ᠬᠤᠳᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ | ᠬᠤᠳᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠳᠠᠬᠢ ᠨᠠᠮ ᠵᠠᠰᠠᠭ ᠤᠨ ᠪᠠᠶᠢᠭᠤᠯᠭ᠎ᠠ ᠶᠢᠨ ᠥᠷᠭᠡᠨ ᠤᠯᠠᠨ | ᠰᠠᠶᠢᠨ ᠳᠤᠷᠠᠴᠤᠳ ᠤᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠤᠨ᠂ ᠠᠷᠠᠳ ᠣᠯᠠᠨ ᠤ ᠬᠦᠰᠡᠯ | ᠡᠷᠡᠮᠡᠯᠵᠡᠯ ᠳᠤ ᠨᠠᠩ ᠰᠠᠶᠢᠲᠤᠷ ᠬᠠᠷᠢᠭᠤᠯᠲᠠ ᠥᠭᠴᠦ᠂ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ ᠪᠠ ᠢᠷᠠᠭᠤ | ᠠᠯᠳᠠᠷ ᠤᠨ ᠲᠥᠷᠥᠭᠳᠡᠯ ᠢ ᠨᠡᠮᠡᠭᠳᠡᠭᠦᠯᠬᠦ ᠶᠢᠨ ᠲᠥᠯᠥᠭᠡ᠂ ᠦᠨᠦᠬᠡᠨ᠂ ᠮᠠᠨᠵᠤᠤᠷ ᠬᠤᠳᠠ ᠶᠢᠨ ᠰᠢᠨ᠎ᠡ ᠴᠠᠭ | ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ ᠠᠴᠠ ︽ᠬᠤᠳᠠ ᠶᠢᠨ ᠨᠠᠷᠢᠯᠢᠬᠵᠢᠭᠤᠯᠤᠭᠰᠠᠨ | ᠬᠠᠮᠢᠶᠠᠷᠤᠯᠲᠠ ᠳᠤ ᠭᠠᠷᠠᠭ ᠤᠨ ᠲᠠᠪᠤᠨ ᠤ ︿ᠰᠠᠶᠢᠨ ᠳᠤᠷᠠᠴᠤᠳ﹀ ᠤᠨ ᠠᠵᠢᠯᠯᠠᠭ᠎ᠠ ᠶᠢ ᠥᠷᠨᠢᠭᠦᠯᠬᠦ ᠲᠤᠬᠠᠢ | ᠰᠠᠨᠠᠭᠠᠴᠢᠯᠠᠭ᠎ᠠ ᠶᠢᠨ ᠪᠢᠴᠢᠭ︾ ᠢ ᠨᠡᠶᠢᠲᠡᠯᠡᠪᠡ᠃ | ᠰᠠᠨᠠᠭᠠᠴᠢᠯᠠᠭ᠎ᠠ ᠶᠢᠨ ᠪᠢᠴᠢᠭ ᠲᠤ᠂ ᠨᠠᠮ ᠵᠠᠰᠠᠭ ᠤᠨ ᠡᠯ᠎ᠡ ᠪᠠᠶᠢᠭᠤᠯᠭ᠎ᠠ ᠶᠢᠨ ᠰᠠᠶᠢᠨ ᠳᠤᠷᠠᠴᠤᠳ ᠨᠢ | ᠭᠠᠷᠠᠭ ᠤᠨ ᠲᠠᠪᠤᠨ ᠪᠦᠷᠢ ᠶᠢ ︽ᠰᠠᠶᠢᠨ ᠳᠤᠷ᠎ᠠ ᠶᠢᠨ ᠡᠳᠦᠷ︾ ᠪᠣᠯᠭᠠᠵᠤ᠂ ᠬᠠᠷᠢᠭᠤᠴᠠᠵᠤ ᠪᠦᠬᠦᠢ ᠵᠠᠮ ᠤᠨ | ᠬᠡᠰᠡᠭ ᠲᠤ ᠪᠠᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠵᠤ᠂ ᠮᠣᠳᠣᠨ ᠨᠦᠬᠡ᠂ ᠪᠣᠳᠠ | ᠮᠤᠳᠤ᠂ ᠡᠪᠡᠰᠦ ᠤᠷᠭᠤᠮᠠᠯ᠂ ᠴᠡᠴᠡᠭ ᠬᠤᠸᠠᠷ᠂ ᠨᠣᠭᠤᠭᠠᠷᠠᠭᠤᠯᠤᠯᠲᠠ ᠶᠢᠨ ᠪᠦᠰᠡᠨ ᠳᠤᠳᠤᠷᠠᠬᠢ ᠰᠦᠯᠢᠶᠣᠣ ᠬᠤᠭ | ᠪᠤᠯᠤᠨ ᠡᠯᠳᠡᠪ ᠬᠠᠶᠠᠭᠳᠠᠮᠠᠯ ᠵᠡᠷᠭᠡ ᠶᠢ ᠭᠤᠣᠯᠳᠠᠯᠭ᠎ᠠ ᠲᠠᠢ ᠲᠡᠭᠦᠵᠦ᠂ ᠬᠦᠮᠦᠰ ᠤᠨ ᠨᠢᠳᠦᠨ ᠳᠤ ᠬᠥᠪᠦᠮᠡᠯ ᠪᠣᠳᠠᠰ᠂ | ᠬᠠᠶᠠᠭᠳᠠᠮᠠᠯ ᠴᠠᠭᠠᠰᠤᠨ ᠦᠷᠦᠳᠡᠰᠦ᠂ ᠡᠯᠳᠡᠪ ᠪᠣᠳᠠᠰ ᠬᠠᠷᠠᠭᠳᠠᠬᠤ ᠦᠭᠡᠢ ᠪᠠᠶᠢᠯᠭᠠᠨ᠎ᠠ᠃ ᠵᠠᠮ ᠤᠨ ᠳᠠᠷᠤᠭ᠎ᠠ ᠶᠢ | ᠬᠠᠮᠵᠢᠵᠤ ᠪᠠᠶᠢᠭᠠᠳ ᠬᠠᠷᠢᠶᠠᠨ ᠳᠠᠬᠢ ᠵᠠᠮ ᠵᠢᠴᠢ ᠲᠡᠭᠦᠨ ᠤ ᠡᠷᠭᠢᠨ ᠲᠣᠭᠤᠷᠢᠨ ᠤ ᠣᠷᠴᠢᠨ ᠲᠣᠭᠤᠷᠢᠨ ᠤ | ᠠᠰᠠᠭᠤᠳᠠᠯ ᠳᠤ ᠬᠢᠨᠠᠯᠲᠠ ᠲᠠᠯᠪᠢᠨ ᠵᠣᠬᠢᠴᠠᠭᠤᠯᠬᠤ᠂ ᠪᠠᠶᠢᠳᠠᠯ ᠢ ᠬᠠᠷᠢᠭᠤ ᠲᠤᠰᠬᠠᠬᠤ᠂ ᠠᠰᠠᠭᠤᠳᠠᠯ ᠢ ᠴᠡᠭᠴᠡᠯᠡᠨ | ᠰᠠᠶᠢᠵᠢᠷᠠᠭᠤᠯᠬᠤ ᠠᠵᠢᠯ ᠢ ᠰᠠᠶᠢᠲᠤᠷ ᠬᠢᠨ᠎ᠠ᠃ ᠵᠠᠮ ᠳᠠᠭᠠᠤ ᠶᠢᠨ ᠡᠷᠭᠢᠨ ᠲᠣᠭᠤᠷᠢᠨ ᠤ ᠣᠯᠠᠨ ᠲᠦᠮᠡᠨ ᠳᠤ | ᠰᠠᠶᠢᠲᠤᠷ ᠤᠬᠠᠭᠤᠯᠭ᠎ᠠ ᠬᠢᠵᠦ᠂ ᠵᠠᠮ ᠤᠨ ᠬᠠᠮᠢᠶᠠᠷᠤᠯᠲᠠ ᠶᠢᠨ ᠡᠳᠦᠷ ᠲᠣᠲᠤᠮ ᠤᠨ ᠲᠣᠭᠤᠷᠢᠨ ᠪᠠᠶᠢᠴᠠᠭᠠᠯᠲᠠ ᠶᠢ | ᠵᠣᠬᠢᠶᠠᠨ ᠪᠠᠶᠢᠭᠤᠯᠤᠨ ᠥᠷᠨᠢᠭᠦᠯᠵᠦ᠂ ᠠᠰᠠᠭᠤᠳᠠᠯ ᠢ ᠣᠯᠵᠤ ᠮᠡᠳᠡᠪᠡᠯ ᠴᠠᠭ ᠲᠤᠬᠠᠶ ᠳᠤ ᠨᠢ ᠬᠠᠮᠢᠶ᠎ᠠ ᠪᠦᠬᠦᠢ | ᠬᠠᠷᠢᠭᠤᠴᠠᠯᠭᠠᠲᠤ ᠨᠢᠭᠡᠴᠢ ᠳᠤ ᠲᠤᠰᠬᠠᠵᠤ᠂ ᠣᠷᠣᠰᠢᠵᠤ ᠪᠠᠶᠢᠭ᠎ᠠ ᠠᠰᠠᠭᠤᠳᠠᠯ ᠢ ᠰᠢᠢᠳᠪᠦᠷᠢᠯᠡᠭᠰᠡᠨ ᠢ ᠮᠥᠷᠳᠡᠬᠦ ᠪᠠ | ᠨᠠᠶᠢᠳᠠᠪᠤᠷᠢᠵᠢᠭᠤᠯᠬᠤ ᠠᠵᠢᠯ ᠢ ᠰᠠᠶᠢᠲᠤᠷ ᠬᠢᠨ᠎ᠠ᠃ ᠥᠷᠭᠡᠨ ᠤᠯᠠᠨ ᠰᠠᠶᠢᠨ ᠳᠤᠷᠠᠴᠤᠳ ᠨᠢ ᠬᠠᠤᠯᠢ | ᠬᠡᠷᠡᠭᠵᠢᠭᠦᠯᠦᠭᠴᠢ᠂ ᠠᠮᠤᠷ ᠢ ᠬᠠᠮᠠᠭᠠᠯᠠᠭᠴᠢ᠂ ᠤᠬᠠᠭᠤᠯᠤᠭᠴᠢ᠂ ᠬᠢᠨᠠᠯᠲᠠ ᠲᠠᠯᠪᠢᠭᠴᠢ᠂ ᠦᠢᠯᠡᠴᠢᠯᠡᠭᠴᠢ ᠶᠢ | ᠬᠠᠪᠰᠤᠷᠤᠨ ᠠᠵᠢᠯ ᠢᠶᠠᠨ ᠥᠷᠨᠢᠭᠦᠯᠵᠦ᠂ ᠬᠥᠮᠥᠨ ᠪᠦᠬᠦᠨ ᠭᠠᠷ ᠬᠦᠳᠡᠯᠦᠯᠴᠡᠨ᠂ ᠬᠥᠮᠥᠨ ᠪᠦᠬᠦᠨ ᠣᠷᠣᠯᠴᠠᠵᠣ᠂ | ᠠᠷᠢᠭᠤᠨ ᠴᠡᠪᠡᠷ ᠰᠠᠶᠢᠨ ᠰᠠᠶᠢᠬᠠᠨ ᠭᠡᠷ ᠣᠷᠣᠨ ᠢᠶᠠᠨ ᠬᠠᠮᠲᠤ ᠪᠠᠷ ᠪᠦᠲᠦᠭᠡᠨ ᠪᠠᠶᠢᠭᠤᠯᠬᠤ ᠭᠦᠨ ᠵᠤᠵᠠᠭᠠᠨ ᠠᠭᠤᠷ | ᠠᠮᠢᠰᠬᠤᠯ ᠢ ᠪᠣᠶ ᠪᠣᠯᠭᠠᠨ᠎ᠠ ᠭᠡᠵᠡᠢ᠃ | ᠪᠦᠬᠦ ᠬᠤᠳᠠ ᠶᠢᠨ ᠨᠠᠮ ᠵᠠᠰᠠᠭ ᠤᠨ ᠪᠠᠶᠢᠭᠤᠯᠭ᠎ᠠ ᠶᠢᠨ ᠡᠯ᠎ᠡ ᠰᠢᠨ᠎ᠡ ᠴᠠᠭ ᠦᠶ᠎ᠡ ᠶᠢᠨ ᠪᠣᠯᠪᠠᠰᠤᠨ ᠤ | ᠦᠢᠯᠡᠳᠦᠯᠭᠡ ᠶᠢᠨ ᠭᠠᠵᠠᠷ ᠤᠨ ᠥᠷᠭᠡᠨ ᠤᠯᠠᠨ ᠰᠠᠶᠢᠨ ᠳᠤᠷᠠᠴᠤᠳ ᠨᠢ ᠪᠦᠬᠦ ᠰᠡᠳᠬᠢᠯ ᠢᠶᠠᠷ ᠢᠶᠠᠨ ᠬᠤᠳᠠ ᠶᠢᠨ | ᠨᠠᠷᠢᠯᠢᠬᠵᠢᠭᠤᠯᠤᠬᠰᠠᠨ ᠬᠠᠮᠢᠶᠠᠷᠤᠯᠲᠠ ᠶᠢᠨ ᠠᠵᠢᠯ ᠳᠤ ᠣᠷᠣᠯᠴᠠᠵᠤ᠂ ᠬᠤᠳᠠ ᠶᠢᠨ ᠣᠷᠴᠢᠨ ᠲᠣᠭᠤᠷᠢᠨ ᠢ | ᠰᠢᠯᠢᠳᠡᠭᠵᠢᠭᠦᠯᠦᠨ ᠠᠷᠢᠭᠤᠨ ᠴᠡᠪᠡᠷ ᠪᠤᠯᠭᠠᠵᠤ᠂ ᠣᠷᠴᠢᠨ ᠲᠣᠭᠤᠷᠢᠨ ᠤ ᠠᠵᠢᠯ ᠢ ᠨᠠᠷᠢᠯᠢᠭ ᠬᠢᠵᠦ᠂ ᠬᠤᠳᠠ ᠶᠢᠨ | ᠠᠷᠠᠳ ᠤᠨ ᠠᠮᠢᠳᠤᠷᠠᠯ ᠤᠨ ᠣᠷᠴᠢᠨ ᠲᠣᠭᠤᠷᠢᠨ ᠢ ᠨᠠᠩ ᠠᠷᠢᠭᠤᠨ ᠴᠡᠪᠡᠷ ᠪᠤᠯᠭᠠᠵᠤ᠂ ᠠᠮᠢᠳᠤᠷᠠᠯ ᠤᠨ ᠶᠠᠰᠤ | ᠴᠢᠨᠠᠷ ᠢ ᠤᠯᠠᠮ ᠳᠡᠭᠡᠭᠰᠢᠯᠡᠭᠦᠯᠦᠨ᠂ ᠠᠷᠠᠳ ᠣᠯᠠᠨ ᠳᠤ ᠬᠠᠮᠲᠤ ᠪᠠᠷ ᠪᠠᠶᠢᠭᠤᠯᠵᠤ ᠬᠠᠮᠲᠤ ᠪᠠᠷ ᠬᠦᠷᠲᠡᠬᠦ | ᠶᠠᠪᠤᠴᠠ ᠳᠤ ᠢᠷᠠᠭᠤ ᠠᠯᠳᠠᠷᠲᠤ ᠲᠥᠷᠥᠭᠳᠡᠯ ᠪᠠ ᠵᠣᠯ ᠵᠢᠷᠭᠠᠯᠲᠤ ᠲᠥᠷᠥᠭᠳᠡᠯ ᠣᠯᠭᠤᠬᠤ ᠬᠡᠷᠡᠭᠲᠡᠢ᠃ |