︽ᠲᠣᠮᠣ ᠳ᠋ᠠᠶᠢᠲ᠋ᠠ ᠶᠢᠨ ᠵᠠᠭᠤᠨ ᠬᠥᠮᠥᠨ ᠤ ᠡᠪᠯᠡᠯ︾ ᠪᠠ ︽ᠳᠤᠮᠳᠠᠳᠤ ᠤᠯᠤᠰ ᠤᠨ IT ᠰᠢᠯᠵᠢᠮᠡᠯ ᠣᠶᠣᠨᠳᠣ ᠬᠥᠮᠥᠷᠭᠡ ︵ᠤᠯᠠᠭᠠᠨᠴᠠᠪ︶᠎ ᠶᠢᠨ ᠲᠤᠰᠬᠠᠶ ᠮᠡᠷᠭᠡᠵᠢᠯᠲᠡᠨ ᠤ ᠪᠠᠶᠢᠴᠠᠭᠠᠨ ᠰᠤᠳᠤᠯᠬᠤ ᠰᠠᠭᠤᠷᠢᠨ︾ ᠪᠠᠶᠢᠭᠤᠯᠤᠭᠳᠠᠪᠠ
ᠨᠡᠶᠢᠲᠡᠯᠡᠭᠰᠡᠨ ᠴᠠᠭ᠄
2019/6/25
     6 ᠳ᠋ᠤᠭᠠᠷ ᠰᠠᠷ᠎ᠠ ᠶᠢᠨ 20᠎ ᠤ ᠡᠳᠦᠷ᠂ 2019 ᠣᠨ ᠤ ᠲᠣᠮᠣ ᠳ᠋ᠠᠶᠢᠲ᠋ᠠ ᠶᠢᠨ ᠰᠢᠨ᠎ᠡ ᠶᠢ ᠡᠭᠦᠳᠬᠦ ᠬᠡᠷᠡᠭᠯᠡᠯᠲᠡ ᠪᠣᠯᠤᠨ ᠲᠣᠭᠠᠴᠢᠯᠠᠭᠰᠠᠨ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠬᠥᠭᠵᠢᠯᠲᠡ ᠶᠢᠨ ᠶᠡᠭᠡ ᠬᠤᠷᠠᠯ ᠬᠤᠷᠠᠯᠳᠤᠵᠤ ᠪᠠᠶᠢᠭ᠎ᠠ ᠬᠤᠭᠤᠴᠠᠭᠠᠨ ᠳᠤ᠂ ︽ᠲᠣᠮᠣ ᠳ᠋ᠠᠶᠢᠲ᠋ᠠ ᠶᠢᠨ ᠵᠠᠭᠤᠨ ᠬᠥᠮᠥᠨ ᠤ ᠡᠪᠯᠡᠯ︾ ᠪᠣᠯᠤᠨ ︽ᠳᠤᠮᠳᠠᠳᠤ ᠤᠯᠤᠰ ᠤᠨ IT ᠰᠢᠯᠵᠢᠮᠡᠯ ᠣᠶᠣᠨᠳᠣ ᠬᠥᠮᠥᠷᠭᠡ ︵ᠤᠯᠠᠭᠠᠨᠴᠠᠪ︶᠎ ᠶᠢᠨ ᠲᠤᠰᠬᠠᠢ ᠮᠡᠷᠭᠡᠵᠢᠯᠲᠡᠨ ᠤ ᠪᠠᠶᠢᠴᠠᠭᠠᠨ ᠰᠤᠳᠤᠯᠬᠤ ᠰᠠᠭᠤᠷᠢᠨ︾ ᠵᠢᠩᠬᠢᠨᠢ ᠪᠠᠷ ᠪᠠᠶᠢᠭᠤᠯᠤᠭᠳᠠᠵᠤ ᠢᠯᠡᠷᠬᠡᠶᠢᠯᠡᠯ ᠰᠡᠬᠦᠪᠡ᠃      ᠪᠥᠬᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠠᠵᠤ ᠠᠬᠤᠢ ᠶᠢᠨ ᠵᠥᠪᠯᠡᠯ ᠤᠨ ᠳᠡᠳ᠋ ᠡᠷᠬᠢᠯᠡᠭᠴᠢ᠂ ᠠᠵᠤ ᠦᠢᠯᠡᠳᠪᠣᠷᠢ ᠪᠠ ᠮᠡᠳᠡᠭᠡ ᠵᠠᠩᠭᠢᠵᠢᠯᠠᠯᠳᠠ ᠶᠢᠨ ᠶᠠᠮᠤᠨ ᠤ ᠤᠤᠯ ᠤᠨ ᠳᠡᠳ᠋ ᠰᠠᠶᠢᠳ ᠯᠢᠦ ᠯᠢ ᠬᠤᠸᠠ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠴᠠᠩ ᠵᠢᠶᠦ᠋ᠨ ᠵᠧᠩ᠂ ᠤᠯᠠᠭᠠᠨᠴᠠᠪ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠹᠧᠢ ᠳ᠋ᠦᠩ ᠪᠢᠨ ᠵᠡᠷᠭᠡ ᠤᠳᠤᠷᠢᠳᠤᠯᠭ᠎ᠠ᠂ ᠬᠤᠶᠠᠷ ᠬᠦᠷᠢᠶᠡᠯᠡᠩ ᠤᠨ ᠠᠺᠠᠳᠧᠮᠢᠴᠢ᠂ ᠨᠠᠷᠠᠲᠤ ᠮᠡᠷᠭᠡᠵᠢᠯᠲᠡᠨ᠂ ᠰᠢᠯᠢᠳᠡᠭ ᠠᠵᠤ ᠠᠬᠤᠶᠢᠯᠠᠯᠳᠠᠨ ᠨᠠᠷ ᠢᠯᠡᠷᠬᠡᠶᠢᠯᠡᠯ ᠰᠡᠬᠦᠬᠦ ᠶᠣᠰᠣᠯᠠᠯ ᠳᠤ ᠣᠷᠣᠯᠴᠠᠪᠠ᠃      ᠲᠠᠨᠢᠯᠴᠠᠭᠤᠯᠤᠭᠰᠠᠨ ᠢᠶᠠᠷ᠂ ᠢᠨᠲ᠋ᠧᠷ ᠰᠦᠯᠵᠢᠶ᠎ᠡ᠂ ᠲᠣᠮᠣ ᠳ᠋ᠠᠶᠢᠲ᠋ᠠ᠂ ᠵᠣᠬᠢᠶᠠᠮᠠᠯ ᠣᠶᠣᠨᠳᠣ ᠴᠢᠳᠠᠪᠣᠷᠢ ᠪᠠ ᠪᠣᠳᠠᠲᠤ ᠴᠣᠭᠴᠠ ᠶᠢᠨ ᠠᠵᠤ ᠠᠬᠤᠢ ᠶᠢᠨ ᠭᠦᠨᠵᠡᠭᠡᠶ ᠠᠭᠤᠰᠤᠯᠴᠠᠯ ᠢ ᠠᠬᠢᠭᠤᠯᠬᠤ᠂ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠬᠠᠮᠢᠶ᠎ᠠ ᠪᠦᠬᠦᠢ ᠪᠠᠶᠢᠯᠳᠤᠬᠤ ᠪᠣᠳᠣᠯᠭ᠎ᠠ ᠶᠢᠨ ᠲᠦᠯᠦᠪᠵᠢᠬᠦᠯᠬᠡ ᠵᠢᠴᠢ ᠲᠥᠷᠥ ᠶᠢᠨ ᠪᠣᠳᠣᠯᠭ᠎ᠠ ᠲᠣᠭᠲᠠᠭᠠᠬᠤ ᠳᠤ ᠣᠶᠤᠨ ᠤ ᠳᠡᠮᠵᠢᠯᠭᠡ ᠬᠠᠩᠭᠠᠬᠤ ᠪᠠ ᠲᠣᠭᠠᠴᠢᠯᠠᠭᠰᠠᠨ ᠠᠵᠤ ᠠᠬᠤᠢ ᠶᠢᠨ ᠦᠷᠭᠦᠯᠵᠢᠯᠡᠨ ᠲᠣᠭᠲᠠᠭᠤᠨ ᠢᠶᠠᠷ ᠨᠡᠮᠡᠭᠳᠡᠬᠦ ᠳᠤ ᠮᠡᠷᠭᠡᠵᠢᠯ᠂ ᠠᠵᠤ ᠣᠶᠢᠯᠡᠰ᠂ ᠬᠤᠳᠠᠯᠳᠤᠭᠠᠨ ᠤ ᠵᠠᠭᠪᠤᠷ ᠤᠨ ᠲᠠᠯ᠎ᠠ ᠶᠢᠨ ᠰᠠᠨᠠᠭᠤᠯᠭ᠎ᠠ ᠬᠠᠩᠭᠠᠬᠤ ᠵᠢᠴᠢ ᠦᠢᠯᠡᠳᠪᠣᠷᠢᠯᠡᠯ ᠠᠮᠢᠳᠤᠷᠠᠯ ᠤᠨ ᠠᠷᠭ᠎ᠠ ᠮᠠᠶ᠋ᠢᠭ ᠤᠨ ᠬᠤᠪᠢᠰᠤᠯᠲᠠ ᠪᠠ ᠬᠥᠭᠵᠢᠯᠲᠡ ᠶᠢᠨ ᠪᠠᠶᠢᠭᠤᠯᠤᠯ ᠲᠣᠭᠲᠠᠴᠠ ᠶᠢᠨ ᠰᠢᠨ᠎ᠡ ᠶᠢ ᠡᠭᠦᠳᠬᠦ ᠶᠢ ᠲᠦᠯᠬᠢᠨ ᠠᠬᠢᠭᠤᠯᠬᠤ ᠳᠤ ᠲᠦᠰᠢᠭ ᠲᠤᠯᠭᠠᠭᠤᠷᠢ ᠣᠯᠭᠤᠬᠤ ᠶᠢᠨ ᠲᠦᠯᠦᠬᠡ᠂ ᠶᠡᠭᠡ ᠬᠤᠷᠠᠯ ᠤᠨ ᠵᠣᠬᠢᠶᠠᠨ ᠪᠠᠶᠢᠭᠤᠯᠬᠤ ᠵᠥᠪᠯᠡᠯ ᠨᠡᠶᠢᠬᠡᠮ ᠤᠨ ᠬᠦᠴᠦᠨ ᠲᠠᠢ ᠬᠤᠯᠪᠣᠭᠠᠯᠠᠨ᠂ ︽ᠲᠣᠮᠣ ᠳ᠋ᠠᠶᠢᠲ᠋ᠠ ᠶᠢᠨ ᠵᠠᠭᠤᠨ ᠬᠥᠮᠥᠨ ᠤ ᠡᠪᠯᠡᠯ︾ ᠪᠠ ︽ᠳᠤᠮᠳᠠᠳᠤ ᠤᠯᠤᠰ ᠤᠨ IT ᠰᠢᠯᠵᠢᠮᠡᠯ ᠣᠶᠣᠨᠳᠣ ᠬᠥᠮᠥᠷᠭᠡ ︵ᠤᠯᠠᠭᠠᠨᠴᠠᠪ︶᠎ ᠶᠢᠨ ᠲᠤᠰᠬᠠᠶ ᠮᠡᠷᠭᠡᠵᠢᠯᠲᠡᠨ ᠤ ᠪᠠᠶᠢᠴᠠᠭᠠᠨ ᠰᠣᠳᠣᠯᠬᠤ ᠰᠠᠭᠤᠷᠢᠨ︾᠎ ᠢ ᠪᠠᠶᠢᠭᠤᠯᠵᠣ᠂ ᠮᠠᠨ ᠤ ᠤᠯᠤᠰ ᠤᠨ ᠲᠣᠮᠣ ᠳ᠋ᠠᠶᠢᠲ᠋ᠠ ᠶᠢᠨ ᠠᠵᠤ ᠦᠢᠯᠡᠰ ᠤᠨ ᠬᠥᠭᠵᠢᠯᠲᠡ ᠶᠢᠨ ᠲᠥᠯᠥᠭᠡ ᠵᠢᠳᠬᠦᠵᠤ᠂ ᠲᠣᠭᠠᠴᠢᠯᠠᠭᠰᠠᠨ ᠳᠤᠮᠳᠠᠳᠤ ᠤᠯᠤᠰ ᠤᠨ ᠪᠦᠲᠦᠭᠡᠨ ᠪᠠᠶᠢᠭᠤᠯᠣᠯᠳᠠ ᠳᠤ ᠬᠦᠴᠦᠨ ᠴᠢᠳᠠᠯ ᠢᠶᠠᠨ ᠨᠡᠮᠡᠷᠢᠯᠡᠬᠦ ᠪᠣᠯᠣᠨ᠎ᠠ᠃      ᠰᠤᠷᠪᠤᠯᠵᠢᠯᠠᠭᠴᠢ ᠶᠢᠨ ᠣᠶᠢᠯᠠᠭᠠᠭᠰᠠᠨ ᠢᠶᠠᠷ᠂ ︽ᠲᠣᠮᠣ ᠳ᠋ᠠᠶᠢᠲ᠋ᠠ ᠶᠢᠨ ᠵᠠᠭᠤᠨ ᠬᠥᠮᠥᠨ ᠤ ᠡᠪᠯᠡᠯ︾᠎ ᠤᠨ  ᠪᠠᠶᠢᠭᠤᠯᠣᠭᠳᠠᠭᠰᠠᠨ ᠨᠢ ᠤᠯᠤᠰ ᠤᠨ ᠲᠣᠮᠣ ᠳ᠋ᠠᠶᠢᠲ᠋ᠠ ᠶᠢᠨ ᠪᠠᠶᠢᠯᠳᠤᠬᠤ ᠪᠣᠳᠣᠯᠭ᠎ᠠ ᠶᠢ ᠦᠢᠯᠡᠳᠣᠯᠬᠡᠵᠢᠬᠦᠯᠵᠤ᠂ ᠳ᠋ᠠᠶᠢᠲ᠋ᠠ ᠶᠢᠨ ᠲᠡᠷᠢᠭᠦᠨ ᠤ ᠣᠨᠣᠯᠵᠢᠬᠤᠨ ᠢ ᠤᠯᠠᠮᠵᠢᠯᠠᠨ ᠳᠡᠯᠭᠡᠷᠡᠭᠦᠯᠵᠦ᠂ ᠠᠵᠢᠯ ᠲᠥᠷᠥᠯ ᠤᠨ ᠬᠠᠮᠤᠭ ᠤᠨ ᠰᠠᠶᠢᠨ ᠦᠢᠯᠡᠳᠣᠯᠬᠡ ᠶᠢ ᠠᠬᠢᠭᠤᠯᠤᠨ᠂ ᠵᠢᠱᠢᠶ᠎ᠡ ᠦᠵᠡᠭᠦᠯᠬᠦ ᠰᠢᠯᠢᠳᠡᠭ ᠦᠷ᠎ᠡ ᠪᠦᠲᠦᠭᠡᠯ ᠢ ᠬᠤᠪᠢᠶᠠᠯᠴᠠᠨ ᠬᠦᠷᠳᠡᠵᠤ᠂ ︽ᠵᠠᠰᠠᠭ ᠤᠨ ᠣᠷᠳᠣᠨ᠂ ᠠᠵᠤ ᠠᠬᠤᠶᠢᠯᠠᠯ᠂ ᠳᠡᠬᠡᠳᠣ ᠰᠤᠷᠭᠠᠭᠤᠯᠢ᠂ ᠰᠤᠳᠤᠯᠭᠠᠨ ᠤ ᠪᠠᠶᠢᠭᠤᠯᠣᠮᠵᠢ︾᠎ ᠶᠢᠨ ᠡᠯ᠎ᠡ ᠡᠲᠡᠭᠡᠳ ᠤᠨ ᠲᠤᠰᠬᠠᠶ ᠮᠡᠷᠭᠡᠵᠢᠯᠲᠡᠨ ᠢ ᠲᠥᠪᠯᠡᠷᠡᠭᠦᠯᠦᠨ᠂ ᠲᠣᠮᠣ ᠳ᠋ᠠᠶᠢᠲ᠋ᠠ ᠶᠢᠨ ᠠᠮᠢ ᠠᠬᠤᠢ ᠶᠢᠨ ᠠᠵᠤ ᠦᠢᠯᠡᠰ ᠤᠨ ᠬᠡᠯᠬᠢᠶ᠎ᠡ ᠶᠢᠨ ᠠᠵᠤ ᠠᠬᠤᠶᠢᠯᠠᠯ CEO᠂ CTO᠂ CIO ᠵᠡᠷᠭᠡ ᠰᠢᠢᠳᠪᠣᠷᠢᠳᠣ ᠪᠣᠳᠣᠯᠭ᠎ᠠ ᠶᠢᠨ ᠬᠡᠷᠡᠭᠴᠡᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠣᠷᠣᠨ ᠨᠤᠲᠤᠭ ᠤᠨ ᠠᠵᠤ ᠦᠢᠯᠡᠰ ᠤᠨ ᠨᠠᠶᠢᠳᠠᠪᠤᠷᠢᠵᠢᠬᠤ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ᠂ ᠴᠢᠳᠠᠪᠤᠷᠢᠲᠠᠨ ᠤᠷᠢᠵᠤ ᠪᠢᠯᠢᠭ ᠤᠬᠠᠭᠠᠨ ᠣᠷᠣᠭᠤᠯᠬᠤ᠂ ᠲᠣᠭᠠᠴᠢᠯᠠᠭᠰᠠᠨ ᠠᠵᠤ ᠠᠬᠤᠢ ᠶᠢᠨ ᠬᠦᠭᠵᠢᠬᠦ ᠳᠤ ᠴᠢᠬᠤᠯᠠ ᠦᠢᠯᠡᠳᠣᠯ ᠲᠠᠢ ᠶᠤᠮ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号