ᠣᠶᠢᠷ᠎ᠠ ᠳᠤ᠂ ᠪᠠᠶᠠᠨᠨᠠᠭᠤᠷ ᠬᠤᠲᠠ ᠶᠠᠳᠠᠭᠤ ᠠᠴᠠ ᠠᠩᠭᠢᠵᠢᠷᠠᠭᠠᠳᠤᠶ ᠳᠠᠩᠰᠠ ᠪᠠ ᠺᠠᠷᠲ ᠲᠠᠢ ᠶᠠᠳᠠᠭᠤ | ᠬᠦᠴᠢᠷᠳᠡᠯᠲᠡᠶ ᠬᠥᠮᠦᠰ ᠲᠤ ᠴᠦᠮ ᠨᠡᠶᠢᠭᠡᠮ ᠤᠨ ᠪᠠᠲᠤᠯᠠᠭ᠎ᠠ ᠶᠢᠨ ᠺᠠᠷᠲ ᠣᠯᠭᠤᠵᠤ᠂ ᠪᠥᠬᠦ ᠬᠤᠲᠠ ᠶᠢᠨ ᠶᠠᠳᠠᠭᠤ | ᠬᠦᠴᠢᠷᠳᠡᠯᠲᠡᠶ ᠬᠥᠮᠦᠰ ᠲᠤ ᠨᠡᠶᠢᠭᠡᠮ ᠤᠨ ᠪᠠᠲᠤᠯᠠᠭ᠎ᠠ ᠶᠢᠨ ᠺᠠᠷᠲ ᠵᠣᠬᠢᠶᠠᠵᠤ ᠣᠯᠭᠤᠭᠰᠠᠨ ᠮᠡᠳᠡᠭᠡ ᠵᠠᠩᠭᠢ ᠶᠢ | ᠨᠠᠷᠢᠨ ᠬᠢᠨᠠᠮᠠᠭᠠᠶ ᠬᠠᠷᠭᠤᠭᠤᠯᠤᠨ ᠪᠠᠶᠢᠴᠠᠭᠠᠵᠤ᠂ ᠶᠠᠳᠠᠭᠤ ᠬᠦᠴᠢᠷᠳᠡᠯᠲᠡᠶ ᠬᠥᠮᠦᠰ ᠤᠨ ᠨᠡᠶᠢᠭᠡᠮ ᠤᠨ ᠪᠠᠲᠤᠯᠠᠭ᠎ᠠ | ᠶᠢᠨ ᠺᠠᠷᠲ ᠣᠯᠭᠤᠭᠰᠠᠨ ᠪᠠᠶᠢᠳᠠᠯ ᠢ ᠨᠢᠭᠡᠳ ᠨᠢᠭᠡ ᠪᠠᠷ ᠰᠢᠭᠰᠢᠨ ᠪᠠᠶᠢᠴᠠᠭᠠᠵᠤ᠂ ᠶᠠᠳᠠᠭᠤ ᠬᠦᠴᠢᠷᠳᠡᠯᠲᠡᠶ ᠬᠥᠮᠦᠰ | ᠤᠨ ᠪᠣᠳᠠᠲᠠᠶ ᠪᠠᠶᠢᠳᠠᠯ ᠢ ᠦᠨᠳᠦᠰᠦᠯᠡᠨ᠂ ᠶᠠᠳᠠᠭᠤ ᠬᠦᠴᠢᠷᠳᠡᠯᠲᠡᠶ ᠬᠥᠮᠦᠰ ᠲᠤ ᠨᠡᠶᠢᠭᠡᠮ ᠤᠨ ᠪᠠᠲᠤᠯᠠᠭ᠎ᠠ ᠶᠢᠨ | ᠺᠠᠷᠲ ᠢ ᠣᠯᠠᠨ ᠠᠷᠭ᠎ᠠ ᠵᠠᠮ᠂ ᠣᠯᠠᠨ ᠠᠷᠭ᠎ᠠ ᠮᠠᠶ᠋ᠢᠭ ᠢᠶᠠᠷ ᠣᠯᠭᠤᠪᠠ᠃ | ᠺᠠᠷᠲ ᠣᠯᠭᠤᠬᠤ ᠠᠵᠢᠯᠯᠠᠭ᠎ᠠ ᠳᠤᠮᠳᠠ᠂ ᠪᠥᠬᠦ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠤᠨ ᠬᠢᠨ ᠬᠤᠲᠠ ᠶᠢᠨ ᠶᠠᠳᠠᠭᠤ ᠶᠢ ᠲᠡᠳᠬᠦᠬᠦ ᠠᠯᠪᠠᠨ ᠭᠡᠷ ᠯᠦᠭᠡ | ᠶᠠᠳᠠᠭᠤ ᠠᠴᠠ ᠠᠩᠭᠢᠵᠢᠷᠠᠭᠠᠳᠤᠶ ᠳᠠᠩᠰᠠ ᠪᠠ ᠺᠠᠷᠲ ᠲᠠᠢ ᠶᠠᠳᠠᠭᠤ ᠬᠦᠴᠢᠷᠳᠡᠯᠲᠡᠶ ᠬᠥᠮᠦᠰ ᠤᠨ ᠬᠠᠷᠢᠯᠴᠠᠬᠤ | ᠠᠷᠭ᠎ᠠ ᠮᠠᠶ᠋ᠢᠭ ᠢ ᠣᠯᠵᠣ᠂ ᠨᠢᠭᠡ ᠨᠢᠭᠡ ᠬᠥᠮᠥᠨ ᠳᠤ ᠨᠢ ᠤᠲᠠᠰᠤ ᠪᠠᠷ ᠮᠡᠳᠡᠭᠳᠡᠬᠦ᠂ ᠣᠬᠤᠷ ᠮᠡᠳᠡᠭᠡ ᠶᠠᠪᠤᠭᠤᠯᠬᠤ | ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠨᠡᠶᠢᠭᠡᠮ ᠤᠨ ᠪᠠᠲᠤᠯᠠᠭ᠎ᠠ ᠶᠢᠨ ᠺᠠᠷᠲ ᠠᠪᠤᠭᠠᠳᠤᠢ ᠶᠠᠳᠠᠭᠤ | ᠬᠦᠴᠢᠷᠳᠡᠯᠲᠡᠶ ᠬᠥᠮᠦᠰ ᠲᠤ ᠺᠠᠷᠲ ᠠᠪᠬᠤ ᠬᠠᠶ᠋ᠢᠭ ᠵᠢᠴᠢ ᠠᠪᠬᠤ ᠠᠷᠭ᠎ᠠ ᠮᠠᠶ᠋ᠢᠭ ᠢ ᠮᠡᠳᠡᠭᠳᠡᠨ᠂ ᠶᠠᠳᠠᠭᠤ | ᠬᠦᠴᠢᠷᠳᠡᠯᠲᠡᠶ ᠬᠥᠮᠦᠰ ᠲᠤ ᠨᠡᠶᠢᠭᠡᠮ ᠤᠨ ᠪᠠᠲᠤᠯᠠᠭ᠎ᠠ ᠶᠢᠨ ᠺᠠᠷᠲ ᠢ ᠲᠦᠷᠭᠡᠬᠡᠨ ᠠᠪᠬᠤ ᠶᠢ ᠰᠠᠨᠠᠭᠤᠯᠵᠤ᠂ | ᠬᠥᠳᠡᠯᠵᠦ ᠪᠠᠷᠢᠬᠤ ᠳᠤ ᠳᠥᠭᠦᠮ ᠥᠬᠡᠶ ᠶᠠᠳᠠᠭᠤ ᠬᠦᠴᠢᠷᠳᠡᠯᠲᠡᠶ ᠬᠥᠮᠦᠰ ᠲᠤ ᠭᠡᠷ ᠲᠤ ᠨᠢ ᠬᠦᠷᠴᠦ ᠺᠠᠷᠲ | ᠣᠯᠭᠤᠵᠠᠢ᠃ ᠨᠡᠶᠢᠭᠡᠮ ᠤᠨ ᠪᠠᠲᠤᠯᠠᠭ᠎ᠠ ᠶᠢᠨ ᠺᠠᠷᠲ ᠣᠯᠭᠤᠭᠠᠳᠤᠢ ᠶᠠᠳᠠᠭᠤ ᠬᠦᠴᠢᠷᠳᠡᠯᠲᠡᠶ ᠬᠥᠮᠦᠰ ᠲᠤ ᠺᠠᠷᠲ | ᠣᠯᠭᠤᠬᠤ ᠮᠡᠳᠡᠭᠡ ᠵᠠᠩᠭᠢ ᠶᠢ ᠨᠢᠭᠡᠳᠦᠯᠲᠡᠶ ᠪᠦᠷᠢᠨᠰᠢᠭᠦᠯᠵᠦ᠂ ᠶᠠᠳᠠᠭᠤ ᠬᠦᠴᠢᠷᠳᠡᠯᠲᠡᠶ ᠬᠥᠮᠦᠰ ᠤᠨ ᠭᠡᠷ ᠲᠤ ᠨᠢ | ᠬᠦᠷᠴᠦ ᠺᠠᠷᠲ ᠣᠯᠭᠤᠬᠤ ᠭᠡᠷᠡᠯ ᠵᠢᠷᠤᠭ ᠠᠪᠴᠤ᠂ ᠬᠤᠷᠰᠢᠭᠰᠠᠨ ᠪᠠᠩᠬᠢ ᠯᠤᠭ᠎ᠠ ᠵᠣᠬᠢᠴᠠᠭᠤᠯᠵᠤ ᠪᠠᠶᠢᠭᠠᠳ | ᠬᠥᠳᠡᠯᠵᠦ ᠪᠠᠷᠢᠬᠤ ᠳᠤ ᠳᠥᠭᠦᠮ ᠥᠬᠡᠶ ᠶᠠᠳᠠᠭᠤ ᠬᠦᠴᠢᠷᠳᠡᠯᠲᠡᠶ ᠬᠥᠮᠦᠰ ᠲᠤ ᠭᠡᠷ ᠲᠤ ᠨᠢ ᠬᠦᠷᠴᠦ ᠺᠠᠷᠲ | ᠣᠯᠭᠤᠵᠠᠢ᠃ ᠨᠠᠰᠤᠨ ᠳᠤ ᠬᠥᠷᠥᠭᠡᠳᠦᠢ ᠶᠠᠳᠠᠭᠤ ᠬᠦᠴᠢᠷᠳᠡᠯᠲᠡᠶ ᠬᠥᠮᠦᠰ ᠲᠤ ᠰᠢᠯᠤᠭᠤᠨ ᠵᠠᠮ ᠨᠡᠭᠡᠭᠡᠵᠦ᠂ ᠬᠢᠨᠠᠨ | ᠬᠠᠮᠠᠭᠠᠯᠠᠭᠴᠢ ᠨᠢ ᠬᠦᠴᠦᠨ ᠪᠦᠬᠦᠢ ᠭᠡᠷᠡᠴᠢ ᠦᠨᠡᠮᠯᠡᠯ ᠢᠶᠠᠨ ᠠᠪᠴᠤ ᠲᠡᠳᠡᠨ ᠳᠤ ᠴᠠᠭ ᠲᠣᠬᠠᠢ ᠳᠤ ᠨᠢ ᠺᠠᠷᠲ | ᠣᠯᠭᠤᠵᠤ ᠥᠭᠪᠡ᠃ ᠪᠡᠶ᠎ᠡ ᠶᠢᠨ ᠦᠨᠡᠮᠯᠡᠯ ᠢᠶᠠᠨ ᠭᠡᠭᠡᠭᠰᠡᠨ ᠶᠠᠳᠠᠭᠤ ᠬᠦᠴᠢᠷᠳᠡᠯᠲᠡᠶ ᠬᠥᠮᠦᠰ ᠢ ᠳᠣᠲᠣᠭᠠᠳᠤ ᠶᠢ | ᠬᠠᠮᠠᠭᠠᠯᠠᠬᠤ ᠰᠠᠯᠠᠭ᠎ᠠ ᠮᠥᠴᠢᠷ ᠯᠦᠭᠡ ᠵᠣᠬᠢᠴᠠᠭᠤᠯᠵᠤ ᠪᠠᠶᠢᠭᠠᠳ ᠪᠡᠶ᠎ᠡ ᠶᠢᠨ ᠦᠨᠡᠮᠯᠡᠯ ᠢᠶᠠᠨ ᠨᠥᠬᠦᠵᠦ ᠬᠢᠯᠭᠡᠭᠰᠡᠨ ᠤ | ᠳᠠᠷᠠᠭ᠎ᠠ᠂ ᠭᠡᠷ ᠲᠤ ᠨᠢ ᠬᠦᠷᠴᠦ ᠺᠠᠷᠲ ᠣᠯᠭᠤᠪᠠ᠃ ᠣᠳᠣᠬᠠᠨ ᠳᠤ᠂ ᠪᠥᠬᠦ ᠬᠤᠲᠠ ᠶᠢᠨ ᠶᠠᠳᠠᠭᠤ ᠠᠴᠠ | ᠠᠩᠭᠢᠵᠢᠷᠠᠭᠠᠳᠤᠶ ᠳᠠᠩᠰᠠ ᠪᠠ ᠺᠠᠷᠲ ᠲᠠᠢ ᠶᠠᠳᠠᠭᠤ ᠬᠦᠴᠢᠷᠳᠡᠯᠲᠡᠶ ᠬᠥᠮᠦᠰ ᠲᠤ ᠺᠠᠷᠲ ᠣᠯᠭᠤᠭᠰᠠᠨ ᠨᠣᠷᠮ᠎ᠠ | 100 % ᠳᠤ ᠬᠦᠷᠴᠦ᠂ ᠶᠠᠳᠠᠭᠤ ᠠᠴᠠ ᠠᠩᠭᠢᠵᠢᠷᠠᠭᠠᠳᠤᠶ ᠳᠠᠩᠰᠠ ᠪᠠ ᠺᠠᠷᠲ ᠲᠠᠢ ᠶᠠᠳᠠᠭᠤ ᠬᠦᠴᠢᠷᠳᠡᠯᠲᠡᠶ | ᠬᠥᠮᠦᠰ ᠲᠤ ᠴᠦᠮ ᠨᠡᠶᠢᠭᠡᠮ ᠤᠨ ᠪᠠᠲᠤᠯᠠᠭ᠎ᠠ ᠶᠢᠨ ᠺᠠᠷᠲ ᠣᠯᠭᠤᠬᠤ ᠡᠭᠦᠷᠭᠡ ᠶᠢ ᠪᠦᠷᠢᠨ ᠪᠡᠶᠡᠯᠡᠭᠦᠯᠪᠡ᠃ |