ᠨᠢᠳᠤᠨᠤᠨ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠭᠠᠬᠤ | ᠬᠠᠮᠢᠶᠠᠷᠤᠯᠲᠠ ᠶᠢᠨ ᠲᠢᠩᠬᠢᠮ ᠳᠡᠭᠡᠳᠦ ᠬᠢᠵᠠᠭᠠᠷ ᠢᠶᠠᠷ ᠰᠢᠳᠭᠡᠨ ᠲᠣᠷᠭᠠᠬᠤ᠂ ᠦᠶᠯᠡᠳᠪᠦᠷᠢᠯᠡᠯ ᠢ ᠨᠢ ᠵᠣᠭᠰᠣᠭᠠᠨ | ᠴᠡᠭᠴᠡᠯᠡᠭᠦᠯᠬᠦ᠂ ︽ᠬᠠᠷ᠎ᠠ ᠳᠠᠩᠰᠠ︾ ᠪᠠᠷ ᠵᠠᠯᠬᠠᠭᠠᠨ ᠴᠡᠭᠡᠷᠯᠡᠭᠦᠯᠬᠦ ᠵᠡᠷᠭᠡ ᠴᠢᠩᠭ᠎ᠠ ᠬᠠᠮᠢᠶᠠᠷᠴᠤ ᠬᠦᠨᠳᠦ ᠪᠠᠷ | ᠲᠣᠷᠭᠠᠬᠤ ᠬᠠᠤᠯᠢ ᠬᠡᠷᠡᠭᠵᠢᠭᠦᠯᠦᠯᠲᠡ ᠶᠢᠨ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠠᠶᠤᠯ ᠲᠠᠢ ᠬᠢᠮᠢ ᠶᠢᠨ ᠠᠵᠤ | ᠠᠬᠤᠶᠢᠯᠠᠯ ᠤᠨ ᠠᠶᠤᠯ ᠦᠭᠡᠢ ᠦᠶᠯᠡᠳᠪᠦᠷᠢᠯᠡᠯ ᠤᠨ ᠲᠠᠯ᠎ᠠ ᠪᠠᠷ ᠬᠠᠤᠯᠢ ᠠᠴᠠ ᠵᠦᠷᠢᠴᠡᠬᠦ ᠶᠢ ᠰᠢᠳᠭᠡᠬᠦ | ᠡᠷᠴᠢᠮ ᠢᠶᠠᠨ ᠴᠢᠩᠭᠠᠷᠠᠭᠤᠯᠵᠤ᠂ ᠬᠠᠤᠯᠢ ᠶᠢ ᠴᠢᠩᠭ᠎ᠠ ᠬᠡᠷᠡᠭᠵᠢᠭᠦᠯᠬᠦ ᠶᠢ ᠠᠵᠤ ᠠᠬᠤᠶᠢᠯᠠᠯ ᠤᠨ ᠠᠶᠤᠯ ᠦᠭᠡᠢ | ᠦᠶᠯᠡᠳᠪᠦᠷᠢᠯᠡᠯ ᠤᠨ ᠭᠤᠤᠯ ᠴᠣᠭᠴᠠ ᠶᠢᠨ ᠬᠠᠷᠢᠭᠤᠴᠠᠯᠭ᠎ᠠ ᠨᠠᠶᠢᠳᠠᠪᠤᠷᠢᠵᠢᠭᠤᠯᠬᠤ ᠶᠢ ᠠᠬᠢᠭᠤᠯᠬᠤ ᠬᠠᠮᠤᠭ ᠤᠨ | ᠴᠢᠬᠤᠯᠠ ᠠᠷᠭ᠎ᠠ ᠪᠠᠷᠢᠯ ᠪᠣᠯᠭᠠᠪᠠ᠃ | 4 ᠳ᠋ᠦ᠋ᠭᠡᠷ ᠰᠠᠷ᠎ᠠ ᠠᠴᠠ ᠡᠬᠢᠯᠡᠨ᠂ ᠪᠥᠬᠦ ᠣᠷᠣᠨ ᠳᠤ 4 ᠰᠠᠷ᠎ᠠ ᠶᠢᠨ ᠬᠤᠭᠤᠴᠠᠭ᠎ᠠ ᠪᠦᠬᠦᠢ ᠠᠶᠤᠯ ᠲᠠᠢ | ᠬᠢᠮᠢ ᠶᠢᠨ ᠪᠣᠳᠠᠰ ᠤᠨ ᠠᠮᠤᠷ ᠲᠦᠪᠰᠢᠨ ᠢ ᠲᠤᠰᠬᠠᠶ ᠴᠡᠭᠴᠡᠯᠡᠨ ᠵᠠᠰᠠᠬᠤ ᠠᠵᠢᠯ ᠢ ᠪᠠᠶᠢᠷᠢᠯᠠᠭᠤᠯᠵᠤ᠂ ᠭᠤᠣᠯᠳᠠᠭᠤ | ᠨᠠᠷᠢᠯᠢᠭ ᠬᠢᠮᠢ ᠶᠢᠨ ᠠᠵᠤ ᠦᠶᠯᠡᠳᠪᠦᠷᠢ᠂ ᠠᠶᠤᠯ ᠲᠠᠢ ᠬᠢᠮᠢ ᠶᠢᠨ ᠪᠣᠳᠠᠰ ᠢ ᠬᠠᠳᠠᠭᠠᠯᠠᠬᠤ ᠲᠠᠯᠠᠪᠤᠷ ᠭᠠᠵᠠᠷ᠂ | ᠨᠢᠲᠷᠤᠵᠢᠬᠤ ᠤᠷᠪᠠᠯ ᠤᠨ ᠠᠮᠤᠷ ᠲᠦᠪᠰᠢᠨ᠂ ᠣᠨᠴᠠᠭᠠᠢ ᠠᠶᠤᠯ ᠲᠠᠢ ᠠᠵᠢᠯ᠂ ᠬᠢᠮᠢ ᠶᠢᠨ ᠠᠵᠤ ᠦᠶᠯᠡᠳᠪᠦᠷᠢ ᠶᠢᠨ | ᠠᠵᠤ ᠠᠬᠤᠶᠢᠯᠠᠯ ᠢ ᠪᠠᠶᠢᠴᠠᠭᠠᠨ ᠵᠠᠰᠠᠬᠤ ᠶᠢᠨ ᠲᠣᠭᠤᠷᠢᠨ ᠳᠤ 5 ᠲᠠᠯ᠎ᠠ ᠶᠢᠨ ᠠᠵᠢᠯ ᠢ ᠥᠷᠨᠢᠭᠦᠯᠪᠡ᠃ ᠢᠯᠠᠩᠭᠤᠶ᠎ᠠ | ᠰᠢᠭᠰᠢᠨ ᠪᠠᠶᠢᠴᠠᠭᠠᠯᠲᠠ ᠪᠠᠷ ᠢᠯᠡᠷᠡᠭᠦᠯᠦᠭᠰᠡᠨ ᠨᠢᠲᠷᠤᠵᠢᠭᠤᠯᠬᠤ ᠤᠷᠪᠠᠯ ᠤᠨ ᠭᠠᠷ ᠤᠷᠠᠯᠠᠯ ᠤᠨ ᠲᠥᠬᠦᠭᠡᠷᠦᠮᠵᠢ ᠪᠠ | ᠦᠢᠯᠡᠳᠪᠦᠷᠢᠯᠡᠯ᠂ ᠨᠢᠲᠷᠤᠵᠢᠭᠤᠯᠬᠤ ᠪᠣᠳᠠᠰ ᠬᠠᠳᠠᠭᠠᠯᠠᠵᠤ ᠪᠠᠶᠢᠭ᠎ᠠ 8 ᠠᠵᠤ ᠠᠬᠤᠶᠢᠯᠠᠯ ᠳᠤ ᠲᠤᠰᠬᠠᠢ | ᠴᠡᠭᠴᠡᠯᠡᠯᠲᠡ ᠬᠢᠵᠦ᠂ 138 ᠵᠦᠶᠯ ᠤᠨ ᠳᠠᠯᠳᠠ ᠬᠡᠮ ᠢ ᠰᠢᠭᠰᠢᠨ ᠪᠠᠶᠢᠴᠠᠭᠠᠵᠤ ᠴᠡᠭᠴᠡᠯᠡᠨ ᠵᠠᠰᠠᠪᠠ᠃ ᠡᠯ᠎ᠡ | ᠱᠠᠲᠤᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠨᠡᠶᠢᠲᠡ 9290 ᠠᠵᠤ | ᠠᠬᠤᠶᠢᠯᠠᠯ ᠢ ᠰᠢᠭᠰᠢᠨ ᠪᠠᠶᠢᠴᠠᠭᠠᠵᠤ᠂ 21104 ᠵᠦᠢᠯ ᠤᠨ ᠳᠠᠯᠳᠠ ᠬᠡᠮ ᠢ ᠰᠢᠭᠰᠢᠨ ᠪᠠᠶᠢᠴᠠᠭᠠᠵᠤ ᠴᠡᠭᠴᠡᠯᠡᠨ | ᠵᠠᠰᠠᠪᠠ᠃ ᠡ᠊ᠨᠳᠡᠯ ᠭᠠᠷᠤᠭᠰᠠᠨ ᠠᠵᠤ ᠠᠬᠤᠶᠢᠯᠠᠯ ᠤᠨ ᠠᠶᠤᠯ ᠦᠭᠡᠢ ᠦᠢᠯᠡᠳᠪᠦᠷᠢᠯᠡᠯ ᠤᠨ ᠵᠥᠪᠰᠢᠶᠡᠷᠡᠯ ᠤᠨ | ᠦᠨᠡᠮᠯᠡᠯ ᠢ ᠨᠢ ᠢ ᠲᠦᠷ ᠬᠤᠷᠢᠶᠠᠵᠤ᠂ ᠵᠠᠷᠯᠢᠭᠳᠠᠵᠤ ᠪᠠᠶᠢᠭᠠᠳ ᠠᠵᠢᠯ ᠦᠢᠯᠡᠳᠪᠦᠷᠢᠯᠡᠯ ᠢ ᠨᠢ 1 ᠠᠴᠠ 6 ᠰᠠᠷ᠎ᠠ | ᠵᠣᠭᠰᠣᠭᠠᠨ ᠴᠡᠭᠴᠡᠯᠡᠭᠦᠯᠪᠡ᠃ | ᠦᠨᠳᠦᠰᠦᠨ ᠱᠠᠲᠤᠨ ᠤ ᠬᠠᠤᠯᠢ ᠬᠡᠷᠡᠭᠵᠢᠭᠦᠯᠬᠦ ᠬᠦᠴᠦᠨ ᠴᠢᠳᠠᠪᠤᠷᠢ ᠪᠠᠷ ᠳᠣᠣᠷ᠎ᠠ᠂ ᠰᠢᠳᠬᠡᠯ ᠨᠢ | ᠠᠭᠤᠵᠢᠭᠤ ᠰᠤᠯᠠ ᠵᠥᠭᠡᠯᠡᠨ ᠪᠠᠶᠢᠬᠤ ᠠᠰᠠᠭᠤᠳᠠᠯ ᠳᠤ ᠴᠢᠭᠯᠡᠭᠦᠯᠦᠨ᠂ ᠥᠪᠡᠷᠲᠡᠭᠡᠨ ᠵᠠᠰᠠᠬᠤ ᠣᠷᠣᠨ ᠤ ᠠᠶᠤᠯ | ᠥᠬᠡᠶ ᠦᠢᠯᠡᠳᠪᠦᠷᠢᠯᠡᠯ ᠤᠨ ᠵᠥᠪᠯᠡᠯ ᠠᠴᠠ 12 ᠠᠶᠢᠮᠠᠭ ᠬᠤᠳᠠ ᠪᠣᠯᠤᠨ ᠬᠡᠰᠡᠭ ᠬᠤᠰᠢᠭᠤ ᠰᠢᠶᠠᠨ ᠳᠤ ᠵᠢᠱᠢᠶ᠎ᠡ | ᠦᠵᠡᠭᠦᠯᠬᠦ ᠬᠡᠯᠪᠡᠷᠢ ᠶᠢᠨ ᠬᠠᠤᠯᠢ ᠬᠡᠷᠡᠭᠵᠢᠭᠦᠯᠦᠯᠲᠡ ᠶᠢ ᠬᠡᠷᠡᠭᠵᠢᠭᠦᠯᠪᠡ᠃ ᠭᠤᠤᠯ ᠠᠷᠭ᠎ᠠ ᠨᠢ ᠥᠪᠡᠷᠲᠡᠭᠡᠨ ᠵᠠᠰᠠᠬᠤ | ᠣᠷᠣᠨ ᠠᠴᠠ ᠲᠤᠰᠬᠠᠶ ᠮᠡᠷᠭᠡᠵᠢᠯᠲᠡᠨ ᠪᠣᠯᠣᠨ ᠲᠤᠰᠬᠠᠶ ᠬᠠᠤᠯᠢ ᠬᠡᠷᠡᠭᠵᠢᠭᠦᠯᠬᠦ ᠠᠵᠢᠯᠲᠠᠨ ᠲᠣᠮᠢᠯᠠᠵᠤ᠂ | ᠲᠠᠰᠢᠷᠠᠮ ᠢᠶᠠᠷ ᠬᠠᠤᠯᠢ ᠬᠡᠷᠡᠭᠵᠢᠭᠦᠯᠬᠦ ᠡᠷᠭᠢᠨ ᠲᠣᠭᠤᠷᠢᠨ ᠤ ᠭᠠᠵᠠᠷ ᠣᠷᠣᠨ ᠤ ᠠᠮᠤᠷ ᠲᠦᠪᠰᠢᠨ ᠤ ᠬᠢᠨᠠᠯᠲᠠ | ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠠᠵᠢᠯᠲᠠᠨ᠂ ᠠᠳᠠᠯᠢ ᠲᠥᠷᠥᠯ ᠤᠨ ᠠᠵᠤ ᠠᠬᠤᠶᠢᠯᠠᠯ ᠤᠨ | ᠬᠠᠷᠢᠭᠤᠴᠠᠯᠭᠠᠲᠠᠨ ᠵᠢᠴᠢ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯᠲᠠᠨ ᠢ ᠵᠣᠬᠢᠶᠠᠨ ᠪᠠᠶᠢᠭᠤᠯᠤᠨ ᠲᠤᠬᠠᠶ ᠶᠢᠨ | ᠲᠠᠯᠠᠪᠤᠷ ᠲᠤ ᠨᠢ ᠲᠣᠭᠤᠷᠢᠨ ᠦᠵᠡᠭᠦᠯᠵᠦ ᠣᠷᠤᠯᠴᠠᠭᠤᠯᠬᠤ ᠪᠠᠷ ᠳᠠᠮᠵᠢᠭᠤᠯᠤᠨ᠂ ᠲᠠᠰᠢᠷᠠᠮ ᠢᠶᠠᠷ ᠰᠣᠩᠭᠤᠭᠰᠠᠨ | ᠠᠵᠤ ᠠᠬᠤᠶᠢᠯᠠᠯ ᠳᠤ ︽ᠲᠤᠶᠠᠴᠢᠬᠤ ᠮᠠᠶ᠋ᠢᠭ︾ ᠤᠨ ᠪᠠᠶᠢᠴᠠᠭᠠᠯᠲᠠ ᠬᠢᠵᠦ᠂ ᠬᠠᠤᠯᠢ ᠬᠡᠷᠡᠭᠵᠢᠭᠦᠯᠦᠯᠲᠡ ᠶᠢ | ᠭᠤᠣᠯᠳᠠᠭᠤ ᠠᠵᠤ ᠠᠬᠤᠶᠢᠯᠠᠯ ᠤᠨ ᠰᠠᠭᠤᠷᠢ ᠬᠠᠮᠢᠶᠠᠷᠤᠯᠲᠠ ᠳᠤ ᠲᠥᠪᠯᠡᠷᠡᠭᠦᠯᠵᠦ᠂ ᠬᠠᠤᠯᠢ ᠠᠴᠠ ᠵᠥᠷᠢᠴᠡᠭᠰᠡᠨ | ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠴᠢᠩᠭ᠎ᠠ ᠰᠢᠶᠳᠪᠦᠷᠢᠯᠡᠵᠡᠢ᠃ ᠲᠣᠭᠤᠷᠢᠨ ᠦᠵᠡᠭᠰᠡᠨ ᠠᠵᠤ | ᠠᠬᠤᠶᠢᠯᠠᠯ ᠨᠢ ᠪᠡᠶᠡᠴᠢᠯᠡᠨ ᠣᠶᠢᠯᠠᠭᠠᠬᠤ᠂ ᠠᠳᠠᠯᠢᠳᠬᠠᠬᠤ ᠪᠠᠷ ᠳᠠᠮᠵᠢᠨ᠂ ᠪᠠᠶᠢᠴᠠᠭᠠᠭᠳᠠᠭᠰᠠᠨ ᠠᠵᠤ | ᠠᠬᠤᠶᠢᠯᠠᠯ ᠢᠶᠠᠷ ᠪᠠᠷᠢᠮᠵᠢᠶ᠎ᠠ ᠪᠣᠯᠭᠠᠵᠤ᠂ ᠰᠠᠨᠠᠭᠠᠴᠢᠯᠠᠭ᠎ᠠ ᠠᠴᠠ ᠪᠠᠨ ᠤᠬᠠᠮᠰᠠᠷ ᠠᠴᠠ ᠪᠠᠨ ᠥᠪᠡᠷ ᠢᠶᠠᠨ ᠪᠠᠶᠢᠴᠠᠭᠠᠵᠦ | ᠥᠪᠡᠷ ᠢᠶᠠᠨ ᠵᠠᠰᠠᠵᠠᠢ︔ ᠠᠶᠢᠮᠠᠭ ᠬᠤᠳᠠ᠂ ᠬᠤᠰᠢᠭᠤ ᠰᠢᠶᠠᠨ ᠤ ᠠᠶᠤᠯ ᠥᠬᠡᠶ ᠦᠢᠯᠡᠳᠪᠦᠷᠢᠯᠡᠯ ᠤᠨ ᠬᠢᠨᠠᠯᠲᠠ | ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠠᠵᠢᠯᠲᠠᠳ ᠨᠢ ᠥᠪᠡᠷᠲᠡᠭᠡᠨ ᠵᠠᠰᠠᠬᠤ ᠣᠷᠣᠨ ᠤ | ᠪᠠᠷᠢᠮᠵᠢᠶᠠᠵᠢᠭᠤᠯᠤᠭᠰᠠᠨ ᠬᠠᠤᠯᠢ ᠬᠡᠷᠡᠭᠵᠢᠭᠦᠯᠦᠯᠲᠡ ᠶᠢ ᠲᠤᠬᠠᠢ ᠶᠢᠨ ᠲᠠᠯᠠᠪᠤᠷ ᠲᠤ ᠲᠣᠭᠤᠷᠢᠨ ᠦᠵᠡᠬᠦ ᠪᠠᠷ ᠳᠠᠮᠵᠢᠨ᠂ | ᠬᠠᠤᠯᠢ ᠪᠠᠷ ᠵᠠᠰᠠᠬᠤ ᠪᠠ ᠲᠠᠰ ᠳᠠᠷᠠᠭᠠᠯᠠᠯ ᠤᠨ ᠲᠤᠬᠠᠢ ᠤᠬᠠᠮᠰᠠᠷ ᠨᠢ ᠳᠡᠭᠡᠭᠰᠢᠯᠡᠵᠦ᠂ ︽ᠨᠢᠭᠡ ᠡᠷᠦᠬᠡ ᠶᠢ | ᠪᠠᠶᠢᠴᠠᠭᠠᠪᠠᠯ ᠨᠢᠭᠡ ᠬᠡᠰᠡᠭ ᠢ ᠠᠬᠢᠭᠤᠯᠬᠤ᠂ ᠪᠣᠳᠠᠲᠤ ᠬᠡᠷᠡᠭ ᠤᠨ ᠵᠢᠱᠢᠶ᠎ᠡ ᠪᠠᠷ ᠨᠢᠭᠡ ᠪᠦᠯᠦᠭ ᠬᠢᠨᠠᠨ ᠬᠠᠮᠢᠶᠠᠷᠬᠤ | ᠠᠵᠢᠯᠲᠠᠨ ᠤ ᠬᠠᠤᠯᠢ ᠬᠡᠷᠡᠭᠵᠢᠭᠦᠯᠬᠦ ᠴᠢᠳᠠᠪᠤᠷᠢ ᠶᠢᠨ ᠳᠡᠭᠡᠭᠰᠢᠯᠡᠯᠲᠡ ᠶᠢ ᠳᠠᠶᠢᠴᠢᠯᠠᠬᠤ︾ ᠦᠢᠯᠡᠳᠦᠯ ᠦᠵᠡᠭᠦᠯᠦᠭᠰᠡᠨ | ᠪᠠᠶᠢᠨ᠎ᠠ᠃ | ᠡᠭᠦᠨ ᠤ ᠬᠠᠮᠲᠤ᠂ ᠬᠡᠰᠡᠭ ᠪᠦᠯᠦᠭ ᠠᠮᠤᠷ ᠲᠦᠪᠰᠢᠨ ᠤ ᠦᠨᠡᠯᠡᠯᠲᠡ ᠶᠢᠨ ᠪᠠᠶᠢᠭᠤᠯᠤᠮᠵᠢ ᠶᠢᠨ ᠭᠠᠷᠭᠠᠭᠰᠠᠨ | ᠦᠨᠡᠯᠡᠯᠲᠡ ᠶᠢᠨ ᠮᠡᠳᠡᠭᠦᠯᠦᠯᠲᠡ ᠨᠢ ᠪᠣᠳᠠᠲᠤ ᠪᠠᠶᠢᠳᠠᠯ ᠲᠠᠢ ᠪᠠᠨ ᠨᠡᠶᠢᠴᠡᠬᠦ ᠥᠬᠡᠶ ᠪᠠᠶᠢᠬᠤ ᠠᠰᠠᠭᠤᠳᠠᠯ ᠳᠤ | ᠴᠢᠭᠯᠡᠭᠦᠯᠦᠨ᠂ ᠥᠪᠡᠷᠲᠡᠭᠡᠨ ᠵᠠᠰᠠᠬᠤ ᠣᠷᠣᠨ ᠬᠤᠶᠠᠷ ᠵᠢᠯ ᠳᠠᠷᠠᠭᠠᠯᠠᠨ ᠵᠠᠰᠠᠭ ᠤᠨ ᠣᠷᠳᠣᠨ ᠦᠶᠯᠡᠴᠢᠯᠡᠭᠡ | ᠬᠤᠳᠠᠯᠳᠤᠨ ᠠᠪᠬᠤ ᠠᠷᠭ᠎ᠠ ᠮᠠᠶ᠋ᠢᠭ ᠢᠶᠠᠷ ᠳᠠᠮᠵᠢᠭᠤᠯᠤᠨ ᠦᠨᠡᠯᠡᠨ ᠵᠢᠱᠢᠬᠦ ᠪᠠᠶᠢᠭᠤᠯᠤᠮᠵᠢ ᠤᠷᠢᠵᠤ᠂ ᠥᠪᠡᠷᠲᠡᠭᠡᠨ | ᠵᠠᠰᠠᠬᠤ ᠣᠷᠣᠨ ᠠᠴᠠ ᠵᠥᠪᠰᠢᠶᠡᠷᠡᠯ ᠣᠯᠤᠭᠰᠠᠨ ᠭᠤᠤᠯᠳᠠᠯᠭ᠎ᠠ ᠲᠠᠢ ᠠᠶᠤᠯ ᠲᠠᠢ ᠬᠢᠮᠢ ᠶᠢᠨ ᠪᠣᠳᠠᠰ ᠤᠨ | ᠦᠶᠯᠡᠳᠪᠦᠷᠢᠯᠡᠯ ᠤᠨ 15 ᠠᠵᠤ ᠠᠬᠤᠶᠢᠯᠠᠯ ᠳᠤ ᠪᠤᠰᠤᠳᠴᠢ ᠦᠨᠡᠯᠡᠯᠲᠡ ᠬᠢᠯᠭᠡᠵᠦ᠂ ᠠᠵᠤ ᠠᠬᠤᠶᠢᠯᠠᠯ ᠨᠢ ᠪᠠᠯᠠ | ᠭᠠᠷᠭᠠᠭᠠᠳ᠂ ᠦᠨᠡᠯᠡᠨ ᠵᠢᠱᠢᠬᠦ ᠪᠠᠶᠢᠭᠤᠯᠤᠮᠵᠢ ᠨᠢ ᠶᠣᠰᠣ ᠶᠢᠨ ᠲᠡᠳᠦᠶ ᠥᠩᠭᠡᠷᠡᠭᠦᠯᠬᠦ ᠠᠰᠠᠭᠤᠳᠠᠯ ᠭᠠᠷᠬᠤ ᠠᠴᠠ | ᠵᠠᠶᠢᠯᠠᠰᠬᠢᠪᠡ᠃ ᠣᠷᠳᠣᠰ ᠬᠤᠳᠠ ᠪᠠᠰᠠ ᠤᠯᠤᠰ ᠤᠨ ᠲᠠᠰ ᠤᠨ ᠠᠶᠤᠯ ᠦᠭᠡᠢ ᠶᠢᠨ ᠮᠡᠷᠭᠡᠵᠢᠯ ᠤᠨ | ᠪᠠᠶᠢᠭᠤᠯᠤᠮᠵᠢ ᠯᠤᠭ᠎ᠠ ᠢᠳᠡᠪᠬᠢᠲᠡᠢ ᠪᠠᠷ ᠤᠷᠳᠤ ᠬᠤᠭᠤᠴᠠᠭᠠᠨ ᠤ ᠦᠢᠯᠡᠴᠢᠯᠡᠭᠡᠨ ᠤ ᠵᠥᠪᠳᠡᠯᠴᠡᠭᠡᠷ ᠲᠣᠭᠲᠠᠵᠤ᠂ | ᠬᠦᠷᠢᠶᠡᠯᠡᠩ ᠲᠣᠭᠤᠷᠢᠭ ᠲᠤ ᠪᠠᠶᠢᠭ᠎ᠠ ᠪᠣᠶ ᠪᠦᠬᠦᠢ ᠠᠶᠤᠯ ᠲᠠᠢ ᠬᠢᠮᠢ ᠶᠢᠨ ᠪᠣᠳᠠᠰ ᠤᠨ ᠠᠵᠤ ᠠᠬᠤᠶᠢᠯᠠᠯ ᠳᠤ | ᠲᠣᠭᠲᠠᠮᠠᠯ ᠬᠤᠭᠤᠴᠠᠭ᠎ᠠ ᠲᠠᠢ ᠪᠠᠷ ᠪᠠᠶᠢᠴᠠᠭᠠᠯᠲᠠ ᠬᠢᠵᠦ᠂ ᠠᠶᠤᠯ ᠲᠠᠢ ᠬᠢᠮᠢ ᠶᠢᠨ ᠪᠣᠳᠠᠰ ᠤᠨ ᠠᠶᠤᠯ ᠦᠭᠡᠢ ᠶᠢᠨ | ᠬᠢᠨᠠᠯᠲᠠ ᠬᠠᠮᠢᠶᠠᠷᠤᠯᠲᠠ ᠶᠢᠨ ᠬᠢᠷᠢ ᠲᠥᠪᠰᠢᠨ ᠪᠠᠨ ᠳᠡᠭᠡᠭᠰᠢᠯᠡᠭᠦᠯᠵᠡᠢ᠃ |