ᠬᠦᠬᠡᠬᠤᠳᠠ ᠰᠣᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ ᠶᠢ ᠬᠡᠷᠡᠭᠵᠢᠬᠦᠯᠦᠨ᠂ ᠦᠨᠳᠦᠰᠦᠲᠡᠨ ᠤ ᠪᠠᠯᠴᠢᠷ ᠬᠡᠦᠬᠡᠳ ᠤᠨ ᠰᠤᠷᠭᠠᠨ ᠬᠥᠮᠦᠵᠢᠯ ᠢ ᠡᠩ ᠲᠡᠷᠢᠬᠦᠨ ᠳᠤ ᠭᠤᠤᠯᠳᠠᠯᠭ᠎ᠠ ᠲᠠᠢ ᠬᠦᠭᠵᠢᠭᠦᠯᠵᠦ ᠪᠤᠢ
ᠨᠡᠶᠢᠲᠡᠯᠡᠭᠰᠡᠨ ᠴᠠᠭ᠄
2019/6/17
     ᠣᠶᠢᠷ᠎ᠠ ᠳᠤ᠂ ᠬᠦᠬᠡᠬᠤᠳᠠ ᠦᠨᠳᠦᠰᠦᠲᠡᠨ ᠤ ᠪᠠᠯᠴᠢᠷ ᠬᠡᠦᠬᠡᠳ ᠤᠨ ᠰᠤᠷᠭᠠᠨ ᠬᠥᠮᠦᠵᠢᠯ ᠢ ᠡᠩ ᠲᠡᠷᠢᠬᠦᠨ ᠳᠤ ᠭᠤᠤᠯᠳᠠᠯᠭ᠎ᠠ ᠲᠠᠢ ᠬᠦᠭᠵᠢᠭᠦᠯᠵᠦ᠂ ︽ᠬᠦᠬᠡᠬᠤᠳᠠ ᠶᠢᠨ ᠰᠣᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠮᠣᠩᠭᠤᠯ ᠢᠶᠠᠷ ᠬᠢᠴᠢᠶᠡᠯᠯᠡᠬᠦ ᠬᠡᠦᠬᠡᠳ ᠤᠨ ᠠᠰᠠᠷᠠᠨ ᠬᠥᠮᠦᠵᠢᠭᠦᠯᠬᠦ ᠵᠠᠷᠤᠳᠠᠯ ᠢ ᠬᠡᠯᠲᠦᠷᠢᠭᠦᠯᠬᠦ ᠬᠠᠮᠢᠶᠠᠷᠤᠯᠲᠠ ᠶᠢᠨ ᠠᠷᠭ᠎ᠠ︾᠎ ᠶᠢ ᠲᠣᠭᠲᠠᠭᠠᠨ ᠨᠡᠶᠢᠳᠡᠯᠡᠵᠣ᠂ ᠬᠤᠲᠠ ᠶᠢᠨ ᠮᠣᠩᠭᠤᠯ ᠢᠶᠠᠷ ᠬᠢᠴᠢᠶᠡᠯᠯᠡᠬᠦ ᠬᠡᠦᠬᠡᠳ ᠤᠨ ᠠᠰᠠᠷᠠᠨ ᠬᠥᠮᠦᠵᠢᠭᠦᠯᠬᠦ ᠵᠠᠷᠤᠳᠠᠯ ᠢ ᠬᠡᠯᠲᠦᠷᠢᠭᠦᠯᠬᠦ ᠲᠥᠷᠥ ᠶᠢᠨ ᠪᠣᠳᠣᠯᠭ᠎ᠠ ᠶᠢ ᠬᠡᠷᠡᠭᠵᠢᠭᠦᠯᠪᠡ᠃ 2018 ᠣᠨ ᠳᠤ᠂ ᠪᠥᠬᠦ ᠬᠤᠲᠠ ᠶᠢᠨ 1867 ᠬᠡᠦᠬᠡᠳ ᠡᠨᠡ ᠬᠦ ᠲᠥᠷᠥ ᠶᠢᠨ ᠪᠣᠳᠣᠯᠭ᠎ᠠ ᠶᠢᠨ ᠬᠠᠷᠠᠭᠠᠯᠵᠠᠯ ᠢ ᠬᠦᠷᠲᠡᠵᠦ᠂ ᠬᠤᠲᠠ ᠶᠢᠨ ᠱᠠᠲᠤᠨ ᠤ ᠡᠳ᠋ ᠤᠨ ᠵᠠᠰᠠᠭ ᠠᠴᠠ 464 ᠲᠦᠮᠡᠨ ᠲᠥᠭᠦᠷᠢᠭ ᠤᠨ ᠪᠠᠯᠠ ᠮᠥᠩᠭᠦ ᠣᠷᠣᠭᠤᠯᠵᠡᠢ᠃ ︽ᠬᠦᠬᠡᠬᠤᠳᠠ ᠶᠢᠨ ᠦᠨᠳᠦᠰᠦᠲᠡᠨ ᠤ ᠰᠤᠷᠭᠠᠨ ᠬᠥᠮᠦᠵᠢᠯ ᠤᠨ ᠳᠦᠷᠢᠮ︾᠎ ᠤᠨ ᠶᠣᠰᠣᠭᠠᠷ᠂ ᠬᠦᠬᠡᠬᠤᠳᠠ ᠶᠢᠨ ᠦᠨᠳᠦᠰᠦᠲᠡᠨ ᠤ ᠰᠤᠷᠭᠠᠨ ᠬᠥᠮᠦᠵᠢᠯ ᠤᠨ ᠲᠤᠰᠬᠠᠶ ᠪᠠᠯᠠ ᠮᠥᠩᠭᠦ ᠠᠴᠠ 200 ᠭᠠᠷᠤᠶ ᠲᠦᠮᠡᠨ ᠲᠥᠭᠦᠷᠢᠭ ᠢ ᠦᠨᠳᠦᠰᠦᠲᠡᠨ ᠤ ᠬᠡᠦᠬᠡᠳ ᠤᠨ ᠴᠡᠴᠡᠷᠯᠢᠭ ᠤᠨ ᠬᠤᠤᠰ ᠬᠡᠯᠡᠨ ᠤ ᠪᠠᠭᠰᠢ ᠶᠢᠨ ᠪᠣᠯᠪᠠᠰᠤᠷᠠᠭᠤᠯᠤᠯ᠂ ᠦᠨᠳᠦᠰᠦᠲᠡᠨ ᠤ ᠰᠣᠶᠣᠯ ᠤᠨ ᠣᠨᠴᠠᠯᠢᠭᠲᠤ ᠬᠦᠳᠡᠯᠡᠬᠡᠬᠡᠨ ᠬᠢᠭᠡᠳ ᠰᠤᠷᠭᠠᠭᠤᠯᠢ ᠶᠢᠨ ᠬᠦᠷᠢᠶᠡᠨ ᠤ ᠰᠣᠶᠣᠯ ᠤᠨ ᠪᠠᠶᠢᠭᠤᠯᠣᠯᠳᠠ᠂ ᠲᠣᠭᠯᠠᠭᠠᠮ ᠤᠨ ᠪᠠᠭᠠᠵᠢ ᠬᠡᠷᠡᠭᠰᠡᠯ ᠢ ᠲᠡᠭᠦᠯᠳᠡᠷᠵᠢᠭᠦᠯᠬᠦ ᠳᠤ ᠵᠠᠷᠣᠴᠠᠭᠤᠯᠵᠣ᠂ ᠡᠯ᠎ᠡ ᠬᠤᠰᠢᠭᠤ ᠰᠢᠶᠠᠨ ᠲᠣᠭᠤᠷᠢᠭ ᠲᠤ ᠠᠳᠠᠯᠢ ᠪᠤᠰᠤ ᠬᠡᠮᠵᠢᠶᠠᠨ ᠤ ᠦᠨᠳᠦᠰᠦᠲᠡᠨ ᠤ ᠰᠤᠷᠭᠠᠨ ᠬᠥᠮᠦᠵᠢᠯ ᠤᠨ ᠲᠤᠰᠬᠠᠶ ᠪᠠᠯᠠ ᠮᠥᠩᠭᠦ ᠲᠣᠬᠢᠷᠠᠭᠤᠯᠤᠭᠰᠠᠨ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号