ᠠᠯᠠᠱᠠ ᠠᠶᠢᠮᠠᠭ ᠤᠨ ᠴᠡᠭᠡ ᠪᠣᠭᠤᠮᠲᠠ ᠶᠢᠨ 5 ᠳ᠋ᠤᠭᠠᠷ ᠰᠠᠷ᠎ᠠ ᠶᠢᠨ ᠠᠷᠠᠯᠵᠢᠶᠠᠨ ᠤ ᠪᠠᠶᠢᠳᠠᠯ
ᠨᠡᠶᠢᠲᠡᠯᠡᠭᠰᠡᠨ ᠴᠠᠭ᠄
2019/6/18
     ᠴᠡᠭᠡ ᠪᠣᠭᠤᠮᠲᠠ ᠶᠢᠨ 5 ᠳ᠋ᠤᠭᠠᠷ ᠰᠠᠷ᠎ᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠠᠷᠠᠯᠵᠢᠶ᠎ᠠ ᠨᠢ ᠨᠡᠭᠦᠷᠡᠰᠦᠨ ᠤ ᠠᠷᠠᠯᠵᠢᠶ᠎ᠠ ᠪᠠ ᠬᠢᠯᠢ ᠶᠢᠨ ᠪᠠᠭ᠎ᠠ ᠠᠷᠠᠯᠵᠢᠶ᠎ᠠ ᠪᠠᠷ ᠭᠤᠤᠯ ᠪᠣᠯᠭᠠᠵᠤ᠂ ᠭᠠᠳᠠᠭᠠᠳᠤ ᠠᠴᠠ ᠣᠷᠤᠭᠤᠯᠤᠭᠰᠠᠨ ᠪᠠᠷᠠᠭ᠎ᠠ ᠨᠢ ᠨᠡᠭᠦᠷᠡᠰᠦ ᠪᠠᠶᠢᠵᠤ᠂ ᠭᠠᠳᠠᠭᠠᠳᠤ ᠳᠤ ᠭᠠᠷᠭᠠᠭᠰᠠᠨ ᠪᠠᠷᠠᠭ᠎ᠠ ᠨᠢ ᠴᠠᠬᠢᠯᠭᠠᠨ ᠬᠦᠴᠦᠨ᠂ ᠮᠧᠬᠠᠨᠢᠭ ᠲᠥᠬᠦᠭᠡᠷᠦᠮᠵᠢ᠂ ᠪᠠᠷᠢᠯᠭ᠎ᠠ ᠶᠢᠨ ᠮᠠᠲ᠋ᠧᠷᠢᠶᠠᠯ ᠵᠡᠷᠭᠡ ᠪᠣᠯᠤᠨ᠎ᠠ᠃      ᠪᠦᠷᠢᠳᠬᠡᠯ ᠢ ᠦᠨᠳᠦᠰᠦᠯᠡᠪᠡᠯ᠂ 2019 ᠤᠨ ᠤ 5 ᠳ᠋ᠤᠭᠠᠷ ᠰᠠᠷ᠎ᠠ ᠳᠤ᠂ ᠴᠡᠭᠡ ᠪᠣᠭᠤᠮᠲᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠪᠠᠷᠠᠭ᠎ᠠ 136 . 92 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 2 . 76 %᠎ ᠪᠠᠷ ᠪᠠᠭᠤᠷᠠᠪᠠ᠃ ᠡᠭᠦᠨ ᠳᠤ᠄ ᠭᠠᠳᠠᠭᠠᠳᠤ ᠠᠴᠠ ᠣᠷᠣᠭᠤᠯᠤᠭᠰᠠᠨ ᠪᠠᠷᠠᠭ᠎ᠠ 136 . 9 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 2 . 73 %᠎ ᠪᠠᠷ ᠪᠠᠭᠤᠷᠠᠪᠠ᠃ ᠭᠠᠳᠠᠭᠠᠳᠤ ᠳᠤ ᠭᠠᠷᠭᠠᠭᠰᠠᠨ ᠪᠠᠷᠠᠭ᠎ᠠ ᠨᠢ 0 . 023 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 60 . 75 %᠎ ᠪᠠᠷ ᠪᠠᠭᠤᠷᠠᠪᠠ᠃ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠠᠷᠠᠯᠵᠢᠶᠠᠨ ᠤ ᠵᠣᠭᠤᠰ ᠤᠨ ᠲᠤᠭ᠎ᠠ 49023 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 3 . 01 % ᠨᠡᠮᠡᠭᠳᠡᠪᠡ᠂ ᠡᠭᠦᠨ ᠳᠤ᠄ ᠭᠠᠳᠠᠭᠠᠳᠤ ᠠᠴᠠ ᠣᠷᠣᠭᠤᠯᠤᠭᠰᠠᠨ ᠲᠤᠭ᠎ᠠ 46950 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 14 . 27 % ᠨᠡᠮᠡᠭᠳᠡᠪᠡ᠃ ᠭᠠᠳᠠᠭᠠᠳᠤ ᠳᠤ ᠭᠠᠷᠭᠠᠭᠰᠠᠨ ᠵᠣᠭᠤᠰ ᠤᠨ ᠲᠤᠭ᠎ᠠ 2073 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 68 . 13 %᠎ ᠪᠠᠷ ᠪᠠᠭᠤᠷᠠᠪᠠ᠃ ᠡᠬᠦᠨ ᠳᠤ ᠭᠠᠳᠠᠭᠠᠳᠤ ᠳᠤ ᠭᠠᠷᠭᠠᠭᠰᠠᠨ ᠮᠧᠬᠠᠨᠢᠭ ᠲᠥᠬᠦᠭᠡᠷᠦᠮᠵᠢ 1839 ᠲᠦᠮᠡᠨ ᠲᠥᠭᠦᠷᠢᠭ᠂ ᠴᠠᠬᠢᠯᠭᠠᠨ ᠬᠦᠴᠦ 97 ᠲᠦᠮᠡᠨ ᠲᠥᠭᠦᠷᠢᠭ᠂ ᠪᠠᠷᠢᠯᠭ᠎ᠠ ᠶᠢᠨ ᠮᠠᠲ᠋ᠧᠷᠢᠶᠠᠯ 65 ᠲᠦᠮᠡᠨ ᠲᠥᠭᠦᠷᠢᠭ ᠪᠣᠯᠤᠨ᠎ᠠ᠃ ᠴᠡᠭᠡ ᠪᠣᠭᠤᠮᠲᠠ ᠶᠢᠨ ᠬᠢᠯᠢ ᠪᠠᠷ ᠥᠩᠭᠡᠷᠡᠭᠰᠡᠨ ᠲᠡᠷᠭᠡ 28246 ᠤᠳᠠᠭ᠎ᠠ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 8 . 58 %᠎ ᠪᠠᠷ ᠪᠠᠭᠤᠷᠠᠪᠠ᠂ ᠡᠭᠦᠨ ᠳᠤ᠄ ᠬᠢᠯᠢ ᠪᠠᠷ ᠣᠷᠣᠵᠤ ᠢᠷᠡᠭᠰᠡᠨ ᠲᠡᠷᠭᠡ 14274 ᠤᠳᠠᠭ᠎ᠠ ︵ᠳᠤᠮᠳᠠᠳᠤ ᠤᠯᠤᠰ ᠤᠨ ᠲᠠᠯ᠎ᠠ ᠶᠢᠨ 43 ᠲᠡᠷᠭᠡ ᠤᠳᠠᠭ᠎ᠠ᠂ ᠮᠣᠩᠭᠤᠯ ᠤᠯᠤᠰ ᠤᠨ ᠲᠠᠯ᠎ᠠ ᠶᠢᠨ 14231 ᠲᠡᠷᠭᠡ ᠤᠳᠠᠭ᠎ᠠ︶᠂ ᠬᠢᠯᠢ ᠪᠠᠷ ᠭᠠᠷᠤᠭᠰᠠᠨ ᠲᠡᠷᠭᠡ 13972 ᠤᠳᠠᠭ᠎ᠠ ︵ᠳᠤᠮᠳᠠᠳᠤ ᠤᠯᠤᠰ ᠤᠨ ᠲᠠᠯ᠎ᠠ ᠶᠢᠨ 40 ᠲᠡᠷᠭᠡ ᠤᠳᠠᠭ᠎ᠠ᠂ ᠮᠣᠩᠭᠤᠯ ᠤᠯᠤᠰ ᠤᠨ ᠲᠠᠯ᠎ᠠ ᠶᠢᠨ 13932 ᠲᠡᠷᠭᠡ ᠤᠳᠠᠭ᠎ᠠ︶ ᠪᠤᠢ᠃ ᠬᠢᠯᠢ ᠪᠠᠷ ᠥᠩᠭᠡᠷᠡᠭᠰᠡᠨ ᠬᠦᠮᠦᠨ 34403 ᠤᠳᠠᠭ᠎ᠠ ᠪᠣᠯᠵᠤ᠂ ᠠᠳᠠᠯᠢ ᠬᠤᠭᠤᠴᠠᠭᠠᠨ ᠤ ᠬᠢ ᠠᠴᠠ 6 . 11 %᠎ ᠪᠠᠷ ᠪᠠᠭᠤᠷᠠᠪᠠ᠂ ᠡᠭᠦᠨ ᠳᠤ᠄ ᠬᠢᠯᠢ ᠪᠠᠷ ᠣᠷᠣᠵᠤ ᠢᠷᠡᠭᠰᠡᠨ ᠬᠦᠮᠦᠨ 17391 ᠤᠳᠠᠭ᠎ᠠ ︵ᠳᠤᠮᠳᠠᠳᠤ ᠤᠯᠤᠰ ᠤᠨ ᠲᠠᠯ᠎ᠠ ᠶᠢᠨ 377 ᠬᠥᠮᠥᠨ ᠤᠳᠠᠭ᠎ᠠ᠂ ᠮᠣᠩᠭᠤᠯ ᠤᠯᠤᠰ ᠤᠨ ᠲᠠᠯ᠎ᠠ ᠶᠢᠨ 17014 ᠬᠥᠮᠥᠨ ᠤᠳᠠᠭ᠎ᠠ︶ ᠪᠣᠢ᠂ ᠬᠢᠯᠢ ᠪᠠᠷ ᠭᠠᠷᠤᠭᠰᠠᠨ ᠬᠦᠮᠦᠨ 17012 ᠤᠳᠠᠭ᠎ᠠ ︵ᠳᠤᠮᠳᠠᠳᠤ ᠤᠯᠤᠰ ᠤᠨ ᠲᠠᠯ᠎ᠠ ᠶᠢᠨ ᠬᠢᠨ 363 ᠬᠥᠮᠥᠨ ᠤᠳᠠᠭ᠎ᠠ᠂ ᠮᠣᠩᠭᠤᠯ ᠤᠯᠤᠰ ᠤᠨ ᠲᠠᠯ᠎ᠠ ᠶᠢᠨ 16649 ᠬᠥᠮᠥᠨ ᠤᠳᠠᠭ᠎ᠠ︶ ᠪᠤᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号