ᠬᠥᠯᠥᠨ ᠪᠣᠶᠢᠷ ᠬᠤᠲᠠ ᠲᠠᠷᠢᠶᠠᠯᠠᠩ ᠮᠠᠯ ᠠᠵᠤ ᠠᠬᠤᠶ ᠮᠠᠯᠵᠢᠬᠤ ᠲᠠᠷᠢᠶᠠᠯᠠᠬᠤ ᠣᠷᠣᠨ ᠤ ᠠᠵᠢᠯ ᠢ ᠭᠦᠨᠵᠡᠭᠡᠶᠢᠷᠡᠭᠦᠯᠵᠦ ︽ᠭᠤᠷᠪᠠᠨ ᠴᠥᠭᠡᠨ ᠲᠣᠭᠠᠲᠤ ᠦᠨᠳᠦᠰᠦᠲᠡᠨ︾᠎ ᠤ ᠥᠪᠡᠷᠲᠡᠭᠡᠨ ᠵᠠᠰᠠᠬᠤ ᠬᠤᠰᠢᠭᠤᠨ ᠤ ᠬᠥᠭᠵᠢᠯᠲᠡ ᠶᠢ ᠲᠦᠷᠭᠡᠳᠬᠡᠵᠦ ᠪᠤᠢ
ᠨᠡᠶᠢᠲᠡᠯᠡᠭᠰᠡᠨ ᠴᠠᠭ᠄
2019/5/9
     ᠬᠥᠯᠥᠨ ᠪᠣᠶᠢᠷ ᠬᠤᠲᠠ ᠲᠠᠷᠢᠶᠠᠯᠠᠩ ᠮᠠᠯ ᠠᠵᠤ ᠠᠬᠤᠶ ᠮᠠᠯᠵᠢᠬᠤ ᠲᠠᠷᠢᠶᠠᠯᠠᠬᠤ ᠣᠷᠣᠨ ᠤ ᠠᠵᠢᠯ ᠢ ᠭᠦᠨᠵᠡᠭᠡᠶᠢᠷᠡᠭᠦᠯᠵᠦ ︽ᠭᠤᠷᠪᠠᠨ ᠴᠥᠭᠡᠨ ᠲᠣᠭᠠᠲᠤ ᠦᠨᠳᠦᠰᠦᠲᠡᠨ︾᠎ ᠤ ᠥᠪᠡᠷᠲᠡᠭᠡᠨ ᠵᠠᠰᠠᠬᠤ ᠬᠤᠰᠢᠭᠤᠨ ᠤ ᠬᠥᠭᠵᠢᠯᠲᠡ ᠶᠢ ᠲᠦᠷᠭᠡᠳᠬᠡᠵᠦ ᠪᠤᠢ᠃ ᠣᠳᠣᠬᠠᠨ ᠪᠣᠯᠲᠠᠯ᠎ᠠ᠂ ᠮᠣᠷᠢᠨᠳᠠᠪᠠᠭ᠎ᠠ ᠬᠤᠰᠢᠭᠤ᠂ ᠣᠷᠴᠣᠨ ᠬᠤᠰᠢᠭᠤ᠂ ᠡᠸᠡᠩᠬᠢ ᠬᠤᠰᠢᠭᠤ ᠶᠢᠨ ᠶᠠᠳᠠᠭᠤ ᠬᠦᠴᠢᠷᠳᠡᠯᠲᠡᠶ ᠬᠤᠰᠢᠭᠤ ᠬᠤᠲᠠ ᠳᠤ ᠲᠠᠷᠢᠶᠠᠯᠠᠩ ᠮᠠᠯ ᠠᠵᠤ ᠠᠬᠤᠢ ᠶᠢᠨ ᠲᠤᠰᠬᠠᠶ ᠪᠠᠯᠠ ᠮᠥᠩᠭᠦ  ᠶᠢ 7484.12 ᠲᠦᠮᠡᠨ ᠲᠥᠭᠦᠷᠢᠭ ᠪᠠᠭᠤᠯᠭᠠᠵᠤ᠂ ᠪᠠᠭᠤᠯᠭᠠᠭᠰᠠᠨ ᠪᠠᠯᠠ ᠮᠥᠩᠭᠦ ᠶᠢᠨ ᠶᠡᠷᠦᠩᠬᠡᠶ ᠲᠣᠭᠠᠨ ᠤ 17.68 %᠎ ᠶᠢ ᠡᠵᠡᠯᠡᠪᠡ᠃ ᠮᠣᠷᠢᠨᠳᠠᠪᠠᠭ᠎ᠠ ᠬᠤᠰᠢᠭᠤ ᠪᠣᠯᠤᠨ ᠣᠷᠴᠣᠨ ᠬᠤᠰᠢᠭᠤ ᠶᠢᠨ ᠲᠤᠰ ᠪᠦᠷᠢ 20 ᠲᠦᠮᠡᠨ ᠮᠦ ᠶᠢᠨ ᠵᠡᠭᠦᠨ ᠬᠤᠶᠢᠲᠤ ᠣᠷᠣᠨ ᠤ ᠬᠠᠷ᠎ᠠ ᠬᠥᠷᠥᠰᠥ ᠶᠢ ᠬᠠᠮᠠᠭᠠᠯᠠᠨ ᠠᠰᠢᠭᠯᠠᠬᠤ ᠲᠤᠷᠰᠢᠯᠲᠠ ᠶᠢᠨ ᠲᠥᠷᠥᠯ ᠵᠦᠢᠯ ᠳᠤ ᠨᠢᠭᠡᠨᠲᠡ ᠴᠣᠬᠤᠯᠠᠪᠤᠷᠢ ᠥᠭᠭᠦᠨ ᠬᠡᠷᠡᠭᠵᠢᠭᠦᠯᠵᠦ᠂ ᠲᠥᠷᠥᠯ ᠵᠦᠢᠯ ᠤᠨ ᠪᠡᠯᠡ ᠮᠥᠩᠭᠦ ᠨᠢ 2000 ᠲᠦᠮᠡᠨ ᠲᠥᠭᠦᠷᠢᠭ ᠲᠤ ᠬᠦᠷᠴᠡᠢ᠃ ᠰᠢᠨ᠎ᠡ ᠬᠡᠯᠪᠡᠷᠢ ᠶᠢᠨ ᠠᠵᠢᠯ ᠮᠡᠷᠭᠡᠵᠢᠯ ᠤᠨ ᠮᠠᠯᠴᠢᠨ ᠲᠠᠷᠢᠶᠠᠴᠢᠨ ᠢ ᠬᠥᠮᠦᠵᠢᠭᠦᠯᠬᠦ ᠡᠭᠦᠷᠭᠡ 2700 ᠬᠥᠮᠥᠨ ᠪᠠᠶᠢᠵᠤ᠂ ᠭᠤᠷᠪᠠᠨ ᠬᠤᠰᠢᠭᠤ ᠰᠢᠶᠠᠨ ᠳᠤ 1000 ᠬᠥᠮᠥᠨ ᠢ ᠬᠥᠮᠦᠵᠢᠭᠦᠯᠬᠦ ᠡᠭᠦᠷᠭᠡ ᠪᠠᠭᠤᠯᠭᠠᠵᠤ᠂ ᠪᠥᠬᠦ ᠬᠤᠲᠠ ᠶᠢᠨ ᠶᠡᠷᠦᠩᠬᠡᠶ ᠡᠭᠦᠷᠭᠡ ᠶᠢᠨ 37 % ᠎ ᠶᠢ ᠡᠵᠡᠯᠡᠪᠡ᠃  ᠮᠣᠷᠢᠨᠳᠠᠪᠠᠭ᠎ᠠ ᠬᠤᠰᠢᠭᠤ᠂ ᠣᠷᠴᠣᠨ ᠬᠤᠰᠢᠭᠤ ᠶᠢ ᠭᠠᠵᠠᠷ ᠰᠢᠷᠤᠢ ᠶᠢ ᠭᠦᠨ ᠰᠤᠯᠠᠷᠠᠭᠤᠯᠤᠨ ᠲᠡᠭᠰᠢᠯᠡᠬᠦ ᠶᠢᠨ ᠭᠤᠣᠯᠳᠠᠯᠭ᠎ᠠ ᠲᠠᠢ ᠬᠡᠷᠡᠭᠵᠢᠭᠦᠯᠦᠯᠲᠡ ᠶᠢᠨ ᠣᠷᠣᠨ ᠪᠣᠯᠭᠠᠵᠤ᠂ ᠨᠡᠶᠢᠲᠡ 47 ᠲᠦᠮᠡᠨ ᠮᠦ ᠭᠦᠨ ᠰᠤᠯᠠᠷᠠᠭᠤᠯᠵᠤ᠂ 1175 ᠲᠦᠮᠡᠨ ᠲᠥᠭᠦᠷᠢᠭ ᠤᠨ ᠪᠡᠯᠡ ᠮᠥᠩᠭᠦ ᠨᠥᠬᠦᠪᠥᠷᠢᠯᠡᠪᠡ᠃ ᠭᠤᠷᠪᠠᠨ ᠬᠤᠰᠢᠭᠤ ᠰᠢᠶᠠᠨ ᠳᠤ ᠲᠠᠷᠢᠶᠠᠯᠠᠩ ᠤᠨ ᠮᠠᠰᠢᠨ ᠤ ᠨᠥᠬᠦᠪᠥᠷᠢ ᠪᠡᠯᠡ ᠮᠥᠩᠭᠦ 6400 ᠲᠦᠮᠡᠨ ᠲᠥᠭᠦᠷᠢᠭ ᠪᠠᠭᠤᠯᠭᠠᠨ᠂ ᠵᠢᠭᠠᠰᠤᠨ ᠠᠵᠤ ᠠᠬᠤᠢ ᠶᠢᠨ ᠡᠬᠢ ᠪᠠᠶᠠᠯᠢᠭ ᠬᠢᠭᠡᠳ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠥᠷᠢ ᠪᠡᠯᠡ ᠮᠥᠩᠭᠦ 50 ᠲᠦᠮᠡᠨ ᠲᠥᠭᠦᠷᠢᠭ ᠪᠠᠭᠤᠯᠭᠠᠵᠤ᠂ ᠵᠢᠭᠠᠰᠤᠨ ᠠᠵᠤ ᠠᠬᠤᠢ ᠶᠢᠨ ᠡᠬᠢ ᠪᠠᠶᠠᠯᠢᠭ ᠤᠨ ᠦᠷᠡᠵᠢᠭᠦᠯᠦᠯᠲᠡ ᠳᠤ ᠬᠡᠷᠡᠭᠯᠡᠵᠦ᠂ ︽ᠭᠤᠷᠪᠠᠨ ᠴᠥᠭᠡᠨ ᠲᠣᠭᠠᠲᠤ ᠦᠨᠳᠦᠰᠦᠲᠡᠨ︾᠎ ᠤ ᠥᠪᠡᠷᠲᠡᠭᠡᠨ ᠵᠠᠰᠠᠬᠤ ᠬᠤᠰᠢᠭᠤᠨ ᠤ ᠨᠡᠶᠢᠭᠡᠮ ᠠᠵᠤ ᠠᠬᠤᠢ ᠶᠢᠨ ᠬᠥᠭᠵᠢᠯᠲᠡ ᠶᠢ ᠬᠦᠴᠦᠯᠡᠨ ᠠᠬᠢᠭᠤᠯᠵᠤ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号