠯᠦᠭ    ᠲᠥᠰᠥᠪ ᠤᠨ ᠲᠣᠭᠲᠠᠭᠤᠨ ᠢ ᠲᠣᠬᠢᠷᠠᠭᠤᠯᠬᠤ ᠰᠠᠭᠤᠷᠢ

                        ᠮᠦᠩᠭᠦ ᠶᠢ ᠪᠠᠶᠢᠭᠤᠯᠬᠤ ᠪᠠ ᠲᠣᠬᠢᠷᠠᠭᠤᠯᠬᠤ


     ᠲᠠᠪᠤᠳᠤᠭᠠᠷ ᠵᠦᠢᠯ    ᠡᠩ ᠤᠨ ᠣᠯᠠᠨ ᠨᠡᠶᠢᠲᠡ ᠶᠢᠨ ᠲᠥᠰᠥᠪ ᠤᠨ ᠬᠡᠳᠦ ᠣᠷᠣᠯᠭ᠎ᠠ ᠶᠢ ᠥᠷᠢ ᠥᠭᠴᠡᠭᠡ ᠲᠥᠯᠥᠬᠦ᠂ ᠤᠯᠠᠭᠠᠨ ᠲᠤᠭ᠎ᠠ ᠶᠢ ᠲᠤᠯᠭᠠᠨ ᠬᠠᠰᠤᠬᠤ ᠪᠣᠶᠤ ᠬᠡᠷᠡᠭᠯᠡᠬᠦ ᠪᠠᠷ ᠲᠣᠬᠢᠷᠠᠭᠤᠯᠬᠤ ᠠᠴᠠ ᠭᠠᠳᠠᠨ᠎ᠠ᠂ ᠲᠥᠰᠥᠪ ᠤᠨ ᠲᠣᠭᠲᠠᠭᠤᠨ ᠢ ᠲᠣᠬᠢᠷᠠᠭᠤᠯᠬᠤ ᠰᠠᠭᠤᠷᠢ ᠮᠦᠩᠭᠦ ᠪᠠᠶᠢᠭᠤᠯᠬᠤ ᠪᠣᠶᠤ ᠲᠣᠬᠢᠷᠠᠭᠤᠯᠬᠤ ᠳᠤ ᠬᠡᠷᠡᠭᠯᠡᠬᠦ ᠬᠡᠷᠡᠭᠲᠡᠢ᠃
     ᠵᠢᠷᠭᠤᠳᠤᠭᠠᠷ ᠵᠦᠢᠯ    ᠡᠩ ᠤᠨ ᠣᠯᠠᠨ ᠨᠡᠶᠢᠲᠡ ᠶᠢᠨ ᠲᠥᠰᠥᠪ ᠤᠨ ᠦᠯᠡᠳᠡᠪᠦᠷᠢ ᠪᠡᠯᠡ ᠮᠦᠩᠭᠦ ᠶᠢ ᠲᠣᠬᠢᠷᠠᠭᠤᠯᠤᠨ ᠬᠡᠷᠡᠭᠯᠡᠬᠦ ᠠᠴᠠ ᠭᠠᠳᠠᠨ᠎ᠠ᠂ ᠲᠥᠰᠥᠪ ᠤᠨ ᠲᠣᠭᠲᠠᠭᠤᠨ ᠢ ᠲᠣᠬᠢᠷᠠᠭᠤᠯᠬᠤ ᠰᠠᠭᠤᠷᠢ ᠮᠦᠩᠭᠦ ᠪᠠᠶᠢᠭᠤᠯᠬᠤ ᠪᠣᠶᠤ ᠲᠣᠬᠢᠷᠠᠭᠤᠯᠬᠤ ᠳᠤ ᠬᠡᠷᠡᠭᠯᠡᠬᠦ ᠬᠡᠷᠡᠭᠲᠡᠢ᠃
     ᠡᠩ ᠤᠨ ᠣᠯᠠᠨ ᠨᠡᠶᠢᠲᠡ ᠶᠢᠨ ᠲᠥᠰᠥᠪ ᠢ ᠠᠪᠤᠴᠠᠭ᠎ᠠ ᠥᠭᠴᠡᠭᠡ ᠶᠢᠨ ᠳᠥᠷᠢᠮ ᠤᠨ ᠶᠣᠰᠤᠭᠠᠷ ᠬᠠᠷᠭᠤᠭᠤᠯᠤᠨ ᠪᠣᠳᠣᠭᠰᠠᠨ ᠪᠡᠯᠡ ᠮᠦᠩᠭᠦ ᠶᠢ ᠦᠯᠡᠳᠡᠪᠦᠷᠢ ᠪᠠᠷ ᠪᠣᠳᠣᠬᠤ ᠦᠭᠡᠢ᠃
     ᠡᠩ ᠤᠨ ᠣᠯᠠᠨ ᠨᠡᠶᠢᠲᠡ ᠶᠢᠨ ᠲᠥᠰᠥᠪ ᠤᠨ ᠬᠤᠶᠠᠷ ᠵᠢᠯ ᠦᠷᠭᠦᠯᠵᠢᠯᠡᠨ ᠳ᠋ᠦ᠋ᠶᠢᠩᠨᠡᠨ ᠰᠢᠯᠵᠢᠭᠦᠯᠦᠭᠡᠳ ᠮᠦᠨ ᠴᠤ ᠬᠡᠷᠡᠭᠯᠡᠵᠦ ᠳᠠᠭᠤᠰᠤᠭᠰᠠᠨ ᠦᠭᠡᠢ ᠪᠡᠯᠡ ᠮᠦᠩᠭᠦ ᠶᠢ ᠦᠯᠡᠳᠡᠪᠦᠷᠢ ᠪᠡᠯᠡ ᠮᠦᠩᠭᠦ ᠪᠠᠷ ᠲᠤᠬᠠᠢ ᠶᠢᠨ ᠵᠢᠯ ᠤᠨ ᠵᠠᠷᠤᠯᠭ᠎ᠠ ᠳᠤ ᠬᠡᠷᠡᠭᠯᠡᠬᠦ ᠪᠣᠶᠤ ᠲᠥᠰᠥᠪ ᠤᠨ ᠲᠣᠭᠲᠠᠭᠤᠨ ᠢ ᠲᠣᠬᠢᠷᠠᠭᠤᠯᠬᠤ ᠰᠠᠭᠤᠷᠢ ᠮᠦᠩᠭᠦ ᠪᠠᠷ ᠲᠣᠬᠢᠷᠠᠭᠤᠯᠬᠤ ᠬᠡᠷᠡᠭᠲᠡᠢ᠃
     ᠳᠣᠯᠤᠳᠤᠭᠠᠷ ᠵᠦᠢᠯ    ᠵᠠᠰᠠᠭ ᠤᠨ ᠣᠷᠳᠣᠨ ᠤ ᠴᠢᠨᠠᠷᠲᠠᠢ ᠰᠠᠭᠤᠷᠢ ᠮᠦᠩᠭᠦ ᠶᠢᠨ ᠲᠥᠰᠥᠪ ᠤᠨ ᠳ᠋ᠦ᠋ᠶᠢᠩᠨᠡᠨ ᠰᠢᠯᠵᠢᠭᠦᠯᠦᠭᠰᠡᠨ ᠪᠡᠯᠡ ᠮᠦᠩᠭᠦ ᠶᠢᠨ ᠬᠡᠮᠵᠢᠶ᠎ᠡ ᠨᠢ ᠲᠤᠰ ᠵᠦᠢᠯ ᠤᠨ ᠰᠠᠭᠤᠷᠢ ᠮᠦᠩᠭᠦ ᠶᠢᠨ ᠲᠤᠬᠠᠢ ᠶᠢᠨ ᠵᠢᠯ ᠤᠨ ᠣᠷᠣᠯᠭ᠎ᠠ ᠶᠢᠨ 30% ᠠᠴᠠ ᠳᠠᠪᠠᠭᠰᠠᠨ ᠪᠦᠯᠦᠭ ᠢ ᠨᠢ ᠲᠥᠯᠥᠪ ᠤᠨ ᠲᠣᠭᠲᠠᠭᠤᠨ ᠢ ᠲᠣᠬᠢᠷᠠᠭᠤᠯᠬᠤ ᠰᠠᠭᠤᠷᠢ ᠮᠦᠩᠭᠦ ᠪᠠᠷ ᠲᠣᠬᠢᠷᠠᠭᠤᠯᠬᠤ ᠬᠡᠷᠡᠭᠲᠡᠢ᠃
     ᠵᠠᠰᠠᠭ ᠤᠨ ᠣᠷᠳᠣᠨ ᠤ ᠴᠢᠨᠠᠷᠲᠠᠢ ᠰᠠᠭᠤᠷᠢ ᠮᠦᠩᠭᠦ ᠶᠢᠨ ᠲᠥᠰᠥᠪ ᠤᠨ ᠬᠤᠶᠠᠷ ᠵᠢᠯ ᠦᠷᠭᠦᠯᠵᠢᠯᠡᠨ ᠳ᠋ᠦ᠋ᠶᠢᠩᠨᠡᠨ ᠰᠢᠯᠵᠢᠭᠦᠯᠦᠭᠡᠳ ᠮᠦᠨ ᠴᠤ ᠬᠡᠷᠡᠭᠯᠡᠵᠦ ᠳᠠᠭᠤᠰᠤᠭᠰᠠᠨ ᠦᠭᠡᠢ ᠪᠡᠯᠡ ᠮᠦᠩᠭᠦ ᠶᠢ ᠦᠯᠡᠳᠡᠪᠦᠷᠢ ᠪᠡᠯᠡ ᠮᠦᠩᠭᠦ ᠪᠠᠷ ᠪᠣᠳᠣᠵᠤ᠂ ᠡᠩ ᠤᠨ ᠣᠯᠠᠨ ᠨᠡᠶᠢᠲᠡ ᠶᠢᠨ ᠲᠥᠰᠥᠪ ᠲᠤ ᠰᠢᠯᠵᠢᠭᠦᠯᠦᠨ ᠣᠷᠤᠭᠤᠯᠬᠤ ᠶᠢᠨ ᠬᠠᠮᠲᠤ᠂ ᠲᠥᠰᠥᠪ ᠤᠨ ᠲᠣᠭᠲᠠᠭᠤᠨ ᠢ ᠲᠣᠬᠢᠷᠠᠭᠤᠯᠬᠤ ᠰᠠᠭᠤᠷᠢ ᠮᠦᠩᠭᠦ ᠪᠠᠷ ᠲᠣᠬᠢᠷᠠᠭᠤᠯᠤᠨ ᠬᠡᠷᠡᠭᠯᠡᠬᠦ ᠬᠡᠷᠡᠭᠲᠡᠢ᠃
     ᠨᠠᠢᠮᠠᠳᠤᠭᠠᠷ ᠵᠦᠢᠯ   ᠡᠯ᠎ᠡ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠦᠴᠢᠷ ᠨᠢ ᠲᠥᠰᠥᠪ ᠤᠨ ᠲᠣᠭᠲᠠᠭᠤᠨ ᠢ ᠲᠣᠬᠢᠷᠠᠭᠤᠯᠬᠤ ᠰᠠᠭᠤᠷᠢ ᠮᠦᠩᠭᠦ ᠶᠢᠨ ᠬᠡᠮᠵᠢᠶ᠎ᠡ ᠶᠢ ᠵᠦᠢ ᠵᠣᠬᠢᠰᠲᠠᠢ ᠡᠵᠡᠮᠰᠢᠬᠦ ᠬᠡᠷᠡᠭᠲᠡᠢ᠃ ᠲᠥᠰᠥᠪ ᠤᠨ ᠲᠣᠭᠲᠠᠭᠤᠨ ᠢ ᠲᠣᠬᠢᠷᠠᠭᠤᠯᠬᠤ ᠰᠠᠭᠤᠷᠢ ᠮᠦᠩᠭᠦ ᠶᠢᠨ ᠬᠡᠮᠵᠢᠶ᠎ᠡ ᠨᠢ ᠣᠨ ᠵᠢᠯ ᠠᠯᠤᠰᠯᠠᠬᠤ ᠲᠥᠰᠥᠪ ᠤᠨ ᠲᠡᠩᠴᠡᠭᠦᠷᠢ ᠶᠢᠨ ᠬᠡᠷᠡᠭᠴᠡᠭᠡ ᠶᠢ ᠬᠠᠩᠭᠠᠵᠤ ᠳᠡᠶᠢᠯᠬᠦ ᠳᠤ ᠭᠦᠷᠪᠡᠯ᠂ ᠤᠯᠠᠭᠠᠨ ᠲᠤᠭ᠎ᠠ ᠶᠢ ᠲᠤᠯᠭᠠᠨ ᠬᠠᠰᠤᠬᠤ᠂ ᠵᠠᠰᠠᠭ ᠤᠨ ᠣᠷᠳᠣᠨ ᠤ ᠥᠷᠢ ᠥᠭᠴᠡᠭᠡ ᠶᠢ ᠨᠠᠮᠳᠠᠭᠠᠬᠤ ᠡᠷᠴᠢᠮ ᠢᠶᠠᠨ ᠴᠢᠩᠭᠠᠷᠠᠭᠤᠯᠬᠤ ᠬᠡᠷᠡᠭᠲᠡᠢ᠃


    ᠭᠤᠷᠪᠠᠳᠤᠭᠠᠷ  ᠪᠦᠯᠦᠭ    ᠲᠥᠰᠦᠪ ᠤᠨ ᠲᠣᠭᠲᠠᠭᠤᠨ ᠢ ᠲᠣᠬᠢᠷᠠᠭᠤᠯᠬᠤ ᠰᠠᠭᠤᠷᠢ ᠮᠦᠩᠭᠦ ᠶᠢ ᠬᠡᠷᠡᠭᠯᠡᠬᠦ


     ᠶᠢᠰᠦᠳᠦᠭᠡᠷ ᠵᠦᠢᠯ
   ᠡᠩ ᠤᠨ ᠣᠯᠠᠨ ᠨᠡᠶᠢᠲᠡ ᠶᠢᠨ ᠲᠥᠰᠥᠪ ᠤᠨ ᠡᠬᠡ ᠲᠥᠰᠥᠯ ᠢ ᠨᠠᠶᠢᠷᠠᠭᠤᠯᠤᠨ ᠵᠣᠬᠢᠶᠠᠬᠤ ᠳᠤ᠂ ᠲᠥᠰᠥᠪ ᠤᠨ ᠲᠣᠭᠲᠠᠭᠤᠨ ᠢ ᠲᠣᠬᠢᠷᠠᠭᠤᠯᠬᠤ ᠰᠠᠭᠤᠷᠢ ᠮᠦᠩᠭᠦ ᠶᠢ ᠬᠡᠷᠡᠭᠯᠡᠵᠦ᠂ ᠡᠩ ᠤᠨ ᠣᠯᠠᠨ ᠨᠡᠶᠢᠲᠡ ᠶᠢᠨ ᠲᠥᠰᠥᠪ ᠲᠤ ᠭᠠᠷᠤᠭᠰᠠᠨ ᠣᠷᠣᠯᠭ᠎ᠠ ᠵᠠᠷᠤᠯᠭ᠎ᠠ ᠶᠢᠨ ᠳᠤᠲᠠᠪᠤᠷᠢ ᠶᠢ ᠨᠦᠬᠦᠪᠦᠷᠢᠯᠡᠵᠦ ᠪᠣᠯᠣᠨ᠎ᠠ᠂ ᠬᠡᠷᠡᠭᠯᠡᠭᠰᠡᠨ ᠪᠡᠯᠡ ᠮᠦᠩᠭᠦ ᠶᠢ ᠡᠩ ᠤᠨ ᠣᠯᠠᠨ ᠨᠡᠶᠢᠲᠡ ᠶᠢᠨ ᠲᠥᠰᠥᠪ ᠤᠨ ᠣᠷᠣᠯᠭ᠎ᠠ ᠳᠤ ᠣᠷᠤᠭᠤᠯᠬᠤ

ᠬᠡᠷᠡᠭᠲᠡᠢ᠃
    ᠠᠷᠪᠠᠳᠤᠭᠠᠷ ᠵᠦᠢᠯ    ᠡᠩ ᠤᠨ ᠣᠯᠠᠨ ᠨᠡᠶᠢᠲᠡ ᠶᠢᠨ ᠲᠥᠰᠥᠪ ᠢ ᠬᠡᠷᠡᠭᠵᠢᠭᠦᠯᠬᠦ ᠳᠤᠮᠳᠠ᠂ ᠣᠷᠣᠯᠭ᠎ᠠ ᠡᠰᠡ ᠪᠡᠶᠡᠯᠡᠭᠳᠡᠬᠦ᠂ ᠵᠠᠷᠤᠯᠭ᠎ᠠ ᠨᠡᠮᠡᠭᠳᠡᠬᠦ ᠵᠡᠷᠭᠡ ᠠᠴᠠ ᠪᠣᠯᠵᠤ ᠣᠷᠣᠯᠭ᠎ᠠ ᠵᠠᠷᠤᠯᠭ᠎ᠠ ᠶᠢᠨ ᠳᠤᠲᠠᠪᠤᠷᠢ ᠲᠠᠢ ᠪᠣᠯᠵᠤ᠂ ᠲᠥᠰᠥᠪ ᠤᠨ ᠲᠣᠭᠲᠠᠭᠤᠨ ᠢᠶᠠᠷ ᠲᠣᠬᠢᠷᠠᠭᠤᠯᠬᠤ ᠰᠠᠭᠤᠷᠢ ᠮᠦᠩᠭᠦ ᠶᠢ ᠬᠡᠷᠡᠭᠯᠡᠬᠦ ᠪᠠᠷ ᠳᠡᠮᠵᠢᠨ ᠲᠡᠩᠴᠡᠭᠦᠷᠢ ᠶᠢ ᠪᠡᠶᠡᠯᠡᠭᠦᠯᠬᠦ ᠴᠢᠬᠤᠯᠠ ᠪᠠᠶᠢᠪᠡᠯ᠂ ᠡᠯ᠎ᠡ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠦᠴᠢᠷ ᠨᠢ ᠲᠤᠰ ᠱᠠᠲᠤᠨ ᠤ ᠲᠥᠰᠥᠪ ᠤᠨ ᠲᠣᠬᠢᠷᠠᠭᠤᠯᠤᠯᠲᠠ ᠶᠢᠨ ᠲᠥᠰᠥᠯ ᠢᠶᠠᠨ ᠨᠠᠶᠢᠷᠠᠭᠤᠯᠤᠨ ᠵᠣᠬᠢᠶᠠᠵᠤ᠂ ︽ᠪᠥᠭᠦᠳᠡ ᠨᠠᠶᠢᠷᠠᠮᠳᠠᠬᠤ ᠳᠤᠮᠳᠠᠲᠤ ᠠᠷᠠᠳ ᠤᠯᠤᠰ ᠤᠨ ᠲᠥᠰᠥᠪ ᠤᠨ ᠬᠠᠤᠯᠢ︾ ᠶᠢᠨ ᠲᠣᠭᠲᠠᠭᠠᠭᠰᠠᠨ ᠳᠡᠰ ᠳᠠᠷᠠᠭᠠᠯᠠᠯ ᠶᠣᠰᠤᠭᠠᠷ ᠬᠡᠷᠡᠭᠵᠢᠭᠦᠯᠬᠦ ᠬᠡᠷᠡᠭᠲᠡᠢ᠃


     ᠳᠥᠷᠪᠡᠳᠦᠭᠡᠷ ᠪᠦᠯᠦᠭ    ᠲᠥᠰᠥᠪ ᠤᠨ ᠵᠦᠢᠯ ᠢᠯᠭᠠᠯ ᠪᠠ ᠳᠠᠩᠰᠠ ᠬᠠᠷ᠎ᠠ ᠶᠢ ᠰᠢᠢᠳᠪᠦᠷᠢᠯᠡᠬᠦ


     ᠠᠷᠪᠠᠨ ᠨᠢᠭᠡᠳᠦᠭᠡᠷ ᠵᠦᠢᠯ
  ᠡᠩ ᠤᠨ ᠣᠯᠠᠨ ᠨᠡᠶᠢᠲᠡ ᠶᠢᠨ ᠲᠥᠰᠥᠪ ᠤᠨ ᠪᠡᠯᠡ ᠮᠦᠩᠭᠦ ᠨᠢ ᠲᠥᠰᠥᠪ ᠤᠨ ᠲᠣᠭᠲᠠᠭᠤᠨ ᠢ ᠲᠣᠬᠢᠷᠠᠭᠤᠯᠬᠤ ᠰᠠᠭᠤᠷᠢ ᠮᠦᠩᠭᠦ ᠲᠣᠬᠢᠷᠠᠭᠤᠯᠬᠤ ᠳᠤ᠂ ᠡᠩ ᠤᠨ ᠣᠯᠠᠨ ᠨᠡᠶᠢᠲᠡ ᠶᠢᠨ ᠲᠥᠰᠥᠪ ᠤᠨ ᠵᠠᠷᠤᠯᠭ᠎ᠠ ᠶᠢᠨ ︽ᠲᠥᠰᠥᠪ ᠤᠨ ᠲᠣᠭᠲᠠᠭᠤᠨ ᠢ ᠲᠣᠬᠢᠷᠠᠭᠤᠯᠬᠤ ᠰᠠᠭᠤᠷᠢ ᠮᠦᠩᠭᠦ ᠲᠣᠬᠢᠷᠠᠭᠤᠯᠬᠤ︾ ᠵᠦᠢᠯ ᠢᠯᠭᠠᠯ ᠳᠤ ᠵᠢᠭᠰᠠᠭᠠᠨ᠎ᠠ︔ ᠵᠠᠰᠠᠭ ᠤᠨ ᠣᠷᠳᠣᠨ ᠤ ᠴᠢᠨᠠᠷᠲᠠᠢ ᠰᠠᠭᠤᠷᠢ ᠮᠦᠩᠭᠦ ᠶᠢᠨ ᠲᠥᠰᠥᠪ ᠠᠴᠠ ᠪᠡᠯᠡ ᠮᠦᠩᠭᠦ ᠰᠢᠯᠵᠢᠭᠦᠯᠦᠨ ᠭᠠᠷᠭᠠᠵᠤ ᠲᠥᠰᠥᠪ ᠤᠨ ᠲᠣᠭᠲᠠᠭᠤᠨ ᠢ ᠲᠣᠬᠢᠷᠠᠭᠤᠯᠬᠤ ᠰᠠᠭᠤᠷᠢ ᠮᠦᠩᠭᠦ ᠲᠣᠬᠢᠷᠠᠭᠤᠯᠬᠤ ᠳᠤ᠂ ᠵᠠᠰᠠᠭ ᠤᠨ ᠣᠷᠳᠣᠨ ᠤ ᠴᠢᠨᠠᠷᠲᠠᠢ ᠲᠥᠰᠥᠪ ᠤᠨ ᠵᠠᠷᠤᠯᠭ᠎ᠠ ᠶᠢᠨ ︽ᠵᠠᠰᠠᠭ ᠤᠨ ᠣᠷᠳᠣᠨ ᠤ ᠴᠢᠨᠠᠷᠲᠠᠢ ᠰᠠᠭᠤᠷᠢ ᠮᠦᠩᠭᠦ ᠶᠢᠨ ᠲᠥᠰᠥᠪ ᠠᠴᠠ ᠰᠢᠯᠵᠢᠭᠦᠯᠦᠨ ᠭᠠᠷᠭᠠᠬᠤ ᠪᠡᠯᠡ ᠮᠦᠩᠭᠦ︾ ᠶᠢᠨ ᠵᠦᠢᠯ ᠢᠯᠭᠠᠯ ᠳᠤ ᠵᠢᠭᠰᠠᠭᠠᠨ᠎ᠠ᠃
     ᠲᠥᠰᠥᠪ ᠤᠨ ᠲᠣᠭᠲᠠᠭᠤᠨ ᠢ ᠲᠣᠬᠢᠷᠠᠭᠤᠯᠬᠤ ᠰᠠᠭᠤᠷᠢ ᠮᠦᠩᠭᠦ ᠶᠢ ᠬᠡᠷᠡᠭᠯᠡᠬᠦ ᠳᠤ᠂ ᠡᠩ ᠤᠨ ᠣᠯᠠᠨ ᠨᠡᠶᠢᠲᠡ ᠶᠢᠨ ᠲᠥᠰᠥᠪ ᠤᠨ ᠣᠷᠣᠯᠭ᠎ᠠ ᠶᠢ ᠣᠷᠤᠭᠤᠯᠵᠤ᠂ ᠡᠩ ᠤᠨ ᠣᠯᠠᠨ ᠨᠡᠶᠢᠲᠡ ᠶᠢᠨ ᠲᠥᠰᠥᠪ ᠤᠨ ᠵᠠᠷᠤᠯᠭ᠎ᠠ ᠶᠢᠨ ︽ᠲᠥᠰᠥᠪ ᠤᠨ ᠲᠣᠭᠲᠠᠭᠤᠨ ᠢ ᠲᠣᠬᠢᠷᠠᠭᠤᠯᠬᠤ ᠰᠠᠭᠤᠷᠢ ᠮᠦᠩᠭᠦ ᠶᠢ ᠬᠡᠷᠡᠭᠯᠡᠬᠦ︾ ᠵᠦᠢᠯ ᠢᠯᠭᠠᠯ ᠳᠤ ᠵᠢᠭᠰᠠᠭᠠᠬᠤ ᠬᠡᠷᠡᠭᠲᠡᠢ᠃
     ᠠᠷᠪᠠᠨ ᠬᠤᠶᠠᠳᠤᠭᠠᠷ ᠵᠦᠢᠯ    ᠲᠥᠰᠥᠪ ᠤᠨ ᠲᠣᠭᠲᠠᠭᠤᠨ ᠢ ᠲᠣᠬᠢᠷᠠᠭᠤᠯᠬᠤ ᠰᠠᠭᠤᠷᠢ ᠮᠦᠩᠭᠦ ᠶᠢ ᠨᠢᠭᠲᠠᠯᠠᠨ ᠪᠣᠳᠣᠬᠤ ᠲᠣᠭᠠᠴᠠᠭ᠎ᠠ ᠶᠢ ᠡᠳ᠋ ᠤᠨ ᠵᠠᠰᠠᠭ ᠤᠨ ᠶᠠᠮᠤᠨ ᠤ ︽︿ᠡᠳ᠋ ᠤᠨ ᠵᠠᠰᠠᠭ ᠤᠨ ᠶᠡᠷᠦᠩᠬᠡᠢ ᠲᠥᠰᠥᠪ ᠤᠨ ᠨᠢᠭᠲᠠᠯᠠᠨ ᠪᠣᠳᠣᠬᠤ ᠳᠥᠷᠢᠮ﹀ ᠢ ᠳᠠᠷᠤᠮᠠᠯᠯᠠᠨ ᠶᠠᠪᠤᠭᠤᠯᠬᠤ ᠲᠤᠬᠠᠢ ᠮᠡᠳᠡᠭᠳᠡᠯ︾ ︵ᠡᠳ᠋ ᠬᠦᠮᠦᠷᠭᠡ ﹇2015﹈ 192 ᠳ᠋ᠤᠭᠠᠷ ᠲᠣᠭᠠᠲᠤ︶ ᠤᠨ ᠬᠠᠮᠢᠶ᠎ᠠ ᠪᠦᠬᠦᠢ ᠲᠣᠭᠲᠠᠭᠠᠯ ᠶᠣᠰᠤᠭᠠᠷ ᠬᠡᠷᠡᠭᠵᠢᠭᠦᠯᠬᠦ ᠬᠡᠷᠡᠭᠲᠡᠢ᠃
     ᠠᠷᠪᠠᠨ ᠭᠤᠷᠪᠠᠳᠤᠭᠠᠷ ᠵᠦᠢᠯ   ᠡᠯ᠎ᠡ ᠱᠠᠲᠤᠨ ᠤ ᠡᠩ ᠤᠨ ᠣᠯᠠᠨ ᠨᠡᠶᠢᠲᠡ ᠶᠢᠨ ᠲᠥᠰᠥᠪ ᠤᠨ ᠲᠥᠰᠥᠪ ᠤᠨ ᠲᠣᠭᠲᠠᠭᠤᠨ ᠢ ᠲᠣᠬᠢᠷᠠᠭᠤᠯᠬᠤ ᠰᠠᠭᠤᠷᠢ ᠮᠦᠩᠭᠦ ᠶᠢ ᠠᠳᠠᠯᠢ ᠱᠠᠲᠤᠨ ᠤ ᠤᠯᠤᠰ ᠤᠨ ᠬᠦᠮᠦᠷᠭᠡ ᠶᠢᠨ ᠳᠠᠩ ᠭᠠᠭᠴᠠ ᠳᠠᠩᠰᠠ ᠡᠷᠦᠬᠡ ᠳᠤ ᠬᠠᠳᠠᠭᠠᠯᠠᠬᠤ ᠬᠡᠷᠡᠭᠲᠡᠢ᠃


     ᠲᠠᠪᠤᠳᠤᠭᠠᠷ ᠪᠥᠯᠥᠭ    ᠳᠠᠭᠠᠯᠳᠤᠭᠤᠯᠤᠯ ᠳᠥᠷᠢᠮ


     ᠠᠷᠪᠠᠨ ᠳᠥᠷᠪᠡᠳᠦᠭᠡᠷ ᠵᠦᠢᠯ
  ᠡᠯ᠎ᠡ ᠠᠶᠢᠮᠠᠭ ᠬᠤᠲᠠ᠂ ᠬᠤᠰᠢᠭᠤ ᠰᠢᠶᠠᠨ ᠤ ᠡᠳ᠋ ᠤᠨ ᠵᠠᠰᠠᠭ ᠤᠨ ᠰᠠᠯᠠᠭ᠎ᠠ ᠮᠦᠴᠢᠷ ᠨᠢ ᠲᠤᠰ ᠠᠷᠭ᠎ᠠ ᠶᠢᠨ ᠲᠣᠭᠲᠠᠭᠠᠯ ᠢᠶᠠᠷ ᠦᠨᠳᠦᠰᠦᠯᠡᠯ ᠪᠣᠯᠭᠠᠨ᠂ ᠲᠤᠰ ᠭᠠᠵᠠᠷ ᠣᠷᠣᠨ ᠤ ᠪᠠᠨ ᠪᠣᠳᠠᠲᠠᠢ ᠲᠠᠢ ᠤᠶᠠᠯᠳᠤᠭᠤᠯᠤᠨ᠂ ᠲᠤᠰ ᠭᠠᠵᠠᠷ ᠣᠷᠣᠨ ᠤ ᠲᠥᠰᠥᠪ ᠤᠨ ᠲᠣᠭᠲᠠᠭᠤᠨ ᠢ ᠲᠣᠬᠢᠷᠠᠭᠤᠯᠬᠤ ᠰᠠᠭᠤᠷᠢ ᠮᠦᠩᠭᠦ ᠶᠢᠨ ᠬᠠᠮᠢᠶᠠᠷᠤᠯᠲᠠ ᠶᠢᠨ ᠠᠷᠭ᠎ᠠ ᠶᠢ ᠲᠣᠭᠲᠠᠭᠠᠨ᠎ᠠ᠃
     ᠠᠷᠪᠠᠨ ᠲᠠᠪᠤᠳᠤᠭᠠᠷ ᠵᠦᠢᠯ    ᠲᠣᠰ ᠠᠷᠭ᠎ᠠ ᠶᠢ ᠨᠡᠶᠢᠲᠡᠯᠡᠭᠰᠡᠨ ᠡᠳᠦᠷ ᠠᠴᠠ ᠡᠬᠢᠯᠡᠨ ᠬᠡᠷᠡᠭᠵᠢᠭᠦᠯᠦᠨ᠎ᠡ᠃ ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠲᠥᠰᠥᠪ ᠤᠨ ᠲᠣᠭᠲᠠᠭᠤᠨ ᠢ ᠲᠣᠬᠢᠷᠠᠭᠤᠯᠬᠤ ᠰᠠᠭᠤᠷᠢ ᠮᠦᠩᠭᠦ ᠶᠢᠨ ᠬᠠᠮᠢᠶᠠᠷᠤᠯᠲᠠ ᠶᠢᠨ ᠠᠷᠭ᠎ᠠ﹀ ᠶᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇2016﹈ 135 ᠳ᠋ᠤᠭᠠᠷ ᠲᠣᠭᠠᠲᠤ︶ ᠵᠡᠷᠭᠡ ᠳᠤ ᠨᠢ ᠬᠦᠴᠦᠨ ᠦᠭᠡᠢ ᠪᠣᠯᠭᠠᠨ᠎ᠠ᠃


ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ