︽ᠳᠤᠮᠳᠠᠳᠤ ᠮᠤᠩᠭᠤᠯ ᠤᠨ ᠡᠷᠢᠶᠡᠨ ᠬᠤᠲᠠ — ᠵᠠᠮ ᠤᠨ ᠡᠭᠦᠳᠡ ᠠᠵᠤ ᠠᠬᠤᠢ ᠶᠢᠨ | ᠬᠠᠮᠲᠤᠷᠠᠯᠴᠠᠭᠠᠨ ᠤ ᠣᠷᠣᠨ ᠢ ᠪᠦᠲᠦᠭᠡᠨ ᠪᠠᠶᠢᠭᠤᠯᠬᠤ ᠲᠤᠬᠠᠢ ᠪᠦᠭᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠵᠠᠰᠠᠭ ᠤᠨ ᠣᠷᠳᠤᠨ ᠪᠠ ᠮᠤᠩᠭᠤᠯ ᠤᠯᠤᠰ ᠤᠨ ᠵᠠᠰᠠᠭ ᠤᠨ ᠣᠷᠳᠤᠨ ᠤ ᠵᠥᠪᠯᠡᠯᠴᠡᠭᠡᠷ︾ | ᠵᠢᠩᠬᠢᠨᠢ ᠪᠠᠷ ᠭᠠᠷ ᠤᠨ ᠦᠰᠦᠭ ᠵᠢᠷᠤᠪᠠ᠃ ᠡᠷᠢᠶᠡᠨ ᠬᠤᠳᠠ — ᠵᠠᠮ ᠤᠨ ᠡᠭᠦᠳᠡ ᠠᠵᠤ ᠠᠬᠤᠢ ᠶᠢᠨ | ᠬᠠᠮᠲᠤᠷᠠᠯᠴᠠᠭᠠᠨ ᠤ ᠣᠷᠣᠨ ᠪᠣᠯ ᠳᠤᠮᠳᠠᠳᠤ ᠮᠣᠩᠭᠤᠯ ᠤᠨ ᠠᠩᠬᠠᠳᠠᠭᠴᠢ ᠠᠵᠤ ᠠᠬᠤᠢ ᠶᠢᠨ ᠬᠠᠮᠲᠤᠷᠠᠯᠴᠠᠭᠠᠨ ᠤ | ᠣᠷᠣᠨ ᠪᠣᠯᠬᠤ ᠪᠦᠭᠡᠳ ᠬᠤᠶᠠᠷ ᠤᠯᠤᠰ ᠤᠨ ᠤᠳᠤᠷᠢᠳᠬᠤ ᠬᠥᠮᠦᠰ ᠤᠨ ᠬᠠᠮᠲᠤ ᠶᠢᠨ ᠲᠠᠨᠢᠯᠲᠠ ᠶᠢ | ᠨᠠᠢᠳᠠᠪᠤᠷᠢᠵᠢᠭᠤᠯᠬᠤ᠂ ᠳᠤᠮᠳᠠᠳᠤ ᠤᠯᠤᠰ ᠤᠨ ︽ᠨᠢᠭᠡ ᠪᠦᠰᠡ ᠨᠢᠭᠡ ᠵᠠᠮ︾ ᠤᠨ ᠰᠠᠨᠠᠭᠠᠴᠢᠯᠠᠭ᠎ᠠ ᠪᠠ ᠮᠣᠩᠭᠤᠯ | ᠤᠯᠤᠰ ᠤᠨ ︽ᠬᠥᠭᠵᠢᠯᠲᠡ ᠶᠢᠨ ᠵᠠᠮ︾ ᠤᠨ ᠪᠠᠶᠢᠯᠳᠤᠬᠤ ᠪᠣᠳᠣᠯᠭ᠎ᠠ ᠶᠢᠨ ᠵᠣᠯᠭᠠᠭᠤᠯᠳᠠ ᠶᠢ ᠴᠢᠩᠭᠠᠳᠬᠠᠬᠤ | ᠭᠤᠣᠯ ᠠᠷᠭ᠎ᠠ ᠬᠡᠮᠵᠢᠶ᠎ᠡ ᠪᠣᠯᠤᠨ᠎ᠠ᠃ ︽ᠬᠤᠶᠠᠷ ᠤᠯᠤᠰ ᠨᠢᠭᠡ ᠣᠷᠣᠨ᠂ ᠬᠢᠯᠢ ᠶᠢᠨ ᠲᠤᠳᠤᠷ᠎ᠠ ᠪᠣᠭᠤᠮᠲᠠ ᠶᠢᠨ | ᠭᠠᠳᠠᠨ᠎ᠠ᠂ ᠪᠢᠲᠡᠭᠦᠮᠵᠢᠯᠡᠨ ᠠᠵᠢᠯᠯᠠᠭᠤᠯᠬᠤ︾ ᠵᠠᠭᠪᠤᠷ ᠢᠶᠠᠷ ᠳᠠᠮᠵᠢᠭᠤᠯᠤᠨ᠂ ᠣᠯᠠᠨ ᠤᠯᠤᠰ ᠤᠨ ᠠᠷᠠᠯᠵᠢᠶ᠎ᠠ᠂ | ᠪᠠᠷᠠᠭ᠎ᠠ ᠶᠢᠨ ᠭᠦᠢᠯᠭᠡᠭᠡ ᠪᠠ ᠬᠥᠮᠥᠷᠭᠡᠯᠡᠨ ᠬᠠᠳᠠᠭᠠᠯᠠᠯᠲᠠ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ | ᠭᠠᠷᠭᠠᠬᠤ ᠡᠳ᠋ᠰᠢᠭᠦᠯᠭᠡ᠂ ᠡᠯᠧᠺᠲᠷᠤᠨ ᠬᠤᠳᠠᠯᠳᠤᠭᠠᠨ ᠤ ᠶᠠᠪᠤᠳᠠᠯ᠂ ᠵᠢᠭᠤᠯᠴᠢᠯᠠᠯ ᠵᠤᠭᠠᠴᠠᠯ ᠵᠢᠴᠢ ᠮᠥᠩᠭᠦᠨ | ᠭᠦᠢᠯᠭᠡᠭᠡᠨ ᠤ ᠦᠢᠯᠡᠴᠢᠯᠡᠭᠡ ᠶᠢ ᠨᠢᠭᠡ ᠴᠣᠭᠴᠠᠵᠢᠭᠤᠯᠤᠭᠰᠠᠨ ᠶᠡᠷᠦᠩᠬᠡᠶᠢᠯᠡᠭᠰᠡᠨ ᠴᠢᠨᠠᠷᠲᠠᠢ ᠨᠡᠭᠡᠭᠡᠨ ᠬᠥᠭᠵᠢᠭᠦᠯᠬᠦ | ᠲᠠᠪᠴᠠᠩ ᠢ ᠪᠠᠢᠭᠤᠯᠤᠨ᠎ᠠ᠃ |