ᠦᠪᠡᠷᠳᠡᠭᠡᠨ ᠵᠠᠰᠠᠬᠤ ᠤᠷᠤᠨ ᠵᠠᠬᠢᠳᠠᠯ ᠰᠣᠷᠪᠣᠯᠵᠢᠯᠠᠯ ᠤᠨ ᠠᠵᠢᠯ ᠤᠨ ᠬᠠᠮᠳᠤᠷᠠᠬᠰᠠᠨ ᠬᠤᠷᠠᠯ ᠤᠨ ᠬᠤᠶᠠᠳᠤᠭᠠᠷ ᠤᠳᠠᠭ᠎ᠠ ᠶᠢᠨ ᠪᠦᠭᠦᠳᠠ ᠬᠤᠷᠠᠯ ᠬᠤᠷᠠᠯᠳᠤᠭᠤᠯᠪᠠ  ᠪᠦ᠋ ᠰᠢᠶᠤᠤ ᠯᠢᠨ ᠬᠤᠷᠠᠯ ᠢ ᠡᠷᠬᠢᠯᠡᠭᠰᠡᠨ ᠪᠦᠭᠡᠳ ᠶᠠᠷᠢᠶ᠎ᠠ ᠲᠠᠯᠪᠢᠵᠠᠢ
ᠨᠡᠶᠢᠲᠡᠯᠡᠭᠰᠡᠨ ᠴᠠᠭ᠄
2019/6/3
     5 ᠳ᠋ᠣᠭᠠᠷ ᠰᠠᠷ᠎ᠠ ᠶᠢᠨ 31᠎ ᠤ ᠡᠳᠣᠷ ᠤᠨ ᠦᠳᠠ ᠶᠢᠨ ᠬᠤᠶᠢᠨ᠎ᠠ᠂ ᠦᠪᠡᠷᠳᠡᠭᠡᠨ ᠵᠠᠰᠠᠬᠤ ᠤᠷᠤᠨ ᠤ ᠨᠠᠮ ᠎ ᠤᠨ ᠬᠤᠷᠢᠶᠠᠨ ᠤ ᠲᠡᠳ᠋ ᠱᠦᠵᠢ᠂ ᠦᠪᠡᠷᠳᠡᠭᠡᠨ ᠵᠠᠰᠬᠠᠤ ᠤᠷᠤᠨ ᠤ ᠲᠡᠷᠢᠭᠦᠯᠡᠭᠴᠢ ᠪᠦ᠋ ᠰᠢᠶᠤᠤ ᠯᠢᠨ ᠦᠪᠡᠷᠳᠡᠭᠡᠨ ᠵᠠᠰᠠᠬᠤ ᠤᠷᠤᠨ ᠤ ᠵᠠᠬᠢᠳᠠᠯ ᠰᠣᠷᠪᠣᠯᠵᠢᠯᠠᠯ ᠤᠨ ᠠᠵᠢᠯ ᠤᠨ ᠬᠠᠮᠳᠤᠷᠠᠬᠰᠠᠨ ᠬᠤᠷᠠᠯ ᠤᠨ ᠬᠤᠶᠠᠳᠤᠭᠠᠷ ᠤᠳᠠᠭ᠎ᠠ ᠶᠢᠨ ᠪᠦᠭᠦᠳᠠ ᠬᠤᠷᠠᠯ ᠢ ᠡᠷᠬᠢᠯᠠᠨ ᠬᠤᠷᠠᠯᠳᠤᠭᠤᠯᠵᠤ᠂ ᠪᠦᠭᠦ ᠤᠷᠤᠨ ᠤ ᠵᠠᠬᠢᠳᠠᠯ ᠰᠣᠷᠪᠣᠯᠵᠢᠯᠠᠯ ᠤᠨ ᠠᠵᠢᠯ ᠤᠨ ᠪᠠᠶᠢᠳᠠᠯ ᠢ ᠵᠠᠷᠯᠠᠵᠥ᠂ ᠵᠦᠷᠢᠴᠡᠯ ᠵᠢᠭᠤᠷᠠᠭᠠᠨ ᠢ ᠪᠠᠶᠢᠴᠠᠭᠠᠨ ᠰᠢᠢᠳᠪᠦᠷᠢᠯᠡᠬᠦ᠂ ᠵᠠᠬᠢᠳᠠᠯ ᠰᠣᠷᠪᠣᠯᠵᠢᠯᠠᠯ ᠤᠨ ᠵᠦᠷᠢᠴᠠᠯ ᠢ ᠰᠢᠢᠳᠪᠤᠷᠢᠯᠠᠭᠦ ᠰᠢᠪᠳᠣᠯᠣᠯᠳᠠ ᠬᠢᠬᠦ ᠵᠡᠷᠭᠡ ᠵᠠᠬᠢᠳᠠᠯ ᠰᠣᠷᠪᠣᠯᠵᠢᠯᠠᠯ ᠤᠨ ᠠᠵᠢᠯ ᠤᠨ ᠭᠤᠤᠯᠳᠠᠯᠭᠠᠳᠤ ᠡᠭᠦᠷᠭᠡ ᠶᠢ ᠰᠤᠳᠤᠯᠤᠨ ᠪᠠᠶᠢᠷᠢᠯᠠᠭᠤᠯᠪᠠ᠃      ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠲᠡᠳ᠋ ᠱᠦᠵᠢ᠂ ᠤᠯᠤᠰ ᠲᠦᠷᠦ ᠬᠠᠤᠯᠢ ᠴᠠᠭᠠᠵᠠ ᠶᠢᠨ ᠬᠤᠷᠢᠶᠠᠨ ᠤ ᠱᠦᠵᠢ ᠯᠢᠨ ᠱᠤᠤ ᠴᠦᠨ ᠶᠡᠷᠤᠩᠭᠡᠢ ᠱᠦᠵᠢ ᠰᠢ ᠶᠢᠨ ᠫᠢᠡᠭ ᠤᠨ ᠵᠠᠬᠢᠳᠠᠯ ᠰᠣᠷᠪᠣᠯᠵᠢᠯᠠᠯ ᠤᠨ ᠠᠵᠢᠯ ᠤᠨ ᠲᠤᠬᠠᠢ ᠬᠠᠮᠢᠶ᠎ᠠ ᠪᠦᠭᠦᠢ ᠴᠢᠬᠤᠯᠠ ᠵᠢᠭᠠᠪᠤᠷᠢ ᠴᠤᠬᠤᠯᠠᠪᠤᠷᠢ ᠶᠢᠨ ᠵᠤᠷᠢᠭ ᠰᠠᠨᠠᠭ᠎ᠠ ᠶᠢ ᠣᠯᠠᠮᠵᠢᠯᠠᠨ ᠰᠤᠷᠤᠯᠴᠠᠪᠠ᠃      ᠪᠦ᠋ ᠰᠢᠶᠤᠤ ᠯᠢᠨ ᠴᠢᠬᠤᠯᠠᠴᠢᠯᠠᠭᠰᠠᠨ ᠨᠢ᠂ ᠶᠡᠷᠤᠩᠭᠡᠢ ᠱᠦᠵᠢ ᠰᠢ ᠶᠢᠨ ᠫᠢᠡᠭ ᠤᠨ ᠠᠷᠠᠳ ᠤᠨ ᠵᠠᠬᠢᠳᠠᠯ ᠰᠣᠷᠪᠣᠯᠵᠢᠯᠠᠯ ᠤᠨ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠬᠠᠮᠢᠶ᠎ᠠ ᠪᠦᠭᠦᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠤᠯᠤᠰ ᠲᠦᠷᠤ ᠶᠢᠨ ᠵᠤᠭᠰᠤᠴᠠ ᠪᠠᠨ ᠲᠡᠭᠡᠭᠰᠢᠯᠡᠭᠦᠯᠵᠤ᠂ ᠠᠷᠠᠳ ᠲᠦᠮᠡᠨ ᠢᠶᠠᠷ ᠭᠤᠤᠯ ᠪᠤᠯᠭᠠᠬᠤ ᠶᠢ ᠪᠠᠷᠢᠮᠳᠠᠯᠠᠵᠤ᠂ ᠨᠠᠮ ᠤᠨ ᠤᠯᠠᠨ ᠲᠦᠮᠡᠨᠴᠢ ᠱᠤᠭᠤᠮ ᠢ ᠪᠠᠷᠢᠮᠳᠠᠯᠠᠵᠤ᠂ ᠰᠡᠳᠬᠢᠯᠭᠡ ᠪᠤᠯᠤᠨ ᠬᠠᠷᠢᠭᠤᠴᠠᠯᠭ᠎ᠠ ᠶᠢ ᠡᠪᠤᠷᠯᠠᠨ ᠠᠵᠢᠯ ᠢᠶᠠᠨ ᠦᠷᠨᠢᠭᠦᠯᠵᠤ᠂ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠠᠨ ᠠᠵᠢᠯ ᠬᠢᠵᠤ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠵᠤ᠂ ᠲᠦᠪ ᠬᠤᠷᠢᠶᠠᠨ ᠤ ᠵᠠᠬᠢᠳᠠᠯ ᠰᠣᠷᠪᠣᠯᠵᠢᠯᠠᠯ ᠤᠨ ᠠᠵᠢᠯ ᠤᠨ ᠲᠤᠬᠠᠢ ᠡᠯ᠎ᠠ ᠵᠦᠢᠯ ᠤᠨ ᠱᠠᠭᠠᠷᠳᠠᠯᠭ᠎ᠠ ᠪᠠᠶᠢᠷᠢᠯᠠᠭᠤᠯᠤᠯᠳᠠ ᠶᠢ ᠰᠠᠶᠢᠳᠤᠷ ᠨᠠᠶᠢᠳᠠᠪᠤᠷᠢᠵᠢᠭᠤᠯᠵᠤ᠂ ᠰᠢᠨ᠎ᠠ ᠲᠤᠮᠳᠠᠳᠤ ᠤᠯᠤᠰ ᠪᠠᠶᠢᠭᠤᠯᠤᠭᠳᠠᠭᠰᠠᠨ 70 ᠵᠢᠯ ᠤᠨ ᠤᠢ ᠶᠢ ᠪᠡᠯᠭᠡᠯᠡᠭᠦ ᠳᠤ ᠡᠶ᠎ᠡ ᠵᠤᠬᠢᠴᠠᠩᠭᠤᠢ ᠠᠮᠤᠷ ᠲᠤᠭᠳᠠᠭᠤᠨ ᠨᠡᠶᠢᠭᠡᠮ ᠤᠨ ᠤᠷᠴᠢᠨ ᠢ ᠡᠭᠦᠳᠴᠤ ᠦᠭᠭᠦ ᠭᠡᠷᠡᠭᠳᠠᠢ ᠭᠡᠵᠡᠢ᠃      ᠪᠦ᠋ ᠰᠢᠶᠤᠤ ᠯᠢᠨ ᠵᠢᠭᠠᠵᠣ ᠭᠠᠷᠭᠠᠭᠰᠠᠨ ᠨᠢ᠂ ᠰᠠᠨᠠᠭᠠᠰᠢᠷᠠᠬᠤ ᠤᠬᠠᠮᠰᠠᠷ ᠢᠶᠠᠨ ᠦᠨᠡᠨ ᠬᠦ ᠲᠡᠭᠡᠭᠰᠢᠯᠡᠬᠦᠯᠵᠤ᠂ ᠬᠤᠷᠢᠭ᠎ᠠ ᠱᠤᠭᠤᠮ ᠤᠨ ᠰᠡᠳᠬᠢᠭᠦᠢ ᠪᠠᠨ ᠴᠢᠩᠭᠠᠳᠬᠠᠵᠤ᠂ ᠬᠦᠨᠳᠤ ᠶᠡᠭᠡ ᠠᠶᠤᠯ ᠲᠦᠭᠰᠢᠬᠦᠷᠢ ᠶᠢ ᠰᠡᠷᠬᠡᠶᠢᠯᠠᠨ ᠠᠷᠢᠯᠭᠠᠬᠤ ᠭᠡᠷᠡᠭᠳᠠᠢ᠃ ᠵᠦᠷᠢᠴᠡᠯ ᠵᠦᠷᠢᠯᠳᠤᠬᠡᠨ ᠢ ᠪᠠᠶᠢᠴᠠᠭᠠᠨ ᠵᠦᠭᠰᠢᠷᠡᠬᠦᠯᠬᠦ ᠲᠤᠰᠬᠠᠢ ᠠᠵᠢᠯᠯᠠᠭ᠎ᠠ ᠶᠢ ᠰᠠᠶᠢᠳᠤᠷ ᠦᠷᠨᠢᠬᠦᠯᠵᠤ᠂ ︽ᠹᠠᠩ ᠴᠢᠶᠤᠤ ᠶᠢᠨ ᠲᠤᠷᠰᠢᠯᠭ᠎ᠠ︾᠎ ᠶᠢ ᠨᠠᠷᠢᠨ ᠬᠢᠨᠠᠮᠠᠭᠠᠢ ᠰᠤᠷᠤᠯᠴᠠᠨ ᠲᠤᠯᠢᠳᠠᠵᠤ᠂ ᠤᠯᠠᠨ ᠲᠦᠮᠡᠨ ᠤ ᠠᠵᠢᠯ ᠢ ᠨᠠᠷᠢᠯᠢᠬ ᠪᠤᠳᠠᠳᠠᠢ ᠬᠢᠵᠤ᠂ ᠪᠠᠭ᠎ᠠ ᠶᠠᠪᠤᠳᠠᠯ ᠢ ᠭᠠᠴᠠᠭ᠎ᠠ ᠲᠤᠰᠬᠤᠨ ︵ᠨᠡᠶᠢᠬᠡᠮ ᠲᠤᠭᠤᠷᠢᠬ︶᠎ ᠠᠴᠠ ᠭᠠᠷᠭᠠᠬᠤ ᠦᠬᠡᠢ᠂ ᠶᠡᠭᠡ ᠶᠠᠪᠤᠳᠠᠯ ᠢ ᠰᠤᠮᠤ ᠰᠢᠶᠠᠩ ᠪᠠᠯᠭᠠᠰᠤ ︵ᠵᠡᠬᠡᠯᠢ ᠭᠤᠳᠤᠮᠵᠢ︶᠎ ᠠᠴᠠ ᠭᠠᠷᠭᠠᠬᠤ ᠦᠬᠡᠢ᠂ ᠬᠦᠴᠢᠷ ᠠᠰᠠᠭᠤᠳᠠᠯ ᠢ ᠬᠤᠰᠢᠭᠤ ᠰᠢᠶᠠᠨ ︵ᠬᠤᠳᠠ᠂ ᠲᠤᠭᠤᠷᠢᠬ︶᠎ ᠠᠴᠠ ᠭᠠᠷᠭᠠᠬᠤ ᠦᠬᠡᠢ᠂ ᠵᠦᠷᠢᠴᠡᠯ ᠎ ᠢ ᠲᠡᠭᠡᠭᠰᠢ ᠲᠤᠰᠢᠶᠠᠬᠤ ᠦᠬᠡᠢ᠂ ᠵᠠᠬᠢᠳᠠᠯ ᠰᠣᠷᠪᠣᠯᠵᠢᠯᠠᠯ ᠢ ᠲᠡᠭᠡᠭᠰᠢ ᠵᠠᠭᠠᠯᠳᠤᠬᠤ ᠦᠬᠡᠢ ᠪᠠᠶᠢᠬᠤ ᠶᠢ ᠪᠡᠶᠡᠯᠡᠬᠦᠯᠬᠦ ᠭᠡᠷᠡᠭᠳᠠᠢ᠃ ᠲᠤᠶᠢᠯ ᠤᠨ ᠣᠨᠣᠪᠴᠢᠳᠠᠢ ᠪᠠᠷ ᠶᠠᠳᠠᠭᠤ ᠶᠢ ᠲᠡᠳᠬᠦᠬᠦ ᠠᠵᠢᠯ ᠢ ᠠᠳᠬᠤᠬᠤ ᠲᠠᠢ ᠠᠳᠠᠯᠢ ᠪᠠᠷ᠂ ᠭᠤᠤᠯᠳᠠᠯᠭ᠎ᠠ ᠲᠠᠢ ᠬᠦᠷᠢᠶ᠎ᠠ᠂ ᠭᠤᠤᠯᠳᠠᠯᠭ᠎ᠠ ᠲᠠᠢ ᠬᠦᠮᠦᠰ ᠤᠨ ᠵᠠᠬᠢᠳᠠᠯ ᠰᠣᠷᠪᠣᠯᠵᠢᠯᠠᠯ ᠤᠨ ᠠᠵᠢᠯ ᠢ ᠰᠠᠶᠢᠳᠤᠷ ᠬᠢᠵᠤ᠂ ᠤᠯᠠᠨ ᠲᠦᠮᠡᠨ ᠤ ᠵᠦᠢ ᠵᠤᠬᠢᠰᠳᠠᠢ ᠬᠠᠤᠯᠢ ᠶᠤᠰᠤᠨ ᠤ ᠭᠤᠮᠤᠳᠠᠯ ᠲᠤᠭᠠᠴᠢᠯᠲᠠ ᠶᠢ ᠵᠤᠷᠢᠬ ᠰᠢᠢᠳᠴᠤ ᠬᠦᠴᠤ ᠲᠠᠯᠪᠢᠨ ᠰᠢᠢᠳᠪᠤᠷᠢᠯᠠᠬᠦ ᠬᠡᠷᠡᠭᠲᠡᠢ᠂ ᠰᠢᠢᠳᠪᠦᠷᠢᠯᠡᠬᠦ ᠦᠭᠡᠢ ᠤᠲᠠᠭᠠᠰᠢᠷᠠᠭᠤᠯᠵᠣ ᠪᠤᠯᠬᠤ ᠦᠭᠡᠢ᠃ ᠤᠳᠤᠷᠢᠳᠤᠯᠭ᠎ᠠ ᠵᠠᠬᠢᠳᠠᠯ ᠰᠣᠷᠪᠣᠯᠵᠢᠯᠠᠯ ᠢ ᠬᠦᠯᠢᠶᠠᠵᠤ ᠭᠡᠷᠡᠭ ᠢ ᠲᠠᠭᠠᠭᠠᠴᠢᠯᠠᠨ ᠰᠢᠢᠳᠪᠤᠷᠢᠯᠡᠬᠦ ᠲᠦᠷᠢᠮ ᠢ ᠰᠠᠶᠢᠳᠤᠷ ᠨᠠᠶᠢᠳᠠᠪᠤᠷᠢᠵᠢᠭᠤᠯᠵᠤ᠂ ᠡᠯ᠎ᠠ ᠱᠠᠳᠤᠨ ᠤ ᠤᠳᠤᠷᠢᠳᠬᠤ ᠺᠠᠳ᠋ᠷ ᠤᠯᠠᠨ ᠲᠦᠮᠡᠨ ᠤ ᠰᠣᠷᠪᠣᠯᠵᠢᠯᠠᠯ ᠢ ᠬᠦᠯᠢᠶᠠᠨ ᠠᠪᠬᠤ᠂ ᠤᠯᠠᠨ ᠲᠦᠮᠡᠨ ᠤ ᠢᠷᠡᠬᠦᠯᠦᠭᠰᠡᠨ ᠵᠠᠬᠢᠳᠠᠯ ᠢ ᠤᠩᠰᠢᠨ ᠴᠤᠬᠤᠯᠠᠪᠤᠷᠢᠯᠠᠬᠤ ᠶᠢ ᠪᠠᠶᠢᠩᠭᠤᠵᠢᠭᠤᠯᠬᠤ ᠭᠡᠷᠡᠭᠳᠠᠢ᠃ ᠬᠠᠮᠲᠤᠷᠠᠭᠰᠠᠠ ᠬᠤᠷᠠᠯ ᠤᠨ ᠲᠤᠭᠳᠠᠴᠠ ᠶᠢᠨ ᠤᠢᠢᠯᠡᠳᠤᠯ ᠢ ᠰᠠᠶᠢᠳᠤᠷ ᠪᠠᠳᠠᠷᠠᠭᠤᠯᠵᠤ᠂ ᠬᠠᠮᠲᠤᠷᠠᠭᠰᠠᠠ ᠬᠤᠷᠠᠯ ᠤᠨ ᠵᠠᠬᠢᠳᠠᠯ ᠰᠣᠷᠪᠣᠯᠵᠢᠯᠠᠯ ᠤᠨ ᠲᠤᠪᠤᠶᠢᠮ᠎ᠠ ᠠᠰᠠᠭᠤᠳᠠᠯ ᠢ ᠬᠠᠮᠲᠤᠷᠠᠯᠴᠠᠨ ᠵᠦᠪᠳᠡᠯᠴᠡᠬᠦ ᠡᠷᠴᠢᠮ ᠢ ᠴᠢᠩᠭᠠᠷᠠᠭᠤᠯᠬᠤ ᠭᠡᠷᠡᠭᠳᠠᠢ︔ ᠬᠠᠮᠳᠤᠷᠠᠬᠰᠠᠨ ᠬᠤᠷᠠᠯ ᠤᠨ ᠬᠢᠨ ᠪᠦᠷᠢᠯᠳᠤᠬᠦᠨ ᠨᠢᠬᠡᠴᠢ ᠯᠦᠭᠡ ᠬᠠᠷᠢᠯᠴᠠᠵᠤ ᠵᠤᠬᠢᠴᠠᠭᠤᠯᠬᠤ ᠪᠠᠨ ᠴᠢᠩᠭᠠᠳᠬᠠᠵᠤ᠂ ᠤᠨ ᠤ ᠭᠤᠤᠯᠳᠠᠯᠭ᠎ᠠ ᠲᠠᠢ ᠠᠵᠢᠯ ᠢᠶᠠᠷ ᠭᠤᠤᠯᠯᠠᠭᠤᠯᠵᠤ ᠠᠵᠢᠯ ᠤᠨ ᠰᠢᠮᠳᠠᠭᠤᠯᠣᠨ ᠪᠠᠶᠢᠴᠠᠭᠠᠬᠤ ᠶᠢ ᠦᠷᠨᠢᠬᠦᠯᠬᠦ ᠭᠡᠷᠡᠭᠳᠠᠢ︔ ᠡᠯ᠎ᠠ ᠪᠦᠷᠢᠯᠳᠤᠬᠦᠨ ᠨᠢᠬᠡᠴᠢ ᠎ ᠶᠢᠨ ᠬᠢᠨ ᠲᠤᠰ ᠰᠢᠰᠲ᠋ᠧᠮ᠂ ᠲᠤᠰ ᠬᠦᠷᠢᠶᠠᠨ ᠤ ᠵᠠᠬᠢᠳᠠᠯ ᠰᠣᠷᠪᠣᠯᠵᠢᠯᠠᠯ ᠤᠨ ᠠᠵᠢᠯ ᠳᠠᠬᠢ ᠵᠢᠯᠤᠭᠤᠳᠤᠯᠭ᠎ᠠ ᠪᠠᠶᠢᠴᠠᠭᠠᠯᠳᠠ ᠪᠠᠨ ᠴᠢᠩᠭᠠᠳᠬᠠᠵᠤ᠂ ᠠᠰᠠᠭᠤᠳᠠᠯ ᠢ ᠡᠬᠢ ᠡᠬᠦᠰᠤᠯ ᠠᠴᠠ ᠨᠢ ᠰᠡᠷᠬᠡᠶᠢᠯᠡᠬᠦ ᠪᠠ ᠰᠢᠢᠳᠪᠤᠷᠢᠯᠡᠬᠦ ᠭᠤᠤᠯ ᠴᠤᠬᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠭᠡᠷᠡᠭᠳᠠᠢ᠃ ᠰᠠᠯᠠᠭ᠎ᠠ ᠮᠦᠴᠢᠷ ᠬᠤᠯᠪᠤᠭᠠᠯᠠᠵᠤ᠂ ᠭᠠᠵᠠᠷ ᠤᠷᠤᠨ ᠠᠯᠤᠰᠯᠠᠵᠤ᠂ ᠰᠠᠯᠠᠭ᠎ᠠ ᠮᠦᠴᠢᠷ ᠠᠯᠤᠰᠯᠠᠵᠤ᠂ ᠠᠵᠢᠯ ᠲᠦᠷᠤᠯ ᠠᠯᠤᠰᠯᠠᠨ ᠵᠠᠬᠢᠳᠠᠯ ᠰᠣᠷᠪᠣᠯᠵᠢᠯᠠᠯ ᠤᠨ ᠠᠰᠭᠤᠳᠠᠯ ᠢ ᠰᠢᠢᠳᠪᠤᠷᠢᠯᠡᠬᠦ ᠶᠢ ᠢᠳᠡᠪᠬᠢᠳᠠᠢ ᠠᠬᠢᠭᠤᠯᠬᠤ ᠭᠡᠷᠡᠭᠳᠠᠢ ᠭᠡᠵᠡᠢ᠃      ᠦᠪᠡᠷᠳᠡᠬᠡᠨ ᠵᠠᠰᠠᠬᠤ ᠤᠷᠤᠨ ᠤ ᠵᠠᠬᠢᠳᠠᠯ ᠰᠣᠷᠪᠣᠯᠵᠢᠯᠠᠯ ᠤᠨ ᠠᠵᠢᠯ ᠤᠨ ᠬᠠᠮᠳᠤᠷᠠᠬᠰᠠᠨ ᠬᠤᠷᠠᠯ ᠤᠨ ᠪᠦᠷᠢᠯᠳᠤᠬᠦᠨ ᠨᠢᠬᠡᠴᠢ ᠶᠢᠨ ᠬᠠᠷᠢᠭᠤᠴᠠᠯᠭᠠᠳᠠᠨ ᠨᠦᠬᠦᠳ ᠬᠤᠷᠠᠯ ᠳᠤ ᠤᠷᠤᠯᠴᠠᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号