ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ᠪᠥᠬᠦ ᠤᠯᠤᠰ ᠤᠨ ᠨᠡᠶᠢᠭᠡᠮᠴᠢᠯᠡᠭᠰᠡᠨ ᠦᠶᠯᠡᠴᠢᠯᠡᠭᠡᠨ ᠤ ᠰᠢᠰᠲ᠋ᠧᠮ ᠤᠨ ︽ᠭᠤᠷᠪᠠᠨ ᠠᠮᠣᠷ ᠲᠦᠪᠰᠢᠨ ᠲᠠᠷᠢᠶᠠᠯᠠᠩ︾᠎ ᠨᠢ ᠤᠯᠠᠭᠠᠨᠬᠠᠳᠠ ᠬᠤᠲᠠ ᠳᠤ ᠪᠡᠶᠡᠯᠡᠭᠳᠡᠪᠡ
ᠨᠡᠶᠢᠲᠡᠯᠡᠭᠰᠡᠨ ᠴᠠᠭ᠄
2019/6/21
     6 ᠳ᠋ᠤᠭᠠᠷ ᠰᠠᠷ᠎ᠠ ᠶᠢᠨ 18᠎ ᠤ ᠡᠳᠦᠷ᠂ ᠪᠥᠬᠦ ᠤᠯᠤᠰ ᠤᠨ ᠨᠡᠶᠢᠭᠡᠮᠴᠢᠯᠡᠭᠰᠡᠨ ᠦᠶᠯᠡᠴᠢᠯᠡᠭᠡᠨ ᠤ ᠰᠢᠰᠲ᠋ᠧᠮ ᠎ ᠤᠨ ︽ᠭᠤᠷᠪᠠᠨ ᠠᠮᠣᠷ  ᠲᠦᠪᠰᠢᠨ ᠲᠠᠷᠢᠶᠠᠯᠠᠩ︾᠎ ᠤᠨ ᠪᠥᠬᠦ ᠤᠯᠤᠰ ᠤᠨ 126 ᠳ᠋ᠤᠭᠠᠷ ᠦᠶᠯᠡᠴᠢᠯᠡᠭᠡᠨ ᠤ ᠥᠷᠲᠡᠭᠡ ᠪᠤᠯᠬᠤ ᠤᠯᠠᠭᠠᠨᠬᠠᠳᠠ ᠬᠤᠲᠠ ᠶᠢᠨ ᠰᠦᠩᠱᠠᠨ ᠲᠣᠭᠤᠷᠢᠭ ᠤᠨ ᠳ᠋ᠠ ᠮᠢᠶᠣᠣ ᠪᠠᠯᠭᠠᠰᠤᠨ ᠤ ᠦᠶᠯᠡᠴᠢᠯᠡᠭᠡᠨ ᠤ ᠥᠷᠲᠡᠭᠡ ᠵᠢᠩᠬᠢᠨᠢ ᠪᠠᠷ ᠠᠰᠢᠭᠯᠠᠯᠳᠠ ᠳᠤ ᠣᠷᠣᠪᠠ᠃      ᠲᠠᠨᠢᠯᠴᠠᠭᠤᠯᠤᠭᠰᠠᠨ ᠢᠶᠠᠷ᠂ ︽ᠭᠤᠷᠪᠠᠨ ᠠᠮᠣᠷ ᠲᠦᠪᠰᠢᠨ ᠲᠠᠷᠢᠶᠠᠯᠠᠩ︾᠎ ᠤᠨ ︽ᠭᠤᠷᠪᠠᠨ ᠠᠮᠣᠷ ᠲᠦᠪᠰᠢᠨ︾ ᠭᠡᠳᠡᠭ ᠨᠢ ᠲᠤᠰ ᠲᠤᠰ ᠲᠠᠷᠢᠶᠠᠯᠠᠩ ᠤᠨ ᠦᠢᠯᠡᠳᠪᠦᠷᠢᠯᠡᠯ ᠠᠮᠣᠷ ᠲᠦᠪᠰᠢᠨ᠂ ᠲᠠᠷᠢᠶᠠᠯᠠᠩ ᠤᠨ ᠪᠦᠲᠦᠭᠡᠭᠳᠡᠬᠦᠨ ᠤ ᠪᠣᠯᠪᠠᠰᠤᠷᠠᠭᠤᠯᠤᠯᠲᠠ ᠠᠮᠣᠷ ᠲᠦᠪᠰᠢᠨ᠂ ᠲᠠᠷᠢᠶᠠᠯᠠᠩ ᠤᠨ ᠪᠦᠲᠦᠭᠡᠭᠳᠡᠬᠦᠨ ᠤ ᠭᠦᠢᠯᠭᠡᠭᠡ ᠠᠮᠣᠷ ᠲᠦᠪᠰᠢᠨ ᠪᠠᠶᠢᠬᠤ ᠶᠢ ᠵᠢᠭᠠᠵᠤ ᠪᠠᠶᠢᠨ᠎ᠠ᠂ ᠲᠡᠷᠡ ᠨᠢ ᠲᠠᠷᠢᠶᠠᠯᠠᠩ ᠤᠨ ᠪᠦᠬᠦ ᠠᠵᠤ ᠦᠢᠯᠡᠰ ᠤᠨ ᠬᠡᠯᠬᠢᠶ᠎ᠡ ᠎ ᠳᠤ ᠴᠥᠮ ᠠᠮᠣᠷ ᠲᠦᠪᠰᠢᠨ ᠪᠠᠲᠤᠯᠠᠭ᠎ᠠ ᠬᠠᠩᠭᠠᠬᠤ ᠪᠣᠯᠣᠨ᠎ᠠ᠃      ︽ᠭᠤᠷᠪᠠᠨ ᠠᠮᠣᠷ ᠲᠦᠪᠰᠢᠨ ᠲᠠᠷᠢᠶᠠᠯᠠᠩ︾᠎ ᠤᠨ ᠳ᠋ᠠ ᠮᠢᠶᠣᠣ ᠪᠠᠯᠭᠠᠰᠤᠨ ᠤ ᠣᠯᠠᠨ ᠨᠡᠶᠢᠲᠡ ᠶᠢᠨ ᠦᠢᠯᠡᠴᠢᠯᠡᠭᠡᠨ ᠤ ᠥᠷᠲᠡᠭᠡ ᠨᠢ ᠬᠠᠷᠢᠶ᠎ᠠ ᠲᠣᠭᠤᠷᠢᠭ ᠲᠠᠬᠢ 6000 ᠰᠢᠬᠠᠮ ᠬᠦᠯᠡᠮᠵᠢ ᠵᠢᠴᠢ ᠡᠷᠭᠢᠨ ᠲᠣᠭᠤᠷᠢᠨ ᠎ ᠤ ᠬᠡᠰᠡᠭ ᠰᠢᠶᠠᠩ ᠪᠠᠯᠭᠠᠰᠤᠨ ᠳᠤ ᠲᠠᠷᠢᠶᠠᠯᠠᠩ ᠤᠨ ᠮᠡᠷᠭᠡᠵᠢᠯ ᠤᠨ ᠦᠢᠯᠡᠴᠢᠯᠡᠭᠡ ᠬᠠᠩᠭᠠᠬᠤ ᠪᠣᠯᠤᠨ᠎ᠠ᠃ ᠦᠢᠯᠡᠴᠢᠯᠡᠭᠡᠨ ᠤ ᠬᠠᠷᠢᠶ᠎ᠠ ᠣᠷᠣᠨ ᠤ ᠳᠣᠲᠣᠷ᠎ᠠ ᠣᠳᠣ ᠨᠢᠭᠡᠨᠲᠡ ᠪᠦᠬᠦ ᠤᠯᠤᠰ ᠤᠨ ᠲᠠᠷᠢᠶᠠᠯᠠᠩ ᠤᠨ ᠨᠡᠶᠢᠭᠡᠮᠴᠢᠯᠡᠭᠰᠡᠨ ᠰᠢᠰᠲ᠋ᠧᠮ ᠤᠨ ︽ᠭᠤᠷᠪᠠᠨ ᠠᠮᠣᠷ ᠲᠦᠪᠰᠢᠨ ᠲᠠᠷᠢᠶᠠᠯᠠᠩ︾᠎ ᠤᠨ ᠶᠡᠷᠦᠩᠬᠡᠶ ᠬᠡᠯᠲᠡᠰ ᠠᠴᠠ ᠴᠣᠬᠤᠯᠠᠪᠤᠷᠢᠯᠠᠨ  ᠵᠦᠪᠰᠢᠶᠡᠷᠡᠭᠰᠡᠨ ᠲᠠᠷᠢᠶᠠᠨ ᠡᠮ ᠤᠨ ᠦᠯᠡᠳᠡᠭᠳᠡᠯ ᠢ ᠬᠢᠨᠠᠨ ᠬᠠᠮᠢᠶᠠᠷᠬᠤ 8 ᠰᠠᠭᠤᠷᠢᠨ ᠭᠠᠵᠠᠷ ᠪᠣᠶ᠂ ᠡᠭᠦᠨ ᠳᠤ ᠭᠤᠣᠯᠳᠠᠭᠤ ᠳ᠋ᠠ ᠮᠢᠶᠣᠣ ᠪᠠᠯᠭᠠᠰᠤᠨ ᠤ ᠭᠦᠩᠵᠦ ᠶᠢᠨ ᠪᠤᠩᠬᠤᠨ ᠢᠳᠡᠰᠢᠨ ᠨᠣᠭᠤᠭ᠎ᠠ ᠶᠢᠨ ᠲᠣᠮᠣ ᠰᠠᠷᠠᠪᠴᠢᠨ ᠲᠣᠭᠤᠷᠢᠭ᠂ ᠯᠣᠣ ᠹᠦ᠋ ᠪᠠᠯᠭᠠᠰᠤᠨ ᠤ ᠯᠣᠣ ᠮᠢᠶᠣᠣ ᠭᠸᠦ ᠲᠣᠰᠬᠤᠨ ᠤ ᠠᠮᠤ ᠪᠤᠳᠠᠭ᠎ᠠ ᠲᠠᠷᠢᠬᠤ ᠰᠠᠭᠤᠷᠢᠨ ᠭᠠᠵᠠᠷ᠂ ᠯᠣᠣ ᠹᠦ᠋ ᠪᠠᠯᠭᠠᠰᠤᠨ ᠤ ᠨᠠ ᠭᠧ ᠶᠢᠩᠽᠢ ᠲᠣᠰᠬᠤᠨ ᠤ ᠠᠮᠤ ᠪᠤᠳᠠᠭ᠎ᠠ ᠲᠠᠷᠢᠬᠤ ᠰᠠᠭᠤᠷᠢᠨ ᠭᠠᠵᠠᠷ᠂ ᠳ᠋ᠠᠩ ᠫᠦ ᠳ᠋ᠢ ᠪᠠᠯᠭᠠᠰᠤᠨ ᠤ ᠳ᠋ᠠ ᠰᠢᠩ ᠯᠦᠩ ᠵᠤᠸᠠᠩ ᠲᠣᠰᠬᠤᠨ ᠤ ᠳ᠋ᠦᠩᠱᠠᠨ ᠢᠳᠡᠰᠢᠨ ᠨᠣᠭᠤᠭ᠎ᠠ ᠶᠢᠨ ᠲᠣᠮᠣ ᠰᠠᠷᠠᠪᠴᠢᠨ ᠲᠣᠭᠤᠷᠢᠭ ᠵᠡᠷᠭᠡ ᠪᠠᠭᠲᠠᠨ᠎ᠠ᠃      ᠣᠳᠣ ᠪᠤᠯᠬᠤ ᠳᠤ᠂ ᠶᠡᠷᠦᠩᠬᠡᠶ ᠬᠢᠨᠠᠨ ᠬᠠᠮᠢᠶᠠᠷᠬᠤ ᠲᠠᠯᠠᠪᠠᠢ ᠨᠢ ᠪᠠᠷᠤᠭ 12000 ᠮᠦ ᠪᠠᠶᠢᠵᠤ᠂ ᠤᠯᠠᠭᠠᠨᠬᠠᠳᠠ ᠶᠢᠨ ᠬᠠᠮᠢᠶᠠᠷᠤᠯᠲᠠ ᠶᠢᠨ ᠲᠥᠪ ᠠᠴᠠ ᠬᠠᠷᠢᠶ᠎ᠠ ᠣᠷᠣᠨ ᠤ ᠳᠣᠲᠣᠷᠠᠬᠢ ᠳᠠᠶᠢᠴᠢᠯᠠᠬᠤ ᠦᠶᠯᠡᠳᠦᠯ ᠪᠦᠬᠦᠢ ᠲᠠᠷᠢᠶᠠᠯᠠᠩ ᠤᠨ ᠣᠨᠴᠠᠯᠢᠭᠲᠤ ᠳᠠᠭᠠᠭᠤᠯᠣᠭᠴᠢ ᠠᠵᠤ ᠠᠬᠤᠶᠢᠯᠠᠯ᠂ ᠲᠠᠷᠢᠶᠠᠴᠢᠨ ᠤ ᠲᠤᠰᠬᠠᠶ ᠬᠤᠷᠰᠢᠶᠠᠵᠢᠯ ᠎ ᠳᠤ ᠴᠢᠭᠯᠡᠭᠦᠯᠦᠨ ᠲᠠᠷᠢᠶᠠᠯᠠᠩ ᠤᠨ ᠲᠠᠷᠢᠮᠠᠯ ᠤᠨ ︽ᠬᠢᠮᠢ ᠶᠢᠨ ᠪᠣᠷᠳᠣᠭᠤᠷ ᠦᠬᠡᠢ᠂ ᠲᠠᠷᠢᠶᠠᠨ ᠡᠮ ᠤᠨ ᠦᠯᠡᠳᠡᠭᠳᠡᠯ ᠦᠬᠡᠢ︾ ᠬᠡᠷᠡᠭᠯᠡᠭᠡᠨ ᠤ ᠮᠡᠷᠭᠡᠵᠢᠯ ᠢᠶᠠᠷ ᠲᠡᠳᠬᠦᠨ ᠳᠡᠮᠵᠢᠬᠦ ᠠᠵᠢᠯ ᠢ ᠪᠡᠶᠡᠯᠡᠭᠦᠯᠵᠦ᠂ ᠲᠠᠷᠢᠶᠠᠨ ᠡᠮ ᠤᠨ ᠦᠯᠡᠳᠡᠭᠳᠡᠯ ᠦᠬᠡᠢ ᠲᠠᠷᠢᠶᠠᠯᠠᠩ ᠤᠨ ᠦᠶᠯᠡᠳᠪᠦᠷᠢᠯᠡᠯ ᠤᠨ ᠳ᠋ᠠᠶᠢᠲ᠋ᠠ ᠶᠢᠨ ᠬᠥᠮᠥᠷᠭᠡ ᠶᠢ ᠪᠠᠶᠢᠭᠤᠯᠣᠨ ᠪᠦᠷᠢᠨᠰᠢᠭᠦᠯᠵᠦ᠂ ᠦᠶᠯᠡᠴᠢᠯᠡᠭᠡᠨ ᠤ ᠠᠵᠢᠯ ᠤᠨ ᠴᠤᠪᠤᠷᠠᠯ ᠢ ᠵᠢᠷᠤᠮᠵᠢᠭᠤᠯᠤᠨ᠂ ᠲᠤᠭ᠎ᠠ ᠪᠠᠷᠢᠮᠲᠠ ᠶᠢ ᠴᠤᠭᠯᠠᠭᠤᠯᠤᠨ ᠬᠠᠮᠢᠶᠠᠷᠬᠤ ᠶᠢ ᠴᠢᠩᠳᠠᠯᠠᠵᠤ᠂ ᠠᠮᠤ ᠪᠤᠳᠠᠭᠠᠨ ᠤ ᠠᠮᠤᠷ ᠲᠦᠪᠰᠢᠨ ᠦᠶᠯᠡᠳᠪᠦᠷᠢᠯᠡᠯ ᠢ ᠪᠠᠲᠤᠯᠠᠬᠤ ᠪᠣᠯᠤᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号