ᠡᠨᠡ ᠵᠢᠯ ᠬᠥᠯᠥᠨ ᠪᠤᠶᠢᠷ ᠬᠤᠲᠠ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠠᠮᠢᠳᠤᠷᠠᠯ ᠤᠨ ᠨᠠᠭᠠᠳᠤ | ᠵᠠᠬ᠎ᠠ ᠶᠢᠨ ᠪᠠᠲᠤᠯᠠᠭ᠎ᠠ ᠵᠡᠷᠭᠡ ᠨᠡᠶᠢᠬᠡᠮ ᠤᠨ ᠠᠪᠤᠷᠠᠨ ᠲᠤᠰᠠᠯᠠᠬᠤ ᠪᠠᠷᠢᠮᠵᠢᠶ᠎ᠠ ᠶᠢ ᠳᠡᠭᠡᠭᠰᠢᠯᠡᠭᠦᠯᠪᠡ᠃ ᠪᠥᠬᠦ | ᠬᠤᠲᠠ ᠶᠢᠨ ᠬᠤᠲᠠ ᠶᠢᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠶᠢ ᠰᠠᠷ᠎ᠠ ᠳᠤ ᠬᠥᠮᠥᠨ ᠳᠤᠮᠳᠠᠴᠢ ᠪᠠᠷ | 570 ᠲᠥᠭᠦᠷᠢᠭ ᠪᠠᠶᠢᠭᠰᠠᠨ ᠠᠴᠠ ᠨᠢ 620 ᠲᠥᠭᠦᠷᠢᠭ ᠪᠣᠯᠭᠠᠨ ᠥᠰᠭᠡᠵᠦ᠂ ᠳᠤᠮᠳᠠᠴᠢ ᠪᠠᠷ ᠬᠥᠮᠥᠨ | ᠨᠢᠭᠡᠪᠦᠷᠢ ᠳᠤ ᠰᠠᠷ᠎ᠠ ᠪᠦᠷᠢ 50 ᠲᠥᠭᠦᠷᠢᠭ ᠥᠰᠴᠦ᠂ ᠨᠢᠳᠤᠨᠤᠨ ᠤ ᠬᠢ ᠠᠴᠠ 8 . 8 % ᠪᠠᠷ ᠥᠰᠪᠡ︔ | ᠮᠠᠯᠵᠢᠬᠤ ᠲᠠᠷᠢᠶᠠᠯᠠᠬᠤ ᠣᠷᠣᠨ ᠤ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠶᠢ ᠵᠢᠯ ᠳᠤ ᠬᠥᠮᠥᠨ ᠪᠦᠷᠢ | ᠳᠤᠮᠳᠠᠴᠢ ᠪᠠᠷ 5020 ᠲᠥᠭᠦᠷᠢᠭ ᠪᠠᠶᠢᠭᠰᠠᠨ ᠠᠴᠠ ᠨᠢ 5522 ᠲᠥᠭᠦᠷᠢᠭ ᠪᠣᠯᠭᠠᠨ ᠥᠰᠭᠡᠵᠦ᠂ ᠳᠤᠮᠳᠠᠴᠢ ᠪᠠᠷ | ᠬᠥᠮᠥᠨ ᠪᠦᠷᠢ ᠵᠢᠯ ᠳᠤ 502 ᠲᠥᠭᠦᠷᠢᠭ ᠥᠰᠴᠦ᠂ ᠨᠢᠳᠤᠨᠤᠨ ᠤ ᠬᠢ ᠠᠴᠠ 10 % ᠪᠠᠷ ᠥᠰᠪᠡ᠃ | 2019 ᠣᠨ ᠳᠤ ᠬᠤᠲᠠ ᠶᠢᠨ ᠣᠨᠴᠠ ᠬᠦᠴᠢᠷᠳᠡᠯᠲᠡᠶ ᠬᠥᠮᠦᠰ ᠤᠨ ᠥᠨᠳᠦᠰᠦᠨ ᠠᠮᠢᠳᠤᠷᠠᠯ ᠤᠨ | ᠲᠥᠪᠯᠡᠷᠡᠭᠦᠯᠦᠨ ᠠᠰᠠᠷᠠᠬᠤ ᠰᠠᠭᠤᠷᠢ ᠪᠠᠷᠢᠮᠵᠢᠶ᠎ᠠ ᠶᠢ ᠰᠠᠷ᠎ᠠ ᠪᠦᠷᠢ 784 ᠲᠥᠭᠦᠷᠢᠭ ᠪᠠᠶᠢᠭᠰᠠᠨ ᠢ ᠨᠢ 806 | ᠲᠥᠭᠦᠷᠢᠭ ᠪᠣᠯᠭᠠᠨ ᠳᠡᠭᠡᠭᠰᠢᠯᠡᠭᠦᠯᠵᠦ᠂ ᠲᠠᠷᠠᠬᠠᠢ ᠪᠤᠲᠠᠷᠬᠠᠢ ᠠᠰᠠᠷᠠᠬᠤ ᠪᠠᠷᠢᠮᠵᠢᠶ᠎ᠠ ᠶᠢ ᠰᠠᠷ᠎ᠠ ᠪᠦᠷᠢ 741 | ᠲᠥᠭᠦᠷᠢᠭ ᠪᠠᠶᠢᠭᠰᠠᠨ ᠢ ᠨᠢ 806 ᠲᠥᠭᠦᠷᠢᠭ ᠪᠣᠯᠭᠠᠨ ᠳᠡᠭᠡᠭᠰᠢᠯᠡᠭᠦᠯᠵᠦ᠂ ᠨᠢᠳᠤᠨᠤᠨ ᠤ ᠬᠢ ᠠᠴᠠ ᠲᠤᠰ ᠲᠤᠰ | 2 . 8 % ᠪᠠ 8 . 8 % ᠪᠠᠷ ᠳᠡᠭᠡᠭᠰᠢᠯᠡᠬᠦᠯᠵᠡᠢ᠃ ᠮᠠᠯᠵᠢᠬᠤ ᠲᠠᠷᠢᠶᠠᠯᠠᠬᠤ ᠣᠷᠣᠨ ᠤ ᠣᠨᠴᠠ ᠬᠦᠴᠢᠷᠳᠡᠯᠲᠡᠶ | ᠬᠥᠮᠦᠰ ᠤᠨ ᠦᠨᠳᠦᠰᠦᠨ ᠠᠮᠢᠳᠤᠷᠠᠯ ᠤᠨ ᠲᠥᠪᠯᠡᠷᠡᠬᠦᠯᠦᠨ ᠠᠰᠠᠷᠠᠬᠤ ᠰᠠᠭᠤᠷᠢ ᠪᠠᠷᠢᠮᠵᠢᠶ᠎ᠠ ᠶᠢ ᠵᠢᠯ ᠪᠦᠷᠢ 8045 | ᠲᠥᠭᠦᠷᠢᠭ ᠪᠣᠯᠭᠠᠵᠤ᠂ ᠨᠢᠳᠤᠨᠤᠨ ᠤ ᠬᠢ ᠲᠠᠢ ᠠᠳᠠᠯᠢ ᠪᠣᠯᠭᠠᠪᠠ︔ ᠲᠠᠷᠠᠬᠠᠢ ᠪᠤᠲᠠᠷᠬᠠᠢ ᠠᠰᠠᠷᠠᠬᠤ ᠪᠠᠷᠢᠮᠵᠢᠶ᠎ᠠ ᠶᠢ | ᠵᠢᠯ ᠪᠦᠷᠢ ᠳᠤ 6757 ᠲᠥᠭᠦᠷᠢᠭ ᠪᠠᠶᠢᠭᠰᠠᠨ ᠠᠴᠠ ᠨᠢ 7405 ᠲᠥᠭᠦᠷᠢᠭ ᠪᠣᠯᠭᠠᠨ ᠳᠡᠭᠡᠭᠰᠢᠯᠡᠭᠦᠯᠵᠦ᠂ | ᠨᠢᠳᠤᠨᠤᠨ ᠤ ᠬᠢ ᠠᠴᠠ 9 . 6 % ᠪᠠᠷ ᠥᠰᠴᠡᠢ᠃ ᠣᠨᠴᠠ ᠬᠦᠴᠢᠷᠳᠡᠯᠲᠡᠶ ᠬᠥᠮᠦᠰ ᠤᠨ ᠠᠰᠠᠷᠠᠨ ᠰᠤᠪᠢᠯᠠᠬᠤ | ᠨᠥᠬᠦᠪᠥᠷᠢ ᠶᠢᠨ ᠪᠠᠷᠢᠮᠵᠢᠶ᠎ᠠ ᠶᠢ ᠠᠮᠢᠳᠤᠷᠠᠯ ᠢᠶᠠᠨ ᠠᠷᠭᠠᠴᠠᠬᠤ ᠴᠢᠳᠠᠪᠤᠷᠢ ᠪᠠᠨ ᠪᠦᠷᠢᠮᠦᠰᠦᠨ ᠠᠯᠳᠠᠭᠰᠠᠨ ᠬᠥᠮᠥᠨ | ᠳᠤ ᠰᠠᠷ᠎ᠠ ᠪᠦᠷᠢ 1047 ᠲᠥᠭᠦᠷᠢᠭ᠂ ᠠᠮᠢᠳᠤᠷᠠᠯ ᠢᠶᠠᠨ ᠠᠷᠭᠠᠴᠠᠬᠤ ᠵᠠᠷᠢᠮ ᠴᠢᠳᠠᠪᠤᠷᠢ ᠪᠠᠨ ᠠᠯᠳᠠᠭᠰᠠᠨ ᠬᠥᠮᠥᠨ | ᠳᠤ ᠰᠠᠷ᠎ᠠ ᠪᠦᠷᠢ 403 ᠲᠥᠭᠦᠷᠢᠭ ᠪᠣᠯᠭᠠᠵᠤ᠂ ᠨᠢᠳᠤᠨᠤᠨ ᠤ ᠬᠢ ᠲᠠᠢ ᠲᠡᠩᠴᠡᠪᠡ᠃ |